ᠦᠨᠳᠦᠰᠦᠨ ᠱᠠᠲᠤᠨ᠎ᠤ ᠺᠠᠳ᠋ᠷᠴᠤᠳ᠎ᠲᠤ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ᠎ᠢ ᠪᠦᠷᠢᠯᠳᠦᠭᠦᠯᠵᠦ ᠦᠭᠬᠦ ᠬᠡᠷᠡᠭᠲᠠᠢ
2026-03-13 10:53:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠺᠧ ᠵᠢᠶᠠᠩ ᠯᠢᠨ᠂ ᠵᠧᠦ ᠱᠢᠤᠸᠠᠠ《ᠣᠯᠠᠨ ᠨᠡᠶ᠋ᠢᠲᠡ᠎ᠶᠢᠨ ᠬᠠᠮᠢᠶᠠᠷᠤᠯᠲᠠ ᠬᠢᠭᠡᠳ ᠲᠥᠷᠥ᠎ᠶᠢᠨ ᠪᠣᠳᠣᠯᠭ᠎ᠠ᠎ᠶᠢᠨ ᠰᠢᠭᠦᠮᠵᠢ》 ᠰᠡᠳᠭᠦᠯ᠎ᠤᠨ 2025 ᠣᠨ᠎ᠤ 5 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠠᠵᠢᠯ ᠬᠢᠵᠦ ᠦᠢᠯᠡᠰ ᠪᠤᠰᠬᠠᠬᠤ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠬᠤ᠎ᠳᠤ ᠤᠳᠤᠷᠢᠳᠤᠯᠭ᠎ᠠ ᠪᠤᠯᠤᠭᠰᠠᠳ ᠡᠩ ᠲᠡᠷᠢᠭᠦᠨ᠎ᠳᠦ ᠰᠤᠷᠲᠠᠯ ᠴᠢᠬᠡᠴᠢ ᠣᠪᠣᠷ ᠲᠥᠪ ᠠᠭᠤᠷ ᠠᠮᠢᠰᠬᠤᠯ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ ᠠᠭᠤᠷ ᠠᠮᠢᠰᠬᠤᠯ ᠪᠠ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠠᠭᠤᠷ ᠠᠮᠢᠰᠬᠤᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠵᠣᠬᠢᠶᠠᠨ ᠪᠠᠢᠭᠤᠯᠤᠯᠲᠠ᠎ᠶᠢᠨ ᠰᠣᠶᠣᠯ᠂ ᠬᠡᠪ ᠰᠤᠷᠲᠠᠯ ᠂ ᠳᠠᠳᠬᠠᠯ ᠵᠡᠷᠭᠡ᠎ᠳᠦ ᠳᠡᠭᠡᠳᠦ ᠬᠡᠮᠵᠢᠶᠡᠨ᠎ᠦ ᠰᠡᠷᠭᠡᠭ ᠪᠠᠢᠵᠤ᠂ ᠦᠨᠡᠨᠴᠢ ᠰᠢᠳᠤᠷᠭᠤ᠂ ᠲᠥᠪ ᠭᠤᠤᠯᠴᠢ᠂ ᠦᠨᠡᠨ᠎ᠡᠴᠡ ᠵᠥᠪ᠎ᠢ ᠡᠷᠢᠬᠦ᠂ ᠠᠷᠢᠭᠤᠨ ᠴᠢᠬᠡᠴᠢ ᠪᠠᠢᠬᠤ ᠵᠡᠷᠭᠡ ᠥᠷᠲᠡᠭ᠎ᠦᠨ ᠦᠵᠡᠯᠲᠡ᠎ᠶᠢ ᠪᠠᠳᠠᠷᠠᠭᠤᠯᠵᠤ᠂ ᠰᠠᠢᠨ ᠰᠠᠢᠬᠠᠨ ᠤᠯᠤᠰ ᠲᠥᠷᠥ᠎ᠶᠢᠨ ᠠᠮᠢ ᠠᠬᠤᠢ᠎ᠶᠢ ᠬᠠᠮᠠᠭᠠᠯᠠᠬᠤ ᠬᠡᠷᠡᠭᠲᠡᠢ; ᠬᠥᠮᠦᠵᠢᠯ ᠪᠣᠯᠪᠠᠰᠤᠷᠠᠯ᠂ ᠱᠠᠩᠨᠠᠯ ᠲᠣᠷᠭᠠᠭᠤᠯᠢ ᠵᠢᠨ ᠲᠣᠭᠲᠠᠴᠠ ᠵᠡᠷᠭᠡ᠎ᠪᠡᠷ ᠳᠠᠮᠵᠢᠭᠤᠯᠤᠨ ᠺᠠᠳ᠋ᠷᠴᠤᠳ᠎ᠢ ᠦᠨᠡᠨ ᠮᠡᠳᠡᠯᠭᠡ᠎ᠶᠢ ᠡᠷᠢᠯᠬᠢᠯᠡᠨ᠂ ᠦᠨᠡᠨ ᠦᠭᠡ ᠬᠡᠯᠡᠵᠦ᠂ ᠪᠣᠳᠠᠲᠤ ᠠᠵᠢᠯ ᠬᠢᠵᠦ᠂ ᠴᠢᠩᠭ᠎ᠠ ᠠᠳᠬᠤᠨ ᠪᠣᠳᠠᠲᠠᠢ ᠠᠵᠢᠯᠯᠠᠬᠤ ᠰᠤᠷᠲᠠᠯ᠎ᠲᠠᠢ ᠪᠠᠢᠬᠤ ᠵᠢ ᠱᠠᠭᠠᠷᠳᠠᠬᠤ ᠬᠡᠷᠡᠭᠲᠠᠢ ; ᠡᠨᠡ ᠬᠦ᠌ ᠰᠠᠭᠤᠷᠢᠨ ᠳᠡᠭᠡᠷ᠎ᠡ  ᠵᠦᠢ  ᠶᠤᠰᠤᠨ᠎ᠤ ᠡᠷᠬᠡ ᠣᠯᠭᠣᠬᠤ᠂  ᠵᠣᠬᠢᠰᠲᠠᠢ᠎ᠪᠠᠷ ᠪᠤᠷᠤᠭᠤ᠎ᠶᠢ ᠠᠭᠤᠴᠢᠯᠠᠬᠤ᠂ ᠲᠦᠷᠦᠭᠦᠯᠡᠨ ᠦᠯᠢᠭᠡᠷ ᠳᠠᠭᠤᠷᠢᠶᠠᠯ ᠦᠵᠡᠬᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠺᠠᠳ᠋ᠷᠴᠤᠳ᠎ᠢ ᠵᠣᠷᠢᠭ᠍ᠵᠢᠭᠤᠯᠤᠨ ᠠᠵᠢᠯ᠎ᠤᠨ ᠰᠡᠳᠬᠢᠴᠡ ᠪᠠ ᠠᠷᠭ᠎ᠠ᠎ᠪᠠᠨ ᠰᠢᠨᠡᠴᠢᠯᠡᠵᠦ᠂ ᠠᠵᠢᠯ ᠦᠢᠯᠡᠰ ᠎ᠦᠨ ᠬᠥᠭᠵᠢᠯᠲᠡ᠎ᠶᠢᠨ ᠰᠢᠨ᠎ᠡ ᠪᠠᠢᠳᠠᠯ᠎ᠢ ᠪᠤᠶ ᠪᠣᠯᠭᠠᠬᠤ ᠬᠡᠷᠡᠭᠲᠠᠢ᠃ ᠳᠠᠷᠠᠭᠠᠯᠠᠪᠠᠯ᠂ ᠤᠳᠤᠷᠢᠳᠤᠯᠭ᠎ᠠ ᠪᠣᠯᠣᠭᠰᠠᠳ ᠪᠠᠰᠠ ᠪᠦᠯᠬᠦᠮᠳᠡᠭᠰᠡᠨ ᠨᠥᠬᠥᠷᠰᠡᠭ ᠠᠭᠤᠷ ᠠᠮᠢᠰᠬᠤᠯ᠂ ᠰᠠᠨᠠᠯ ᠵᠢᠡᠨ ᠰᠤᠯᠢᠯᠴᠠᠵᠦ ᠰᠤᠷᠤᠯᠴᠠᠬᠰᠠᠨ ᠠᠭᠤᠷ ᠠᠮᠢᠰᠬᠤᠯ ᠪᠠ ᠬᠠᠮᠵᠢᠯᠴᠠᠨ ᠳᠡᠮᠵᠢᠯᠴᠡᠭᠰᠡᠨ ᠠᠭᠤᠷ ᠠᠮᠢᠰᠬᠤᠯ᠎ᠢ ᠴᠢᠬᠤᠯᠠᠴᠢᠯᠠᠵᠤ᠂ ᠺᠠᠳ᠋ᠷᠴᠤᠳ ᠎ᠤᠨ ᠬᠠᠢᠷ᠎ᠠ ᠰᠡᠳᠬᠢᠯᠭᠡ ᠪᠠ ᠠᠵᠠ ᠵᠢᠷᠭᠠᠯ᠎ᠢ ᠠᠩᠬᠠᠷᠬᠤ ᠬᠡᠷᠡᠭᠲᠡᠢ᠃ ᠺᠠᠳ᠋ᠷᠴᠤᠳ ᠎ᠢ ᠬᠠᠯᠠᠮᠵᠢᠯᠠᠨ ᠬᠠᠢᠷᠠᠯᠠᠬᠤ ᠲᠤᠬᠠᠢ  ᠨᠠᠮ᠎ᠤᠨ ᠲᠥᠪ ᠬᠣᠷᠢᠶ᠎ᠠ ᠵᠢᠴᠢ ᠬᠣᠯᠪᠣᠭᠳᠠᠯ ᠪᠦᠬᠦᠢ ᠶᠠᠮᠤᠨ ᠵᠦᠪᠯᠡᠯ ᠨᠢᠭᠡᠨᠲᠡ ᠰᠢᠷᠢᠰ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠪᠠ᠂ ᠦᠨᠳᠦᠰᠦᠨ ᠱᠠᠲᠤᠨ᠎ᠤ ᠨᠢᠭᠡᠴᠢ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠬᠤ ᠬᠡᠷᠡᠭᠲᠡᠢ᠃ ᠡᠭᠦᠨ᠎ᠡᠴᠡ ᠭᠠᠳᠠᠨ᠎ᠠ᠂ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠰᠣᠯᠢᠯᠴᠠᠨ ᠰᠤᠷᠤᠯᠴᠠᠬᠤ ᠵᠡᠷᠭᠡ᠎ᠪᠡᠷ ᠳᠠᠮᠵᠢᠭᠤᠯᠤᠨ ᠺᠠᠳ᠋ᠷᠴᠤᠳ ᠎ᠤᠨ ᠰᠤᠷᠤᠯᠴᠠᠯᠭ᠎ᠠ᠎ᠶᠢ ᠠᠬᠢᠭᠤᠯᠵᠤ  ᠴᠢᠳᠠᠪᠤᠷᠢ ᠎ᠶᠢ ᠳᠡᠭᠡᠭᠰᠢᠯᠡᠭᠦᠯᠬᠦ ᠬᠡᠷᠡᠭᠲᠠᠢ᠃ ᠺᠠᠳ᠋ᠷᠴᠤᠳ᠎ᠤᠨ ᠠᠵᠢᠯ᠎ᠤᠨ ᠳᠤᠮᠳᠠ᠎ᠪᠠᠨ ᠬᠠᠷᠢᠯᠴᠠᠨ ᠢᠲᠡᠭᠡᠬᠦ᠂ ᠬᠦᠨᠳᠦᠳᠬᠡᠬᠦ᠂ ᠬᠠᠮᠵᠢᠯᠴᠠᠬᠤ᠂ ᠣᠷᠣᠨ ᠪᠠᠢᠷᠢ᠎ᠪᠠᠨ ᠨᠥᠬᠥᠪᠦᠷᠢᠯᠡᠬᠦ᠎ᠶᠢ ᠵᠣᠷᠢᠭ᠍ᠵᠢᠭᠤᠯᠬᠤ᠎ᠶᠢᠨ ᠤᠯᠠᠮ᠎ᠠᠴᠠ ᠠᠵᠢᠯ᠎ᠤᠨ ᠡᠭᠦᠷᠭᠡ᠎ᠪᠡᠨ ᠨᠡᠩ ᠰᠠᠢᠲᠤᠷ ᠨᠠᠢᠳᠠᠪᠤᠷᠢᠵᠢᠭᠤᠯᠵᠤ᠂ ᠠᠵᠢᠯ ᠬᠢᠬᠦ ᠦᠷ᠎ᠡ ᠪᠦᠲᠦᠮᠵᠢ᠎ᠶᠢ ᠨᠢ ᠳᠡᠭᠡᠭᠰᠢᠯᠡᠭᠦᠯᠬᠦ ᠬᠡᠷᠡᠭᠲᠠᠢ᠃ ᠡᠭᠦᠨ ᠡᠴᠡ ᠭᠠᠳᠠᠨ᠎ᠠ᠂ ᠦᠢᠯᠡᠰ ᠪᠣᠰᠬᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠥᠯᠥᠭᠡ᠂ ᠤᠳᠤᠷᠢᠳᠤᠯᠭ᠎ᠠ  ᠪᠤᠯᠤᠭᠰᠠᠳ ᠲᠡᠷᠢᠭᠦᠨ᠎ᠦ ᠬᠢ ᠪᠣᠯᠬᠤ᠎ᠪᠠᠷ ᠴᠢᠷᠮᠠᠢᠬᠤ ᠠᠭᠤᠷ ᠠᠮᠢᠰᠬᠤᠯ ᠪᠣᠯᠣᠨ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠠᠭᠤᠷ ᠠᠮᠢᠰᠬᠤᠯ᠎ᠢ ᠭᠣᠣᠯ ᠭᠠᠷᠳᠠᠴᠠ ᠪᠣᠯᠭᠠᠵᠤ᠂ ᠲᠡᠷᠢᠭᠦᠨ᠎ᠦ ᠬᠢ ᠪᠣᠯᠬᠤ᠎ᠪᠠᠷ ᠴᠢᠷᠮᠠᠢᠵᠤ ᠰᠢᠯᠢᠳᠡᠭ᠎ᠢ ᠡᠭᠦᠳᠬᠦ ᠂ ᠰᠤᠷᠤᠯᠴᠠᠯᠭ᠎ᠠ ᠪᠠᠨ ᠠᠳᠠᠯᠢᠳᠬᠠᠨ ᠲᠠᠭᠠᠵᠦ ᠨᠡᠭᠡᠬᠦ ᠭᠦᠢᠴᠡᠵᠦ ᠳᠠᠪᠠᠬᠤ ᠵᠡᠷᠭᠡ ᠠᠵᠢᠯᠯᠠᠭ᠎ᠠ ᠥᠷᠨᠢᠭᠦᠯᠬᠦ᠎ᠪᠡᠷ ᠳᠠᠮᠵᠢᠨ ᠥᠷᠢᠰᠦᠯᠳᠦᠭᠡᠨ ᠪᠣᠯᠣᠨ ᠲᠦᠭᠰᠢᠭᠦᠷᠢ᠎ᠶᠢᠨ ᠤᠬᠠᠮᠰᠠᠷ᠂ ᠰᠢᠨ᠎ᠡ᠎ᠶᠢ ᠡᠭᠦᠳᠬᠦ ᠤᠭ ᠰᠠᠨᠠᠭ᠎ᠠ᠎ᠶᠢ ᠪᠤᠢ ᠪᠣᠯᠭᠠᠬᠤ ᠬᠡᠷᠡᠭᠲᠡᠢ; ᠡᠨᠡ ᠬᠦ᠌ ᠰᠠᠭᠤᠷᠢᠨ ᠳᠡᠭᠡᠷ᠎ᠡ ᠰᠢᠨ᠎ᠡ᠎ᠶᠢ ᠡᠭᠦᠳᠬᠦ᠎ᠶᠢ ᠳᠡᠮᠵᠢᠬᠦ᠎ᠪᠡᠨ ᠴᠢᠩᠭᠠᠳᠬᠠᠵᠤ᠂ ᠰᠢᠨ᠎ᠡ᠎ᠶᠢ ᠡᠭᠦᠳᠬᠦ ᠣᠷᠣᠨ ᠵᠠᠢ᠎ᠶᠢ ᠥᠷᠭᠡᠳᠬᠡᠬᠦ᠂ ᠰᠢᠨ᠎ᠡ᠎ᠶᠢ ᠡᠭᠦᠳᠬᠦ ᠲᠤᠮᠳᠠᠬᠢ ᠠᠯᠳᠠᠰᠢ᠎ᠶᠢ ᠠᠭᠤᠴᠢᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠺᠠᠳ᠋ᠷᠴᠤᠳ ᠎ᠤᠨ ᠦᠢᠯᠡᠰ ᠪᠣᠰᠬᠠᠬᠤ᠎ᠶᠢ ᠤᠯᠠᠨ ᠲᠠᠯ᠎ᠠ᠎ᠠᠴᠠ ᠲᠤᠯᠭᠠᠭᠤᠷᠢᠯᠠᠬᠤ ᠬᠡᠷᠡᠭᠲᠠᠢ ᠭᠡᠵᠦ ᠵᠢᠭᠠᠵᠤ ᠭᠠᠷᠭᠠᠪᠠ᠃


《 ᠱᠢᠨᠬᠤᠸᠠ ᠵᠤᠬᠢᠶᠠᠯ ᠎ᠤᠨ ᠱᠦᠭᠦᠮᠡᠭ 》 ᠡᠴᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号