(2026 ᠣᠨ᠎ᠤ 3 ᠰᠠᠷ᠎ᠠ᠎ᠶ᠋ᠢᠨ 12 ᠤ᠋ᠨ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠡᠴᠡ ᠪᠠᠲᠤᠯᠠᠪᠠ)
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠡᠴᠡ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠶᠡᠷᠦᠩᠬᠡᠢ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠴᠤ᠌ ᠬᠢᠨᠠᠨ ᠵᠦᠪᠯᠡᠪᠡ᠃ ᠬᠤᠷᠠᠯ᠎ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠶ᠋ᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠭᠤᠤᠯ ᠬᠠᠷᠠᠯᠲᠠ᠂ ᠴᠢᠬᠤᠯᠠ ᠶᠡᠬᠡ ᠡᠭᠦᠷᠭᠡ ᠪᠣᠯᠤᠨ 2026 ᠣᠨ᠎ᠤ ᠠᠵᠢᠯ᠎ᠤᠨ ᠪᠠᠢᠷᠢᠯᠠᠭᠤᠯᠤᠯᠲᠠ᠎ᠶ᠋ᠢ ᠵᠥᠪᠱᠢᠶᠡᠷᠡᠵᠦ᠍᠂ ᠡᠨᠡ ᠬᠦ᠌ ᠢᠯᠡᠳᠭᠡᠯᠢᠵᠥᠪᠱᠢᠶᠡᠷᠡᠬᠦ᠌ᠪᠡᠷ ᠲᠣᠭ᠍ᠲᠠᠪᠠ᠃
ᠬᠤᠷᠠᠯ᠎ᠡᠴᠡ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠦ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠂ ᠨᠠᠩ ᠢᠳᠡᠪᠬᠢᠲᠡᠶ ᠪᠦᠲᠦᠮᠵᠢᠲᠡᠢ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠨ᠂ ᠲᠥᠷᠥ᠎ᠶ᠋ᠢᠨ ᠪᠣᠳᠣᠯᠭ᠎ᠠ᠎ᠶ᠋ᠢᠨ ᠪᠠᠷᠠᠯᠠᠯᠳᠤ ᠴᠢᠨᠠᠷ ᠬᠠᠨᠳᠤᠯᠭᠠᠲᠤ ᠴᠢᠨᠠᠷ ᠬᠠᠮᠵᠢᠯᠴᠠᠬᠤ ᠴᠢᠨᠠᠷ᠎ᠢ ᠴᠢᠩᠭᠠᠳᠭᠠᠵᠤ᠂ ᠦᠷᠭᠦᠯᠵᠢᠯᠡᠨ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠵᠦ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠂ ᠨᠡᠮᠡᠭ᠌ᠳᠡᠯ᠎ᠢ ᠱᠢᠯᠢᠳᠡᠭ᠌ᠵᠢᠭᠦᠯᠵᠦ᠂ ᠬᠠᠳᠠᠭᠠᠯᠠᠯᠲᠠ᠎ᠶ᠋ᠢ ᠠᠮᠢᠳᠤᠯᠢᠭᠵᠢᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠲᠠᠯ᠎ᠠ ᠪᠡᠷ ᠬᠦᠴᠦᠯᠡᠵᠦ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠤᠨ᠂ ᠠᠷᠠᠳ᠎ᠤᠨ ᠠᠮᠢᠳᠤᠷᠠᠯ᠎ᠢ ᠬᠦᠴᠦᠲᠡᠶ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠪᠠᠲᠤᠯᠠᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢ᠌ᠨ ᠡᠬᠢᠯᠡᠯᠲᠡ᠎ᠶ᠋ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠬᠤᠷᠠᠯ᠎ᠡᠴᠡ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ 《ᠬᠣᠶᠠᠷ᠎ᠢ ᠲᠣᠭ᠍ᠲᠠᠭᠠᠬᠰᠠᠨ》 ᠤ᠋ ᠱᠢᠢᠳᠪᠦᠷᠢᠯᠡᠭᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂《ᠲᠦᠷᠪᠡᠨ ᠤᠬᠠᠮᠰᠠᠷ》ᠵᠢᠡᠨ ᠴᠢᠩᠭᠠᠳᠭᠠᠵᠤ᠂《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠵᠠᠪᠠᠯ ᠢᠯᠠᠬᠤ ᠢᠲᠡᠭᠡᠯ᠎ᠢᠶᠡᠨ ᠪᠠᠲᠤᠳᠭᠠᠵᠤ᠂ ᠴᠤᠬ ᠪᠠᠳᠠᠷᠠᠩᠭᠤᠢ ᠲᠡᠮᠡᠴᠡᠯ᠎ᠦᠨ ᠵᠣᠷᠢᠭ᠎ᠢᠶᠠᠨ ᠪᠠᠲᠤᠯᠠᠵᠤ᠂ ᠨᠢᠭᠡ ᠰᠡᠳᠭᠢᠯ ᠨᠢᠭᠡ ᠵᠣᠷᠢᠭ᠎ᠢᠶᠠᠷ ᠦᠨᠡᠨ ᠬᠦ᠌ ᠠᠳᠭᠤᠵᠤ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠰᠦᠭᠡᠢ !ᠭᠡᠵᠦ᠍ ᠤᠷᠢᠶᠠᠯᠠᠪᠠ᠃
(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 12᠎ᠤ᠋ᠨ ᠴᠠᠬᠢᠯᠭᠠᠨ ᠮᠡᠳᠡᠭᠡ)