3 ᠰᠠᠷ᠎ᠠ᠎ᠶ᠋ᠢᠨ 11 ᠤ᠋ ᠡᠳᠦᠷ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᡂᠢ ᠢᠤᠢ ᠠᠭᠤᠳᠠᠮ ᠲᠠᠯᠠᠪᠠᠶ᠎ᠳᠤ 2026 ᠣᠨ᠎ᠤ 《ᠯᠧᠢ ᠹᠧᠩ᠎ᠡᠴᠡ ᠳᠠᠭᠠᠨ ᠰᠤᠷᠤᠯᠴᠠᠵᠤ᠂ ᠡᠷᠡᠭᠦᠯ ᠮᠡᠨᠳᠦ ᠬᠦᠷᠭᠡᠬᠦ᠌》 ᠠᠯᠪᠠᠨ ᠵᠢᠷᠤᠮ ᠤᠨ ᠡᠮᠴᠢᠯᠡᠭᠡᠨ᠎ᠦ ᠠᠵᠢᠯᠯᠠᠭ᠎ᠠ ᠶᠠᠪᠤᠭ᠍ᠳᠠᠵᠤ᠂ ᠠᠵᠢᠯᠯᠠᠭ᠎ᠠ᠎ᠨᠢ 《ᠤᠷᠢᠬᠠᠨ ᠰᠠᠯᠬᠢ ᠬᠠᠢᠷ᠎ᠠ ᠬᠠᠯᠠᠮᠵᠢ ᠬᠦᠷᠭᠡᠵᠦ᠍᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ》 ᠪᠠᠷ ᠭᠤᠤᠯ ᠰᠡᠳᠦᠪ ᠪᠣᠯᠭᠠᠵᠤ᠂ ᠯᠧᠢ ᠹᠧᠩ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠴᠢᠨᠠᠷ ᠰᠠᠢᠲᠠᠶ ᠳᠥᠭᠥᠮ ᠳᠥᠲᠡ ᠡᠮᠴᠢᠯᠡᠭᠡᠨ᠎ᠦ ᠦᠶ᠋ᠯᠡᠴᠢᠯᠡᠭᠡ᠎ᠶ᠋ᠢ ᠰᠠᠭᠤᠭᠠᠯᠢ ᠠᠷᠠᠳ᠎ᠤᠨ ᠳᠡᠷᠭᠡᠳᠡ ᠬᠦᠷᠭᠡᠬᠦ᠌᠎ᠶ᠋ᠢ ᠵᠤᠷᠢᠪᠠ᠃
ᠠᠵᠢᠯᠯᠠᠭ᠎ᠠ ᠳ᠋ᠤ᠂ ᠡᠮᠴᠢᠯᠡᠭᠡᠨ᠎ᠤ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠡᠮᠡᠭ᠌ᠲᠡᠶ᠎ᠶ᠋ᠢᠨ ᠰᠠᠯᠠᠭ᠎ᠠ᠂ ᠶᠠᠰᠤᠨ᠎ᠤ ᠰᠠᠯᠠᠭ᠎ᠠ ᠂ ᠬᠢᠲᠠᠳ ᠡᠮᠨᠡᠯᠭᠡ ᠶ᠋ᠢᠨ ᠰᠠᠯᠠᠭ᠎ᠠ᠂ ᠮᠣᠩᠭᠣᠯ ᠡᠮᠨᠡᠯᠭᠡ᠎ᠶ᠋ᠢᠨ ᠰᠠᠯᠠᠭ᠎ᠠ ᠵᠡᠷᠭᠡ ᠣᠯᠠᠨ ᠰᠠᠯᠠᠭ᠎ᠠ ᠲᠠᠰᠤᠭ ᠢ ᠬᠠᠮᠤᠷᠴᠤ᠌᠂ ᠠᠳᠠᠯᠢ ᠪᠤᠰᠤ ᠬᠥᠮᠦᠰ᠎ᠦᠨ ᠡᠷᠡᠭᠦᠯ ᠮᠡᠨᠳᠦ᠍᠎ᠶ᠋ᠢᠨ ᠬᠡᠷᠡᠭ᠌ᠴᠡᠭᠡ᠎ᠶ᠋ᠢ ᠬᠠᠩᠭᠠᠪᠠ᠃ ᠡᠮᠴᠢ ᠨᠠᠷ ᠡᠴᠨ ᠦᠷᠭᠦᠯᠵᠢ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠳᠦ ᠴᠢᠭ᠌ᠯᠡᠭᠦᠯᠦᠨ ᠲᠤᠰᠭᠠᠶ ᠮᠡᠷᠭᠡᠵᠢᠯ᠎ᠦᠨ ᠣᠨᠣᠱᠢᠯᠠᠨ ᠡᠮᠨᠡᠬᠦ᠌ ᠰᠠᠨᠠᠭᠤᠯᠭ᠎ᠠ ᠪᠠ ᠡᠮ ᠬᠡᠷᠡᠭ᠌ᠯᠡᠬᠦ᠌ ᠵᠢᠯᠣᠭᠣᠳᠣᠯᠭ᠎ᠠ ᠬᠠᠩᠭᠠᠪᠠ᠃
ᠲᠣᠰ ᠤᠳᠠᠭᠠᠨ᠎ᠤ ᠠᠯᠪᠠᠨ ᠵᠢᠷᠤᠮ᠎ᠤᠨ ᠡᠮᠴᠢᠯᠡᠭᠡᠨ᠎ᠦ ᠠᠵᠢᠯᠯᠠᠭ᠎ᠠ᠎ᠶ᠋ᠢ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ᠂ ᠰᠠᠢᠬᠠᠨ ᠲᠣᠭᠣᠷᠢᠭ᠎ᠤᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠶᠡᠬᠡ ᠰᠤᠷᠭᠠᠭᠤᠯᠢ᠎ᠶ᠋ᠢᠨ ᠵᠡᠭᠦᠨ ᠵᠠᠮ᠎ᠤᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ ᠵᠡᠷᠭᠡ ᠨᠢᠭᠡᠴᠢ ᠬᠠᠮᠲᠤᠷᠠᠨ ᠡᠷᠭᠢᠯᠡᠪᠡ᠃ ᠠᠵᠢᠯᠯᠠᠭ᠎ᠠ ᠨᠢ ᠯᠧᠶ ᠹᠧᠩ᠎ᠦᠨ ᠵᠣᠷᠢᠭ ᠰᠠᠨᠠᠭᠠᠨ᠎ᠤ ᠠᠮᠢᠳᠤᠯᠢᠭ ᠦᠶ᠋ᠯᠡᠳᠦᠯᠭᠡ ᠪᠣᠯᠤᠨ ᠤᠯᠠᠮᠵᠢᠯᠠᠯ ᠪᠣᠯᠬᠤ᠎ᠪᠠᠷ ᠪᠠᠷᠠᠬᠤ ᠦᠭᠡᠶ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ ᠪᠣᠯᠤᠨ ᠬᠠᠢᠷ᠎ᠠ ᠬᠠᠯᠠᠮᠵᠢ᠎ᠶ᠋ᠢ ᠬᠠᠷᠢᠶᠠᠲᠤ ᠣᠷᠣᠨ᠎ᠤ ᠰᠠᠭᠤᠭᠠᠯᠢ ᠠᠷᠠᠳ᠎ᠤᠨ ᠰᠡᠳᠭᠢᠯ᠎ᠳᠦ ᠬᠦᠷᠭᠡᠵᠡᠶ᠃