ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠠ ᠬᠤᠷᠠᠯ ᠲᠡᠭᠡᠷ᠎ᠠ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠬᠥᠭᠵᠢᠯᠲᠡ᠎ᠶᠢᠨ ᠰᠢᠨ᠎ᠡ ᠬᠠᠷᠠᠯᠲᠠ ᠪᠡᠷ ᠴᠢᠭᠯᠡᠯ ᠵᠢᠡᠨ ᠪᠣᠯᠭᠠᠬᠣ》 ᠪᠠᠷ ᠭᠣᠣᠯ ᠰᠢᠵᠢᠮ ᠪᠣᠯᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠮᠵᠢᠯᠲᠠ ᠪᠦᠲᠦᠮᠵᠢ᠎ᠶᠢ ᠳ᠋ᠦᠩᠨᠡᠵᠦ ᠂ 2026 — 2030 ᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭᠵᠢᠯᠲᠡ᠎ᠶᠢᠨ ᠵᠢᠷᠤᠭ ᠲᠥᠰᠤᠪ ᠢ ᠰᠢᠰᠲᠧᠮ᠎ᠲᠠᠢ ᠲᠥᠯᠥᠪᠵᠢᠭᠦᠯᠵᠦ᠂ ᠴᠢᠨᠠᠷ ᠰᠠᠢᠲᠠᠢ ᠬᠥᠭᠵᠢᠬᠦ ᠪᠡᠷ ᠲᠡᠷᠢᠭᠦᠨ ᠴᠢᠬᠤᠯᠠ ᠡᠭᠦᠷᠭᠡ ᠪᠣᠯᠭᠠᠬᠣ ᠵᠢ ᠴᠢᠬᠣᠯᠠᠴᠢᠯᠠᠵᠦ᠂ ᠡᠷᠬᠡᠪᠰᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠵᠢ ᠬᠠᠮᠤᠭ ᠤᠨ ᠶᠡᠬᠡ ᠤᠯᠤᠰ ᠲᠥᠷᠥ ᠪᠣᠯᠭᠠᠬᠤ ᠬᠡᠷᠡᠭᠳᠡᠢ ᠬᠡᠵᠦ ᠴᠢᠬᠣᠯᠠᠴᠢᠯᠠᠪᠠ᠃ᠡᠨᠡ ᠨᠢ ᠥᠪᠥᠷ ᠮᠣᠩᠭᠣᠯ᠎ᠤᠨ ᠬᠥᠭᠵᠢᠯᠲᠡ᠎ᠳᠦ ᠲᠣᠳᠣᠷᠬᠠᠢ ᠴᠢᠭᠯᠡᠯ ᠵᠢᠭᠠᠵᠤ ᠥᠭᠴᠡᠢ᠃
ᠥᠪᠥᠷ ᠮᠣᠩᠭᠣᠯ ᠤᠯᠤᠰ ᠤᠨ ᠬᠥᠭᠵᠢᠯᠲᠡ᠎ᠳᠤ ᠴᠢᠬᠤᠯᠠ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ᠎ᠲᠠᠢ ᠶᠤᠮ᠃ ᠥᠪᠥᠷ ᠮᠣᠩᠭᠣᠯ ᠪᠤᠯ ᠮᠠᠨ᠎ᠦ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ᠎ᠦ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠪᠣᠯᠣᠨ᠎ᠠ᠃ ᠦᠪᠣᠷ ᠮᠣᠩᠭᠣᠯ ᠤᠯᠤᠰ᠎ᠤᠨ ᠤᠮᠠᠷᠠᠲᠤ ᠬᠢᠵᠠᠭᠠᠷᠲᠤ ᠪᠠᠢᠷᠢᠯᠠᠵᠤ᠂ ᠡᠬᠡ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ᠎ᠳᠤ ᠲᠤᠢᠯ᠎ᠤᠨ ᠴᠢᠬᠤᠯᠠ ᠦᠢᠯᠡᠳᠦᠯ ᠲᠠᠢ ᠪᠠᠢᠳᠠᠭ᠃ ᠡᠢᠮᠦ᠎ᠡᠴᠡ ᠮᠠᠨ ᠤ ᠣᠷᠣᠨ ᠪᠥᠬᠥ ᠤᠯᠤᠰ᠎ᠤᠨ ᠬᠥᠭᠵᠢᠯᠲᠡ᠎ᠳᠡᠬᠢ ᠴᠢᠬᠤᠯᠠ ᠦᠢᠯᠡᠳᠦᠯ᠎ᠢᠶᠡᠨ ᠪᠠᠳᠠᠷᠠᠭᠤᠯᠵᠤ᠂ ᠭᠠᠵᠠᠷ ᠤᠷᠤᠨ ᠤ ᠬᠥᠭᠵᠢᠯᠲᠡ᠎ᠶᠢᠨ ᠣᠨᠴᠠᠯᠢᠭ᠋ ᠪᠦᠬᠦᠢ ᠳᠠᠪᠠᠭᠤᠯᠢᠭ᠋᠎ᠢᠶᠠᠷ ᠮᠠᠨ᠎ᠤ ᠤᠯᠤᠰ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠎ᠶᠢ ᠪᠠᠲᠤᠯᠠᠬᠤ ᠬᠡᠷᠡᠭᠲᠡᠢ᠃
ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠬᠡᠷᠡᠭᠲᠡᠢ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠡᠬᠢ ᠮᠠᠨ᠎ᠤ ᠤᠯᠤᠰ᠎ᠤᠨ ᠬᠥᠭᠵᠢᠯᠲᠡ᠎ᠶᠢᠨ ᠣᠯᠣᠭᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶᠢ ᠭᠦᠢᠴᠡᠳ ᠲᠠᠨᠢᠵᠤ᠂ 《ᠬᠣᠶᠠᠷ ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠨ᠂ 《ᠳᠥᠷᠪᠡᠨ ᠢᠲᠡᠭᠡᠯ》 ᠵᠢᠡᠨ ᠪᠠᠲᠤᠳᠬᠠᠵᠤ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠣᠨᠣᠪᠴᠢᠲᠠᠢ ᠡᠵᠡᠮᠳᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠂ 《 ᠨᠢᠭᠡ ᠪᠡᠬᠢᠯᠡᠯᠲᠡ》 ᠵᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠥᠪᠥᠷ ᠮᠣᠩᠭᠣᠯᠲᠥᠪᠦᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠲᠠᠯ᠎ᠠ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ 《ᠰᠠᠨᠠᠭᠤᠯᠭ᠎ᠠ》 ᠳ᠋ᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠂ ᠰᠠᠢᠨ ᠰᠠᠢᠬᠠᠨ ᠤᠯᠤᠰ ᠲᠥᠷᠥ᠎ᠶᠢᠨ ᠠᠮᠢ ᠠᠬᠤᠢ᠎ᠶᠢ ᠪᠣᠶ ᠪᠣᠯᠭᠠᠬᠤ᠎ᠪᠠᠷ ᠭᠣᠣᠯᠳᠠᠭᠤᠯᠵᠤ᠂ ᠦᠷᠭᠦᠯᠵᠢᠯᠡᠨ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ᠎ᠪᠠᠨ ᠨᠢᠭᠡᠳᠬᠡᠵᠦ᠂ ᠵᠣᠷᠢᠭ᠋ ᠰᠠᠨᠠᠭ᠎ᠠ᠎ᠪᠠᠨ ᠨᠢᠭᠡᠳᠬᠡᠵᠦ᠂ ᠦᠶ᠋ᠯᠡ ᠠᠵᠢᠯᠯᠠᠭ᠎ᠠ᠎ᠪᠠᠨ ᠨᠢᠭᠡᠳᠬᠡᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ ᠲᠤᠬᠠᠢ ᠪᠥᠬᠥ ᠲᠠᠯ᠎ᠠ᠎ᠶᠢᠨ ᠪᠠᠢᠷᠢᠯᠠᠭᠤᠯᠤᠯᠲᠠ ᠬᠢᠪᠡ᠃ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ ᠪᠠᠷ ᠢᠮᠠᠭᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠦᠬᠦ ᠬᠡᠯᠬᠢᠶ᠎ᠡ ᠵᠢᠨ᠂ ᠪᠢᠲᠡᠭᠦᠦ ᠴᠠᠭᠠᠷᠢᠬ᠎ᠳᠦ ᠮᠠᠶᠢᠭ᠋᠎ᠤᠨ ᠠᠵᠢᠯ᠎ᠤᠨ ᠲᠣᠭᠲᠠᠴᠠ ᠵᠢ ᠪᠦᠷᠢᠨᠰᠢᠭᠦᠯᠬᠦ ᠬᠡᠷᠡᠭᠳᠡᠢ᠃ ᠥᠪᠥᠷ ᠮᠣᠩᠭᠣᠯ ᠪᠣᠯ ᠨᠠᠮ᠎ᠤᠨ ᠵᠣᠬᠢᠶᠠᠨ ᠪᠠᠢᠭᠤᠯᠤᠯᠲᠠ ᠶᠢ ᠬᠠᠮᠤᠭ ᠤᠨ ᠡᠷᠲᠡ ᠪᠠᠢᠭᠤᠯᠤᠭᠰᠠᠨ ᠦᠨᠳᠦᠰᠦᠲᠡᠨ᠎ᠦ ᠣᠷᠣᠨ ᠪᠣᠯᠣᠨ᠎ᠠ᠃ ᠣᠷᠳᠣ᠌ ᠬᠤᠭᠤᠴᠠᠭᠠᠨ ᠤ ᠲᠤᠷᠰᠢ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠢᠮᠠᠭᠲᠠ ᠨᠠᠮ᠎ᠳᠠᠭᠠᠨ ᠵᠢᠳᠬᠦᠵᠦ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠵᠤ᠂ ᠶᠡᠬᠡ ᠶᠣᠰᠣ᠌ ᠶᠢ ᠮᠡᠳᠡᠬᠦ᠂ ᠶᠡᠬᠡ ᠲᠠᠯ᠎ᠠ᠎ᠶᠢ ᠪᠣᠳᠣᠯᠬᠢᠯᠠᠬᠤ᠂ ᠬᠡᠪ ᠰᠤᠷᠲᠠᠯ᠎ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ᠎ᠪᠡᠷ ᠴᠢᠷᠮᠠᠢᠵᠦ᠂ ᠬᠠᠷᠢᠭᠤᠴᠠᠯᠭ᠎ᠠ ᠡᠭᠦᠷᠭᠡᠯᠡᠬᠦ ᠭᠦᠨ ᠭᠦᠨᠵᠡᠭᠡᠢ ᠬᠠᠮᠲᠤ᠎ᠶᠢᠨ ᠲᠠᠨᠢᠯᠲᠠ ᠪᠠ ᠡᠷᠬᠢᠮ ᠨᠠᠨᠳᠢᠨ ᠵᠠᠩ ᠴᠢᠨᠠᠷ᠎ᠢ ᠪᠦᠷᠢᠯᠳᠦᠭᠦᠯᠵᠠᠢ᠃ ᠡᠨᠡ ᠰᠢᠯᠢᠳᠡᠭ ᠤᠯᠠᠮᠵᠢᠯᠠᠯ ᠵᠢᠡᠨ ᠪᠠᠳᠠᠷᠠᠭᠤᠯᠬᠤ ᠬᠡᠷᠡᠭᠲᠡᠢ᠃
ᠠᠮᠢ ᠠᠬᠤᠢ ᠣᠷᠴᠢᠨ ᠲᠣᠭᠣᠷᠢᠨ ᠢ ᠰᠠᠢᠲᠤᠷ ᠬᠠᠮᠠᠭᠠᠯᠠᠵᠤ᠂ ᠵᠠᠩᠭᠢᠯᠠᠭ᠎ᠠ᠎ᠶᠢᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠬᠦ ᠬᠡᠷᠡᠭᠲᠡᠢ᠃ ᠦᠪᠦᠷ ᠮᠤᠡᠭᠭᠤᠯ᠎ᠳᠤ ᠨᠤᠲᠤᠭ ᠪᠡᠯᠴᠢᠭᠡᠷ᠂ ᠣᠶ ᠰᠢᠭᠤᠢ᠂ ᠨᠤᠭᠤ ᠭᠠᠵᠠᠷ᠂ ᠡᠯᠡᠰᠦ ᠮᠠᠩᠬ᠎ᠠ ᠵᠡᠷᠭᠡ ᠣᠯᠠᠨ ᠲᠥᠷᠥᠯ᠎ᠦᠨ ᠠᠮᠢ ᠠᠬᠤᠢ᠎ᠶᠢᠨ ᠰᠢᠰᠲᠧᠮ᠎ᠲᠠᠢ ᠶᠤᠮ᠃ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠂ ᠴᠢᠬᠤᠯᠠ ᠤᠰᠤᠨ ᠰᠤᠷᠪᠤᠯᠵᠢ᠎ᠶᠢ ᠬᠠᠳᠠᠭᠠᠯᠠᠬᠤ ᠣᠷᠣᠨ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠬᠤᠯᠠ ᠬᠤᠪᠢ ᠨᠡᠮᠡᠷᠢ ᠦᠵᠡᠭᠦᠯᠬᠦ ᠣᠷᠣᠨ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠡᠷᠳᠡᠨᠢ᠎ᠶᠢᠨ ᠬᠥᠮᠥᠷᠭᠡ ᠪᠣᠯᠣᠨ᠎ᠠ᠃ ᠥᠪᠥᠷ ᠮᠣᠩᠭᠣᠯ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢ ᠨᠢᠭᠡᠨᠲᠡ ᠤᠯᠤᠰ᠎ᠤᠨ ᠪᠠᠢᠯᠳᠤᠬᠤ ᠪᠣᠳᠣᠯᠭ᠎ᠠ᠎ᠳᠤ ᠣᠷᠣᠭᠤᠯᠵᠤ᠂ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠢ ᠰᠠᠢᠲᠤᠷ ᠬᠠᠮᠠᠭᠠᠯᠠᠬᠤ ᠨᠢ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠢ ᠬᠠᠮᠠᠭᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ᠂ ᠣᠷᠣᠨ ᠪᠦᠰᠡ᠎ᠶᠢᠨ ᠦᠷᠭᠦᠯᠵᠢᠯᠡᠬᠦ ᠬᠥᠭᠵᠢᠯᠲᠡ᠎ᠶᠢ ᠪᠠᠲᠤᠯᠠᠬᠤ᠎ᠳᠤ ᠪᠦᠬᠦ ᠲᠠᠯ᠎ᠠ᠎ᠶᠢᠨ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠴᠢ ᠬᠣᠯᠪᠣᠭᠳᠠᠯ᠎ᠲᠠᠢ ᠶᠤᠮ᠃ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ 《ᠨᠤᠮᠢᠨ ᠤᠰᠤ ᠬᠦᠬᠡᠮᠳᠦᠭ ᠠᠭᠤᠯᠠ ᠪᠤᠯ ᠠᠯᠲᠠᠨ ᠠᠭᠤᠯᠠ ᠮᠦᠡᠭᠭᠦᠨ ᠬᠠᠢᠷᠠᠬᠠᠨ ᠮᠦᠨ》 ᠬᠡᠬᠦ ᠤᠢᠯᠠᠭᠠᠭᠳᠠᠬᠤᠨ ᠵᠢᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ 《 ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠰᠠᠢᠲᠤᠷ ᠬᠢᠬᠦ ᠬᠡᠷᠡᠭᠲᠡᠢ᠃ 《ᠳ᠋ᠧᠩᠺᠧᠦ᠎ᠶᠢᠨ ᠵᠠᠭᠪᠤᠷ》 ᠂ 《ᠬᠥᠪᠴᠢ᠎ᠶᠢᠨ ᠵᠠᠭᠪᠤᠷ》 ᠢ᠋ ᠰᠠᠢᠲᠤᠷ ᠠᠰᠢᠭ᠍ᠯᠠᠠ ᠭᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠵᠤ᠂ ᠵᠢᠮᠢᠰ᠎ᠦᠨ ᠮᠣᠳᠣ᠂ ᠲᠣᠷᠤᠭ ᠮᠣᠳᠣ᠌᠂ ᠪᠣᠳᠠ ᠮᠣᠳᠣ᠂ ᠡᠪᠡᠰᠦᠲᠠᠷᠢᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ ᠶᠢᠨ ᠢᠳᠡᠭᠳᠡᠯ᠎ᠦᠨ ᠠᠰᠠᠭᠤᠳᠠᠯ᠎ᠢ ᠰᠢᠢᠳᠪᠦᠷᠢᠯᠡᠬᠦ ᠬᠡᠷᠡᠭᠲᠠᠢ᠃ ᠰᠢᠨᠵᠢᠯᠡᠬᠦ ᠤᠬᠠᠭᠠᠨᠴᠢ᠎ᠪᠠᠷ ᠡᠯᠡᠰᠦ᠎ᠶᠢ ᠵᠠᠰᠠᠬᠤ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠰᠠᠢᠲᠤᠷ ᠠᠰᠢᠭ᠍ᠯᠠᠬᠤ ᠬᠡᠷᠡᠭᠲᠡᠢ᠃ ᠥᠪᠥᠷ ᠮᠣᠩᠭᠣᠯ ᠪᠣᠬᠢᠷᠲᠤᠯ ᠦᠭᠡᠢ ᠭᠠᠵᠠᠷ᠎ᠦᠨ ᠲᠠᠯᠠᠪᠠᠢ ᠵᠢ ᠦᠷᠭᠦᠯᠵᠢᠯᠡᠨ ᠥᠷᠭᠡᠳᠭᠡᠭᠰᠡᠨ ᠨᠢ ᠠᠮᠢ ᠠᠬᠣᠢ ᠵᠢ ᠬᠠᠮᠠᠭᠠᠯᠠᠬᠣ ᠪᠡ ᠠᠵᠦ ᠠᠬᠣᠢ ᠵᠢᠨ ᠬᠦᠭᠵᠢᠯᠳᠡ ᠵᠢ ᠪᠡᠶᠡᠯᠡᠭᠦᠯᠬᠦ᠎ᠪᠡᠷ ᠪᠠᠷᠠᠬᠤ ᠦᠭᠡᠢ᠂ ᠨᠡᠩ ᠴᠤ᠌ ᠤᠯᠤᠰ ᠤᠨ ᠠᠮᠢ ᠠᠬᠤᠢ᠎ᠶᠢᠨ ᠠᠮᠤᠷ ᠲᠦᠪᠰᠢᠨ᠎ᠦ ᠲᠣᠭᠳᠠᠴᠠ ᠵᠢ ᠲᠡᠭᠦᠯᠳᠡᠷᠵᠢᠭᠦᠯᠬᠦ᠂ ᠬᠣᠣᠰ ᠨᠡᠭᠦᠷᠡᠰᠦᠲᠥ᠋ᠷᠥᠭᠴᠢ ᠶᠢᠨ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠭᠦᠨᠵᠡᠭᠡᠢᠷᠡᠭᠦᠯᠬᠦ ᠵᠢᠴᠢ ᠳᠤᠮᠳᠠᠳᠤ᠎ᠶᠢᠨ ᠦᠨᠳᠦᠰᠦᠲᠡᠨ ᠦ ᠦᠷᠭᠦᠯᠵᠢᠯᠡᠬᠦ ᠬᠥᠭᠵᠢᠯᠲᠡ᠎ᠳᠦ ᠪᠣᠬᠢᠷᠲᠤᠯ ᠦᠭᠡᠢ ᠬᠥᠳᠡᠯᠭᠡᠬᠦ ᠡᠨᠧᠷᠭᠢ ᠪᠤᠯᠤᠨ ᠪᠠᠳᠣ ᠪᠡᠬᠢ ᠪᠠᠳᠣᠯᠠᠭ᠎ᠠ ᠬᠠᠩᠭᠠᠬᠣ ᠪᠣᠯᠣᠨ᠎ᠠ᠃
ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠣᠨᠴᠠᠯᠢᠭ᠍ᠲᠤ ᠠᠵᠤ ᠠᠬᠤᠢ᠎ᠶᠢ ᠬᠥᠭᠵᠢᠭᠦᠯᠵᠦ᠂ ᠪᠦᠬᠦ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠳᠦ ᠠᠮᠢᠵᠢᠷᠠᠯ᠎ᠤᠨ ᠬᠦᠴᠦᠨ ᠨᠡᠮᠡᠷᠢᠯᠡᠬᠦ ᠬᠡᠷᠡᠭᠳᠡᠢ᠃ ᠶᠡᠷᠦᠩᠬᠡᠢ ᠱᠦᠵᠢ ᠰᠢ ᠵᠢᠨ ᠫᠢᠩ ᠢᠮᠠᠭᠲᠠ ᠬᠡᠯᠪᠡᠷᠢ᠎ᠪᠡᠨ ᠬᠤᠪᠢᠷᠠᠭᠤᠯᠤᠨ ᠬᠥᠭᠵᠢᠭᠦᠯᠬᠦ ᠬᠠᠷᠠᠴᠠ ᠪᠠᠷ ᠥᠪᠥᠷ ᠮᠣᠩᠭᠣᠯ᠎ᠤᠨ ᠠᠵᠤ ᠠᠬᠤᠢ᠎ᠶᠢᠨ ᠬᠥᠭᠵᠢᠯᠲᠡ᠎ᠶᠢ ᠲᠥᠯᠥᠪᠵᠢᠭᠦᠯᠵᠦ᠂ ᠥᠪᠥᠷ ᠮᠣᠩᠭᠣᠯ 《ᠲᠤᠰ ᠭᠠᠵᠠᠷ᠎ᠤᠨ ᠡᠬᠢ ᠪᠠᠶᠠᠯᠢᠭ᠋᠎ᠤᠨ ᠣᠨᠴᠠᠯᠢᠭ᠋᠎ᠲᠠᠭᠠᠨ ᠰᠠᠭᠤᠷᠢᠯᠠᠬᠤ》 ᠬᠡᠷᠡᠭᠳᠡᠢ᠃ 《 ᠬᠣᠨᠢ᠂ ᠨᠡᠭᠦᠷᠡᠰᠦ᠂ ᠰᠢᠷᠣᠢ᠂ ᠰᠢᠲᠠᠮᠠᠬᠠᠢ ᠬᠡᠢ》 ᠶ᠋ᠢ ᠯᠡ ᠠᠩᠬᠠᠷᠣᠭᠠᠳ ᠪᠣᠯᠬᠤ ᠦᠭᠡᠢ᠂ ᠪᠣᠳᠠᠳᠠᠢ ᠪᠠᠢᠳᠠᠯ᠎ᠳᠠᠭᠠᠨ ᠲᠣᠬᠢᠷᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠰᠠᠢᠲᠤᠷ ᠵᠠᠮᠨᠠᠬᠤ ᠬᠡᠷᠡᠭᠲᠡᠢ ᠭᠡᠵᠦ ᠲᠣᠳᠣᠷᠬᠠᠢᠯᠠᠪᠠ᠃ ᠨᠢᠭᠡ ᠲᠠᠯ᠎ᠠ᠎ᠪᠠᠷ᠂ ᠣᠨᠴᠠᠯᠢᠭ᠍ᠲᠤ ᠠᠵᠤ ᠠᠬᠤᠢ᠎ᠶᠢ ᠰᠠᠢᠲᠤᠷ ᠬᠥᠭᠵᠢᠭᠦᠯᠵᠦ᠂ ᠮᠠᠯ ᠠᠵᠤ ᠠᠬᠤᠢ᠂ ᠴᠠᠭᠠᠨ ᠢᠳᠡᠭᠡᠨ᠎ᠦ ᠦᠢᠯᠡᠰ ᠵᠡᠷᠭᠡ ᠤᠯᠠᠮᠵᠢᠯᠠᠯᠲᠤ ᠠᠵᠤ ᠦᠢᠯᠡᠰ᠎ᠦᠨ ᠬᠥᠭᠵᠢᠯᠲᠡ ᠶᠢ ᠰᠠᠢᠲᠤᠷ ᠲᠣᠭᠲᠠᠪᠤᠷᠢᠵᠢᠭᠤᠯᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠢ ᠨᠠᠷᠢᠯᠢᠭ᠋ ᠡᠳ᠋ᠰᠢᠭᠦᠯᠬᠦ ᠪᠠ ᠪᠣᠬᠢᠷᠲᠤᠯ ᠦᠭᠡᠢ ᠣᠷᠭᠠᠨᠢᠭ᠋ ᠲᠥᠷᠥᠯ ᠲᠡᠮᠳᠡᠭ᠎ᠢ ᠴᠣᠭᠴᠠᠯᠠᠬᠤ᠎ᠶᠢ ᠰᠠᠢᠲᠤᠷ ᠠᠳᠬᠤᠬᠤ ᠬᠡᠷᠡᠭᠲᠡᠢ᠃ ᠨᠥᠭᠥᠭᠡ ᠲᠠᠯ᠎ᠠ᠎ᠪᠠᠷ᠂ ᠪᠣᠬᠢᠷᠲᠤᠯ ᠦᠭᠡᠢ ᠠᠵᠤ ᠠᠬᠤᠢ᠎ᠶᠢ ᠬᠥᠭᠵᠢᠭᠦᠯᠵᠦ᠂ ᠲᠣᠰ ᠪᠡᠶ᠎ᠡ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠨ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠎ᠪᠠᠷ ᠤᠷᠢᠲᠠᠯ ᠪᠣᠯᠭᠠᠵᠤ᠂ ᠠᠵᠤ ᠦᠢᠯᠡᠰ᠎ᠦᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠠᠭᠤᠰᠤᠯᠴᠠᠬᠤ᠎ᠶᠢ ᠠᠬᠢᠭᠤᠯᠬᠤ ᠬᠡᠷᠡᠭᠲᠠᠢ᠃ ᠤᠢᠲᠤᠳᠤᠷᠠᠬᠢ ᠠᠵᠤ ᠠᠬᠤᠢ᠂ ᠡᠪᠡᠰᠦᠨ᠎ᠦ ᠠᠵᠤ ᠦᠢᠯᠡᠰ ᠪᠣᠯᠣᠨ ᠡᠯᠡᠰᠦᠨ᠎ᠦ ᠠᠵᠤ ᠦᠢᠯᠡᠰ᠎ᠢ ᠬᠥᠭᠵᠢᠭᠦᠯᠵᠦ᠂ ᠠᠮᠢ ᠠᠬᠤᠢ᠎ᠶᠢᠨ ᠪᠦᠲᠦᠭᠡᠭᠳᠡᠬᠦᠨ᠎ᠦ ᠥᠷᠲᠡᠭ᠎ᠢ ᠪᠡᠶᠡᠯᠡᠭᠦᠯᠬᠦ ᠲᠣᠭᠲᠠᠴᠠ᠎ᠶᠢ ᠰᠦᠪᠡᠭᠴᠢᠯᠡᠬᠦ ᠬᠡᠷᠡᠭᠳᠡᠢ᠃
ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠢ ᠪᠠᠢᠭᠤᠯᠬᠤ ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠣ ᠬᠡᠷᠡᠭᠳᠡᠢ᠃ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ᠂ ᠨᠤᠲᠤᠭ᠎ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠪᠠᠢᠬᠣ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢᠨ ᠶᠡᠷᠦᠩᠬᠡᠢ ᠴᠢᠭᠯᠡᠯᠲᠡ᠂ ᠶᠡᠷᠦᠩᠬᠡᠢ ᠱᠠᠭᠠᠷᠳᠠᠯᠭ᠎ᠠ ᠮᠥᠨ᠃ ᠮᠠᠨ᠎ᠦ ᠣᠷᠣᠨᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠠᠢᠭᠤᠯᠤᠯᠲᠠ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤᠮᠳᠠ ᠢᠯᠡᠳᠲᠡ ᠦᠷ᠎ᠡ ᠪᠦᠲᠦᠭᠡᠮᠵᠢ ᠣᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠵᠦ ᠪᠠᠢᠭ᠎ᠠ᠂ ᠣᠨᠴᠠᠯᠢᠭ᠋ ᠢᠯᠡ ᠲᠣᠳᠣ᠌ ᠬᠥᠭᠵᠢᠭᠦᠯᠦᠨ ᠮᠠᠨᠳᠤᠭᠤᠯᠬᠤ ᠵᠠᠮ᠎ᠢ ᠨᠡᠭᠡᠭᠡᠵᠡᠢ᠃ ᠬᠥᠬᠡᠬᠣᠲᠠ᠎ᠶᠢᠨ ᠰᠢᠨ᠎ᠡ ᠬᠤᠳᠠ ᠲᠣᠭᠣᠷᠢᠭ᠋᠎ᠤᠨ ᠣᠪᠣᠭ᠎ᠠ ᠲᠣᠰᠬᠣᠨ ᠰᠢᠰᠲᠧᠮᠲᠦ ᠴᠢᠨᠠᠷᠲᠠᠢ ᠲᠥᠯᠦᠪᠵᠢᠭᠦᠯᠭᠡ᠎ᠪᠡᠷ ᠳᠠᠮᠵᠢᠨ᠂ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠥᠭᠡᠷᠡᠴᠢᠯᠡᠬᠦ᠎ᠶᠢᠨ ᠬᠠᠮᠲᠤ ᠵᠢᠶᠠᠩᠨᠠᠨ᠎ᠤ ᠨᠤᠲᠤᠭᠤᠰᠤᠨᠦ ᠬᠡᠪ ᠨᠠᠮᠪᠠ᠎ᠲᠠᠢ ᠪᠠᠷᠢᠯᠭ᠎ᠠ᠎ᠶᠢᠨ ᠦᠵᠡᠮᠵᠢ ᠪᠣᠯᠣᠨ ᠲᠣᠮᠣ᠌ ᠬᠡᠯᠪᠡᠷᠢ᠎ᠶᠢᠨ ᠳ᠋ᠧᠩ᠎ᠦᠨ ᠬᠡᠷᠡᠯ᠎ᠦᠨ ᠦᠵᠡᠭᠦᠯᠭᠡ᠎ᠵᠢ ᠲᠦᠯᠦᠪᠵᠢᠬᠦᠯᠦᠨ ᠣᠷᠣᠭᠣᠯᠵᠦ᠂ ᠣᠨᠴᠠᠯᠢᠭ᠍ᠲᠤ ᠢᠳᠡᠭᠡᠨ ᠤᠮᠳᠠᠭᠠᠨ᠂ ᠰᠡᠯᠡᠭᠦᠴᠡᠯ ᠵᠤᠭ᠎ᠠ ᠴᠡᠩᠭᠡᠯ᠂ ᠰᠣᠶᠣᠯ᠎ᠢ ᠪᠡᠶᠡᠴᠢᠯᠡᠨ ᠣᠢᠯᠠᠭᠠᠬᠤ ᠵᠢ ᠬᠠᠮᠣᠷᠤᠭᠣᠯᠵᠦ᠂ ᠨᠢᠭᠡ ᠴᠣᠭᠴᠠᠵᠢᠭᠤᠯᠤᠭᠰᠠᠨ ᠶᠡᠷᠦᠩᠬᠡᠢᠯᠡᠭᠰᠡᠨ ᠴᠢᠨᠠᠷᠲᠠᠢ ᠰᠣᠶᠣᠯ ᠵᠢᠭᠤᠯᠴᠢᠯᠠᠯ᠎ᠤᠨ ᠠᠷᠠᠯᠵᠢᠶᠠᠨ᠎ᠤ ᠲᠣᠭᠣᠷᠢᠭ᠋᠎ᠢ ᠪᠠᠢᠭᠤᠯᠤᠭᠠᠳ ᠶᠡᠬᠡ ᠬᠡᠮᠵᠢᠶᠡᠨ᠎ᠦ ᠬᠣᠳᠠ ᠵᠢᠨ ᠠᠷᠠᠳ ᠪᠣᠯᠣᠨ ᠵᠢᠭᠣᠯᠴᠢᠯᠠᠬᠰᠠᠳᠢ ᠲᠠᠳᠠᠵᠦ 《ᠦᠢᠯᠡᠴᠢᠯᠡᠭᠡᠨ᠎ᠦ ᠠᠵᠤ ᠠᠬᠤᠢ》 ᠵᠢ ᠬᠥᠭᠵᠢᠭᠦᠯᠬᠦ ᠦᠨᠳᠦᠰᠦᠨ ᠬᠤᠪᠢᠷᠠᠯᠲᠠ᠎ᠶᠢ ᠪᠡᠶᠡᠯᠡᠭᠦᠯᠪᠡ᠃ ᠬᠥᠯᠥᠨ ᠪᠣᠶ᠋ᠢᠷ ᠬᠣᠲᠠ᠎ᠶᠢᠨ ᠡᠷᠭᠦᠨ᠎ᠡ ᠬᠣᠲᠠ ᠣᠷᠣᠰ ᠦᠨᠳᠦᠰᠦᠲᠡᠨ᠎ᠦ ᠵᠠᠩ ᠦᠶ᠋ᠯᠡ᠎ᠶᠢᠨ ᠰᠣᠶᠣᠯ᠎ᠢ ᠭᠦᠨ ᠠᠭᠤᠳᠠᠯᠤᠨ ᠳᠡᠯᠭᠡᠨ ᠦᠵᠡᠭᠦᠯᠬᠦ᠂ ᠭᠡᠷ ᠪᠦᠯᠢ᠎ᠶᠢᠨ ᠵᠢᠭᠤᠯᠴᠢᠯᠠᠯ᠎ᠢ ᠬᠥᠭᠵᠢᠭᠦᠯᠬᠦ᠂ ᠵᠠᠩ ᠦᠶ᠋ᠯᠡ᠎ᠶᠢ ᠪᠡᠶᠡᠴᠢᠯᠡᠨ ᠣᠢᠯᠠᠭᠠᠬᠤ᠂ ᠠᠮᠢ ᠠᠬᠤᠢ᠎ᠶᠢᠨ ᠵᠢᠭᠤᠯᠴᠢᠯᠠᠯ ᠵᠡᠷᠭᠡ᠎ᠪᠡᠷ ᠳᠠᠮᠵᠢᠨ᠂ ᠣᠯᠠᠩᠬᠢ ᠭᠡᠷ ᠪᠦᠯᠢ᠎ᠶᠢᠨ ᠬᠢᠨ ᠣᠷᠣᠨ ᠰᠠᠭᠤᠴᠠ᠎ᠪᠠᠨ ᠥᠪᠡᠷᠮᠢᠴᠡ ᠣᠨᠴᠠᠯᠢᠭ᠍ᠲᠤ ᠠᠷᠠᠳ᠎ᠤᠨ ᠪᠠᠭᠤᠳᠠᠯ ᠪᠠ ᠭᠡᠷ ᠪᠦᠯᠢ᠎ᠶᠢᠨ ᠬᠣᠭᠣᠯᠠᠨ ᠭᠡᠷ ᠪᠣᠯᠭᠠᠨ ᠥᠭᠡᠷᠡᠴᠢᠯᠡᠵᠦ᠂ 《ᠡᠷᠦᠬᠡ ᠪᠣᠯᠭᠠᠨ ᠵᠣᠴᠢᠳ᠎ᠤᠨ ᠪᠠᠭᠤᠳᠠᠯ᠂ ᠡᠷᠦᠬᠡ ᠪᠣᠯᠭᠠᠨ ᠦᠵᠡᠮᠵᠢ᠎ᠶᠢᠨ ᠭᠠᠵᠠᠷ ᠪᠣᠯᠣᠬᠰᠠᠨ》 ᠬᠥᠭᠵᠢᠯᠲᠡ᠎ᠶᠢᠨ ᠵᠠᠭᠪᠤᠷ᠎ᠢ ᠪᠣᠶ ᠪᠣᠯᠭᠠᠪᠠ᠃ ᠥᠪᠥᠷ ᠮᠣᠩᠭᠣᠯ᠎ᠤᠨ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ ᠨᠢ ᠭᠠᠵᠠᠷ ᠣᠷᠣᠨ᠂ ᠰᠣᠶᠣᠯ᠂ ᠠᠮᠢ ᠠᠬᠤᠢ ᠵᠡᠷᠭᠡ ᠥᠪᠡᠷᠮᠢᠴᠡ ᠳᠠᠪᠠᠭᠤᠯᠢᠭ᠋᠎ᠲᠠᠭᠠᠨ ᠲᠦᠰᠢᠭᠯᠡᠨ᠂ ᠨᠠᠷᠢᠯᠢᠭ᠋ ᠣᠨᠣᠴᠠᠲᠠᠢ᠎ᠪᠠᠷ ᠠᠵᠤ ᠦᠢᠯᠡᠰ᠎ᠦᠨ ᠪᠠᠢᠷᠢ ᠲᠣᠭᠲᠠᠭᠠᠯᠲᠠ ᠬᠢᠵᠦ ᠪᠦᠲᠦᠭᠡᠯᠴᠢ᠎ᠪᠡᠷ ᠨᠡᠭᠡᠭᠡᠨ ᠬᠥᠭᠵᠢᠭᠦᠯᠵᠦ᠂ ᠬᠥᠮᠥᠰ᠎ᠦᠨ ᠣᠷᠣᠰᠢᠨ ᠰᠠᠭᠤᠷᠢᠰᠢᠬᠤ ᠣᠷᠴᠢᠨ ᠨᠥᠬᠥᠴᠡᠯ ᠢ ᠰᠠᠢᠵᠢᠷᠠᠭᠤᠯᠬᠤ᠂ ᠣᠨᠴᠠᠯᠢᠭ᠍ᠲᠤ ᠠᠵᠤ ᠦᠢᠯᠡᠰ᠎ᠢ ᠪᠤᠵᠠᠭᠠᠢᠷᠠᠭᠤᠯᠬᠤ᠂ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠪᠠ ᠰᠣᠶᠣᠯ᠎ᠤᠨ ᠢᠲᠡᠭᠡᠯ᠎ᠢ ᠳᠡᠭᠡᠭᠰᠢᠯᠡᠭᠦᠯᠬᠦ ᠣᠯᠠᠨ ᠡᠰᠢᠲᠦ ᠬᠠᠷᠠᠯᠲᠠ᠎ᠶᠢ ᠪᠡᠶᠡᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠷᠭᠦᠯᠵᠢᠯᠡᠬᠦ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠪᠠ᠃
ᠰᠣᠶᠣᠯ᠎ᠤᠨ ᠬᠦᠴᠦᠷᠬᠡᠭ ᠤᠯᠤᠰ ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠣ ᠬᠡᠷᠡᠭᠳᠡᠢ᠃ ᠦᠪᠦᠷ ᠮᠤᠡᠭᠭᠤᠯ᠎ᠤᠨ ᠰᠣᠶᠣᠯ ᠤᠨ ᠡᠬᠢ ᠪᠠᠶᠠᠯᠢᠭ᠋᠎ᠤᠨ ᠥᠪᠡᠷᠮᠢᠴᠡ ᠣᠨᠴᠠᠯᠢᠭ᠋ ᠢᠯᠡ ᠲᠣᠳᠣ᠌ ᠪᠠᠢᠳᠠᠭ᠂ ᠲᠣᠰ ᠭᠠᠵᠠᠷ ᠣᠷᠣᠨ᠎ᠤ᠎ᠪᠠᠨ ᠡᠬᠢ ᠪᠠᠶᠠᠯᠢᠭ᠋᠎ᠲᠦ ᠰᠠᠭᠤᠷᠢᠯᠠᠨ᠂ ᠲᠣᠰ ᠭᠠᠵᠠᠷ ᠣᠷᠣᠨ ᠤ᠎ᠪᠠᠨ ᠰᠣᠶᠣᠯᠲᠡᠦᠬᠡ ᠶᠢ ᠦᠷᠭᠦᠯᠵᠢᠯᠡᠨ ᠠᠭᠤᠳᠠᠯᠵᠤ᠂ ᠬᠣᠲᠠ᠎ᠶᠢᠨ ᠪᠦᠲᠦᠭᠡᠨ ᠪᠠᠢᠭᠤᠯᠤᠯᠲᠠ᠎ᠲᠠᠢ ᠠᠭᠤᠰᠤᠯᠴᠠᠭᠣᠯᠣᠨ ᠬᠦᠭᠵᠢᠬᠦᠯᠬᠦ ᠬᠡᠷᠡᠭᠳᠡᠢ᠃ ᠲᠠᠯ᠎ᠠ ᠨᠤᠲᠤᠭ᠎ᠤᠨ ᠰᠣᠶᠣᠯ ᠪᠠ ᠮᠥᠰᠥ ᠴᠠᠰᠤᠨ᠎ᠤ ᠡᠬᠢ ᠪᠠᠶᠠᠯᠢᠭ᠋᠎ᠢ ᠤᠶᠠᠯᠳᠤᠭᠤᠯᠵᠤ᠂ ᠥᠪᠡᠷᠮᠢᠴᠡ ᠣᠨᠴᠠᠯᠢᠭ᠋᠎ᠲᠠᠢ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠰᠣᠶᠣᠯ᠎ᠤᠨ ᠲᠥᠷᠥᠯ ᠲᠡᠮᠳᠡᠭ᠎ᠢ ᠪᠤᠢ ᠪᠣᠯᠭᠠᠬᠤ ᠬᠡᠷᠡᠭᠲᠠᠢ᠃ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠂ ᠨᠠᠭᠠᠳᠤᠮ᠎ᠤᠨ ᠶᠡᠬᠡ ᠬᠤᠷᠠᠯ᠎ᠢ ᠳᠠᠭᠠᠭᠠᠴᠢᠯᠠᠨ ᠡᠷᠭᠢᠯᠡᠵᠦ᠂ ᠠᠳᠤᠭᠤᠨ ᠰᠣᠶᠣᠯ᠎ᠤᠨ ᠨᠠᠢᠷ ᠵᠡᠷᠭᠡ ᠠᠵᠢᠯᠯᠠᠭ᠎ᠠ᠎ᠶᠢ ᠦᠷᠭᠦᠯᠵᠢᠯᠡᠨ ᠳᠡᠯᠭᠡᠷᠡᠭᠦᠯᠵᠦ᠂ ᠠᠷᠠᠳ᠎ᠤᠨ ᠵᠠᠩ ᠦᠶ᠋ᠯᠡ᠎ᠶᠢ ᠪᠡᠶᠡᠴᠢᠯᠡᠨ ᠣᠢᠯᠠᠭᠠᠬᠤ᠂ ᠣᠨᠴᠠᠯᠢᠭ᠍ᠲᠤ ᠠᠷᠠᠳ᠎ᠤᠨ ᠰᠠᠭᠤᠴᠠ ᠪᠠ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭᠳᠡᠬᠦᠨ᠎ᠦ ᠠᠵᠤ ᠦᠢᠯᠡᠰ᠎ᠢ ᠬᠥᠭᠵᠢᠭᠦᠯᠵᠦ᠂ ᠪᠥᠬᠥ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠬᠰᠠᠳ᠎ᠢ ᠮᠠᠨ᠎ᠤ ᠤᠷᠤᠨ᠎ᠳᠤ ᠵᠢᠭᠣᠯᠴᠢᠯᠠᠬᠣ ᠵᠢ ᠬᠠᠯᠠᠭᠣᠨ ᠵᠢᠡᠷ ᠣᠬᠳᠣᠵᠦ᠂ ᠲᠡᠳᠡᠨ᠎ᠳᠦ ᠲᠠᠯ᠎ᠠ ᠨᠤᠲᠤᠭ᠎ᠤᠨ ᠥᠩᠭᠡ ᠦᠵᠡᠮᠵᠢ᠎ᠶᠢ ᠮᠡᠳᠡᠷᠡᠭᠦᠯᠵᠦ᠂ ᠥᠪᠡᠷᠮᠢᠴᠡ ᠰᠣᠶᠣᠯ᠎ᠢ ᠪᠡᠶᠡᠴᠢᠯᠡᠨ ᠣᠢᠯᠠᠭᠠᠭᠤᠯᠬᠤ ᠴᠢᠬᠤᠯᠠᠲᠠᠢ᠃
ᠰᠢᠨ᠎ᠡ ᠴᠠᠭ ᠦᠶ᠎ᠡ ᠶᠢᠨ ᠲᠡᠦᠬᠡ᠎ᠶᠢᠨ ᠭᠠᠷᠤᠭ᠎ᠠ ᠳᠡᠭᠡᠷ᠎ᠡ ᠵᠣᠭᠰᠣᠵᠤ᠂ᠦᠪᠦᠷ ᠮᠤᠡᠭᠭᠤᠯ ᠨᠠᠮ᠎ᠦᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠪᠠᠷ ᠬᠦᠴᠦᠷᠬᠡᠭ ᠶᠡᠬᠡ ᠵᠢᠯᠣᠭᠣᠳᠤᠯᠭ᠎ᠠ ᠪᠣᠯᠭᠠᠵᠤ᠂ ᠤᠯᠤᠰ᠎ᠤᠨ ᠵᠠᠰᠠᠯᠲᠠ᠎ᠶᠢᠨ ᠣᠳᠣᠬᠢᠴᠢᠯᠠᠯᠲᠠ᠎ᠶᠢᠨ ᠠᠤᠭ᠎ᠠ ᠲᠥᠰᠥᠪ᠎ᠢ ᠠᠮᠢᠳᠤᠯᠢᠭ᠋ ᠦᠢᠯᠡᠳᠦᠯᠭᠡ ᠪᠣᠯᠭᠠᠨ ᠬᠤᠪᠢᠷᠠᠭᠤᠯᠵᠤ ᠪᠠᠢᠨ᠎ᠠ᠃ ᠢᠷᠡᠭᠡᠳᠦᠢ ᠳ᠋ᠤ ᠬᠦᠰᠡᠯ ᠡᠷᠡᠮᠡᠯᠵᠡᠯ ᠪᠢᠯᠬᠠᠬᠰᠠᠨ ᠦᠪᠣᠷ ᠮᠣᠩᠭᠣᠯ ᠨᠡᠩ ᠰᠦᠷ ᠲᠠᠯᠠᠢᠴᠢ ᠳᠠᠢ ᠬᠦᠭᠵᠢᠯᠳᠡ ᠵᠢᠨ ᠬᠦᠴᠦᠨ ᠵᠢᠡᠨ ᠪᠠᠳᠠᠷᠠᠭᠣᠯᠬᠣ ᠨᠢ ᠯᠠᠪᠳᠠᠢ᠃
( ᠵᠣᠬᠢᠶᠠᠭ᠍ᠴᠢ᠎ᠶᠢᠨ ᠬᠠᠶᠢᠬ᠄ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠮᠥᠩᠭᠥᠨ ᠭᠦᠢᠯᠭᠡᠭᠡᠨ᠎ᠦ ᠳᠡᠭᠡᠳᠦ ᠰᠤᠷᠭᠠᠭᠤᠯᠢ )