ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠬᠤᠷᠢᠶ᠎ᠠ 72 ᠳ᠋ᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ ᠬᠤᠷᠠᠯᠳᠤᠭᠤᠯᠪᠠ
2026-03-13 08:59:20
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠬᠤᠷᠠᠯ  ᠢ᠋ ᠡᠷᠭᠢᠯᠡᠪᠡ


3 ᠰᠠᠷ᠎ᠠ᠎ᠶ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ 72 ᠳ᠋ᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠎ᠦ ᠳᠡᠳ᠋ ᠲᠡᠷᠢᠭᠦᠯᠡᠭ᠌ᠴᠢ ᠴᠡᠴᠡᠭ᠂ ᠸᠧᠶ ᠭᠦᠸᠧ ᠨᠠᠨ᠂ ᠵᠠᠩ ᠯᠸᠢ᠂ ᠶᠠᠩ ᠵᠢᠶᠸ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃

ᠬᠤᠷᠠᠯ᠎ᠡᠴᠡ《ᠤᠯᠤᠰ ᠲᠥᠷᠥ᠎ᠶ᠋ᠢᠨ ᠵᠥᠪᠯᠡᠯᠭᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ 2026 ᠣᠨ ᠎ᠤ ᠠᠵᠢᠯ᠎ᠤᠨ ᠭᠤᠤᠯᠳᠠᠯᠭ᠎ᠠ》 ᠶ᠋ᠢ ᠬᠢᠨᠠᠨ ᠵᠥᠪᠯᠡᠪᠡ᠃

ᠬᠤᠷᠠᠯ᠎ᠡᠴᠡ᠂ ᠪᠥᠬᠥ᠌ ᠤᠯᠤᠰ᠎ᠤᠨ ᠬᠣᠶᠠᠷ ᠬᠤᠷᠠᠯ ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠶ᠋ᠯᠡᠳᠦᠯ ᠎ᠢ ᠨᠠᠩ ᠰᠠᠢᠲᠤᠷ ᠪᠠᠳᠠᠷᠠᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ ᠎ᠤᠨ ᠪᠠᠢᠷᠢᠯᠠᠭᠤᠯᠤᠯᠲᠠ᠎ᠯᠤᠭ᠎ᠠ ᠨᠢᠭ᠍ᠲᠠ ᠤᠶᠠᠯᠳᠤᠭᠤᠯᠤᠨ᠂ ᠣᠨ᠎ᠤ ᠵᠥᠪᠯᠡᠬᠦ᠌ ᠰᠡᠳᠦᠪ᠎ᠢ ᠵᠣᠬᠢᠶᠠᠨ ᠪᠠᠢᠭᠤᠯᠵᠦ ᠬᠡᠷᠡᠭ᠌ᠵᠢᠭᠦᠯᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠵᠥᠪᠯᠡᠯᠭᠡ ᠬᠢᠵᠦ᠍ ᠪᠠᠢᠴᠠᠭᠠᠨ ᠰᠤᠳᠤᠯᠬᠤ᠂ ᠠᠵᠢᠯ ᠪᠠᠢᠴᠠᠭᠠᠵᠤ ᠱᠢᠨᠵᠢᠯᠡᠨ ᠪᠠᠢᠴᠠᠭᠠᠬᠤ᠂ ᠡᠲᠡᠭᠡᠳ ᠢᠯᠭᠠᠯ ᠎ᠤᠨ ᠠᠵᠢᠯᠯᠠᠭ᠎ᠠ᠂ ᠭᠤᠤᠯᠳᠠᠯᠭ᠎ᠠ᠎ᠲᠠᠶ ᠰᠠᠨᠠᠯ ᠳᠤᠷᠠᠳᠤᠯᠭ᠎ᠠ ᠎ᠶ᠋ᠢ ᠱᠠᠯᠠᠪᠳᠠᠭᠤᠯᠤᠨ ᠭᠦᠶ᠋ᠴᠡᠳᠭᠡᠬᠦ᠌ ᠵᠡᠷᠭᠡ ᠣᠨ ᠎ᠤ ᠡᠭᠦᠷᠭᠡ᠎ᠶ᠋ᠢ ᠴᠢᠨᠠᠷ ᠰᠠᠢᠳᠠᠢ ᠦᠨᠳᠤᠷ ᠪᠦᠳᠦᠮᠵᠢᠳᠠᠢ ᠰᠠᠢᠳᠤᠷ ᠪᠡᠶᠡᠯᠡᠬᠦᠯᠵᠤ᠂ ᠦᠪᠤᠷ ᠮᠤᠨᠭᠭᠤᠯ ᠤ᠋ᠨ ᠴᠢᠨᠠᠷ ᠰᠠᠢᠲᠠᠶ ᠬᠥᠭ᠌ᠵᠢᠯᠲᠡ ᠎ᠳᠦ ᠤᠯᠤᠰ ᠲᠥᠷᠥ᠎ᠶ᠋ᠢᠨ ᠵᠥᠪᠯᠡᠯᠭᠡᠨ᠎ᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号