
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ ᠳᠡᠭᠡᠳᠦ ᠲᠦᠪᠰᠢᠨ ᠶ᠋ᠢᠡᠷ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ᠎ᠡ᠃ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶ᠋ᠢᠨ ᠲᠡᠦᠬᠡᠨ ᠠᠵᠠ ᠲᠣᠬᠢᠶᠠᠯ᠎ᠢ ᠡᠵᠡᠮᠳᠡᠵᠦ᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠪᠦᠬᠦ᠌ ᠲᠠᠯ᠎ᠠ᠎ᠪᠠᠷ ᠴᠢᠩᠭᠠᠳᠭᠠᠨ᠂ ᠴᠢᠨᠠᠷ ᠰᠠᠢᠲᠠᠢ ᠬᠥᠭ᠌ᠵᠢᠯᠲᠡ᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠬᠡᠷᠡᠭ᠌ᠲᠡᠢ ᠬᠡᠵᠦ ᠲᠤᠷᠠᠳᠴᠠᠢ᠃
ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠪᠣᠯ ᠤᠯᠤᠰ᠎ᠤᠨ ᠠᠮᠤ᠎ᠶᠢᠨ ᠰᠠᠡᠭ᠂ ᠮᠢᠬᠠᠨ᠎ᠤ ᠬᠥᠮᠥᠷᠭᠡ᠂ ᠰᠦ᠎ᠶᠢᠨ ᠰᠠᠭᠤᠷᠢᠨ᠂ ᠨᠣᠤᠯᠤᠭᠤᠷ᠎ᠤᠨ ᠲᠦᠪ ᠪᠣᠯᠤᠨ᠎ᠠ᠃ ᠪᠢᠳᠡ ᠵᠠᠩᠭᠢᠯᠠᠭ᠎ᠠ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠤᠨ᠂ ᠴᠢᠳᠠᠪᠤᠷᠢᠲᠠᠨ ᠪᠠ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠴᠤᠬᠴᠠᠯᠠᠵᠦ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠤᠨ ᠬᠡᠷᠡᠭ᠌ᠯᠡᠬᠦ᠌ ᠲᠦᠪᠱᠢᠨ᠎ᠢ ᠳᠡᠭᠡᠭ᠌ᠰᠢᠯᠡᠭᠦᠯᠦᠨ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠮᠠᠯ ᠠᠵᠤ ᠠᠬᠤᠶ ᠲᠠᠷᠢᠶᠠᠯᠠᠩ ᠤ᠋ᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠪᠡᠯ ᠵᠣᠬᠢᠨ᠎ᠠ᠃ ᠡᠭᠦᠨ᠎ᠦ ᠬᠠᠮᠲᠤ᠂ ᠮᠠᠯ ᠠᠵᠤ ᠠᠬᠤᠶ ᠲᠠᠷᠢᠶᠠᠯᠠᠩ᠎ᠤᠨ ᠲᠥᠷᠥᠯ ᠲᠡᠮᠳᠡᠭ᠎ᠢ ᠳᠡᠰ ᠳᠡᠪᠰᠢᠭᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠰᠠᠢᠲᠤᠷ ᠬᠡᠷᠡᠭ᠌ᠵᠢᠭᠦᠯᠵᠦ᠍᠂ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠲᠦᠱᠢᠭ᠌ᠯᠡᠨ ᠪᠦᠲᠦᠭᠡᠭᠳᠡᠭᠦᠨ᠂ ᠲᠥᠷᠥᠯ ᠲᠡᠮᠳᠡᠭ ᠶ᠋ᠢᠡᠨ ᠳᠠᠬᠢᠨᠳᠠ ᠲᠠᠰ ᠳᠡᠪᠱᠢᠭᠦᠯᠤᠨ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠲᠣᠭ᠎ᠠ ᠬᠡᠮᠵᠢᠶ᠎ᠡ᠎ᠪᠡᠷ ᠶᠡᠬᠡ ᠪᠦᠭᠡᠳ ᠴᠢᠨᠠᠷ ᠰᠠᠢᠲᠠᠶ ᠪᠥᠲᠥᠭᠡᠨ ᠪᠠᠢᠭᠤᠯᠵᠤ᠂ ᠨᠠᠩ ᠣᠯᠠᠨ 《ᠥᠪᠥᠷ ᠮᠣᠩᠭᠣᠯ ᠨᠠᠷᠠᠮᠵᠢᠳᠤ》 ᠮᠠᠯ ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠠᠰᠤᠷᠠᠯᠲᠠ ᠥᠬᠡᠶ ᠭᠠᠳᠠᠭᠰᠢ ᠭᠠᠷᠭᠠᠵᠤ᠂ ᠦᠪᠤᠷ ᠮᠤᠡᠭᠭᠤᠯ᠎ᠤᠨ ᠦᠷᠭᠡᠨ ᠠᠭᠤᠳᠠᠮ ᠲᠠᠯ᠎ᠠ ᠨᠤᠳᠤᠭ᠎ᠤᠨ ᠪᠤᠬᠢᠷᠳᠤᠯ ᠦᠭᠡᠢ ᠢᠳᠡᠭᠡᠨ ᠢ᠋ ᠳᠡᠯᠡᠬᠡᠶ ᠳ᠋ᠠᠬᠢᠨ᠎ᠳᠤ ᠠᠯᠳᠠᠷᠱᠢᠭᠤᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号