ᠰᠢᠨ᠎ᠡ ᠬᠡᠯᠪᠡᠷᠢ ᠶᠢᠨ ᠬᠥᠳᠡᠭᠡ ᠲᠣᠰᠬᠣᠨ ᠤ ᠬᠠᠮᠲᠤ ᠶᠢᠨ ᠠᠵᠤ ᠠᠬᠤᠢ᠎ᠶᠢ ᠬᠥᠭᠵᠢᠭᠦᠯᠦᠨ ᠪᠤᠵᠠᠭᠠᠢᠷᠠᠭᠤᠯᠬᠤ ᠨᠢ ᠬᠥᠳᠡᠭᠡ ᠲᠣᠰᠬᠣᠨ ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶ᠋ᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠠᠮᠢ ᠠᠬᠤᠢ᠎ᠶᠢᠨ ᠡᠬᠢ ᠪᠠᠶᠠᠯᠢᠭ᠎ᠢ ᠬᠥᠷᠥᠩᠭᠡᠵᠢᠬᠦᠯᠬᠦᠳᠤ᠂ ᠬᠥᠳᠡᠭᠡ ᠲᠣᠰᠬᠣᠨ᠎ᠤ ᠭᠠᠵᠠᠷ ᠰᠢᠷᠣᠢ᠎ᠶᠢᠨ ᠬᠠᠮᠲᠤ᠎ᠶᠢᠨ ᠥᠮᠴᠢᠯᠡᠯ᠎ᠦᠨ ᠳᠦᠷᠢᠮ᠎ᠢ ᠪᠠᠷᠢᠮᠲᠠᠯᠠᠵᠤ᠂ ᠠᠮᠢ ᠠᠬᠤᠢ ᠶᠢᠨ ᠥᠮᠴᠢᠯᠡᠯ ᠦᠨ ᠡᠷᠬᠡ᠎ᠶᠢ ᠬᠦᠢᠯᠭᠡᠭᠡᠨ᠎ᠳᠦ ᠤᠷᠤᠭᠤᠯᠬᠤ᠂ ᠬᠤᠪᠢ ᠣᠷᠣᠭᠤᠯᠬᠤ᠂ ᠪᠠᠷᠢᠴᠠᠭᠠᠯᠠᠬᠤ ᠵᠢ ᠠᠬᠢᠭᠤᠯᠵᠤ᠂ ᠣᠯᠠᠨ ᠡᠰᠢᠵᠢᠭᠰᠡᠨ ᠠᠮᠢ ᠠᠬᠤᠢ ᠶᠢᠨ ᠠᠵᠤ ᠦᠢᠯᠡᠰ ᠢ ᠬᠥᠭᠵᠢᠭᠦᠯᠬᠦ ᠵᠢ ᠱᠠᠭᠠᠷᠳᠠᠨ᠎ᠠ᠃ ᠲᠠᠷᠢᠶᠠᠯᠠᠩᠦᠢᠯᠡᠳᠪᠦᠷᠢᠯᠡᠯ ᠢ ᠠᠮᠢ ᠠᠬᠤᠢᠵᠢᠭᠤᠯᠬᠤ᠎ᠳᠤ᠂ ᠳᠠᠷᠢᠵᠤ ᠲᠡᠵᠢᠭᠡᠬᠦ᠎ᠶᠢ ᠤᠶᠠᠯᠳᠤᠭᠤᠯᠵᠤ᠂ ᠠᠮᠢ ᠠᠬᠤᠢᠵᠢᠭᠰᠠᠨ ᠲᠠᠷᠢᠶᠠᠯᠠᠬᠤ ᠬᠡᠯᠪᠡᠷᠢ ᠶᠢ ᠲᠦᠭᠡᠮᠡᠯᠵᠢᠬᠦᠯᠵᠦ᠂ ᠦᠢᠯᠡᠳᠪᠦᠷᠢᠯᠡᠯ ᠦᠨ ᠬᠡᠷᠡᠭᠰᠡᠯ ᠦᠨ ᠠᠮᠢ ᠠᠬᠤᠢ ᠳᠦ ᠨᠡᠢᠴᠡᠭᠰᠡᠨ ᠵᠦᠢᠯ ᠵᠢᠡᠷ ᠤᠷᠤᠯᠠᠭᠳᠠᠬᠤ ᠵᠢ ᠠᠬᠢᠭᠤᠯᠵᠤ᠂ 《ᠰᠢᠨ᠎ᠡ ᠲᠠᠷᠢᠶᠠᠴᠢᠨ》᠎ᠤ᠋ ᠲᠤᠯᠤᠭᠠᠢᠯᠠᠬᠤ ᠦᠢᠯᠡᠳᠦᠯ᠎ᠢ ᠪᠠᠳᠠᠷᠠᠭᠤᠯᠬᠤ ᠬᠡᠷᠡᠭᠲᠡᠢ᠃ ᠠᠮᠢ ᠠᠬᠤᠢ᠎ᠶᠢᠨ ᠠᠵᠤ ᠦᠢᠯᠡᠰ ᠢ ᠲᠣᠭᠠᠴᠢᠯᠠᠬᠤ᠎ᠳᠤ ᠂ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ ᠪᠠ ᠲᠣᠮᠣ᠌ ᠳ᠋ᠠᠢᠲ᠋ᠠ᠎ᠶᠢᠨ ᠵᠠᠭᠪᠤᠷ᠎ᠲᠤ ᠲᠦᠰᠢᠭᠯᠡᠨ᠂ ᠬᠥᠮᠥᠨ ᠬᠢᠭᠡᠳ ᠪᠠᠢᠭᠠᠯᠢ᠎ᠶᠢᠨ ᠰᠢᠨ᠎ᠡ ᠬᠠᠭᠤᠴᠢᠨ᠎ᠤ ᠰᠣᠯᠢᠯᠴᠠᠭ᠎ᠠ᠎ᠶᠢᠨ ᠬᠥᠳᠡᠯᠦᠩᠭᠦᠢ ᠵᠠᠭᠪᠤᠷ᠎ᠢ ᠪᠠᠢᠭᠤᠯᠵᠤ᠂ ᠭᠤᠷᠪᠠᠨ ᠠᠵᠤ ᠦᠢᠯᠡᠰ᠎ᠦᠨ ᠠᠭᠤᠰᠤᠯᠴᠠᠯ᠎ᠤᠨ ᠲᠥᠰᠥᠯ᠎ᠢ ᠰᠢᠯᠢᠳᠡᠭᠵᠢᠭᠦᠯᠦᠨ᠂ ᠠᠮᠢ ᠠᠬᠤᠢ᠎ᠶᠢᠨ ᠦᠨ᠎ᠡ ᠥᠷᠲᠡᠭ ᠪᠠ ᠠᠵᠤ ᠠᠬᠤᠢ᠎ᠶᠢᠨ ᠦᠨ᠎ᠡ ᠥᠷᠲᠡᠭ᠎ᠦᠨ ᠬᠣᠣᠰ ᠴᠢᠭᠯᠡᠯ᠎ᠢᠶᠡᠷ ᠤᠯᠠᠷᠢᠬᠤ᠎ᠶᠢ ᠪᠡᠶᠡᠯᠡᠭᠦᠯᠬᠦ ᠬᠡᠷᠡᠭᠳᠡᠢ᠃
ᠰᠢᠨ᠎ᠡ ᠬᠡᠯᠪᠡᠷᠢ ᠵᠢᠨ ᠬᠥᠳᠡᠭᠡ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠬᠥᠭᠵᠢᠭᠦᠯᠦᠨ ᠪᠤᠵᠠᠭᠠᠢᠷᠠᠭᠤᠯᠬᠤ ᠨᠢ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶ᠋ᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠬᠥᠳᠡᠭᠡ ᠲᠣᠰᠬᠣᠨ ᠤ ᠠᠮᠢ ᠠᠬᠤᠢ᠎ᠶᠢᠨ ᠣᠷᠣᠨ ᠵᠠᠢ ᠤᠬᠢ ᠰᠠᠢᠨ᠂ ᠠᠮᠢ ᠠᠬᠤᠢ᠎ᠶᠢᠨ ᠨᠥᠬᠥᠴᠡᠯ ᠳᠠᠪᠠᠭᠤᠯᠢᠭ᠋᠂ ᠠᠮᠢ ᠠᠬᠤᠢ᠎ᠶᠢᠨ ᠡᠬᠢ ᠪᠠᠶᠠᠯᠢᠭ᠋ ᠡᠯᠪᠡᠭ ᠪᠤᠯᠬᠤᠷ᠂ ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠠ ᠠᠭᠤᠯᠠ ᠮᠥᠩᠭᠥᠨ ᠬᠠᠢᠷᠬᠠᠨ ᠮᠦᠨ ᠭᠡᠬᠦ ᠣᠢᠯᠠᠭᠠᠭᠳᠠᠬᠤᠨ᠎ᠢᠶᠠᠷ ᠵᠢᠯᠣᠭᠣᠳᠤᠯᠭ᠎ᠠ ᠪᠣᠯᠭᠠᠨ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠢᠶᠡᠷ ᠡᠨᠧᠷᠭᠢ ᠣᠯᠭᠣᠵᠤ᠂ ᠬᠥᠳᠡᠭᠡ ᠲᠣᠰᠬᠣᠨ᠎ᠤ ᠠᠮᠢ ᠠᠬᠤᠢ᠎ᠶᠢᠨ ᠡᠬᠢ ᠪᠠᠶᠠᠯᠢᠭ᠋ ᠪᠣᠯᠣᠨ ᠠᠵᠤ ᠦᠢᠯᠡᠰ᠎ᠦᠨ ᠰᠢᠰᠲ᠋ᠸᠮ᠎ᠢ ᠪᠦᠬᠦ ᠲᠠᠯ᠎ᠠ᠎ᠪᠠᠷ ᠲᠣᠭᠠᠴᠢᠯᠠᠵᠤ᠂ ᠠᠮᠢ ᠠᠬᠤᠢ᠎ᠶᠢᠨ ᠠᠵᠤ ᠦᠢᠯᠡᠰ᠎ᠦᠨ ᠰᠢᠰᠲ᠋ᠸᠮ᠎ᠢ ᠶᠡᠬᠡᠪᠡᠷ ᠪᠠᠶ᠋ᠢᠭᠤᠯᠬᠤ ᠪᠣᠯ ᠰᠢᠨ᠎ᠡ ᠬᠡᠯᠪᠡᠷᠢ᠎ᠶᠢᠨ ᠬᠥᠳᠡᠭᠡ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠬᠥᠭᠵᠢᠭᠦᠯᠬᠦ ᠴᠢᠬᠤᠯᠠ ᠠᠷᠭ᠎ᠠ ᠵᠠᠮ ᠮᠦᠨ᠂ ᠡᠨᠡ ᠨᠢ ᠯᠠᠪᠲᠠᠢ ᠠᠮᠢ ᠠᠬᠤᠢ᠎ᠶᠢᠨ ᠦᠷᠳᠡᠭ ᠪᠣᠯᠣᠨ ᠠᠵᠤ ᠠᠬᠤᠢ᠎ᠶᠢᠨ ᠦᠷᠳᠡᠭ᠎ᠦᠨ ᠬᠣᠣᠰ ᠴᠢᠭᠯᠡᠯ᠎ᠦᠨ ᠤᠯᠠᠷᠢᠯᠲᠠ᠎ᠶᠢ ᠪᠡᠶᠡᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠨᠡᠮᠡᠷᠢᠯᠡᠬᠦ ᠶᠤᠮ᠃
ᠠᠮᠢ ᠠᠬᠤᠢ᠎ᠶᠢᠨ ᠡᠬᠢ ᠪᠠᠶᠠᠯᠢᠭ᠋᠎ᠢ ᠬᠥᠷᠥᠩᠭᠡᠵᠢᠭᠦᠯᠬᠦ ᠬᠡᠷᠡᠭᠲᠠᠢ᠃ ᠠᠮᠢ ᠠᠬᠤᠢ᠎ᠶᠢᠨ ᠡᠬᠢ ᠪᠠᠶᠠᠯᠢᠭ᠋᠎ᠢ ᠬᠥᠷᠥᠩᠭᠡᠵᠢᠬᠦᠯᠬᠦᠳᠤ ᠭᠣᠣᠯᠳᠠᠯᠭ᠎ᠠ ᠨᠢ ᠠᠮᠢ ᠠᠬᠤᠢ᠎ᠶᠢᠨ ᠡᠬᠢ ᠪᠠᠶᠠᠯᠢᠭ᠋᠎ᠤᠨ ᠳᠠᠯᠳᠠ ᠥᠷᠲᠡᠭ᠎ᠢ ᠬᠡᠮᠵᠢᠶᠡᠯᠡᠵᠦ ᠪᠣᠯᠬᠤ ᠡᠵᠡᠩᠨᠡᠯᠲᠡ᠎ᠶᠢᠨ ᠴᠢᠨᠠᠷᠲᠠᠢ ᠬᠥᠷᠥᠩᠭᠡ ᠪᠣᠯᠭᠠᠨ ᠬᠤᠪᠢᠷᠠᠭᠤᠯᠵᠤ᠂ ᠠᠮᠢ ᠠᠬᠤᠢ᠎ᠶᠢᠨ ᠨᠡᠮᠡᠭᠳᠡᠯ ᠬᠢᠭᠡᠳ ᠠᠵᠤ ᠠᠬᠤᠢ᠎ᠶᠢᠨ ᠦᠷ᠎ᠡ ᠠᠰᠢᠭ᠋᠎ᠤᠨ ᠰᠠᠢᠨ ᠰᠠᠢᠬᠠᠨ ᠬᠠᠷᠢᠯᠴᠠᠨ ᠠᠬᠢᠭᠤᠯᠬᠤ᠎ᠶᠢ ᠪᠡᠶᠡᠯᠡᠭᠦᠯᠵᠦ᠂ ᠠᠮᠢ ᠠᠬᠤᠢ᠎ᠶᠢᠨ ᠥᠮᠴᠢᠯᠡᠯ᠎ᠤᠨ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠡᠷᠭᠡ ᠵᠠᠬ᠎ᠠ ᠳᠡᠯᠭᠡᠭᠦᠷ᠎ᠦᠨ ᠠᠷᠠᠯᠵᠢᠶ᠎ᠠ᠎ᠳᠤ ᠣᠷᠣᠯᠴᠠᠬᠤ᠎ᠶᠢ ᠠᠬᠢᠭᠤᠯᠵᠤ᠂ ᠲᠡᠭᠦᠨ᠎ᠦ ᠬᠦᠢᠯᠭᠡᠭᠡᠨ ᠳᠦ ᠤᠷᠤᠬᠤ᠂ ᠬᠤᠪᠢ ᠣᠷᠣᠭᠤᠯᠬᠤ᠂ ᠪᠠᠷᠢᠴᠠᠭᠠᠯᠠᠬᠤ ᠵᠡᠷᠭᠡ ᠵᠠᠬ᠎ᠠ ᠳᠡᠯᠭᠡᠭᠦᠷ᠎ᠦᠨ ᠦᠶ᠋ᠯᠡ ᠠᠵᠢᠯᠯᠠᠭ᠎ᠠ᠎ᠶᠢ ᠪᠠᠲᠤᠯᠠᠵᠤ᠂ ᠪᠥᠬᠥ ᠲᠠᠷᠢᠶᠠᠴᠢᠳ᠎ᠤᠨ ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠳᠤ ᠪᠤᠢ᠃ ᠰᠢᠨ᠎ᠡ ᠬᠡᠯᠪᠡᠷᠢ᠎ᠶᠢᠨ ᠬᠥᠳᠡᠭᠡ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠬᠥᠭᠵᠢᠭᠦᠯᠦᠨ ᠪᠤᠵᠠᠭᠠᠢᠷᠠᠭᠤᠯᠵᠤ᠂ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠴᠢᠬᠤᠯᠠ ᠭᠣᠣᠯ ᠴᠣᠭᠴᠠ ᠪᠣᠯᠤᠭᠰᠠᠨ᠎ᠤ ᠬᠤᠪᠢ᠎ᠳᠤ᠂ ᠬᠥᠳᠡᠭᠡ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠨᠢ ᠡᠬᠢ ᠪᠠᠶᠠᠯᠢᠭ᠋ ᠤᠨ ᠳᠠᠪᠠᠭᠤᠯᠢᠭ᠋᠎ᠲᠤ ᠰᠠᠭᠤᠷᠢᠯᠠᠨ᠂ ᠡᠵᠡᠩᠨᠡᠯᠲᠡ᠎ᠶᠢᠨ ᠠᠷᠭ᠎ᠠ ᠬᠡᠯᠪᠡᠷᠢ᠎ᠶᠢᠨ ᠰᠢᠨ᠎ᠡ ᠶᠢ ᠡᠭᠦᠳᠴᠦ᠂ ᠠᠵᠤ ᠦᠢᠯᠡᠰ᠎ᠦᠨ ᠣᠯᠠᠨ ᠡᠰᠢᠵᠢᠨ ᠠᠭᠤᠰᠤᠯᠴᠠᠬᠤ᠎ᠶᠢ ᠠᠬᠢᠭᠤᠯᠬᠤ ᠬᠡᠷᠡᠭᠲᠡᠢ᠃ ᠨᠢᠭᠡ ᠲᠠᠯ᠎ᠠ᠎ᠪᠠᠷ᠂ ᠠᠮᠢ ᠠᠬᠤᠢ᠎ᠶᠢᠨ ᠡᠬᠢ ᠪᠠᠶᠠᠯᠢᠭ᠋᠎ᠤᠨ ᠭᠣᠣᠯ ᠠᠴᠢᠶᠠᠯᠠᠪᠤᠷᠢ ᠪᠣᠯ ᠭᠠᠵᠠᠷ ᠰᠢᠷᠣᠢ ᠪᠣᠯᠣᠨ᠎ᠠ᠂ ᠬᠥᠳᠡᠭᠡ ᠲᠣᠰᠬᠣᠨ᠎ᠤ ᠭᠠᠵᠠᠷ ᠰᠢᠷᠣᠢ᠎ᠶᠢᠨ ᠬᠠᠮᠲᠤ᠎ᠶᠢᠨ ᠥᠮᠴᠢᠯᠡᠯ᠎ᠦᠨ ᠳᠦᠷᠢᠮ᠎ᠢ ᠭᠤᠢᠪᠢᠰᠢ ᠦᠭᠡᠢ ᠪᠠᠷᠢᠮᠲᠠᠯᠠᠵᠤ᠂ ᠲᠠᠷᠢᠶᠠᠨ ᠭᠠᠵᠠᠷ᠂ ᠣᠢᠲᠤ ᠭᠠᠵᠠᠷ᠂ᠨᠤᠳᠤᠭ ᠪᠡᠯᠴᠢᠭᠡᠷ᠂ ᠣᠷᠣᠨ ᠰᠠᠭᠤᠴᠠ᠎ᠶᠢᠨ ᠭᠠᠵᠠᠷ ᠵᠡᠷᠭᠡ᠎ᠶᠢᠨ ᠬᠡᠷᠡᠭᠯᠡᠯᠲᠡ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤᠨ᠎ᠤ ᠦᠵᠡᠮᠵᠢ᠂ ᠡᠪᠡᠰᠦ ᠮᠣᠳᠣ᠌ ᠂ ᠠᠮᠤ ᠪᠤᠳᠠᠭ᠎ᠠ᠎ᠶᠢᠨ ᠲᠠᠷᠢᠮᠠᠯ᠂ ᠵᠢᠮᠢᠰ ᠨᠣᠭᠣᠭ᠎ᠠ ᠲᠠᠷᠢᠶ᠎ᠠ᠂ ᠮᠠᠯ ᠵᠢᠭᠦᠷᠲᠡᠨ᠂ ᠬᠦᠷᠢᠶ᠎ᠡ ᠬᠠᠰᠢᠶ᠎ᠠ᠎ᠪᠠᠨ ᠨᠣᠭᠣᠭᠠᠷᠠᠭᠤᠯᠬᠤ ᠵᠡᠷᠭᠡ ᠠᠮᠢ ᠠᠬᠤᠢ᠎ᠶᠢᠨ ᠡᠬᠢ ᠪᠠᠶᠠᠯᠢᠭ᠋᠎ᠢ ᠶᠡᠷᠦᠩᠬᠡᠢᠯᠡᠨ ᠠᠰᠢᠭ᠍ᠯᠠᠵᠤ᠂ ᠪᠣᠬᠢᠷᠲᠤᠯ ᠦᠭᠡᠢ ᠣᠷᠭᠠᠨᠢᠭ᠋ ᠲᠠᠷᠢᠶᠠᠯᠠᠩ᠂ ᠣᠶ ᠰᠢᠭᠤᠢ᠂ ᠵᠢᠭᠠᠰᠤᠨ ᠠᠵᠤ ᠠᠬᠤᠢ᠂ ᠮᠠᠯ ᠠᠵᠤ ᠠᠬᠤᠢ ᠵᠢᠴᠢ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠦᠢᠯᠡᠰ᠎ᠢ ᠵᠣᠬᠢᠴᠠᠭᠤᠯᠤᠨ ᠬᠥᠭᠵᠢᠭᠦᠯᠵᠦ᠂ ᠠᠮᠢ ᠠᠬᠤᠢ᠎ᠶᠢᠨ ᠲᠠᠷᠢᠶᠠᠯᠠᠩ᠂ ᠠᠮᠢ ᠠᠬᠤᠢ᠎ᠶᠢᠨ ᠢᠳᠡᠭᠡᠨ ᠤᠮᠳᠠᠭᠠᠨ᠂ ᠠᠮᠢ ᠠᠬᠤᠢ᠎ᠶᠢᠨ ᠰᠣᠶᠣᠯ ᠵᠢᠭᠤᠯᠴᠢᠯᠠᠯ᠂ ᠠᠮᠢ ᠠᠬᠤᠢ᠎ᠶᠢᠨ ᠰᠡᠯᠡᠭᠦᠴᠡᠯ᠂ ᠠᠮᠢ ᠠᠬᠤᠢ᠎ᠶᠢᠨ ᠡᠷᠡᠭᠦᠯᠵᠢᠯ ᠰᠤᠪᠢᠯᠠᠯᠲᠠ᠂ ᠠᠮᠢ ᠠᠬᠤᠢ᠎ᠶᠢᠨ ᠰᠤᠳᠤᠯᠭᠠᠨ᠂ ᠠᠮᠢ ᠠᠬᠤᠢ᠎ᠶᠢᠨ ᠠᠷᠠᠳ᠎ᠤᠨ ᠰᠠᠭᠤᠴᠠ ᠵᠡᠷᠭᠡ ᠣᠯᠠᠨ ᠳᠠᠪᠬᠤᠷ ᠬᠥᠳᠡᠭᠡ ᠲᠣᠰᠬᠣᠨ᠎ᠤ ᠠᠵᠤ ᠦᠢᠯᠡᠰ᠎ᠢ ᠲᠥᠯᠥᠪᠯᠡᠭᠡᠲᠠᠢᠠᠬᠢᠭᠤᠯᠬᠤ ᠬᠡᠷᠡᠭᠲᠡᠢ᠃ ᠨᠥᠭᠥᠭᠡ ᠲᠠᠯ᠎ᠠ᠎ᠪᠠᠷ᠂ ᠭᠡᠷ ᠪᠦᠯᠢ᠎ᠶᠢᠨ ᠲᠠᠷᠢᠶᠠᠯᠠᠩ᠎ᠤᠨ ᠲᠠᠯᠠᠪᠠᠶ᠂ ᠲᠤᠰᠬᠠᠢ ᠬᠣᠷᠰᠢᠶ᠎ᠠ᠂ ᠬᠣᠯᠪᠣᠭᠠᠲᠤ ᠬᠣᠷᠰᠢᠶ᠎ᠠ ᠵᠡᠷᠭᠡ ᠵᠣᠬᠢᠶᠠᠨ ᠪᠠᠢᠭᠤᠯᠤᠯᠲᠠ᠎ᠪᠠᠷ ᠳᠠᠮᠵᠢᠭᠤᠯᠤᠨ᠂ ᠲᠠᠷᠠᠬᠠᠢ ᠪᠤᠲᠠᠷᠬᠠᠢ ᠵᠢᠵᠢᠭ ᠲᠠᠷᠢᠶᠠᠯᠠᠩ ᠦᠢᠯᠡᠳᠪᠦᠷᠢᠯᠡᠯ᠎ᠢ ᠨᠡᠢᠭᠡᠮᠴᠢᠯᠡᠭᠰᠡᠨ ᠬᠠᠮᠲᠤ᠎ᠶᠢᠨ ᠦᠢᠯᠡᠳᠪᠦᠷᠢᠯᠡᠯ ᠪᠣᠯᠭᠠᠨ ᠬᠤᠪᠢᠷᠠᠭᠤᠯᠵᠤ᠂ ᠲᠠᠷᠢᠶᠠᠴᠢᠨ ᠡᠷᠦᠬᠡ᠎ᠶᠢᠨ ᠵᠢᠵᠢᠭ ᠠᠮᠢ ᠠᠬᠤᠢ᠎ᠶᠢᠨ ᠣᠷᠣᠨ ᠵᠠᠢ᠎ᠶᠢ ᠬᠥᠳᠡᠭᠡ ᠲᠣᠰᠬᠣᠨ᠎ᠤ ᠲᠣᠮᠣ᠌ ᠠᠮᠢ ᠠᠬᠤᠢ᠎ᠶᠢᠨ ᠣᠷᠣᠨ ᠵᠠᠢ᠎ᠳᠤ ᠠᠭᠤᠰᠬᠠᠨ ᠣᠷᠣᠭᠤᠯᠵᠤ᠂ ᠲᠠᠷᠢᠶᠠᠴᠢᠨ ᠲᠦᠮᠡᠨ᠎ᠢ ᠲᠤᠬᠠᠢ᠎ᠶᠢᠨ ᠭᠠᠵᠠᠷ ᠲᠤᠨᠢ ᠡᠯ᠎ᠡ ᠵᠦᠢᠯ ᠤᠨ ᠠᠮᠢ ᠠᠬᠤᠢ᠎ᠶᠢᠨ ᠠᠵᠤ ᠦᠢᠯᠡᠰ᠎ᠦᠨ ᠬᠥᠳᠡᠯᠮᠦᠷᠢᠴᠢᠨ ᠪᠠ ᠡᠭᠦᠳᠦᠨ ᠪᠦᠲᠦᠭᠡᠭᠴᠢ ᠪᠣᠯᠭᠠᠨ ᠬᠤᠪᠢᠷᠠᠭᠤᠯᠵᠤ᠂ ᠬᠥᠳᠡᠭᠡ ᠲᠣᠰᠬᠣᠨ᠎ᠤ ᠡᠯᠪᠡᠭ ᠪᠠᠶᠠᠯᠢᠭ᠋ ᠠᠮᠢ ᠠᠬᠤᠢ᠎ᠶᠢᠨ ᠡᠬᠢ ᠪᠠᠶᠠᠯᠢᠭ᠋᠎ᠢ ᠲᠠᠷᠢᠶᠠᠴᠢᠨ ᠲᠦᠮᠡᠨ᠎ᠦ ᠬᠠᠮᠲᠤ᠎ᠪᠠᠷ ᠪᠠᠶᠠᠵᠢᠬᠤ ᠪᠣᠬᠢᠷᠲᠤᠯ ᠦᠭᠡᠢ ᠡᠳ᠋ ᠬᠥᠷᠥᠩᠭᠡ ᠪᠣᠯᠭᠠᠬᠤ ᠬᠡᠷᠡᠭᠲᠠᠢ᠃
ᠲᠠᠷᠢᠶᠠᠯᠠᠩᠦᠢᠯᠡᠳᠪᠦᠷᠢᠯᠡᠯᠢ ᠠᠮᠢ ᠠᠬᠤᠢᠵᠢᠭᠤᠯᠬᠤ ᠬᠡᠷᠡᠭᠲᠠᠢ᠃ ᠲᠠᠷᠢᠶᠠᠯᠠᠩ ᠦᠢᠯᠡᠳᠪᠦᠷᠢᠯᠡᠯ᠎ᠢ ᠠᠮᠢ ᠠᠬᠤᠢᠵᠢᠭᠤᠯᠬᠤ ᠪᠣᠯ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠶᠢᠨ ᠵᠠᠢᠯᠠᠰᠢ ᠦᠭᠡᠢ ᠱᠠᠭᠠᠷᠳᠠᠯᠭ᠎ᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠬᠥᠳᠡᠭᠡ ᠲᠣᠰᠬᠣᠨ᠎ᠤ ᠠᠵᠤ ᠠᠬᠤᠢ᠎ᠶᠢᠨ ᠪᠦᠲᠦᠴᠡ᠎ᠶᠢᠨ ᠲᠣᠬᠢᠷᠠᠭᠤᠯᠤᠯᠲᠠ᠂ ᠲᠠᠷᠢᠶᠠᠯᠠᠩ ᠣᠶ ᠰᠢᠭᠤᠢ᠎ᠶᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠶᠢᠨ ᠵᠠᠢᠯᠠᠰᠢ ᠦᠭᠡᠢ ᠵᠠᠮᠨᠠᠬᠤ ᠵᠠᠮ ᠮᠥᠨ᠃ ᠣᠳᠣᠬᠠᠨ᠎ᠳᠤ ᠨᠤᠲᠤᠭ ᠪᠤᠴᠠᠵᠤ ᠪᠠᠢᠭ᠎ᠠ《ᠰᠢᠨ᠎ᠡ ᠲᠠᠷᠢᠶᠠᠴᠢᠨ》 ᠠᠮᠢ ᠠᠬᠤᠢ ᠶᠢ ᠤᠷᠢᠳ ᠵᠢᠡᠷ ᠪᠤᠳᠤᠯᠬᠢᠯᠠᠬᠤ ᠣᠢᠯᠠᠭᠠᠭᠳᠠᠬᠤᠨ᠎ᠢ ᠢᠳᠡᠪᠬᠢᠳᠠᠢ ᠦᠢᠯᠡᠳᠦᠯᠭᠡᠵᠢᠭᠦᠯᠵᠦ᠂ ᠠᠮᠢ ᠠᠬᠤᠢ᠎ᠶᠢᠨ ᠲᠠᠷᠢᠶᠠᠯᠠᠩ᠎ᠤᠨ ᠦᠢᠯᠡᠳᠦᠯᠭᠡ᠎ᠳᠦ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠲᠠᠷᠢᠶᠠᠯᠠᠩ ᠦᠢᠯᠡᠳᠪᠦᠷᠢᠯᠡᠯ᠎ᠦᠨ ᠠᠷᠭ᠎ᠠ ᠬᠡᠯᠪᠡᠷᠢ᠎ᠶᠢᠨ ᠠᠮᠢ ᠠᠬᠤᠢ᠎ᠶᠢᠨ ᠬᠤᠪᠢᠰᠤᠯᠲᠠ ᠶᠢ ᠠᠬᠢᠭᠤᠯᠵᠤ᠂ ᠬᠥᠳᠡᠭᠡ ᠲᠣᠰᠬᠣᠨ᠎ᠤ ᠠᠮᠢ ᠠᠬᠤᠢ᠎ᠶᠢᠨ ᠦᠷ᠎ᠡ ᠠᠰᠢᠭ᠋ ᠪᠣᠯᠣᠨ ᠠᠵᠤ ᠠᠬᠤᠢ᠎ᠶᠢᠨ ᠦᠷ᠎ᠡ ᠠᠰᠢᠭ᠋᠎ᠢ ᠬᠠᠮᠲᠤ ᠳ᠋ᠤᠨᠢ ᠬᠠᠷᠠᠭᠠᠯᠵᠠᠬᠤ ᠬᠥᠭᠵᠢᠯᠲᠡ᠎ᠶᠢᠨ ᠵᠠᠮ᠎ᠢ ᠰᠦᠪᠡᠭᠴᠢᠯᠡᠵᠦ᠂ ᠣᠳᠣᠬᠠᠨ᠎ᠤ ᠬᠡᠷᠡᠭᠯᠡᠭᠴᠢᠳ᠎ᠦᠨ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭᠳᠡᠬᠦᠨ᠎ᠦ ᠬᠡᠷᠡᠭᠴᠡᠭᠡ᠎ᠶᠢ ᠬᠠᠩᠭᠠᠭᠰᠠᠨ᠎ᠢᠶᠠᠷ ᠪᠠᠷᠠᠬᠤ ᠦᠭᠡᠢ᠂ ᠬᠥᠳᠡᠭᠡ ᠲᠣᠰᠬᠣᠨ᠎ᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠪᠣᠬᠢᠷᠲᠤᠯ ᠦᠭᠡᠢ ᠬᠥᠳᠡᠯᠭᠡᠬᠦ ᠬᠦᠴᠦᠨ ᠨᠡᠮᠡᠷᠢᠯᠡᠵᠦ ᠪᠤᠢ᠃ ᠬᠥᠳᠡᠭᠡ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠨᠢ ᠠᠮᠢ ᠠᠬᠤᠢ᠎ᠶᠢᠨ ᠬᠥᠷᠥᠩᠭᠡ᠎ᠳᠦ ᠲᠦᠰᠢᠭᠯᠡᠨ᠂ ᠥᠷᠭᠡᠨ ᠣᠯᠠᠨ 《ᠰᠢᠨ᠎ᠡ ᠲᠠᠷᠢᠶᠠᠴᠢᠨ》᠎ᠤ᠋ ᠠᠵᠢᠯ ᠬᠢᠵᠦ ᠦᠢᠯᠡᠰ ᠪᠤᠰᠬᠠᠬᠤ᠎ᠳᠤ ᠲᠠᠪᠴᠠᠩ ᠬᠠᠡᠭᠭᠠᠵᠤ᠂ ᠡᠨᠡ ᠬᠦ᠌ ᠬᠠᠮᠲᠤ ᠴᠤᠭᠴᠠ ᠵᠢᠨ ᠰᠢᠨ᠎ᠡ᠎ᠶᠢ ᠡᠭᠦᠳᠬᠦ ᠴᠢᠳᠠᠪᠤᠷᠢ ᠪᠣᠯᠣᠨ ᠲᠤᠯᠤᠭᠠᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠣᠨ ᠤ ᠠᠮᠢ ᠠᠬᠤᠢ᠎ᠶᠢᠨ ᠠᠵᠤ ᠦᠢᠯᠡᠰ᠎ᠢ ᠡᠮᠬᠢ ᠵᠢᠷᠤᠮ᠎ᠲᠠᠢ ᠬᠥᠭᠵᠢᠭᠦᠯᠬᠦ ᠬᠡᠷᠡᠭᠲᠡᠢ᠃ ᠨᠢᠭᠡ᠎ᠳᠦ᠂ ᠳᠠᠷᠢᠵᠤ ᠲᠡᠵᠢᠭᠡᠬᠦ᠎ᠶᠢ ᠤᠶᠠᠯᠳᠤᠭᠤᠯᠤᠭᠰᠠᠨ ᠠᠮᠢ ᠠᠬᠤᠢᠵᠢᠭᠰᠠᠨ ᠳᠠᠷᠢᠶᠠᠯᠠᠬᠤ ᠬᠡᠯᠪᠡᠷᠢ ᠶᠢ ᠲᠦᠭᠡᠮᠡᠯᠵᠢᠬᠦᠯᠵᠦ᠂ ᠠᠭᠤᠯᠠᠷᠬᠠᠭ ᠭᠠᠵᠠᠷ ᠪᠤᠶᠤ ᠵᠠᠬ᠎ᠠ ᠬᠢᠵᠠᠭᠠᠷ ᠭᠠᠵᠠᠷ᠎ᠢ ᠵᠦᠢ ᠵᠣᠬᠢᠰᠲᠠᠢ ᠠᠰᠢᠭ᠍ᠯᠠᠨ ᠪᠠᠢᠭᠠᠯᠢ᠎ᠶᠢᠨ ᠲᠡᠵᠢᠭᠡᠯ ᠪᠣᠷᠳᠣᠭ᠎ᠠ ᠳᠠᠷᠢᠵᠤ ᠂ ᠣᠶ ᠰᠢᠭᠤᠢ ᠪᠠ ᠡᠪᠡᠰᠦᠲᠦ ᠭᠠᠵᠠᠷ᠎ᠲᠤ ᠬᠢᠵᠠᠭᠠᠷᠲᠠᠢᠲᠠᠷᠠᠬᠠᠢ ᠮᠠᠯᠵᠢᠵᠤ᠂ ᠠᠮᠢᠲᠠᠨ᠎ᠤ ᠪᠠᠭᠠᠰᠤᠨ ᠪᠣᠷᠳᠣᠭᠤᠷ᠎ᠢ ᠲᠠᠷᠢᠶᠠᠨ ᠭᠠᠵᠠᠷ᠎ᠲᠤ ᠪᠤᠴᠠᠭᠠᠵᠤ ᠬᠥᠷᠥᠰᠥ ᠰᠢᠷᠣᠢ᠎ᠶᠢᠨ ᠣᠷᠭᠠᠨᠢᠭ᠋ ᠪᠦᠲᠦᠴᠡ᠎ᠶᠢ ᠵᠠᠰᠠᠨ ᠰᠡᠷᠭᠦᠭᠡᠵᠦ᠂ ᠲᠠᠷᠢᠮᠠᠯ᠎ᠤᠨ ᠡᠰᠢ ᠰᠦᠷᠡᠯ᠎ᠢ ᠣᠷᠭᠠᠨᠢᠭ᠋ ᠪᠣᠷᠳᠣᠭᠤᠷ ᠪᠤᠶᠤ ᠣᠷᠭᠠᠨᠢᠭ᠋ ᠲᠡᠵᠢᠭᠡᠯ ᠪᠣᠷᠳᠣᠭ᠎ᠠ ᠪᠣᠯᠭᠠᠨ ᠬᠤᠪᠢᠷᠠᠭᠤᠯᠵᠤ᠂ ᠪᠠᠢᠭᠠᠯᠢ᠎ᠶᠢᠨ ᠵᠢᠮ᠎ᠡ ᠶᠣᠰᠣᠨ᠎ᠳᠤ ᠨᠡᠢᠴᠡᠭᠰᠡᠨ ᠠᠮᠢ ᠠᠬᠤᠢ᠎ᠶᠢᠨ ᠣᠷᠴᠢᠯ᠎ᠤᠨ ᠰᠢᠰᠲᠧᠮ᠎ᠢ ᠪᠦᠷᠢᠯᠳᠦᠭᠦᠯᠦᠨ᠎ᠡ᠃ ᠬᠣᠶᠠᠷ᠎ᠲᠤ᠂ ᠦᠢᠯᠡᠳᠪᠦᠷᠢᠯᠡᠯ᠎ᠦᠨ ᠬᠡᠷᠡᠭᠰᠡᠯ᠎ᠦᠨ ᠠᠮᠢ ᠠᠬᠤᠢ ᠳᠦ ᠨᠡᠢᠴᠡᠭᠰᠡᠨ ᠵᠦᠢᠯᠡᠰ ᠵᠢᠡᠷ ᠤᠷᠤᠯᠠᠬᠳᠠᠬᠤ ᠵᠢ ᠠᠬᠢᠭᠤᠯᠵᠤ᠂ ᠭᠧᠨ ᠤᠯᠠᠷᠢᠭᠤᠯᠤᠭᠰᠠᠨ ᠪᠤᠰᠤ ᠲᠠᠷᠢᠮᠠᠯ᠎ᠤᠨ ᠦᠷ᠎ᠡ ᠪᠣᠢᠵᠢᠭᠤᠯᠬᠤ ᠮᠡᠷᠭᠡᠵᠢᠯ᠎ᠢ ᠳᠡᠯᠭᠡᠷᠡᠭᠦᠯᠵᠦ᠂ ᠬᠢᠲᠠᠳ ᠡᠮ᠎ᠦᠨ ᠮᠠᠲᠧᠷᠢᠶᠠᠯ᠂ ᠠᠮᠢᠳᠤ ᠪᠣᠳᠠᠰ᠎ᠤᠨ ᠬᠡᠯᠬᠢᠶᠡᠲᠦ ᠡᠪᠡᠳᠴᠢᠨ ᠬᠣᠷᠣᠬᠠᠢ᠎ᠶᠢ ᠰᠡᠷᠭᠡᠢᠯᠡᠬᠦ ᠮᠡᠷᠭᠡᠵᠢᠯ᠎ᠢ ᠬᠠᠢᠨ ᠰᠦᠪᠡᠭᠴᠢᠯᠡᠵᠦ᠂ ᠣᠷᠭᠠᠨᠢᠭ᠋ ᠪᠠ ᠠᠮᠢ ᠠᠬᠤᠢ᠎ᠶᠢᠨ ᠪᠣᠷᠳᠣᠭᠤᠷ ᠦᠢᠯᠡᠳᠪᠦᠷᠢᠯᠡᠬᠦ ᠮᠡᠷᠭᠡᠵᠢᠯ᠎ᠢ ᠰᠤᠳᠤᠯᠤᠨ ᠨᠡᠭᠡᠭᠡᠵᠦ᠂ ᠲᠠᠷᠢᠶᠠᠯᠠᠩ᠎ᠤᠨ ᠦᠢᠯᠡᠳᠪᠦᠷᠢᠯᠡᠯ ᠦᠨ ᠶᠠᠪᠤᠴᠠ᠎ᠳᠠᠬᠢ ᠬᠢᠮᠢ᠎ᠶᠢᠨ ᠪᠣᠬᠢᠷᠲᠤᠯ᠎ᠢ ᠡᠬᠢ ᠡᠭᠦᠰᠦᠯ᠎ᠡᠴᠡ ᠨᠢ ᠰᠠᠢᠵᠢᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ᠎ᠦ ᠠᠮᠢ ᠠᠬᠤᠢ᠎ᠶᠢᠨ ᠴᠢᠨᠠᠷ ᠴᠢᠨᠰᠠᠭ᠎ᠠ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠭᠤᠷᠪᠠ᠎ᠳᠤ᠂ ᠤᠯᠠᠨ ᠡᠰᠢᠵᠢᠵᠦ ᠨᠢᠭᠡ ᠴᠣᠭᠴᠠᠵᠢᠭ᠍ᠰᠠᠨ ᠠᠮᠢ ᠠᠬᠤᠢ᠎ᠶᠢᠨ ᠠᠵᠤ ᠦᠢᠯᠡᠰ᠎ᠢ ᠪᠠᠢᠭᠤᠯᠵᠤ᠂ ᠣᠨᠴᠠ ᠲᠣᠭᠲᠠᠭᠠᠭᠰᠠᠨ ᠶᠡᠬᠡ ᠬᠡᠪᠴᠢᠶᠡᠨ᠎ᠦ ᠠᠮᠤ ᠪᠤᠳᠠᠭᠠᠨ᠎ᠤ ᠦᠢᠯᠡᠳᠪᠦᠷᠢᠯᠡᠯ᠎ᠦᠨ ᠰᠠᠭᠤᠷᠢᠨ᠎ᠢ ᠪᠠᠶ᠋ᠢᠭᠤᠯᠬᠤ᠎ᠠᠴᠠ ᠭᠠᠳᠠᠨ᠎ᠠ ᠂ ᠥᠷᠭᠡᠨ ᠠᠭᠤᠳᠠᠮ ᠠᠭᠤᠯᠠᠷᠬᠠᠭ ᠣᠷᠣᠨ ᠨᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠵᠣᠬᠢᠬᠤ ᠬᠡᠪᠴᠢᠶ᠎ᠡ᠎ᠲᠠᠢ᠂ ᠤᠯᠠᠨ ᠲᠦᠷᠦᠯ᠎ᠢ ᠡᠵᠡᠩᠨᠡᠭᠰᠡᠨ ᠠᠮᠢ ᠠᠬᠤᠢ᠎ᠶᠢᠨ ᠲᠠᠷᠢᠶᠠᠯᠠᠩ᠎ᠢ ᠬᠥᠭᠵᠢᠭᠦᠯᠵᠦ᠂ ᠠᠮᠢ ᠠᠬᠤᠢ ᠶᠢᠨ ᠲᠠᠷᠢᠶᠠᠯᠠᠩ᠎ᠤᠨ ᠲᠣᠭᠣᠷᠢᠨ᠎ᠳᠤ ᠠᠮᠢ ᠠᠬᠤᠢ᠎ᠶᠢᠨ ᠬᠡᠯᠪᠡᠷᠢ᠎ᠶᠢᠨ ᠠᠵᠤ ᠦᠢᠯᠡᠳᠪᠦᠷᠢ᠂ ᠠᠮᠢ ᠠᠬᠤᠢ᠎ᠶᠢᠨ ᠬᠡᠯᠪᠡᠷᠢ᠎ᠶᠢᠨ ᠦᠢᠯᠡᠴᠢᠯᠡᠭᠡᠨ᠎ᠦ ᠦᠢᠯᠡᠰ᠎ᠢ ᠬᠥᠭᠵᠢᠭᠦᠯᠵᠦ᠂ ᠲᠠᠷᠢᠶᠠᠯᠠᠩ ᠬᠢᠭᠡᠳ ᠠᠮᠢ ᠠᠬᠤᠢ᠎ᠶᠢᠨ ᠬᠣᠣᠰ ᠴᠢᠭᠯᠡᠯᠲᠦ ᠠᠰᠢᠭ᠋ ᠣᠷᠣᠯᠭ᠎ᠠ᠎ᠶᠢ ᠪᠡᠶᠡᠯᠡᠭᠦᠯᠬᠦ ᠬᠡᠷᠡᠭᠲᠡᠢ᠃
ᠠᠮᠢ ᠠᠬᠤᠢ᠎ᠶᠢᠨ ᠠᠵᠤ ᠦᠢᠯᠡᠰ᠎ᠦᠨ ᠲᠣᠭᠠᠴᠢᠯᠠᠯᠲᠠ ᠵᠢ ᠪᠡᠶᠡᠯᠡᠭᠦᠯᠬᠦ ᠬᠡᠷᠡᠭᠲᠠᠢ᠃ ᠠᠮᠢ ᠠᠬᠤᠢ᠎ᠶᠢᠨ ᠬᠠᠷᠢᠴᠠᠭ᠎ᠠ ᠪᠣᠯ ᠪᠤᠳᠤᠯᠢᠶᠠᠨᠲᠠᠢ ᠰᠢᠰᠲᠧᠮ ᠮᠦᠨ᠃ ᠣᠳᠣᠬᠠᠨ᠎ᠳᠤ ᠲᠦᠷᠭᠡᠨ ᠬᠥᠭᠵᠢᠵᠦ ᠪᠠᠢᠭ᠎ᠠ ᠲᠣᠭᠠᠴᠢᠯᠠᠭᠰᠠᠨ ᠮᠡᠷᠭᠡᠵᠢᠯ ᠨᠢ ᠮᠠᠰᠢᠨ᠎ᠤ ᠪᠤᠳᠤᠬᠤ ᠴᠢᠳᠠᠪᠤᠷᠢ ᠪᠣᠯᠣᠨ ᠣᠶᠤᠨᠲᠤ ᠪᠤᠳᠤᠬᠤ ᠠᠷᠭ᠎ᠠ᠎ᠳᠤ ᠲᠦᠰᠢᠭᠯᠡᠨ᠂ ᠪᠤᠳᠤᠯᠢᠶᠠᠨᠲᠤ ᠲᠣᠭ᠎ᠠ ᠪᠠᠷᠢᠮᠲᠠ᠎ᠶᠢ ᠠᠦ᠋ᠲ᠋ᠣᠴᠢᠯᠠᠨ ᠴᠤᠭᠯᠠᠭᠤᠯᠬᠤ ᠪᠠ ᠤᠯᠠᠨ ᠱᠤᠭᠤᠮ᠎ᠢᠶᠠᠷ ᠰᠢᠢᠳᠪᠦᠷᠢᠯᠡᠵᠦ᠂ ᠪᠠᠢᠭᠠᠯᠢ ᠶᠢᠷᠲᠢᠨᠴᠦ ᠪᠣᠯᠣᠨ ᠬᠥᠮᠥᠨ ᠲᠥᠷᠥᠯᠬᠢᠲᠡᠨ᠎ᠦ ᠨᠡᠢᠭᠡᠮ᠎ᠦᠨ ᠢᠬᠡᠷ᠎ᠡ ᠵᠠᠭᠪᠤᠷ᠎ᠢ ᠪᠦᠷᠢᠯᠳᠦᠭᠦᠯᠵᠦ᠂ ᠪᠤᠰᠤᠳᠴᠢ ᠠᠬᠢᠴᠠ᠎ᠶᠢᠨ ᠬᠤᠪᠢᠷᠠᠯᠲᠠ᠎ᠶᠢᠨ ᠬᠠᠨᠳᠤᠰᠢ᠎ᠶᠢ ᠵᠠᠳᠠᠯᠤᠨ ᠲᠥᠰᠥᠭᠡᠯᠡᠵᠦ᠂ ᠠᠮᠢ ᠠᠬᠤᠢ᠎ᠶᠢᠨ ᠠᠵᠤ ᠦᠢᠯᠡᠰ᠎ᠦᠨ ᠲᠥᠯᠦᠪᠵᠢᠭᠦᠯᠭᠡ ᠪᠣᠯᠣᠨ ᠪᠣᠳᠠᠲᠠᠢ ᠡᠵᠡᠩᠨᠡᠯᠲᠡ᠎ᠳᠦ ᠬᠦᠴᠦᠨ ᠨᠡᠮᠡᠷᠢᠯᠡᠵᠦ ᠪᠤᠢ᠃ ᠡᠩ ᠲᠡᠷᠢᠭᠦᠨ᠎ᠳᠦ ᠠᠮᠢ ᠠᠬᠤᠢ᠎ᠶᠢᠨ ᠠᠩᠬᠠᠨ᠎ᠤ ᠲᠣᠭ᠎ᠠ ᠪᠠᠷᠢᠮᠲᠠ᠎ᠶᠢᠨ ᠴᠤᠭᠯᠠᠭᠤᠯᠭ᠎ᠠ ᠪᠠ ᠪᠦᠷᠢᠳᠬᠡᠯ ᠪᠤᠯᠤᠨ᠎ᠠ᠃ ᠡᠭᠦᠨ᠎ᠳᠦ ᠬᠥᠷᠥᠰᠥ ᠰᠢᠷᠣᠢ᠂ ᠠᠭᠠᠷ᠂ ᠤᠰᠤᠨ᠎ᠤ ᠰᠤᠷᠪᠤᠯᠵᠢ᠎ᠶᠢᠨ ᠬᠤᠪᠢᠷᠠᠯᠲᠠ᠎ᠶᠢᠨ ᠲᠣᠭ᠎ᠠ ᠪᠠᠷᠢᠮᠲᠠ᠂ ᠤᠷᠭᠤᠮᠠᠯ᠎ᠤᠨ ᠥᠰᠦᠯᠲᠡ᠂ ᠠᠮᠢᠲᠠᠨ᠎ᠤ ᠬᠦᠳᠡᠯᠭᠡᠭᠡᠨ ᠵᠢᠴᠢ ᠬᠥᠮᠥᠨ ᠲᠥᠷᠥᠯᠬᠢᠲᠡᠨ᠎ᠦ ᠦᠶ᠋ᠯᠡ ᠠᠵᠢᠯᠯᠠᠭ᠎ᠠ᠎ᠶᠢᠨ ᠲᠣᠭ᠎ᠠ ᠪᠠᠷᠢᠮᠲᠠ᠂ ᠲᠠᠷᠢᠶᠠᠯᠠᠩ ᠦᠢᠯᠡᠳᠪᠦᠷᠢᠯᠡᠯ᠂ ᠲᠠᠷᠢᠶᠠᠴᠢᠳ᠎ᠤᠨ ᠠᠮᠢᠳᠤᠷᠠᠯ ᠪᠠ ᠬᠥᠳᠡᠭᠡ ᠲᠣᠰᠬᠣᠨ᠎ᠤ ᠠᠮᠢ ᠠᠬᠤᠢ᠎ᠶᠢᠨ ᠲᠣᠭ᠎ᠠ ᠪᠠᠷᠢᠮᠲᠠ ᠵᠡᠷᠭᠡ ᠪᠠᠭᠲᠠᠨ᠎ᠠ᠃ ᠳᠠᠷᠠᠭᠠᠯᠠᠪᠠᠯ ᠠᠮᠢ ᠠᠬᠤᠢ᠎ᠶᠢᠨ ᠲᠣᠮᠣ᠌ ᠳ᠋ᠠᠢᠲ᠋ᠠ᠎ᠶᠢᠨ ᠵᠠᠳᠠᠯᠤᠯᠲᠠ ᠪᠠ ᠵᠠᠭᠪᠤᠷᠴᠢᠯᠠᠯ ᠪᠤᠯᠤᠨ᠎ᠠ᠃ ᠲᠠᠷᠬᠠᠮᠠᠯ ᠮᠠᠶᠢᠭ᠋᠎ᠤᠨ ᠺᠣᠮᠫᠢᠦ᠋ᠲᠧᠷ ᠦᠨ ᠰᠢᠰᠲᠧᠮ ᠵᠢᠴᠢ ᠲᠠᠰᠤᠷᠠᠯᠲᠠ ᠦᠭᠡᠢ ᠣᠷᠣᠯᠠᠵᠤ ᠪᠠᠢᠭ᠎ᠠ ᠵᠣᠬᠢᠶᠠᠮᠠᠯ ᠣᠶᠤᠨ ᠴᠢᠳᠠᠪᠦᠷᠢ ᠵᠢᠨ ᠪᠤᠳᠤᠬᠤ ᠠᠷᠭ᠎ᠠ᠎ᠪᠠᠷ ᠠᠦ᠋ᠲ᠋ᠣᠴᠢᠯᠠᠨ ᠰᠢᠭ᠌ᠰᠢᠨ ᠰᠣᠩᠭᠣᠵᠤ᠂ ᠲᠥᠷᠥᠯ ᠬᠤᠪᠢᠶᠠᠨ ᠰᠢᠢᠳᠪᠦᠷᠢᠯᠡᠵᠦ᠂ ᠣᠨᠴᠠᠭᠠᠶ ᠠᠮᠢ ᠠᠬᠤᠢ᠎ᠶᠢᠨ ᠣᠷᠣᠨ ᠵᠠᠢ᠎ᠳᠠᠬᠢ ᠬᠥᠮᠥᠨ ᠬᠢᠭᠡᠳ ᠪᠠᠢᠭᠠᠯᠢ᠎ᠶᠢᠨ ᠰᠢᠨ᠎ᠡ ᠬᠠᠭᠤᠴᠢᠨ ᠤ ᠰᠣᠯᠢᠯᠴᠠᠭᠠᠨ᠎ᠤ ᠬᠠᠷᠢᠴᠠᠭᠠᠨ᠎ᠤ ᠬᠥᠳᠡᠯᠦᠩᠭᠦᠢ ᠵᠠᠭᠪᠤᠷ᠎ᠢ ᠪᠠᠢᠭᠤᠯᠵᠤ ᠂ ᠦᠢᠯᠡᠳᠪᠦᠷᠢᠯᠡᠯ ᠠᠮᠢᠳᠤᠷᠠᠯ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠴᠢ ᠨᠠᠰᠤᠨ᠎ᠤ ᠠᠵᠢᠯᠯᠠᠭ᠎ᠠ᠎ᠶᠢᠨ ᠬᠣᠭᠣᠷᠣᠨᠳᠣᠬᠢ ᠠᠮᠢ ᠠᠬᠤᠢ᠎ᠶᠢᠨ ᠵᠢᠮ᠎ᠡ ᠶᠣᠰᠣ᠌ ᠵᠢ ᠬᠠᠢᠨ ᠭᠠᠷᠭᠠᠨ᠎ᠠ᠃ ᠭᠤᠷᠪᠠ᠎ᠳᠦ᠂ ᠠᠮᠢ ᠠᠬᠤᠢ ᠶᠢᠨ ᠠᠵᠤ ᠦᠢᠯᠡᠰ᠎ᠦᠨ ᠲᠣᠭᠠᠴᠢᠯᠠᠭᠰᠠᠨ ᠲᠥᠰᠥᠭᠡᠯᠡᠯ ᠬᠢᠭᠡᠳ ᠲᠥᠯᠦᠪᠵᠢᠭᠦᠯᠭᠡ ᠪᠤᠯᠤᠨ᠎ᠠ᠃ ᠲᠣᠭᠠᠴᠢᠯᠠᠭᠰᠠᠨ ᠠᠮᠢ ᠠᠬᠤᠢ᠎ᠶᠢᠨ ᠵᠠᠭᠪᠤᠷ᠎ᠤᠨ ᠬᠥᠳᠡᠯᠦᠩᠭᠦᠢ ᠬᠡᠮᠵᠢᠶᠡᠨ᠎ᠦ ᠬᠡᠮᠵᠢᠭᠦᠷ ᠬᠢᠭᠡᠳ ᠬᠠᠷᠢᠭᠤ ᠲᠤᠰᠬᠠᠯ᠎ᠤᠨ ᠲᠣᠭᠲᠠᠴᠠ᠎ᠶᠢ ᠦᠨᠳᠦᠰᠦᠯᠡᠨ᠂ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠠᠵᠤ ᠦᠢᠯᠡᠰ᠎ᠢ ᠠᠭᠤᠰᠤᠯᠴᠠᠭᠤᠯᠤᠨ ᠬᠥᠭᠵᠢᠭᠦᠯᠬᠦ ᠲᠥᠰᠥᠯ᠎ᠢ ᠲᠣᠭᠲᠠᠭᠠᠨ ᠰᠢᠯᠢᠳᠡᠭᠵᠢᠭᠦᠯᠤᠨ᠎ᠡ᠂ ᠡᠭᠦᠨ᠎ᠳᠦ ᠠᠮᠢ ᠠᠬᠤᠢ᠎ᠵᠢ ᠰᠡᠷᠭᠦᠭᠡᠨ ᠬᠠᠮᠠᠭᠠᠯᠠᠬᠤ ᠲᠣᠬᠢᠶᠠᠯᠵᠠᠪᠰᠢᠶᠠᠨᠦ ᠥᠪᠡᠷ᠎ᠦᠨ ᠥᠷᠲᠡᠭ ᠢ ᠴᠢᠬᠤᠯᠠ ᠭᠦᠢᠴᠡᠳᠬᠡᠯ ᠲᠣᠭ᠎ᠠ ᠪᠤᠯᠭᠠᠨ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢᠨ ᠰᠢᠰᠲᠧᠮ᠎ᠳᠦ ᠣᠷᠣᠭᠤᠯᠵᠤ᠂ ᠬᠡᠷᠡᠭᠯᠡᠭᠡ ᠵᠢᠨ ᠠᠷᠭ᠎ᠠ ᠮᠠᠶᠢᠭ᠋ ᠬᠢᠭᠡᠳ ᠣᠢᠯᠠᠭᠠᠭᠳᠠᠬᠤᠨ᠎ᠤ ᠠᠮᠢ ᠠᠬᠤᠢᠲᠡᠢᠱᠢ ᠬᠡᠯᠪᠡᠷᠢ᠎ᠪᠡᠨ ᠬᠤᠪᠢᠷᠠᠭᠤᠯᠬᠤ᠎ᠶᠢ ᠬᠥᠲᠥᠯᠥᠨ ᠵᠢᠯᠤᠭᠣᠳᠴᠤ᠂ ᠠᠮᠢ ᠠᠬᠤᠢ᠎ᠶᠢᠨ ᠥᠷᠲᠡᠭ᠎ᠢ ᠦᠷᠭᠦᠯᠵᠢᠯᠡᠨ ᠡᠭᠦᠳᠦᠨ ᠪᠦᠲᠦᠭᠡᠵᠦ ᠠᠮᠢ ᠠᠬᠤᠢ᠎ᠶᠢᠨ ᠣᠶᠤᠨᠳᠦ ᠲᠠᠷᠢᠶᠠᠯᠠᠩ ᠪᠠ ᠠᠮᠢ ᠠᠬᠤᠢ᠎ᠶᠢᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢ ᠲᠤᠰᠠᠯᠠᠬᠤ ᠬᠡᠷᠡᠭᠲᠠᠢ᠃
(ᠵᠣᠬᠢᠶᠠᠭ᠍ᠴᠢ ᠵᠢᠨ ᠬᠠᠶᠢᠭ᠄ ᠯᠠᠨᠵᠧᠦ᠎ᠶᠢᠨ ᠪᠠᠢᠭᠠᠯᠢ ᠲᠧᠭᠨᠢᠭ᠎ᠦᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ )