ᠬᠥᠬᠡᠬᠣᠲᠠ ᠎ᠶ᠋ᠢᠨ ᠱᠧᠩ ᠯᠧ ᠣᠯᠠᠨ ᠤᠯᠤᠰ ᠎ᠤᠨ ᠨᠢᠰᠭᠡᠯ᠎ᠦᠨ ᠪᠠᠭᠤᠳᠠᠯ᠎ᠤᠨ ᠠᠭᠠᠷ ᠎ᠤᠨ ᠠᠶᠠᠯᠠᠯ ᠎ᠤᠨ ᠬᠢᠯᠢ ᠵᠢᠨ ᠪᠣᠭᠣᠮᠲᠠ ᠎ᠶ᠋ᠢᠨ ᠭᠠᠳᠠᠭᠠᠳᠤ ᠨᠡᠭᠡᠭᠡᠯᠲᠡ ᠱᠢᠯᠭᠠᠨ ᠪᠠᠢᠴᠡᠭᠠᠯᠳᠠ᠎ᠳᠤ ᠬᠢᠷᠢ ᠲᠡᠩᠴᠡᠪᠡ
2026-03-13 09:05:33
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠬᠥᠬᠡᠬᠣᠲᠠ ᠪᠣᠭᠣᠮᠲᠠ᠎ᠠᠴᠠ ᠤᠢᠯᠠᠭᠠᠭᠰᠠᠨ᠎ᠶ᠋ᠢᠡᠷ᠂ 3 ᠰᠠᠷ᠎ᠠ᠎ᠶ᠋ᠢᠨ 10 ᠎ᠤ᠋ ᠡᠳᠦᠷ᠂ ᠬᠥᠬᠡᠬᠣᠲᠠ᠎ᠶ᠋ᠢᠨ ᠱᠧᠩ ᠯᠧ ᠤᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠠᠭᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ᠎ᠶ᠋ᠢᠨ ᠭᠠᠳᠠᠭᠠᠳᠤ ᠨᠡᠬᠡᠬᠡᠯᠲᠡ ᠰᠢᠯᠭᠠᠨ ᠪᠠᠢᠴᠠᠭᠠᠯᠳᠠ᠎ᠳᠤ ᠬᠢᠷᠢ ᠲᠡᠩᠴᠡᠪᠡ᠂ ᠡᠨᠡ᠎ᠨᠢ ᠥᠪᠥᠷ ᠮᠣᠩᠭᠣᠯ᠎ᠤᠨ ᠠᠩᠬᠠᠨ᠎ᠤ 4F ᠲᠡᠰ᠎ᠦᠨ ᠠᠭᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠨᠥᠬᠥᠴᠡᠯ᠎ᠢ ᠪᠦᠷᠢᠯᠳᠦᠭᠦᠯᠦᠭ᠌ᠰᠡᠨ᠎ᠢ ᠬᠠᠷᠠᠭᠤᠯᠵᠤ ᠪᠤᠢ᠃

4F ᠲᠠᠰ ᠪᠣᠯ ᠣᠲᠣ ᠎ᠶ᠋ᠢᠨ ᠬᠡᠷᠡᠭ᠌ᠵᠢᠭᠦᠯᠵᠦ᠍ ᠪᠠᠢᠭ᠎ᠠ ᠠᠷᠠᠳ᠎ᠤᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ ᠎ᠤᠨ ᠨᠢᠰᠦᠯᠲᠡ᠎ᠶ᠋ᠢᠨ ᠣᠷᠣᠨ᠎ᠤ ᠲᠠᠰ ᠳᠣᠲᠣᠷᠠᠬᠢ ᠬᠠᠮᠤᠭ᠎ᠤᠨ ᠥᠨᠳᠥᠷ ᠨᠢᠭᠡ ᠳᠡᠰ ᠪᠣᠯᠤᠨ᠎ᠠ᠂ ᠨᠢᠰᠬᠡᠯ᠎ᠤᠨ ᠭᠦᠶᠦᠯᠲᠡ᠎ᠶ᠋ᠢᠨ ᠵᠠᠮ ᠵᠢᠴᠢ ᠢᠵᠢ ᠪᠥᠷᠢᠳᠦᠭ᠌ᠰᠡᠨ ᠲᠥᠬᠥᠭᠡᠷᠦᠮᠵᠢ᠎ᠨᠢ ᠣᠳᠣᠬᠠᠨ᠎ᠤ ᠪᠥᠬᠥ᠌ ᠳᠡᠯᠡᠬᠡᠶ᠎ᠶ᠋ᠢᠨ ᠬᠠᠮᠤᠭ᠎ᠤᠨ ᠲᠣᠮᠣ ᠬᠡᠯᠪᠡᠷᠢ᠎ᠶ᠋ᠢᠨ ᠠᠯᠤᠰ ᠡᠵᠡᠮᠱᠢᠯᠲᠦ ᠠᠶᠠᠨᠴᠢᠳ᠎ᠤᠨ ᠨᠢᠰᠭᠡᠯ᠎ᠦᠨ ᠠᠮᠤᠷ ᠲᠦᠪᠱᠢᠨ᠎ᠢᠶᠡᠷ ᠨᠢᠰᠴᠦ᠍ ᠪᠠᠭᠤᠬᠤ ᠬᠡᠷᠡᠭ᠌ᠴᠡᠭᠡ᠎ᠶ᠋ᠢ ᠬᠠᠩᠭᠠᠵᠤ ᠴᠢᠳᠠᠨ᠎ᠠ᠃ ᠱᠢᠯᠭᠠᠨ ᠠᠪᠬᠤ ᠳᠤᠭᠤᠢᠯᠠᠩ᠎ᠤᠨ᠎ᠬᠢᠨ ᠲᠤᠬᠠᠶ᠎ᠶ᠋ᠢᠨ ᠲᠠᠯᠠᠪᠠᠶ᠎ᠳᠤ ᠪᠠᠢᠴᠠᠭᠠᠨ ᠰᠢᠯᠭᠠᠬᠤ ᠪᠠ ᠲᠥᠪᠯᠡᠷᠡᠭᠦᠯᠦᠨ ᠬᠢᠨᠠᠨ ᠲᠣᠭ᠍ᠲᠠᠭᠠᠭ᠍ᠰᠠᠨ᠎ᠤ ᠎ᠳ᠋ᠦᠡᠭ᠎ᠳᠤ᠂ ᠬᠥᠬᠡᠬᠣᠲᠠ᠎ᠶ᠋ᠢᠨ ᠱᠧᠩ ᠯᠧ ᠣᠯᠠᠨ ᠤᠯᠤᠰ ᠎ᠤᠨ ᠨᠢᠰᠭᠡᠯ ᠎ᠦᠨ ᠪᠠᠭᠤᠳᠠᠯ᠎ᠤᠨ ᠠᠭᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ᠎ᠶ᠋ᠢᠨ ᠰᠠᠭᠤᠷᠢ ᠲᠦᠬᠦᠭᠡᠷᠤᠮᠵᠢ ᠵᠢᠴᠢ ᠪᠠᠢᠴᠠᠭᠠᠨ ᠱᠢᠯᠭᠠᠬᠤ ᠲᠦᠬᠦᠭᠡᠷᠤᠮᠵᠢ᠎ᠶ᠋ᠢᠨ ᠪᠥᠲᠥᠭᠡᠨ ᠪᠠᠢᠭᠤᠯᠤᠯᠲᠠ᠎ᠨᠢ ᠪᠦᠷᠢᠨ ᠲᠡᠭᠦᠯᠳᠡᠷ᠂ ᠤᠯᠤᠰ᠎ᠤᠨ ᠪᠠᠷᠢᠮᠵᠢᠶ᠎ᠠ᠎ᠳᠤ ᠨᠡᠢᠴᠡᠵᠦ᠍᠂ ᠨᠢᠭᠡᠨᠲᠡ ᠵᠢᠩᠬᠢᠨᠢ ᠎ᠪᠡᠷ ᠨᠡᠭᠡᠭᠡᠯᠲᠡ ᠬᠢᠬᠦ᠌ ᠡᠯ᠎ᠡ ᠵᠦᠶ᠋ᠯ᠎ᠦᠨ ᠨᠥᠬᠥᠴᠡᠯ᠎ᠢ ᠪᠦᠷᠢᠯᠳᠦᠭᠦᠯᠦᠭ᠌ᠰᠡᠨ ᠪᠣᠯᠬᠣᠷ ᠱᠢᠯᠭᠠᠨ ᠠᠪᠬᠤ ᠬᠢᠷᠢ ᠬᠡᠮ᠎ᠳᠤ ᠬᠦᠷᠦᠭᠰᠡᠨ᠎ᠢ ᠵᠡᠷᠯᠡᠪᠡ᠃

ᠬᠥᠬᠡᠬᠣᠲᠠ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠳᠡᠳ᠋ ᠳᠠᠷᠤᠭ᠎ᠠ ᠢᠦᠶ ᠱᠸ᠋ ᠵᠢᠩ ᠲᠠᠨᠢᠯᠴᠠᠭᠤᠯᠬᠤ᠎ᠳᠠᠭᠠᠨ᠂ ᠬᠢᠯᠢ ᠵᠢᠨ ᠪᠣᠭᠣᠮᠲᠠ ᠵᠢ ᠨᠡᠭᠡᠭᠡᠭ᠌ᠰᠡᠨ᠎ᠦ ᠳᠠᠷᠠᠭ᠎ᠠ᠂ ᠪᠣᠭᠣᠮᠲᠠ᠎ᠶ᠋ᠢᠨ ᠰᠠᠯᠠᠭ᠎ᠠ ᠮᠥᠴᠢᠷ ᠠᠭᠠᠷ᠎ᠤᠨ ᠠᠶᠠᠯᠠᠯ᠎ᠤᠨ ᠪᠣᠭᠣᠮᠲᠠ᠎ᠶ᠋ᠢᠨ 《ᠵᠢᠭᠤᠯᠴᠢᠯᠠᠯ ᠎ᠤ᠋ᠨ ᠣᠶᠤᠨᠳᠤ ᠪᠠᠢᠴᠠᠭᠠᠯᠲᠠ》᠎ᠶ᠋ᠢᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠲᠣᠮᠣ ᠳ᠋ᠠᠢᠲ᠋ᠠ᠂ ᠡᠳ᠋ ᠪᠠᠷᠠᠭᠠᠨ ᠎ᠤ ᠮᠡᠳᠡᠭᠡ ᠵᠠᠩᠭᠢ᠎ᠶ᠋ᠢᠨ ᠰᠦᠯᠵᠢᠶ᠎ᠡ᠂ ᠣᠶᠤᠨᠳᠤ ᠰᠢᠯᠭᠠᠨ ᠪᠠᠢᠴᠠᠭᠠᠯᠳᠠ ᠵᠡᠷᠭᠡ ᠭᠤᠤᠯᠯᠠᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠲᠤᠯᠭᠠᠭᠤᠷᠢᠯᠠᠯ ᠪᠣᠯᠭᠠᠨ᠂ ᠬᠢᠯᠢ ᠎ᠪᠡᠷ ᠣᠷᠣᠵᠤ ᠭᠠᠷᠬᠤ ᠠᠶᠠᠨᠴᠢᠳ ᠎ᠤᠨ ᠪᠣᠭᠣᠮᠲᠠ᠎ᠪᠠᠷ ᠥᠩᠭᠡᠷᠡᠬᠦ᠌ ᠶᠠᠪᠤᠴᠠ᠎ᠶ᠋ᠢ ᠱᠢᠯᠢᠳᠡᠭ᠌ᠵᠢᠭᠦᠯᠵᠦ᠍᠂ 《ᠰᠠᠭᠠᠳ ᠦᠬᠡᠢ ᠪᠤᠭᠤᠮᠳᠠ ᠪᠡᠷ ᠦᠡᠭᠭᠡᠷᠡᠬᠦ》 ᠎ᠶ᠋ᠢ ᠪᠡᠶᠡᠯᠡᠭᠦᠯᠦᠨ᠎ᠡ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号