ᠥᠪᠡᠷᠲᠡᠭᠡᠨ ᠵᠠᠰᠠᠬᠤ ᠣᠷᠣᠨ᠎ᠤ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠲᠤᠭᠤᠱᠢᠯᠠᠭᠤᠯᠬᠤ ᠺᠠᠳ᠋ᠷᠴᠤᠳ᠎ᠤᠨ ᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ
2026-03-14 12:06:59
ᠵᠣᠬᠢᠶᠠᠭ᠍ᠴᠢ᠄
​ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ  ᠪᠦᠦ ᠭᠠᠩ  ᠵᠠᠩ ᠶᠠᠨ ᠺᠦᠨ  ᠱ᠌ᠢ ᠭᠤᠸᠠᠩ ᠬᠤᠢ ᠣᠷᠣᠯᠴᠠᠵᠠᠢ


3 ᠰᠠᠷ᠎ᠠ᠎ᠶ᠋ᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃


QQ20260314-120504.png


3 ᠰᠠᠷ᠎ᠠ᠎ᠶ᠋ᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠲᠤᠰ ᠰᠤᠨᠢᠨ᠎ᠤ ᠰᠤᠷᠪᠤᠯᠵᠢᠯᠠᠭᠴᠢ  ᠮᠠ ᠵᠢᠶᠠᠨ ᠪᠢᠩ  ᠰᠡᠬᠦᠳᠡᠷᠯᠡᠪᠠ


ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ ᠵᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠪᠠᠢᠴᠠᠭᠠᠬᠤ ᠳᠠᠷᠤᠭ᠎ᠠ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠭᠤᠤᠯ ᠬᠠᠷᠢᠭᠤᠴᠠᠯᠭᠠᠲᠠᠨ ᠨᠥᠬᠥᠳ᠂ ᠬᠡᠰᠡᠭ ᠮᠤᠵᠢ᠎ᠶ᠋ᠢᠨ ᠲᠠᠰ᠎ᠤᠨ ᠠᠵᠢᠯ᠎ᠡᠴᠡ᠎ᠪᠠᠨ ᠠᠮᠠᠷᠠᠭ᠍ᠰᠠᠨ ᠠᠬᠠᠮᠠᠳ ᠨᠥᠬᠥᠳ ᠬᠤᠷᠠᠯ᠎ᠳᠤ ᠣᠷᠣᠯᠴᠠᠵᠠᠶ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ ᠨᠡᠢᠲᠡᠯᠡᠭ᠌ᠰᠡᠨ ᠠᠯᠢ ᠣᠯᠠᠨ ᠴᠢᠬᠤᠯᠠ ᠶᠠᠷᠢᠶ᠎ᠠ᠎ᠨᠢ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠪᠢᠳᠡᠨ᠎ᠦ 《ᠠᠷᠪᠠᠨ ᠲᠠᠪᠤᠳᠤᠭᠠᠷ ᠲᠠᠪᠤᠨ ᠵᠢᠯ》 ᠳ᠋ᠤ᠌ ᠡᠷᠡᠮᠡᠬᠡᠢᠯᠡᠨ ᠲᠡᠮᠡᠴᠡᠵᠦ᠍᠂ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ᠎ᠳᠤ ᠴᠢᠬᠤᠯᠠ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠪᠠ᠃ ᠪᠦᠬᠦ᠌ ᠤᠯᠤᠰ᠎ᠤᠨ ᠬᠣᠶᠠᠷ ᠬᠤᠷᠠᠯ᠎ᠡᠴᠡ ᠪᠠᠲᠤᠯᠠᠭ᠍ᠰᠠᠨ ᠢᠯᠡᠳᠭᠡᠯ ᠮᠡᠳᠡᠭᠦᠯᠦᠯᠲᠡ᠂ ᠬᠥᠲᠥᠯᠪᠦᠷᠢ᠂ ᠬᠠᠤᠯᠢ᠎ᠶ᠋ᠢᠨ ᠲᠥᠰᠦᠯ ᠵᠡᠷᠭᠡ ᠨᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ᠎ᠶ᠋ᠢ ᠭᠦᠢᠴᠡᠳ ᠨᠤᠲᠠᠯᠠᠵᠤ᠂ ᠤᠯᠤᠰ᠎ᠤᠨ ᠡᠯ᠎ᠡ ᠲᠠᠯ᠎ᠠ᠎ᠶ᠋ᠢᠨ ᠠᠵᠢᠯ᠎ᠳᠤ ᠪᠠᠢᠷᠢᠯᠠᠭᠤᠯᠤᠯᠲᠠ ᠲᠤᠬᠢᠷᠠᠭᠤᠯᠤᠯᠳᠠ ᠬᠢᠵᠦ᠍᠂ ᠨᠠᠮ᠎ᠤᠨ ᠵᠣᠷᠢᠯᠲᠠ ᠪᠣᠯᠤᠨ ᠠᠷᠠᠳ ᠲᠦᠮᠡᠨ᠎ᠦ ᠬᠦᠰᠡᠯ ᠵᠣᠷᠢᠯᠲᠠ᠎ᠶ᠋ᠢᠨ ᠳᠡᠭᠡᠳᠦ ᠬᠡᠮᠵᠢᠶᠡᠨ᠎ᠦ ᠨᠢᠭᠡᠳᠦᠯ᠎ᠢ ᠢᠯᠡᠷᠡᠭᠦᠯᠪᠡ᠃ ᠬᠢᠨᠠᠨ ᠵᠥᠪᠯᠡᠵᠦ᠍ ᠪᠠᠲᠤᠯᠠᠭ᠍ᠰᠠᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ ᠪᠣᠯᠤᠨ ᠦᠨᠳᠦᠰᠦᠲᠡᠨ᠎ᠦ ᠪᠦᠯᠬᠦᠮᠳᠡᠯ ᠳᠠᠪᠱᠢᠯᠳᠠ᠎ᠶ᠋ᠢ ᠠᠬᠢᠭᠤᠯᠬᠤ ᠬᠠᠤᠯᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠪᠣᠯ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌ ᠴᠢᠬᠤᠯᠠ ᠶᠡᠬᠡ ᠬᠠᠤᠯᠢ ᠲᠣᠭ᠍ᠲᠠᠭᠠᠯᠲᠠ᠎ᠶ᠋ᠢᠨ ᠦᠷ᠎ᠡ ᠪᠦᠲᠦᠭᠡᠯ ᠪᠣᠯᠤᠨ᠎ᠠ᠃ ᠣᠷᠣᠨ ᠳᠠᠶᠠᠭᠠᠷ᠎ᠢᠶᠠᠨ ᠭᠦᠨᠵᠡᠭᠡᠶ ᠣᠢᠯᠠᠭᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠠᠬᠢᠭᠤᠯᠬᠤ᠎ᠲᠠᠶ ᠤᠶᠠᠯᠳᠤᠭᠤᠯᠤᠨ ᠠᠵᠢᠯ᠎ᠤᠨ ᠠᠷᠭ᠎ᠠ ᠬᠡᠮᠵᠢᠢ᠎ᠡ᠎ᠪᠡᠨ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠠᠢᠭᠠᠳ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠭᠦᠯᠬᠦ᠎ᠶ᠋ᠢ ᠠᠬᠢᠭᠤᠯᠬᠤ ᠬᠡᠷᠡᠭ᠌ᠲᠡᠢ᠃ ᠬᠠᠤᠯᠢ᠎ᠪᠠᠷ ᠵᠠᠰᠠᠬᠤ ᠵᠠᠮ ᠳᠡᠭᠡᠷ᠎ᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠤᠨ ᠱᠠᠭᠠᠷᠳᠠᠯᠭ᠎ᠠ᠎ᠶ᠋ᠢ ᠡᠯ᠎ᠡ ᠵᠦᠢᠯ᠎ᠦᠨ ᠠᠵᠢᠯ᠎ᠳᠠᠭᠠᠨ ᠪᠦᠬᠦ᠌ ᠲᠠᠯ᠎ᠠ᠎ᠪᠠᠷ ᠪᠣᠳᠠᠲᠠᠢ ᠭᠦᠨᠵᠡᠭᠡᠢ ᠨᠠᠢᠳᠠᠪᠤᠷᠢᠵᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠨᠡᠩ ᠤᠯᠠᠨ ᠦᠷ᠎ᠡ ᠪᠦᠲᠦᠭᠡᠯ ᠤᠯᠬᠤ᠎ᠶ᠋ᠢ ᠠᠬᠢᠭᠤᠯᠬᠤ ᠬᠡᠷᠡᠭᠲᠡᠢ᠃ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠥᠲᠥᠭᠡᠨ ᠪᠠᠢᠭᠤᠯᠤᠯᠲᠠ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯᠤᠨ ᠬᠥᠬᠡ ᠣᠭ᠍ᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ᠎ᠶ᠋ᠢᠨ ᠬᠠᠮᠠᠭᠠᠯᠠᠯᠲᠠ ᠵᠢᠨ ᠳᠠᠢᠯᠠᠯᠳᠤᠭᠠᠨ᠎ᠢ ᠰᠠᠢᠲᠤᠷ ᠬᠢᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂《ᠬᠣᠶᠠᠷ ᠬᠠᠯᠬᠠᠪᠴᠢ》 ᠶ᠋ᠢ ᠰᠠᠢᠲᠤᠷ ᠪᠥᠲᠥᠭᠡᠨ ᠪᠠᠢᠭᠤᠯᠬᠤ ᠬᠡᠷᠡᠭᠲᠡᠢ᠃ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠦᠲᠦᠭᠡᠨ ᠪᠠᠢᠭᠤᠯᠤᠯᠲᠠ ᠵᠢ ᠬᠦᠴᠦᠯᠡᠨ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠂ ᠭᠡᠷᠡᠭᠯᠡᠭᠡᠨ᠎ᠤ ᠬᠥᠳᠡᠯᠭᠡᠭᠦᠷ᠎ᠤᠨ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠳᠡ᠎ᠪᠡᠷ ᠠᠵᠤ ᠦᠶ᠋ᠯᠡᠰ᠎ᠦᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠢ ᠠᠵᠢᠯᠯᠠᠭ᠎ᠠ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠦᠷᠭᠡᠳᠭᠡᠬᠦ ᠠᠵᠢᠯᠯᠠᠭ᠎ᠠ ᠪᠠ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠤ᠋ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠡᠭᠦᠳᠦᠨ ᠪᠠᠢᠭᠤᠯᠵᠤ᠂ ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠣᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ ᠪᠠ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂  ᠮᠠᠨ᠎ᠤ ᠣᠷᠣᠨ᠎ᠤ ᠠᠵᠤ ᠠᠬᠤᠶ᠎ᠶ᠋ᠢᠨ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠤᠭ᠎ᠠ ᠬᠡᠮᠵᠢᠶ᠎ᠡ᠎ᠶ᠋ᠢ ᠵᠦᠶ ᠵᠣᠬᠢᠰᠲᠠᠶ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭᠳᠡᠢ᠃ ᠠᠷᠠᠳᠴᠢᠯᠠᠯ ᠬᠠᠤᠯᠢ ᠪᠡᠷ ᠵᠠᠰᠠᠬᠤ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ ᠪᠠ ᠱᠢᠭᠦᠬᠦ᠌ ᠬᠣᠷᠢᠶ᠎ᠠ᠂ ᠪᠠᠢᠴᠠᠭᠠᠬᠤ ᠬᠣᠷᠢᠶ᠎ᠠ᠎ᠶ᠋ᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠳᠡᠮᠵᠢᠨ ᠪᠠᠳᠤᠯᠠᠵᠤ᠂ ᠪᠥᠬᠥ᠌ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠦᠨ᠂ ᠨᠠᠩ ᠥᠨᠳᠥᠷ ᠲᠦᠪᠱᠢᠨ ᠪᠥᠬᠥᠶ ᠬᠠᠤᠯᠢ ᠪᠡᠷ ᠵᠠᠰᠠᠬᠤ ᠥᠪᠥᠷ ᠮᠣᠩᠭᠣᠯ᠎ᠢ ᠪᠥᠲᠥᠭᠡᠨ ᠪᠠᠢᠭᠤᠯᠬᠤ ᠬᠡᠷᠡᠭᠳᠡᠢ᠃ ᠨᠡᠩ ᠶᠡᠬᠡ ᠡᠷᠴᠢᠮ᠎ᠢᠶᠡᠷ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠱᠢᠨ᠎ᠡ ᠪᠠᠢᠳᠠᠯ ᠳᠣᠣᠷᠠᠬᠢ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ ᠪᠣᠯᠤᠨ ᠠᠷᠠᠳ᠎ᠤᠨ ᠠᠮᠢᠳᠤᠷᠠᠯ᠎ᠤᠨ ᠠᠵᠢᠯ᠎ᠤᠨ ᠱᠢᠨ᠎ᠡ ᠣᠨᠴᠠᠯᠢᠭ᠎ᠢ ᠣᠨᠣᠪᠴᠢᠲᠠᠢ ᠡᠵᠡᠮᠳᠡᠵᠦ᠍᠂ ᠡᠪᠡᠷᠱᠢᠶᠡᠯ᠎ᠢ ᠬᠦᠴᠦᠯᠡᠨ ᠱᠢᠢᠳᠪᠦᠷᠢᠯᠡᠵᠦ᠍᠂ ᠬᠦᠴᠢᠷᠳᠡᠯ᠎ᠢ ᠢᠯᠡᠨ ᠲᠠᠪᠠᠵᠦ᠂《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》ᠢ᠋ ᠭᠦᠨᠵᠡᠭᠡᠢ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠪᠣᠳᠠᠰ᠎ᠤᠨ ᠲᠠᠯ᠎ᠠ ᠡᠴᠡ ᠤᠶᠤᠨ᠎ᠤ ᠲᠠᠯ᠎ᠠ ᠬᠦᠷᠲᠡᠯ᠎ᠡ ᠨᠡᠩ ᠥᠭᠡᠳᠡ ᠡᠰᠡᠷᠡᠭ ᠠᠮᠢᠳᠤᠷᠠᠭᠤᠯᠬᠤ ᠬᠡᠷᠡᠭ᠌ᠲᠡᠢ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠤᠯᠤᠰ᠎ᠤᠨ 《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠳᠡᠬᠢ ᠮᠠᠨ᠎ᠤ ᠣᠷᠣᠨ᠎ᠳᠤ ᠬᠣᠯᠪᠣᠭ᠍ᠳᠠᠬᠤ ᠵᠦᠢᠯ᠎ᠦᠳ᠎ᠢ ᠰᠠᠢᠲᠤᠷ ᠨᠠᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠵᠤ ᠪᠠᠢᠭ᠎ᠠ ᠪᠠᠢᠳᠠᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠲᠤᠰᠭᠠᠶ ᠵᠦᠢᠯ᠎ᠦᠨ ᠲᠥᠯᠥᠪᠵᠢᠭᠦᠯᠭᠡ᠎ᠶ᠋ᠢ ᠰᠠᠢᠲᠤᠷ ᠨᠠᠢᠷᠠᠭᠤᠯᠤᠨ ᠵᠣᠬᠢᠶᠠᠬᠤ ᠬᠡᠷᠡᠭᠳᠡᠢ ᠭᠡᠵᠦ ᠴᠢᠬᠤᠯᠠᠴᠢᠯᠠᠪᠠ᠃

ᠬᠤᠷᠠᠯ ᠡᠴᠡ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦ᠌ ᠵᠢᠯ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭ᠌ᠲᠡᠢ᠃ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ ᠨᠠᠮ᠎ᠤᠨ ᠡᠯ᠎ᠡ ᠵᠦᠢᠯ᠎ᠦᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠰᠤᠷᠤᠯᠴᠠᠯᠭ᠎ᠠ ᠵᠢ ᠶᠡᠬᠡᠪᠡᠷ ᠡᠷᠬᠢᠮᠯᠡᠵᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠲᠥᠪ ᠭᠣᠣᠯᠴᠢ ᠠᠷᠢᠭᠤᠨ ᠴᠢᠬᠡᠴᠢ ᠪᠠᠢᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ᠃ 《ᠬᠣᠶᠠᠷ᠎ᠢ ᠬᠠᠮᠠᠭᠠᠯᠠᠬᠤ》 ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ᠎ᠪᠠᠷ ᠠᠵᠠ ᠲᠣᠬᠢᠶᠠᠯ ᠪᠣᠯᠭᠠᠵᠤ ᠡᠯ᠎ᠡ ᠱᠠᠲᠤᠨ᠎ᠤ ᠤᠳᠤᠷᠢᠳᠭᠤ ᠪᠠᠭ᠎ᠢ ᠣᠨᠣᠪᠴᠢᠲᠠᠶ ᠰᠣᠩᠭᠣᠨ ᠰᠢᠯᠢᠳᠡᠭ᠎ᠢ ᠨᠢ ᠲᠣᠬᠢᠷᠠᠭᠤᠯᠵᠤ᠂ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠴᠦᠰ᠎ᠲᠦᠨᠢ ᠲᠤᠯᠲᠠᠯ᠎ᠠ ᠬᠡᠷᠡᠭ᠌ᠵᠢᠭᠦᠯᠬᠦ᠌ ᠬᠦᠴᠦᠨ᠂ ᠨᠡᠪᠲᠡᠯᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠬᠢᠨᠠᠮᠠᠭᠠᠶ ᠵᠣᠬᠢᠶᠠᠨ ᠪᠠᠢᠭᠤᠯᠤᠨ ᠥᠷᠨᠢᠭᠦᠯᠵᠦ᠍᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠯᠠᠪᠳᠠᠭᠤᠨ ᠪᠠᠲᠤᠲᠠᠶ᠎ᠪᠠᠷ ᠠᠵᠢᠯ ᠬᠢᠵᠦ᠍ ᠦᠶ᠋ᠯᠡᠰ ᠪᠤᠰᠬᠠᠬᠤ ᠵᠢ ᠬᠥᠲᠥᠯᠥᠨ ᠵᠢᠯᠣᠭᠣᠳᠬᠤ ᠬᠡᠷᠡᠭ᠌ᠲᠡᠶ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶ᠋ᠢ ᠵᠡᠷᠭᠡ᠎ᠪᠡᠷ ᠠᠳᠭᠤᠬᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶ᠋ᠢ ᠬᠠᠷᠢᠯᠴᠠᠨ ᠨᠡᠪᠲᠡᠷᠡᠯᠴᠡᠭᠦᠯᠬᠦ ᠵᠢ ᠪᠠᠷᠢᠮᠲᠠᠯᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ ᠰᠦᠨ ᠱᠤᠤ ᠴᠸᠩ᠂ ᠸᠠᠩ ᠯᠢ ᠱᠢᠶᠠ ᠵᠡᠷᠭᠡ ᠬᠦᠮᠦᠰ᠎ᠤᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠵᠤ ᠵᠠᠰᠠᠬᠤ᠎ᠶ᠋ᠢ ᠠᠬᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠢᠯᠵᠢᠷᠡᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠭ᠍ᠰᠠᠨ ᠪᠣᠳᠠᠲᠤ ᠦᠷ᠎ᠡ ᠪᠦᠲᠦᠮᠵᠢ᠎ᠪᠡᠷ ᠠᠷᠠᠳ᠎ᠤᠨ ᠢᠲᠡᠭᠡᠯ᠎ᠢ ᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠨᠢ ᠸᠢᠳᠢᠣ᠋᠎ᠶ᠋ᠢᠨ ᠬᠡᠯᠪᠡᠷᠢ᠎ᠪᠡᠷ ᠶᠠᠪᠤᠭ᠍ᠳᠠᠵᠤ᠂ ᠡᠯ᠎ᠡ ᠠᠢᠮᠠᠭ ᠬᠤᠳᠠ᠂ ᠬᠣᠱᠢᠭᠤ ᠱᠢᠶᠠᠨ (ᠬᠤᠳᠠ᠂ ᠲᠣᠭᠣᠷᠢᠭ) ᠳ᠋ᠤ᠌ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号