
ᠤᠯᠠᠭᠠᠨᠮᠥ᠋ᠴᠢᠷ ᠨᠢ ᠲᠠᠯ᠎ᠠ ᠨᠤᠲᠤᠭ᠎ᠤᠨ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠬᠡᠮᠡᠭ᠌ᠳᠡᠨᠠ᠃ ᠪᠢᠳᠡ ᠢᠮᠠᠭ᠍ᠲᠠ ᠠᠮᠢᠳᠤᠷᠠᠯ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠵᠤ᠂ ᠮᠠᠯᠴᠢᠨ ᠲᠠᠷᠢᠶᠠᠴᠢᠨ ᠪᠠ ᠤᠯᠠᠨ ᠲᠦᠮᠡᠨ᠎ᠳᠦ ᠦᠢᠯᠡᠴᠢᠯᠡᠵᠤ᠂ ᠲᠠᠯ᠎ᠠ ᠨᠤᠳᠤᠭ ᠤ᠋ᠨ ᠮᠠᠯᠵᠢᠬᠤ ᠣᠷᠣᠨ ᠶ᠋ᠢᠡᠷ᠂ ᠬᠢᠯᠢ᠎ᠶ᠋ᠢᠨ ᠬᠠᠮᠠᠭᠠᠯᠠᠯᠲᠠ᠎ᠶ᠋ᠢᠨ ᠡᠮᠦᠨ᠎ᠡ ᠹᠷᠣᠨᠲ ᠪᠣᠯᠤᠨ ᠦᠨᠳᠦᠰᠦᠨ ᠱᠠᠲᠤᠨ᠎ᠤ ᠡᠯ᠎ᠡ ᠭᠠᠵᠠᠷ᠎ᠲᠤ ᠤᠯᠠ ᠮᠥᠷ᠎ᠢᠶᠡᠨ ᠦᠯᠡᠳᠡᠭᠡᠨ᠂ ᠬᠦᠭᠡ ᠲᠩᠷᠢ᠎ᠪᠡᠷ ᠬᠥᠱᠢᠭᠡ ᠪᠣᠯᠭᠠᠵᠤ᠂ ᠬᠦᠷᠦᠰᠤᠳᠤ ᠳᠡᠯᠡᠬᠡᠢ ᠪᠡᠷ ᠲᠠᠢᠰᠠ ᠪᠣᠯᠭᠠᠬᠤ᠎ᠶ᠋ᠢ ᠪᠠᠷᠢᠮᠲᠠᠯᠠᠵᠤ᠂ ᠤᠳᠭ᠎ᠠ ᠤᠷᠠᠯᠢᠭ ᠤ᠋ᠨ ᠪᠦᠲᠦᠭᠡᠯ ᠶ᠋ᠢᠡᠷ ᠨᠠᠮ᠎ᠤᠨ ᠲᠦᠷᠦ ᠶ᠋ᠢᠨ ᠪᠤᠳᠤᠯᠭ᠎ᠠ ᠶ᠋ᠢ ᠤᠬᠠᠭᠤᠯᠤᠨ᠂ ᠨᠠᠮ ᠤ᠋ᠨ ᠬᠠᠢᠷ᠎ᠠ ᠬᠠᠯᠠᠮᠵᠢ ᠪᠣᠯᠤᠨ ᠪᠠᠶᠠᠷ ᠪᠠᠶᠠᠰᠤᠯ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ ᠳ᠋ᠤ ᠬᠦᠷᠭᠡᠳᠡᠭ᠃ ᠱᠢᠨ᠎ᠡ ᠴᠠᠭ ᠦᠶ᠎ᠡ ᠶ᠋ᠢᠨ ᠱᠢᠨ᠎ᠡ ᠠᠶᠠᠨ᠎ᠳᠤ᠂ ᠪᠢᠳᠡ ᠥᠪᠥᠷ ᠮᠣᠩᠭᠣᠯ᠎ᠤᠨ ᠪᠠᠶᠠᠯᠢᠭ ᠰᠣᠶᠣᠯ᠎ᠤᠨ ᠱᠢᠮᠡᠯᠢᠭ ᠬᠥᠷᠥᠰᠥᠨ᠎ᠳᠦ ᠰᠠᠭᠤᠷᠢᠯᠠᠨ᠂ ᠤᠯᠠᠮᠵᠢᠯᠠᠯᠲᠤ ᠤᠳᠬ᠎ᠠ ᠤᠷᠠᠯᠢᠭ ᠬᠢᠭᠡᠳ ᠣᠲᠣ ᠦᠶ᠎ᠡ᠎ᠶ᠋ᠢᠨ ᠳᠠᠮᠵᠢᠭᠤᠯᠭ᠎ᠠ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ 《ᠢᠨᠲ᠋ᠧᠷ ᠰᠦᠯᠵᠢᠶ᠎ᠡ + ᠤᠳᠭ᠎ᠠ ᠤᠷᠠᠯᠢᠭ》 ᠤ᠋ᠨ ᠱᠢᠨ᠎ᠡ ᠵᠠᠭ᠍ᠪᠤᠷ᠎ᠢ ᠢᠳᠡᠪᠬᠢᠲᠡᠶ ᠠᠰᠢᠭᠯᠠᠨ᠂ ᠣᠷᠳᠣ᠎ᠶ᠋ᠢᠨ ᠳᠠᠭᠤᠤ᠂ ᠮᠣᠷᠢᠨ ᠬᠤᠭᠤᠷ᠂ ᠦᠨᠳᠦᠰᠦᠲᠡᠨ᠎ᠦ ᠳᠠᠭᠤᠤ ᠪᠥᠵᠢᠭ ᠵᠡᠷᠭᠡ ᠦᠨᠳᠦᠰᠦᠲᠡᠨ᠎ᠦ ᠱᠢᠯᠢᠳᠡᠭ ᠰᠣᠶᠣᠯ ᠶ᠋ᠢᠡᠨ ᠲᠠᠯ᠎ᠠ ᠨᠤᠲᠤᠭ ᠡᠴᠡ ᠭᠠᠷᠭᠠᠵᠤ᠂ ᠪᠥᠬᠥ᠌ ᠤᠯᠤᠰ᠎ᠲᠤ ᠬᠠᠷᠠᠭᠤᠯ᠎ᠤᠨ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢᠶᠠᠷ ᠴᠢᠬᠤᠯᠠ ᠬᠣᠯᠪᠣᠭᠠᠰᠤ ᠪᠣᠯᠭᠠᠵᠤ᠂ ᠥᠪᠥᠷ ᠮᠣᠩᠭᠣᠯ᠎ᠤᠨ ᠰᠣᠶᠣᠯ᠎ᠤᠨ ᠨᠡᠷ᠎ᠡ᠎ᠶ᠋ᠢᠨ ᠬᠠᠭᠤᠳᠠᠰᠤ᠎ᠶ᠋ᠢ ᠨᠡᠩ ᠬᠢᠯᠠᠯᠵᠠᠭᠤᠯᠤᠨ᠂ ᠦᠨᠳᠦᠰᠦᠲᠡᠨ᠎ᠦ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠲᠠᠰᠤᠷᠠᠯᠲᠠ ᠥᠬᠡᠶ ᠢᠯᠡᠷᠡᠭᠦᠯᠦᠨ᠎ᠠ᠃
ᠬᠣᠢᠱᠢᠳᠠ ᠪᠢᠳᠡ ᠤᠯᠠᠭᠠᠨᠮᠥ᠋ᠴᠢᠷ᠎ᠦᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠶᠡᠬᠡᠪᠡᠷ ᠪᠠᠳᠠᠷᠠᠭᠤᠯᠵᠤ᠂ ᠠᠷᠠᠳ ᠲᠦᠮᠡᠨ᠎ᠦ ᠳᠤᠮᠳᠠ ᠦᠨᠳᠦᠰᠦᠯᠡᠬᠦ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠨᠠᠩ ᠣᠯᠠᠨ ᠱᠢᠯᠢᠳᠡᠭ ᠰᠠᠢᠨ ᠤᠳᠭ᠎ᠠ ᠤᠷᠠᠯᠢᠭ᠎ᠤᠨ ᠪᠦᠲᠦᠭᠡᠯ᠎ᠢᠶᠡᠷ ᠥᠪᠥᠷ ᠮᠣᠩᠭᠣᠯ᠎ᠤᠨ ᠥᠷᠭᠡᠨ ᠠᠭᠤᠳᠠᠮ ᠦᠵᠡᠰᠭᠦᠯᠡᠩᠲᠦ ᠰᠠᠢᠬᠠᠨ ᠬᠢᠭᠡᠳ ᠭᠦᠨ ᠵᠤᠵᠠᠭᠠᠨ ᠤᠤᠷ ᠲᠤᠨᠳᠠᠰᠤ ᠶ᠋ᠢ ᠢᠯᠡᠷᠡᠭᠦᠯᠵᠦ᠂ ᠳᠡᠯᠡᠬᠡᠶ ᠳ᠋ᠠᠬᠢᠨ᠎ᠳᠤ ᠨᠢᠭᠡᠨ ᠨᠡᠭᠡᠭᠡᠯᠲᠡ ᠲᠡᠶ᠂ ᠢᠲᠡᠭᠡᠯ ᠲᠡᠶ ᠪᠦᠭᠡᠳ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠳᠡᠯᠭᠡᠨ ᠦᠵᠡᠭᠦᠯᠦᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号