ᠬᠠᠭᠤᠴᠢ ᠰᠤᠳᠤᠯᠤᠯ ᠎ᠤᠨ ᠬᠥᠮᠦᠨ ᠰᠤᠳᠤᠯᠤᠯ ᠎ᠤᠨ ᠬᠠᠷᠠᠭᠠᠨ᠎ᠳᠠᠬᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠵᠢᠨ ᠰᠤᠳᠤᠯᠤᠯ
2026-03-13 10:49:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠸᠠᠩ ᠵᠢᠶᠠᠨ ᠬᠤᠸᠠ᠂ ᠲᠠᠨ ᠱᠠᠨ ᠱᠠᠨ 《ᠪᠠᠷᠠᠭᠤᠨ ᠬᠣᠢᠲᠤ᠎ᠶ᠋ᠢᠨ ᠦᠨᠳᠦᠰᠦᠲᠡᠨ᠎ᠦ ᠰᠤᠳᠤᠯᠤᠯ》 ᠰᠡᠳᠭᠦᠯ ᠤ᠋ᠨ 2025 ᠣᠨ᠎ᠤ 4 ᠳ᠋ᠤᠭᠡᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠬᠠᠭᠤᠴᠢ ᠰᠤᠳᠤᠯᠤᠯ᠎ᠤᠨ ᠤᠬᠠᠭᠠᠨ ᠨᠢ ᠡᠷᠲᠡᠨ᠎ᠦ ᠬᠥᠮᠦᠨ ᠲᠥᠷᠥᠯᠬᠢᠲᠡᠨ᠎ᠦ ᠪᠣᠳᠠᠲᠤ ᠪᠣᠳᠠᠰ᠎ᠤᠨ ᠦᠯᠡᠳᠡᠭ᠌ᠳᠡᠯ᠎ᠢ ᠠᠱᠢᠭ᠍ᠯᠠᠨ ᠡᠷᠲᠡᠨ᠎ᠦ ᠨᠡᠢᠭᠡᠮ᠎ᠢ ᠰᠤᠳᠤᠯᠳᠠᠭ ᠱᠢᠨᠵᠢᠯᠡᠭᠡᠨ᠎ᠦ ᠲᠥᠷᠥᠯ ᠪᠣᠯᠤᠭ᠍ᠰᠠᠨ᠎ᠤ ᠬᠤᠪᠢ᠎ᠳᠤ᠂ ᠨᠢᠭᠡᠳᠦᠭ᠌ᠰᠡᠨ ᠣᠯᠠᠨ ᠦᠨᠳᠦᠰᠦᠲᠡᠨ᠎ᠲᠡᠶ ᠤᠯᠤᠰ᠎ᠤᠨ ᠪᠦᠷᠢᠯᠳᠦᠯ ᠪᠠ ᠬᠥᠭ᠌ᠵᠢᠯᠲᠡ᠎ᠶ᠋ᠢᠨ ᠶᠠᠪᠤᠴᠠ᠎ᠳᠤ ᠴᠢᠬᠤᠯᠠ ᠦᠶ᠋ᠯᠡᠳᠦᠯ᠎ᠲᠡᠶ ᠶᠤᠮ ᠭᠡᠵᠦ᠍ ᠵᠢᠭᠠᠵᠤ ᠭᠠᠷᠭᠠᠪᠠ᠃ ᠲᠡᠷᠡ ᠨᠢ ᠪᠣᠳᠠᠲᠤ ᠪᠣᠳᠠᠰ᠎ᠢᠶᠠᠷ ᠭᠡᠷᠡᠴᠢ ᠪᠣᠯᠭᠠᠵᠤ᠂ ᠳᠤᠮᠳᠠᠳᠤ ᠎ᠶ᠋ᠢᠨ ᠦᠨᠳᠦᠰᠦᠲᠡᠨ᠎ᠦ ᠣᠷᠣᠱᠢᠨ ᠲᠣᠭ᠍ᠲᠠᠨᠢᠬᠤ ᠰᠣᠶᠣᠯ᠎ᠤᠨ ᠰᠡᠳᠭᠢᠴᠡ᠎ᠶ᠋ᠢᠨ ᠰᠠᠭᠤᠷᠢ ᠎ᠶ᠋ᠢ ᠲᠠᠯᠪᠢᠵᠤ᠂ ᠡᠭᠦᠨ᠎ᠦ ᠤᠯᠠᠮ᠎ᠠᠴᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠡᠬᠢ ᠪᠣᠯᠭᠠᠵᠠᠢ᠃ ᠬᠠᠭᠤᠴᠢ ᠰᠤᠳᠤᠯᠤᠯ᠎ᠤᠨ ᠬᠥᠮᠦᠨ ᠲᠥᠷᠥᠯᠬᠢᠲᠡᠨ ᠎ᠦ ᠤᠬᠠᠭᠠᠨ ᠨᠢ ᠰᠢᠨᠵᠢᠯᠡᠭᠡᠨ᠎ᠤ ᠰᠠᠯᠠᠭ᠎ᠠ  ᠰᠤᠨᠳᠠᠯᠠᠭᠰᠠᠨ ᠶᠡᠷᠦᠩᠬᠡᠢᠯᠡᠭ᠌ᠰᠡᠨ ᠴᠢᠨᠠᠷᠲᠠᠶ ᠱᠢᠨᠵᠢᠯᠡᠭᠡᠨ ᠎ᠦ ᠰᠠᠯᠠᠭ᠎ᠠ ᠪᠣᠯᠤᠭ᠍ᠰᠠᠨ᠎ᠤ ᠬᠤᠪᠢ᠎ᠳᠤ᠂ ᠲᠡᠦᠬᠡ᠎ᠶ᠋ᠢᠨ ᠤᠬᠠᠭᠠᠨ᠂ ᠬᠥᠮᠦᠨ ᠲᠥᠷᠥᠯᠬᠢᠲᠡᠨ ᠎ᠦ ᠤᠬᠠᠭᠠᠨ ᠵᠢᠴᠢ ᠬᠠᠭᠤᠴᠢ ᠰᠤᠳᠤᠯᠤᠯ᠎ᠤᠨ ᠠᠷᠭ᠎ᠠ᠎ᠶ᠋ᠢᠨ ᠣᠨᠣᠯ᠎ᠤᠨ ᠱᠢᠰᠲ᠋ᠧᠮ᠎ᠢ ᠠᠭᠤᠰᠤᠯᠴᠠᠭᠤᠯᠵᠤ᠂ ᠬᠡᠭᠡᠷ᠎ᠡ ᠵᠢᠨ ᠪᠠᠢᠴᠠᠭᠠᠯᠳᠠ ᠬᠢᠬᠦ ᠪᠠ  ᠦᠯᠡᠳᠡᠭᠡᠭᠰᠡᠨ ᠪᠣᠳᠠᠰ᠎ᠢ ᠵᠠᠳᠠᠯᠤᠨ ᠱᠢᠨᠵᠢᠬᠦ᠌ ᠠᠷᠭ᠎ᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ ᠣᠯᠠᠨ ᠡᠱᠢᠵᠢᠭᠰᠡᠨ ᠬᠠᠮᠲᠤ᠎ᠪᠠᠷ ᠣᠷᠣᠱᠢᠬᠤ ᠪᠠ ᠡᠶ᠎ᠡ ᠵᠣᠬᠢᠴᠠᠯ᠎ᠲᠠᠶ ᠠᠭᠤᠰᠤᠯᠴᠠᠭ᠍ᠰᠠᠨ ᠬᠡᠷᠡᠯ ᠰᠠᠴᠤᠷᠠᠩᠭᠤᠶ ᠲᠡᠦᠬᠡ᠎ᠶ᠋ᠢ ᠠᠮᠵᠢᠯᠲᠠᠲᠠᠶ ᠰᠡᠷᠭᠦᠭᠡᠪᠡ᠃ ᠬᠠᠭᠤᠴᠢ ᠰᠤᠳᠤᠯᠤᠯ᠎ᠤᠨ ᠬᠥᠮᠦᠨ ᠰᠤᠳᠤᠯᠤᠯ ᠨᠢ ᠦᠨᠳᠦᠰᠦᠲᠡᠨ᠎ᠨᠦᠭᠦᠳ᠎ᠦᠨ ᠲᠡᠦᠬᠡ᠎ᠶ᠋ᠢᠨ ᠤᠷᠳᠤ ᠠᠶᠠᠨ᠎ᠳᠠᠬᠢ ᠰᠣᠯᠢᠯᠴᠠᠭ᠎ᠠ ᠪᠠ ᠠᠭᠤᠰᠤᠯᠴᠠᠯ᠎ᠢ ᠭᠦᠨᠵᠡᠭᠡᠢ ᠠᠭᠤᠳᠠᠯᠬᠤ᠎ᠪᠠᠷ ᠲᠠᠮᠵᠢᠨ᠂ ᠪᠤᠳᠠᠰ᠎ᠤᠨ ᠭᠡᠷᠡᠴᠢ ᠶ᠋ᠢᠨ ᠬᠡᠯᠪᠡᠷᠢ᠎ᠪᠡᠷ ᠳᠤᠮᠳᠠᠳᠤ᠎ᠶ᠋ᠢᠨ ᠦᠨᠳᠦᠰᠦᠲᠡᠨ ᠎ᠦ ᠤᠯᠠᠨ ᠡᠱᠢᠳ᠋ᠦ ᠨᠢᠭᠡ ᠴᠤᠬ᠍ᠴᠠᠵᠢᠬ᠍ᠰᠠᠨ ᠲᠡᠦᠬᠡ᠎ᠶ᠋ᠢᠨ ᠰᠤᠳᠠᠰᠤ ᠎ᠶ᠋ᠢ ᠲᠠᠬᠢᠨ ᠢᠯᠡᠷᠡᠭᠦᠯᠵᠦ᠍᠂ ᠠᠳᠠᠯᠢ ᠪᠤᠰᠤ ᠰᠣᠶᠣᠯ᠎ᠤᠨ ᠬᠠᠷᠢᠯᠴᠠᠨ ᠲᠤᠯᠢᠳᠠᠵᠤ᠂ ᠬᠠᠮᠲᠤ ᠎ᠪᠠᠷ ᠬᠥᠭ᠌ᠵᠢᠬᠰᠡᠨ ᠠᠮᠢᠳᠤᠯᠢᠭ ᠵᠢᠷᠤᠭ ᠲᠥᠯᠥᠪ᠎ᠢ ᠢᠯᠡᠷᠡᠭᠦᠯᠪᠡ᠃  ᠡᠨᠡ ᠬᠦ᠌ ᠶᠠᠪᠤᠴᠠ ᠨᠢ ᠳᠤᠮᠳᠠᠳᠤ᠎ᠶ᠋ᠢᠨ ᠦᠨᠳᠦᠰᠤᠳᠡᠨ  ᠎ᠦ ᠰᠣᠶᠣᠯ ᠎ᠤᠨ ᠡᠷᠳᠡᠨᠢᠰ᠎ᠦᠨ ᠰᠠᠩ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠦᠭᠡᠢ᠂ ᠨᠡᠩ ᠴᠤ᠌ ᠪᠢᠳᠡᠨ᠎ᠦ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ》 ᠭᠡᠬᠦ ᠤᠬᠠᠭ᠍ᠳᠠᠬᠤᠨ᠎ᠤ ᠭᠦᠨ ᠭᠦᠨᠵᠡᠭᠡᠢ ᠠᠭᠤᠯᠤᠭ᠍ᠳᠠᠬᠤᠨ᠎ᠢ ᠣᠢᠯᠠᠭᠠᠬᠤ ᠎ᠳᠤ ᠡᠷᠳᠡᠮ ᠱᠢᠨᠵᠢᠯᠡᠭᠡᠨ᠎ᠦ ᠪᠠᠳᠤ ᠲᠤᠯᠭᠠᠭᠤᠷᠢᠯᠠᠯ ᠬᠠᠩᠭᠠᠪᠠ᠃ ᠬᠠᠭᠤᠴᠢ ᠰᠤᠳᠤᠯᠤᠯ᠎ᠤᠨ ᠬᠥᠮᠦᠨ  ᠰᠤᠳᠤᠯᠤᠯ᠎ᠤᠨ ᠰᠤᠳᠤᠯᠭᠠᠨ ᠨᠢ ᠡᠷᠳᠡᠮ ᠱᠢᠨᠵᠢᠯᠡᠭᠡᠨ᠎ᠦ ᠰᠣᠯᠢᠯᠴᠠᠭ᠎ᠠ ᠪᠠ ᠳᠠᠪᠱᠢᠯᠲᠠ᠎ᠶ᠋ᠢ ᠠᠬᠢᠭᠤᠯᠵᠤ᠂ ᠥᠷᠭᠡᠨ ᠣᠯᠠᠨ ᠲᠦᠮᠡᠨ᠎ᠦ ᠳᠤᠮᠳᠠᠳᠤ᠎ᠶ᠋ᠢᠨ ᠰᠣᠶᠣᠯ ᠎ᠤᠨ ᠲᠤᠬᠠᠶ ᠣᠮᠣᠭ ᠪᠠᠬᠠᠳᠤᠯᠳᠤ ᠰᠡᠳᠬᠢᠯᠭᠡ ᠪᠠ ᠬᠠᠷᠢᠶᠠᠯᠠᠭ᠍ᠳᠠᠬᠤ ᠰᠡᠳᠭᠢᠯᠭᠡ᠎ᠶ᠋ᠢ ᠬᠥᠭ᠌ᠵᠢᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠬᠦᠴᠦᠷᠬᠡᠭ ᠶᠡᠬᠡ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ᠎ᠢ ᠬᠠᠩᠭᠠᠪᠠ᠃ ᠬᠠᠭᠤᠴᠢ ᠰᠤᠳᠤᠯᠤᠯ᠎ᠤᠨ ᠬᠥᠮᠦᠨ ᠰᠤᠳᠤᠯᠤᠯ᠎ᠤᠨ ᠪᠦᠯᠬᠦᠮ ᠨᠢ ᠨᠢᠭᠡᠨ ᠴᠢᠬᠤᠯᠠ ᠰᠤᠳᠤᠯᠭᠠᠨ᠎ᠤ ᠬᠦᠴᠦᠨ ᠪᠣᠯᠤᠭ᠍ᠰᠠᠨ᠎ᠤ ᠬᠤᠪᠢ᠎ᠳᠤ ᠂ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠤᠨ ᠢᠲᠡᠭᠡᠯ᠎ᠦᠨ ᠵᠠᠮ᠎ᠢᠶᠠᠷ ᠠᠯᠤᠰ᠎ᠢ ᠵᠣᠷᠢᠨ ᠯᠠᠪᠳᠠᠭᠤᠨ᠎ᠢᠶᠠᠷ ᠤᠷᠤᠭ᠍ᠰᠢᠯᠠᠬᠤ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠪᠠ ᠴᠡᠴᠡᠭ᠌ᠯᠡᠯ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠵᠦ᠍ ᠪᠣᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号