ᠤᠢᠷ᠎ᠠ᠎ᠳᠤ᠂ ᠬᠦᠬᠡᠬᠣᠲᠠ᠎ᠶ᠋ᠢᠨ ᠵᠡᠮᠳᠡᠭ᠌ᠴᠦᠳ᠎ᠤᠨ ᠬᠤᠯᠪᠤᠭ᠎ᠠ ᠡᠴᠡ ᠬᠦᠬᠡᠬᠤᠲᠠ᠎ᠵᠢᠨ《ᠯᠧᠢ ᠹᠧᠩ᠎ᠡᠴᠡ ᠳᠠᠭᠠᠨ ᠰᠤᠷᠤᠯᠴᠠᠵᠦ ᠰᠠᠢᠨ ᠳᠤᠷ᠎ᠠ ᠶ᠋ᠢᠨ ᠠᠵᠢᠯᠯᠠᠭ᠎ᠠ᠎ᠳᠦ ᠤᠷᠤᠯᠴᠠᠨ〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠬᠤᠭᠤᠴᠠᠭᠠᠨ᠎ᠳᠤ ᠬᠠᠮᠲᠤ᠎ᠪᠠᠷ ᠡᠷᠡᠮᠡᠬᠡᠢᠯᠡᠨ ᠤᠷᠤᠭ᠍ᠰᠢᠯᠠᠶ᠎ᠠ — 〈ᠰᠠᠢᠨ ᠳᠤᠷ᠎ᠠ᠎ᠶ᠋ᠢᠨ ᠦᠶ᠋ᠯᠡᠴᠢᠯᠡᠭᠡ ᠦᠷᠨᠢᠬᠦᠯᠦᠨ ᠯᠧᠢ ᠹᠧᠩ᠎ᠡᠴᠡ ᠳᠠᠭᠠᠨ ᠰᠤᠷᠤᠯᠴᠠᠵᠦ᠂ ᠪᠣᠯᠪᠠᠰᠤᠨ ᠦᠶ᠋ᠯᠡᠳᠦᠯᠭᠡ ᠳ᠋ᠤ ᠪᠢ ᠤᠷᠤᠯᠴᠠᠨ᠎ᠠ〉》ᠭᠡᠬᠦ᠌ ᠭᠤᠤᠯ ᠰᠡᠳᠦᠪᠲᠦ ᠰᠠᠢᠨ ᠳᠤᠷ᠎ᠠ ᠵᠢᠨ ᠦᠢᠯᠡᠴᠢᠯᠡᠬᠡ᠎ᠵᠢᠨ ᠠᠵᠢᠯᠯᠠᠭ᠎ᠠ᠎ᠳᠤ ᠤᠷᠤᠯᠴᠠᠪᠠ᠃
ᠬᠦᠬᠡᠬᠣᠲᠠ᠎ᠶ᠋ᠢᠨ ᠵᠡᠮᠳᠡᠭ᠌ᠴᠦᠳ᠎ᠤᠨ ᠬᠤᠯᠪᠤᠭ᠎ᠠ ᠡᠴᠡ ᠠᠵᠢᠯᠯᠠᠭ᠎ᠠ᠎ᠶ᠋ᠢᠨ ᠭᠣᠣᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ ᠪᠣᠯᠪᠠᠰᠤᠨ ᠬᠡᠪ ᠰᠤᠷᠲᠠᠯ᠎ᠤᠨ ᠲᠣᠭᠣᠷᠢᠭ᠎ᠲᠤ ᠬᠣᠶᠠᠷ ᠶᠡᠬᠡ ᠨᠡᠢᠲᠡ᠎ᠶ᠋ᠢᠨ ᠠᠰᠠᠷᠠᠮᠵᠢ᠎ᠶ᠋ᠢᠨ ᠳᠡᠯᠭᠡᠨ ᠦᠵᠡᠭᠦᠯᠬᠦ᠌ ᠪᠠᠢᠷᠢ᠎ᠶ᠋ᠢ ᠲᠣᠬᠢᠷᠠᠭᠤᠯᠵᠤ᠂ ᠵᠡᠮᠳᠡᠭ᠌ᠴᠦᠳ᠎ᠢ ᠲᠤᠰᠠᠯᠠᠬᠤ ᠵᠢᠷᠤᠮ᠎ᠤᠨ ᠬᠤᠳᠠᠯᠳᠤᠭ᠎ᠠ᠂ ᠨᠡᠢᠲᠡ᠎ᠶ᠋ᠢᠨ ᠠᠰᠠᠷᠠᠮᠵᠢ᠎ᠶ᠋ᠢᠨ ᠪᠡᠶᠡᠴᠢᠯᠡᠨ ᠣᠢᠯᠠᠭᠠᠯᠲᠠ᠂ ᠤᠬᠠᠭᠤᠯᠤᠨ ᠲᠠᠢᠯᠪᠤᠷᠢᠯᠠᠯᠲᠠ ᠵᠡᠷᠭᠡ ᠪᠠᠶᠠᠯᠢᠭ ᠬᠡᠯᠪᠡᠷᠢ ᠪᠦᠬᠦᠢ ᠠᠵᠢᠯᠯᠠᠭ᠎ᠠ ᠪᠡᠷ ᠯᠧᠢ ᠹᠧᠩ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠣᠷᠣᠨ᠎ᠤ ᠲᠥᠪ᠎ᠦᠨ ᠵᠡᠮᠳᠡᠭ᠌ᠴᠦᠳ᠎ᠤᠨ ᠠᠵᠢᠯ ᠣᠯᠵᠤ ᠦᠢᠯᠡᠰ ᠪᠣᠰᠭᠠᠭ᠍ᠰᠠᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠍᠂ ᠵᠡᠮᠳᠡᠭ᠌ᠴᠦᠳ ᠢ ᠲᠤᠰᠠᠯᠠᠨ ᠪᠠᠭᠤᠷᠠᠢᠴᠤᠳᠢ ᠲᠡᠳᠬᠦᠬᠦ᠌ ᠪᠣᠯᠪᠠᠰᠤᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃ ᠡᠭᠦᠨ᠎ᠳᠦ᠂《ᠦᠵᠡᠰᠭᠦᠯᠡᠩᠲᠦ ᠰᠠᠢᠬᠠᠨ ᠤᠯᠠᠮᠵᠢᠯᠠᠯ·ᠬᠥᠬᠡᠬᠣᠲᠠ᠎ᠪᠠᠷ ᠵᠢᠭᠤᠯᠴᠢᠯᠠᠬᠤ》 ᠵᠡᠮᠳᠡᠭ᠌ᠴᠦᠳ᠎ᠦᠨ ᠠᠵᠢᠯ ᠣᠯᠭᠣᠯᠲᠠ᠎ᠶ᠋ᠢᠨ ᠪᠠᠢᠭᠤᠯᠤᠮᠵᠢ᠎ᠶ᠋ᠢᠨ ᠵᠡᠮᠳᠡᠭ᠌ᠴᠦᠳ᠎ᠢ ᠲᠤᠰᠠᠯᠠᠬᠤ ᠵᠢᠷᠤᠮ᠎ᠤᠨ ᠬᠤᠳᠠᠯᠳᠤᠭ᠎ᠠ ᠨᠢ ᠬᠦᠬᠡᠬᠤᠲᠠ᠎ᠶ᠋ᠢᠨ ᠵᠡᠮᠳᠡᠭ᠌ᠴᠦᠳ᠎ᠦᠨ ᠠᠵᠢᠯ ᠣᠯᠭᠣᠯᠲᠠ᠎ᠶ᠋ᠢᠨ ᠪᠠᠢᠭᠤᠯᠤᠮᠵᠢ᠂ ᠵᠡᠮᠳᠡᠭ᠌ᠴᠦᠳ᠎ᠦᠨ ᠭᠠᠷ ᠤᠷᠠᠯᠠᠯᠴᠢᠳᠤᠨ ᠵᠣᠬᠢᠶᠠᠨ ᠪᠦᠲᠦᠭᠡᠭ᠌ᠰᠡᠨ ᠨᠠᠷᠢᠯᠢᠭ ᠰᠠᠢᠬᠠᠨ ᠭᠠᠷ ᠤᠷᠠᠯᠠᠯ᠎ᠤᠨ ᠪᠦᠲᠦᠭᠡᠭ᠌ᠳᠡᠬᠦᠨ᠂ ᠥᠪᠡᠷᠮᠢᠴᠡ ᠣᠨᠴᠠᠯᠢᠭ᠍ᠲᠤ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠢ ᠲᠥᠪᠯᠡᠷᠡᠭᠦᠯᠦᠨ ᠳᠡᠯᠭᠡᠨ ᠪᠣᠷᠣᠯᠠᠭᠤᠯᠪᠠ; ᠬᠠᠨ ᠫᠠᠩ ᠡᠯ ᠺᠤᠹᠸ ᠵᠢᠨ ᠨᠡᠢᠲᠡ᠎ᠶ᠋ᠢᠨ ᠠᠰᠠᠷᠠᠮᠵᠢ᠎ᠶ᠋ᠢᠨ ᠳᠡᠯᠭᠡᠨ ᠦᠵᠡᠭᠦᠯᠬᠦ᠌ ᠪᠠᠢᠷᠢ ᠨᠢ ᠨᠠᠩ ᠴᠤ᠌ ᠲᠤᠬᠠᠶ᠎ᠶ᠋ᠢᠨ ᠲᠠᠯᠠᠪᠠᠶ᠎ᠶ᠋ᠢᠨ ᠨᠢᠭᠡᠨ ᠶᠡᠬᠡ ᠬᠢᠯᠠᠰ ᠴᠡᠭ ᠪᠣᠯᠤᠭ᠍ᠰᠠᠨ ᠪᠠᠢᠨ᠎ᠠ᠃ ᠴᠥᠭᠡᠨ ᠪᠤᠰᠤ ᠬᠣᠲᠠ᠎ᠶ᠋ᠢᠨ ᠠᠷᠠᠳ ᠺᠣᠹᠧ ᠠᠮᠲᠠᠯᠠᠬᠤ᠎ᠶ᠋ᠢᠨ ᠬᠠᠮᠲᠤ᠂ ᠬᠠᠨ ᠫᠠᠩ ᠡᠯ ᠺᠣᠹᠧᠶ᠋ᠢᠨ ᠬᠠᠪᠰᠤᠷᠤᠨ ᠲᠡᠳᠬᠦᠭ᠌ᠰᠡᠨ ᠦᠯᠢᠭᠡᠷ᠎ᠢ ᠨᠠᠷᠢᠨ ᠬᠢᠨᠠᠮᠠᠭᠠᠢ ᠰᠣᠨᠣᠰᠴᠤ᠌᠂ ᠵᠡᠮᠳᠡᠭ᠌ᠴᠦᠳ᠎ᠤᠨ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌ ᠠᠵᠢᠯ᠎ᠳᠤ ᠨᠠᠩ ᠱᠢᠭᠤᠳ᠂ ᠨᠠᠩ ᠭᠦᠨᠵᠡᠭᠡᠢ ᠣᠢᠯᠠᠭᠠᠯᠲᠠ ᠲᠠᠢ ᠪᠣᠯᠪᠠ᠃
ᠲᠣᠰ ᠤᠳᠠᠭᠠᠨ᠎ᠤ ᠠᠵᠢᠯᠯᠠᠭ᠎ᠠ᠎ᠳᠤ᠂ ᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ᠎ᠨᠢ ᠣᠯᠠᠨ ᠲᠦᠮᠡᠨ ᠲᠡᠶ ᠣᠢᠷᠠᠲᠤᠭ᠍ᠰᠠᠨ᠂ ᠬᠠᠢᠷ᠎ᠠ ᠬᠠᠯᠠᠮᠵᠢᠲᠦ ᠴᠤᠭ᠍ᠯᠠᠭ᠎ᠠ ᠮᠠᠢᠮᠠᠶ᠎ᠶ᠋ᠢᠨ ᠬᠡᠯᠪᠡᠷᠢ᠎ᠪᠡᠷ ᠯᠸᠢ ᠹᠸᠩ᠎ᠤᠨ ᠵᠣᠷᠢᠭ ᠰᠠᠨᠠᠭ᠎ᠠ᠎ᠶ᠋ᠢ ᠵᠡᠮᠳᠡᠭ᠌ᠴᠦᠳ᠎ᠢ ᠲᠤᠰᠠᠯᠠᠬᠤ ᠦᠨᠡᠨ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠵᠡᠮᠳᠡᠭ ᠨᠠᠢᠵᠠ᠎ᠨᠠᠷ᠎ᠲᠤ ᠥᠪᠡᠷ ᠢ ᠪᠡᠨ ᠢᠯᠡᠷᠡᠬᠦᠯᠬᠦ᠌ ᠲᠠᠪᠴᠠᠩ ᠪᠠᠢᠭᠤᠯᠵᠤ ᠥᠭ᠌ᠭᠦᠭ᠌ᠰᠡᠨ ᠮᠥᠷᠲᠡᠭᠡᠨ ᠪᠠᠰᠠ ᠵᠡᠮᠳᠡᠭ᠌ᠴᠦᠳ᠎ᠢ ᠲᠤᠰᠠᠯᠠᠨ ᠪᠠᠭᠤᠷᠠᠢᠴᠤᠳᠢᠲᠡᠳᠬᠦᠬᠦ᠌ ᠪᠣᠯᠪᠠᠰᠤᠨ ᠬᠡᠪ ᠰᠤᠷᠲᠠᠯ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠪᠠ᠃