ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠣᠯᠪᠣᠭ᠍ᠳᠠᠯ ᠪᠦᠬᠦᠢ ᠪᠦᠯᠬᠦᠮ ᠳᠤᠭᠤᠢᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ ᠲᠤᠭᠤᠱᠢᠯᠠᠭᠤᠯᠪᠠ
2026-03-14 12:11:25
ᠵᠣᠬᠢᠶᠠᠭ᠍ᠴᠢ᠄
​ ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠬᠤᠷᠠᠯ᠎ᠢ ᠡᠷᠬᠢᠯᠡᠵᠡᠢ


3 ᠰᠠᠷ᠎ᠠ᠎ᠶ᠋ᠢᠨ 13 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠣᠯᠪᠣᠭ᠍ᠳᠠᠯ ᠪᠦᠬᠦᠢ ᠪᠦᠯᠬᠦᠮ ᠳᠤᠭᠤᠢᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠡᠢ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠣᠯᠪᠣᠭ᠍ᠳᠠᠯ ᠪᠦᠬᠦᠢ ᠪᠦᠯᠬᠦᠮ ᠳᠤᠭᠤᠢᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠰᠠᠢᠲᠤᠷ ᠠᠳᠭᠤᠬᠤ᠂ ᠡᠷᠡᠭᠦᠯ ᠡᠩᠬᠡ ᠳᠤᠮᠳᠠᠳᠤ ᠤᠯᠤᠰ᠎ᠢ ᠪᠦᠳᠦᠭᠡᠨ ᠪᠠᠢᠭᠤᠯᠬᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠨᠭᠬᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠵᠡᠷᠭᠡ᠎ᠶ᠋ᠢᠨ ᠲᠣᠭᠣᠷᠢᠨ᠎ᠳᠤ ᠭᠦᠨᠵᠡᠭᠡᠢ ᠲᠣᠳᠣᠷᠬᠠᠢᠯᠠᠨ ᠥᠭᠦᠯᠡᠵᠦ᠍᠂ ᠪᠢᠳᠡᠨ᠎ᠦ ᠬᠣᠯᠪᠣᠭ᠍ᠳᠠᠯ ᠪᠦᠬᠦᠢ ᠠᠵᠢᠯ᠎ᠢ ᠰᠠᠢᠲᠤᠷ ᠬᠢᠬᠦ᠌᠎ᠳᠦ ᠴᠢᠬᠤᠯᠠ ᠵᠢᠷᠤᠮᠯᠠᠯ ᠬᠠᠩᠭᠠᠵᠠᠢ᠃ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠲᠠᠶ ᠤᠶᠠᠯᠳᠤᠭᠤᠯᠵᠤ ᠪᠠᠢᠭᠠᠳ ᠨᠢᠭᠡ ᠴᠤᠬ᠍ᠴᠠᠵᠢᠭᠤᠯᠤᠨ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠠᠨᠭᠬᠠᠷᠤᠯ᠎ᠵᠢᠡᠨ ᠲᠦᠪᠯᠡᠷᠡᠭᠦᠯᠦᠨ ᠬᠦᠴᠦ᠍᠎ᠪᠡᠨ ᠲᠥᠪᠯᠡᠷᠡᠭᠦᠯᠦᠨ ᠨᠠᠢᠳᠠᠪᠤᠷᠢᠵᠢᠭᠤᠯᠵᠤ᠂ ᠱᠢᠨ᠎ᠡ ᠪᠠᠢᠳᠠᠯ᠎ᠢ ᠰᠤᠳᠤᠯᠤᠨ ᠱᠢᠨ᠎ᠡ ᠠᠰᠠᠭᠤᠳᠠᠯ᠎ᠢ ᠱᠢᠢᠳᠪᠦᠷᠢᠯᠡᠬᠦ᠌ ᠲᠠᠯ᠎ᠠ᠎ᠪᠠᠷ ᠬᠦᠴᠦ᠍ ᠣᠷᠣᠭᠤᠯᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠨ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠦᠷ᠎ᠡ ᠪᠦᠲᠦᠮᠵᠢ ᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠱᠢᠨ᠎ᠡ ᠡᠨᠧᠷᠭᠢ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠬᠣᠪᠣᠷ ᠱᠢᠷᠣᠢ᠎ᠶ᠋ᠢᠨ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠦᠢᠯᠡᠳᠭᠡᠯ᠂ ᠡᠪᠡᠰᠦᠨ᠎ᠦ ᠦᠢᠯᠡᠰ ᠰᠦ᠎ᠶ᠋ᠢᠨ ᠦᠢᠯᠡᠰ ᠵᠡᠷᠭᠡ ᠤᠨᠴᠠᠯᠢᠬ᠍ᠳᠤ ᠳᠠᠪᠠᠭᠤᠯᠢᠭ ᠠᠵᠤ ᠦᠢᠯᠡᠰ ᠪᠣᠯᠤᠨ ᠪᠠᠴᠢᠮ ᠬᠦᠭᠵᠢᠬᠦ ᠴᠢᠬᠤᠯᠠᠳᠠᠢ ᠬᠦᠷᠢᠶ᠎ᠠ᠎ᠳᠦ ᠴᠢᠭ᠌ᠯᠡᠭᠦᠯᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ᠎ᠢ ᠲᠥᠯᠥᠪᠵᠢᠭᠦᠯᠦᠨ ᠪᠠᠢᠷᠢᠱᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠬᠡᠷᠡᠭ᠌ᠲᠡᠢ᠃ ᠮᠠᠯ ᠠᠵᠤ ᠠᠬᠤᠶ ᠲᠠᠷᠢᠶᠠᠯᠠᠩ ᠪᠣᠯᠤᠨ ᠤᠯᠠᠮᠵᠢᠯᠠᠯᠲᠤ ᠡᠨᠧᠷᠭᠢ᠎ᠶ᠋ᠢᠨ ᠠᠵᠤ ᠦᠶ᠋ᠯᠡᠰ᠎ᠦᠨ ᠦᠨᠳᠦᠰᠦᠨ ᠪᠠᠢᠳᠠᠯ᠎ᠢ ᠪᠠᠲᠤ ᠡᠵᠡᠮᠳᠡᠵᠦ᠍᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠦᠨ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠣᠪᠣᠷ ᠱᠢᠷᠣᠶ ᠵᠡᠷᠭᠡ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠴᠢᠩᠭᠠᠳᠭᠠᠨ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠵᠢᠨ ᠤᠶᠠᠨ ᠬᠠᠲᠠᠨ ᠴᠢᠨᠠᠷ ᠪᠣᠯᠤᠨ ᠠᠮᠤᠷ ᠲᠦᠪᠱᠢᠨ᠎ᠦ ᠬᠢᠷᠢ ᠭᠡᠮᠵᠢᠶ᠎ᠡ᠎ᠵᠢ ᠳᠡᠭᠡᠭ᠌ᠰᠢᠯᠡᠭᠦᠯᠵᠦ᠍᠂ ᠪᠥᠬᠥ᠌ ᠲᠠᠯ᠎ᠠ᠎ᠶ᠋ᠢᠨ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠳᠤ ᠨᠠᠩ ᠰᠠᠢᠲᠤᠷ ᠠᠭᠤᠰᠤᠯᠴᠠᠬᠤ ᠬᠡᠷᠡᠭ᠌ᠲᠡᠶ᠃ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠰᠡᠳᠭᠢᠯ ᠲᠠᠯᠪᠢᠵᠤ ᠬᠠᠢᠷ᠎ᠠ ᠰᠡᠳᠭᠢᠯᠭᠡ᠎ᠲᠡᠶ᠎ᠪᠡᠷ ᠠᠬᠢᠭᠤᠯᠵᠤ᠂ ᠣᠯᠠᠨ ᠲᠦᠮᠡᠨ᠎ᠦ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠲᠠᠯ᠎ᠠ᠎ᠶ᠋ᠢᠨ ᠲᠤᠯᠭᠠᠮ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠴᠢᠷᠮᠠᠢᠨ ᠨᠡᠮᠡᠭ᠌ᠳᠡᠭᠦᠯᠵᠦ᠍᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠬᠡᠷᠡᠭ᠌ᠲᠡᠶ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠢᠮᠠᠭ᠍ᠲᠠ ᠲᠤᠭᠤᠱᠢᠯᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠨᠠᠷᠢᠨ ᠨᠢᠮᠪᠠᠢ ᠵᠣᠬᠢᠶᠠᠨ ᠪᠠᠢᠭᠤᠯᠤᠨ ᠥᠷᠨᠢᠭᠦᠯᠵᠦ᠍᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠵᠢ ᠴᠦᠬᠦᠷᠡᠰᠢ ᠦᠭᠡᠢ ᠠᠬᠢᠭᠤᠯᠤᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠷᠭᠦᠯᠵᠢᠯᠡᠨ ᠪᠤᠢ ᠪᠣᠯᠭᠠᠬᠤ ᠬᠡᠷᠡᠭ᠌ᠲᠡᠢ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠦᠷᠢᠶᠡᠨ᠎ᠦ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠤᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠰᠢᠰᠲᠧᠮ᠎ᠢ ᠪᠦᠷᠢᠨᠰᠢᠭᠦᠯᠵᠦ᠂ ᠴᠢᠨᠠᠷ ᠰᠠᠢᠲᠠᠢ ᠥᠨᠳᠥᠷ ᠪᠦᠲᠦᠮᠵᠢᠲᠡᠢ ᠡᠮᠴᠢᠯᠡᠭᠡᠨ᠎ᠤ ᠦᠢᠯᠡᠴᠢᠯᠡᠭᠡᠨ᠎ᠦ ᠰᠢᠰᠲᠧᠮ᠎ᠢ ᠪᠠᠢᠭᠤᠯᠵᠤ᠂ ᠡᠮᠴᠢᠯᠡᠬᠡᠨ᠎ᠤ ᠦᠢᠯᠡᠴᠢᠯᠡᠭᠡᠨ᠎ᠦ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠵᠦ᠂ ᠡᠷᠡᠭᠦᠯ ᠪᠣᠯᠪᠠᠰᠤᠨ ᠠᠮᠢᠳᠤᠷᠠᠯ᠎ᠤᠨ ᠠᠷᠭ᠎ᠠ ᠬᠡᠯᠪᠡᠷᠢ᠎ᠶᠢ ᠰᠠᠨᠠᠭᠠᠴᠢᠯᠠᠵᠤ᠂ ᠤᠯᠠᠨ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠤᠯᠠᠨ ᠡᠰᠢᠴᠢᠯᠡᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠬᠡᠷᠡᠭᠴᠡᠭᠡ᠎ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ᠎ᠶᠢᠨ ᠤᠯᠤᠰ ᠲᠦᠷᠦ᠎ᠪᠡᠷ ᠴᠡᠷᠢᠭ ᠪᠠᠶ᠋ᠢᠭᠤᠯᠬᠤ ᠠᠷᠭ᠎ᠠ ᠪᠣᠳᠣᠯᠭ᠎ᠠ᠎ᠶᠢ ᠨᠠᠮ᠎ᠡᠴᠡ ᠵᠡᠪᠰᠡᠭᠲᠦ ᠬᠦᠴᠦᠨ᠎ᠢ ᠬᠠᠮᠢᠶᠠᠷᠬᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ᠎ᠶᠢᠨ ᠪᠠᠢᠭᠤᠯᠤᠯᠲᠠ᠎ᠶᠢ ᠳᠡᠮᠵᠢᠬᠦ ᠡᠯ᠎ᠡ ᠵᠦᠢᠯ᠎ᠦᠨ ᠠᠵᠢᠯ᠎ᠳᠤ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶᠢᠨ ᠪᠣᠳᠠᠲᠦ ᠬᠡᠷᠡᠭᠴᠡᠭᠡ᠎ᠶᠢ ᠭᠦᠨᠵᠡᠭᠡᠢ ᠣᠢᠯᠠᠭᠠᠵᠤ᠂ ᠪᠦᠬᠦ ᠰᠡᠳᠬᠢᠯ ᠪᠦᠬᠦ ᠬᠦᠴᠦᠨ᠎ᠢᠶᠡᠷ᠎ᠢᠶᠡᠨ ᠦᠢᠯᠡᠴᠢᠯᠡᠭᠡ ᠪᠠᠲᠤᠯᠠᠭ᠎ᠠ᠎ᠶᠢ ᠰᠠᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ 2 ᠰᠠᠷ᠎ᠠ᠎ᠶᠢᠨ 27᠎ᠤ᠋ ᠡᠳᠦᠷ᠎ᠦᠨ ᠨᠠᠮ᠎ᠤᠨ ᠲᠦᠪ ᠬᠤᠷᠢᠶ᠎ᠠ ᠵᠢᠨ ᠤᠯᠤᠰ ᠲᠥᠷᠥ᠎ᠶᠢᠨ ᠲᠣᠪᠴᠢᠶ᠎ᠡ ᠵᠢᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠶᠣᠰᠣᠭᠠᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠥᠲᠥᠯᠪᠦᠷᠢ ᠪᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠲᠠᠢ ᠪᠠᠷᠢᠮᠵᠢᠶᠠᠯᠠᠨ ᠬᠠᠷᠭᠤᠭᠤᠯᠵᠤ᠂ ᠡᠭᠦᠷᠭᠡ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ ᠪᠣᠳᠠᠲᠠᠢᠵᠢᠭᠤᠯᠵᠤ᠂  ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠡᠨᠡ ᠵᠢᠯ᠎ᠦᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠯ᠎ᠡ ᠵᠦᠢᠯ᠎ᠦᠨ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠬᠦ ᠬᠡᠷᠡᠭᠲᠡᠢ᠃ ᠵᠢᠯ᠎ᠦᠨ ᠡᠬᠢᠨ᠎ᠦ ᠬᠠᠷᠠᠯᠲᠠ ᠵᠢ ᠪᠠᠲᠤ ᠡᠵᠡᠮᠳᠡᠵᠦ᠂ ᠡᠷᠴᠢᠮ᠎ᠢᠶᠡᠨ ᠴᠢᠩᠭᠠᠷᠠᠭᠤᠯᠤᠨ᠂ ᠠᠬᠢᠴᠠ᠎ᠪᠠᠨ ᠲᠦᠷᠭᠡᠳᠬᠡᠨ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠵᠤ᠂ ᠲᠦᠷᠦᠬᠦᠦ ᠤᠯᠠᠷᠢᠯ᠎ᠤᠨ ᠠᠵᠤ ᠠᠬᠤᠢ᠎ᠶᠢᠨ 《ᠰᠠᠢᠨ ᠡᠬᠢᠯᠡᠯᠲᠡ》 ᠶ᠋ᠢ ᠪᠡᠶᠡᠯᠡᠭᠦᠯᠬᠦ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ᠎ᠰᠢ᠎ᠶᠢᠨ ᠫᠢᠩ᠎ᠤᠨ ᠨᠠᠮ᠎ᠤᠨ ᠲᠥᠪ ᠬᠤᠷᠢᠶ᠎ᠡ ᠵᠢᠨ ᠤᠯᠤᠰ ᠲᠥᠷᠥ᠎ᠶᠢᠨ ᠲᠣᠪᠴᠢᠶ᠎ᠡ ᠵᠢᠨ ᠭᠡᠰᠢᠭᠦᠨ᠂ ᠱᠦᠵᠢ ᠨᠠᠷ᠎ᠦᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠂ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠎ᠶᠢᠨ ᠪᠢᠴᠢᠭ᠎ᠦᠨ ᠲᠤᠰᠢᠶᠠᠯ᠎ᠤᠨ ᠮᠡᠳᠡᠭᠦᠯᠦᠯᠲᠡ ᠵᠢ ᠬᠢᠨᠡᠨ ᠦᠵᠡᠬᠦ ᠦᠶ᠎ᠡ᠎ᠳᠦ ᠭᠠᠷᠭᠠᠭᠰᠠᠨ ᠴᠢᠬᠤᠯᠠ ᠱᠠᠭᠠᠷᠳᠠᠯᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠮᠠᠭᠲᠠ《ᠬᠣᠶᠠᠷ᠎ᠢ ᠲᠣᠭᠲᠠᠭᠠᠰᠠᠨ》 ᠢ᠋ ᠬᠦᠷᠢᠶᠡᠯᠡᠬᠦ᠂《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠎ᠪᠡᠷ ᠬᠠᠮᠤᠭ᠎ᠤᠨ ᠳᠡᠭᠡᠳᠦ ᠤᠯᠤᠰ ᠲᠥᠷᠥ᠎ᠶᠢᠨ ᠵᠠᠷᠴᠢᠮ ᠪᠠ ᠤᠯᠤᠰ ᠲᠥᠷᠥ᠎ᠶᠢᠨ ᠶᠣᠰᠣ᠌ ᠳᠦᠷᠢᠮ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠪᠠᠳᠤ ᠦᠢᠯᠡᠳᠦᠯᠭᠡᠵᠢᠬᠦᠯᠦᠨ ᠬᠡᠷᠡᠭᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶᠢ ᠪᠡᠶᠡᠯᠡᠭᠦᠯᠬᠦ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号