ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶᠢᠨ ᠠᠵᠢᠯ᠎ᠤᠨ ᠮᠡᠳᠡᠭᠦᠯᠦᠯᠳᠡ᠎ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠱᠢᠢᠳᠪᠦᠷᠢ
2026-03-13 10:25:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2026 ᠣᠨ᠎ᠤ 3 ᠰᠠᠷ᠎ᠠ᠎ᠶ᠋ᠢᠨ 12 ᠎ᠤ᠋ᠨ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠴᠡ ᠪᠠᠲᠤᠯᠠᠪᠠ)


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠴᠡ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶᠢᠨ ᠳᠠᠷᠤᠭ᠎ᠠ ᠵᠠᠩ ᠵᠢᠶᠦ᠋ᠨ᠎ᠦ ᠬᠢᠭ᠌ᠰᠡᠨ ᠠᠵᠢᠯ᠎ᠤᠨ ᠮᠡᠳᠡᠬᠦᠯᠦᠯᠳᠡ ᠵᠢ ᠰᠣᠨᠣᠰᠴᠤ᠌ ᠬᠢᠨᠠᠨ ᠵᠦᠪᠯᠡᠪᠡ᠃ ᠬᠤᠷᠠᠯ ᠡᠴᠡ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠦᠯᠳᠡ᠎ᠳᠦ ᠳᠤᠷᠠᠳᠤᠭ᠍ᠰᠠᠨ 2026 ᠣᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠭᠦᠯᠦᠯᠳᠡ ᠵᠢ ᠵᠥᠪᠱᠢᠶᠡᠷᠡᠬᠦ᠌᠎ᠪᠡᠷ ᠲᠣᠭ᠍ᠲᠠᠪᠠ᠃

ᠬᠤᠷᠠᠯ ᠡᠴᠡ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 《ᠬᠣᠶᠠᠷ᠎ᠢ ᠲᠤᠭᠳᠠᠭᠠᠭᠰᠠᠨ 》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢ᠋ᠶ᠋ᠡᠨ ᠴᠢᠩᠭᠠᠳᠭᠠᠵᠤ᠂ 《ᠳᠥᠷᠪᠡᠨ ᠢᠲᠡᠭᠡᠯ》 ᠢ᠋ᠶ᠋ᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠂ ᠠᠷᠠᠳ᠎ᠤᠨ ᠱᠢᠭᠦᠬᠦ᠌ ᠬᠤᠷᠢᠶ᠎ᠠ᠎ᠶᠢᠨ ᠠᠵᠢᠯ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠵᠦ᠂ ᠬᠠᠤᠯᠢ᠎ᠪᠠᠷ ᠵᠠᠰᠠᠬᠤ ᠪᠠ ᠥᠭᠡᠷᠡᠴᠢᠯᠡᠯᠲᠡ᠂ ᠬᠥᠭ᠌ᠵᠢᠯᠳᠡ᠂ ᠲᠣᠭ᠍ᠲᠠᠭᠤᠨ᠎ᠢ ᠬᠠᠷᠢᠯᠴᠠᠨ ᠬᠠᠮᠵᠢᠯᠴᠠᠭᠤᠯᠬᠤ ᠶ᠋ᠢ ᠨᠡᠩ ᠴᠢᠬᠤᠯᠠᠴᠢᠯᠠᠨ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤᠯᠠᠨ ᠠᠬᠢᠭᠤᠯᠬᠤ᠎ᠶ᠋ᠢ ᠨᠡᠩ ᠴᠢᠬᠤᠯᠠᠴᠢᠯᠠᠵᠦ᠂ ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠴᠢᠩᠳᠠᠯᠠᠨ᠂ ᠬᠠᠤᠯᠢ ᠴᠠᠭᠠᠵᠠ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠲᠣᠭᠠᠴᠢᠯᠠᠭ᠍ᠰᠠᠨ ᠱᠢᠭᠦᠬᠦ᠌ ᠬᠤᠷᠢᠶ᠎ᠠ᠎ᠶᠢᠨ ᠪᠠᠢᠭᠤᠯᠤᠯᠲᠠ᠎ᠶ᠋ᠢ ᠴᠢᠩᠭᠠᠳᠭᠠᠨ᠂ ᠱᠢᠨ᠎ᠡ ᠴᠠᠭ ᠦᠶ᠎ᠡ᠎ᠶ᠋ᠢᠨ ᠱᠢᠭᠦᠬᠦ᠌ ᠬᠤᠷᠢᠶ᠎ᠠ᠎ᠶᠢᠨ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠵᠦ᠂ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌᠂ ᠠᠷᠠᠳ ᠲᠦᠮᠡᠨ᠎ᠢ ᠬᠠᠮᠠᠭᠠᠯᠠᠬᠤ᠂ ᠵᠦᠪ ᠪᠤᠷᠤᠭᠤ ᠵᠢ ᠢᠯᠭᠠᠨ ᠳᠤᠭᠳᠠᠭᠠᠵᠤ ᠵᠠᠭᠤᠷᠠᠯᠳᠤᠭᠠᠨ᠎ᠢ ᠵᠣᠭ᠍ᠰᠣᠭᠠᠬᠤ᠂ ᠲᠥᠪ ᠭᠣᠣᠯᠴᠢ᠎ᠶ᠋ᠢ ᠬᠠᠮᠠᠭᠠᠯᠠᠬᠤ ᠴᠢᠬᠤᠯᠠ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠴᠢᠨᠠᠷ ᠰᠠᠢᠲᠠᠶ ᠬᠠᠤᠯᠢ ᠪᠠᠷᠢᠬᠤ᠎ᠪᠠᠷ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠦ᠂ 《ᠠᠷᠪᠠᠨ ᠲᠠᠪᠤᠳᠤᠭᠠᠷ ᠲᠠᠪᠤᠨ ᠵᠢᠯ》 ᠎ᠢ᠋ ᠰᠠᠢᠳᠤᠷ ᠡᠬᠢᠯᠡᠬᠦᠯᠬᠦ᠎ᠶ᠋ᠢ ᠪᠡᠶᠡᠯᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠦᠨ ᠨᠡᠭᠡᠭᠡᠬᠦ᠌᠎ᠳᠦ ᠬᠠᠤᠯᠢ ᠴᠠᠭᠠᠵᠠ᠎ᠶᠢᠨ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠳᠡᠢ ᠭᠡᠵᠦ ᠱᠠᠭᠠᠷᠳᠠᠪᠠ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 3 ᠰᠠᠷ᠎ᠠ᠎ᠶᠢᠨ 12 ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号