ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠠᠵᠢᠯ᠎ᠤᠨ ᠮᠡᠳᠡᠬᠦᠯᠦᠯᠳᠡ᠎ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠱᠢᠢᠳᠪᠦᠷᠢ
2026-03-13 10:27:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2026 ᠣᠨ᠎ᠤ 3 ᠰᠠᠷ᠎ᠠ᠎ᠶ᠋ᠢᠨ 12 ᠎ᠤ᠋ᠨ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠴᠡ ᠪᠠᠲᠤᠯᠠᠪᠠ)

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠴᠡ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠪᠠᠢᠴᠠᠭᠠᠬᠤ ᠳᠠᠷᠤᠭ᠎ᠠ ᠶᠢᠩ ᠶᠦᠩ᠎ᠤᠨ ᠬᠢᠭ᠌ᠰᠡᠨ ᠠᠵᠢᠯ᠎ᠤᠨ ᠮᠡᠳᠡᠭᠦᠯᠦᠯᠳᠡ ᠵᠢ ᠰᠣᠨᠣᠰᠴᠤ᠌ ᠬᠢᠨᠠᠨ ᠶᠠᠷᠢᠯᠴᠠᠪᠠ᠃ ᠬᠤᠷᠠᠯ ᠡᠴᠡ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠬᠦᠯᠦᠯᠳᠡ᠎ᠳᠦ ᠳᠤᠷᠠᠳᠤᠭ᠍ᠰᠠᠨ 2026 ᠣᠨ᠎ᠤ ᠠᠵᠢᠯ᠎ᠤᠨ ᠲᠤᠬᠢᠷᠠᠭᠤᠯᠤᠯᠲᠠ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠬᠦᠯᠦᠯᠳᠡ ᠵᠢ ᠵᠥᠪᠱᠢᠶᠡᠷᠡᠬᠦ᠌᠎ᠪᠡᠷ ᠲᠣᠭ᠍ᠲᠠᠪᠠ᠃

ᠬᠤᠷᠠᠯ ᠡᠴᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 《ᠬᠣᠶᠠᠷ᠎ᠢ ᠲᠤᠭᠳᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠎ᠢ᠋ᠶ᠋ᠡᠨ ᠴᠢᠩᠭᠠᠳᠬᠠᠵᠤ᠂ 《ᠳᠥᠷᠪᠡᠨ ᠢᠲᠡᠭᠡᠯ》 ᠢ᠋ᠶ᠋ᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠪᠠᠢᠴᠠᠭᠠᠬᠤ ᠠᠵᠢᠯ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠵᠦ᠂ ᠬᠠᠤᠯᠢ᠎ᠪᠠᠷ ᠵᠠᠰᠠᠬᠤ ᠪᠠ ᠥᠭᠡᠷᠡᠴᠢᠯᠡᠯᠲᠡ᠂ ᠬᠥᠭ᠌ᠵᠢᠯᠳᠡ᠂ ᠲᠣᠭ᠍ᠲᠠᠭᠤᠨ᠎ᠢ ᠬᠠᠷᠢᠯᠴᠠᠨ ᠬᠠᠮᠵᠢᠯᠴᠠᠭᠤᠯᠬᠤ ᠵᠢ ᠨᠡᠩ ᠴᠢᠬᠤᠯᠠᠴᠢᠯᠠᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤᠯᠠᠨ ᠠᠬᠢᠭᠤᠯᠬᠤ᠎ᠶ᠋ᠢ ᠨᠡᠩ ᠴᠢᠬᠤᠯᠠᠴᠢᠯᠠᠨ᠂ ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠴᠢᠩᠳᠠᠯᠠᠵᠤ᠂ ᠬᠡᠷᠡᠭ ᠨᠢᠭᠡ ᠪᠦᠷᠢ ᠵᠢ ᠥᠨᠳᠥᠷ ᠪᠦᠲᠦᠮᠵᠢᠲᠡᠶ᠎ᠪᠡᠷ ᠰᠠᠢᠲᠤᠷ ᠰᠢᠢᠳᠪᠦᠷᠢᠯᠡᠵᠦ᠂ ᠬᠠᠤᠯᠢ ᠴᠠᠭᠠᠵᠠ ᠵᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠵᠤ᠂ ᠪᠠᠢᠴᠠᠭᠠᠬᠤ ᠬᠢᠨᠠᠯᠲᠠ ᠳᠠᠯᠪᠢᠬᠤ ᠵᠢ ᠴᠢᠩᠭᠠᠳᠭᠠᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ ᠴᠢᠩᠭᠠᠳᠭᠠᠵᠤ᠂ ᠤᠯᠤᠰ᠎ᠤᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠪᠠᠢᠭᠤᠯᠭ᠎ᠠ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠨ᠂ ᠴᠢᠨᠠᠷ ᠰᠠᠢᠲᠠᠶ ᠬᠠᠤᠯᠢ ᠪᠠᠷᠢᠯᠲᠠ᠎ᠪᠠᠷ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠦ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠬᠦᠯᠬᠦ ᠵᠢ ᠪᠡᠶᠡᠯᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠦᠨ ᠨᠡᠭᠡᠭᠡᠬᠦ᠌᠎ᠳᠦ ᠬᠠᠤᠯᠢ ᠴᠠᠭᠠᠵᠠ᠎ᠶᠢᠨ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠳᠡᠢ ᠭᠡᠵᠦ ᠱᠠᠭᠠᠷᠳᠠᠪᠠ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ  3 ᠰᠠᠷ᠎ᠠ᠎ᠶᠢᠨ 12 ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号