3 ᠰᠠᠷ᠎ᠠ᠎ᠶ᠋ᠢᠨ 10 ᠡᠴᠡ 11᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠤᠢ ᠦᠬᠠᠢ ᠬᠤᠳᠠ ᠳᠤ ᠬᠦᠷᠴᠦ᠍ ᠲᠥᠪ᠎ᠦᠨ ᠲᠣᠭᠣᠷᠢᠨ ᠪᠠᠢᠴᠠᠭᠠᠯᠳᠠ ᠵᠢᠨ ᠴᠡᠭ᠌ᠴᠡᠯᠡᠨ ᠰᠠᠢᠵᠢᠷᠠᠭᠤᠯᠬᠤ ᠪᠠ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠬᠤ ᠠᠵᠢᠯ ᠢ ᠪᠠᠢᠴᠠᠭᠠᠨ ᠰᠤᠳᠤᠯᠪᠠ᠃
ᠱ᠌ᠢ ᠭᠤᠸᠠᠩ ᠬᠤᠢ ᠠᠵᠤ ᠠᠬᠤᠢᠯᠠᠯ᠎ᠤᠨ ᠬᠦᠷᠢᠶᠡᠯᠡᠩ ᠲᠣᠭᠣᠷᠢᠭ ᠪᠣᠯᠤᠨ ᠠᠮᠢ ᠠᠬᠤᠢ ᠣᠷᠴᠢᠨ ᠲᠣᠭᠣᠷᠢᠨ ᠤ ᠵᠠᠰᠠᠯᠲᠠ᠎ᠶ᠋ᠢᠨ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠬᠦᠷᠴᠦ᠍᠂ ᠲᠥᠪ᠎ᠦᠨ ᠲᠣᠭᠣᠷᠢᠨ ᠪᠠᠢᠴᠠᠭᠠᠯᠳᠠ ᠵᠢᠨ ᠴᠡᠭ᠌ᠴᠡᠯᠡᠨ ᠰᠠᠢᠵᠢᠷᠠᠭᠤᠯᠬᠤ ᠡᠭᠦᠷᠭᠡ᠎ᠶ᠋ᠢ ᠨᠠᠢᠳᠠᠪᠤᠷᠢᠵᠢᠭᠤᠯᠤᠭ᠍ᠰᠠᠨ ᠪᠠ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠦᠭ᠌ᠰᠡᠨ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠢ ᠪᠣᠢᠵᠢᠭᠤᠯᠤᠭ᠍ᠰᠠᠨ ᠪᠠᠢᠳᠠᠯ᠎ᠢ ᠭᠦᠨᠵᠡᠭᠡᠢ ᠣᠢᠯᠠᠭᠠᠪᠠ᠃ ᠲᠡᠷᠡ᠂ ᠦᠬᠠᠢ ᠬᠤᠳᠠ᠎ᠶ᠋ᠢᠨ ᠬᠢᠨ ᠲᠥᠪ᠎ᠦᠨ ᠲᠣᠭᠣᠷᠢᠨ ᠪᠠᠢᠴᠠᠭᠠᠯᠲᠠ ᠪᠣᠯᠤᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠲᠠ᠎ᠳᠤ ᠵᠢᠭᠠᠵᠤ ᠭᠠᠷᠭᠠᠭ᠍ᠰᠠᠨ ᠠᠰᠠᠭᠤᠳᠠᠯ᠎ᠳᠦ ᠴᠢᠭᠯᠡᠭᠦᠯᠦᠨ᠂ ᠵᠣᠷᠢᠭ ᠱᠢᠭᠤᠳᠤᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠠᠰᠠᠭᠤᠳᠠᠯ ᠢ ᠲᠤᠢᠯᠪᠤᠷᠢᠲᠠᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠪᠣᠳᠠᠲᠠᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠱ᠌ᠢ ᠭᠤᠸᠠᠩ ᠬᠤᠢ᠂ ᠠᠮᠢ ᠠᠬᠤᠢ ᠣᠷᠴᠢᠨ ᠲᠣᠭᠣᠷᠢᠨ᠎ᠢ ᠰᠠᠢᠵᠢᠷᠠᠭᠤᠯᠬᠤ ᠦᠨᠳᠦᠰᠦᠨ ᠭᠠᠷᠬᠤ ᠵᠠᠮ ᠪᠣᠯ ᠠᠵᠤ ᠦᠢᠯᠡᠰ᠎ᠦᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠶᠠᠪᠤᠳᠠᠯ ᠪᠣᠯᠤᠨ᠎ᠠ᠂ ᠱᠢᠨ᠎ᠡ ᠬᠡᠯᠪᠡᠷᠢ᠎ᠶ᠋ᠢᠨ ᠨᠥᠭᠡᠴᠡ ᠡᠨᠧᠷᠭᠢ᠂ ᠣᠶᠤᠨᠴᠢ ᠦᠢᠯᠡᠳᠭᠡᠯ᠂ ᠱᠢᠨ᠎ᠡ ᠮᠠᠲ᠋ᠧᠷᠢᠶᠠᠯ ᠵᠡᠷᠭᠡ ᠠᠵᠤ ᠦᠢᠯᠡᠰ᠎ᠢ ᠲᠦᠷᠭᠡᠨ ᠬᠥᠭ᠌ᠵᠢᠭᠦᠯᠵᠦ᠍᠂ ᠦᠩᠬᠡᠨ ᠲᠠᠯ᠎ᠠ ᠪᠠ ᠦᠨᠳᠦᠰᠦ ᠡᠴᠡ ᠨᠢ ᠵᠠᠰᠠᠵᠤ ᠣᠷᠣᠨ ᠪᠦᠰᠡ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢᠵᠢᠷᠠᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃ ᠱ᠌ᠢ ᠭᠤᠸᠠᠩ ᠬᠣᠶ ᠠᠵᠤ ᠠᠬᠤᠢᠯᠠᠯ᠎ᠢ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠠᠵᠤ ᠦᠶ᠋ᠯᠡᠰ᠎ᠦᠨ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠳᠤᠮᠳᠠ ᠭᠤᠤᠯ ᠬᠦᠴᠦᠨ ᠪᠣᠯᠵᠣ᠂ ᠮᠡᠷᠭᠡᠵᠢᠯ᠎ᠢ ᠲᠠᠰ ᠳᠡᠪᠱᠢᠭᠦᠯᠬᠦ᠌᠂ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ᠎ᠶ᠋ᠢ ᠦᠷᠭᠦᠯᠵᠢᠯᠡᠨ ᠠᠬᠢᠭᠤᠯᠵᠤ᠂ ᠭᠤᠤᠯ ᠠᠵᠢᠯ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠦᠨ ᠤᠶᠤᠨᠴᠢᠯᠠᠬᠤ᠂ ᠪᠣᠬᠢᠷᠲᠤᠯ ᠥᠬᠡᠶ ᠪᠣᠯᠭᠠᠬᠤ᠂ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠲᠦᠷᠭᠡᠳᠭᠡᠵᠦ᠍᠂ ᠡᠬᠢ ᠪᠠᠶᠠᠯᠢᠭ᠎ᠢ ᠤᠨᠳᠤᠤᠱᠢᠭᠤᠯᠤᠨ ᠥᠷᠲᠡᠭ᠎ᠢ ᠨᠡᠮᠡᠭ᠌ᠳᠡᠭᠦᠯᠬᠦ᠌ ᠴᠢᠳᠠᠪᠤᠷᠢ ᠪᠣᠯᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠮᠢ ᠠᠬᠤᠶ᠎ᠶ᠋ᠢᠨ ᠦᠷ᠎ᠡ ᠠᠱᠢᠭ᠂ ᠠᠵᠤ ᠠᠬᠤᠶ ᠶ᠋ᠢᠨ ᠦᠷ᠎ᠡ ᠠᠱᠢᠭ᠎ᠤᠨ 《ᠬᠤᠤᠰ ᠠᠮᠵᠢᠯᠲᠠ》 ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ᠍ ᠵᠣᠷᠢᠭ᠍ᠵᠢᠭᠤᠯᠪᠠ᠃