ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ
2026-03-14 11:43:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— 2026 ᠣᠨ᠎ᠤ 3 ᠰᠠᠷ᠎ᠠ᠎ᠶ᠋ᠢᠨ 5 ᠎ᠤ᠋ ᠡᠳᠦᠷ ᠠᠷᠪᠠᠨ ᠲᠦᠷᠪᠡᠳᠦᠬᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠳᠦᠷᠪᠡᠳᠦᠬᠡᠷ ᠬᠤᠷᠠᠯ ᠲᠡᠭᠡᠷ᠎ᠠ    

ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠢᠳ  ᠯᠢ ᠴᠢᠶᠠᠩ

ᠳᠦᠯᠦᠭᠡᠯᠡᠭ᠌ᠴᠢᠳ ᠡ ᠄

ᠤᠳᠤ ᠪᠢ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠶᠡᠭᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠶ᠎ᠠ᠂ ᠬᠢᠨᠠᠨ ᠶᠠᠷᠢᠯᠴᠠᠬᠤ ᠪᠣᠯᠪᠠ ᠤᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ ᠴᠦ᠍ ᠰᠠᠨᠠᠯ᠎ᠢᠶᠠᠨ ᠳᠤᠷᠠᠳᠭᠤ ᠪᠣᠯᠪᠠ ᠤᠤ᠃

ᠨᠢᠭᠡ᠂ 2025 ᠣᠨ᠎ᠤ ᠠᠵᠢᠯ᠎ᠤᠨ ᠡᠷᠭᠢᠴᠡᠭᠦᠯᠦᠯ

2025 ᠣᠨ ᠪᠣᠯ ᠲᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠮᠥᠨ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠢᠯᠠᠯᠳᠠ᠎ᠲᠠᠢ᠎ᠪᠠᠷ ᠬᠤᠷᠠᠯᠳᠤᠵᠤ᠂ ᠢᠷᠡᠭᠡᠳᠦᠶ᠎ᠶ᠋ᠢᠨ ᠲᠠᠪᠤᠨ ᠵᠢᠯ᠎ᠤᠨ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠠᠤᠭ᠎ᠠ ᠵᠢᠷᠤᠭ ᠲᠦᠰᠤᠪ᠎ᠢ ᠵᠢᠷᠤᠭ᠍ᠯᠠᠭ᠍ᠰᠠᠨ ᠪᠠᠢᠨ᠎ᠠ᠃ ᠪᠢᠳᠡ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠭ᠌ᠰᠡᠨ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠭ᠌ᠰᠡᠨ ᠳᠠᠢᠨ ᠢᠯᠠᠯᠲᠠ ᠣᠯᠤᠭ᠍ᠰᠠᠨ 80 ᠵᠢᠯ᠎ᠤᠨ ᠤᠢ᠎ᠶ᠋ᠢ ᠦᠪᠡᠳᠡᠭ᠌ᠰᠢ ᠶᠡᠭᠡ᠎ᠪᠠᠷ ᠳᠤᠷᠠᠰᠭᠠᠵᠤ᠂ ᠲᠠᠢᠸᠠᠨ᠎ᠢ ᠡᠭᠡᠬᠦᠯᠤᠨ ᠠᠪᠤᠭ᠍ᠰᠠᠨ ᠳᠤᠷᠠᠰᠭᠠᠯ᠎ᠤᠨ ᠡᠳᠦᠷ᠎ᠢ ᠳᠣᠭ᠍ᠲᠠᠭᠠᠵᠤ᠂ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠲᠦᠢᠯ᠎ᠤᠨ ᠶᠡᠭᠡ᠎ᠪᠠᠷ ᠬᠥᠭ᠌ᠵᠢᠭᠡᠵᠦ᠍᠂ ᠡᠭᠡ ᠤᠷᠤᠨᠴᠢ ᠬᠠᠯᠠᠭᠤᠨ ᠰᠡᠳᠭᠢᠯᠭᠡ᠎ᠶ᠋ᠢ ᠲᠦᠢᠯ᠎ᠤᠨ ᠶᠡᠭᠡ᠎ᠪᠠᠷ ᠤᠷᠬᠢᠯᠤᠭᠤᠯᠵᠤ᠂ ᠲᠡᠮᠡᠴᠡᠯ᠎ᠤᠨ ᠬᠦᠴᠦᠨ᠎ᠢ ᠲᠦᠢᠯ᠎ᠤᠨ ᠶᠡᠭᠡ᠎ᠪᠠᠷ ᠨᠢᠭ᠍ᠲᠠᠷᠠᠭᠤᠯᠪᠠ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠬᠥᠨ ᠭᠦᠨᠵᠡᠭᠡᠶ ᠪᠦᠭᠡᠳ ᠲᠦᠪᠡᠭ ᠪᠤᠳᠤᠯᠢᠶᠠᠨᠲᠠᠶ ᠬᠤᠪᠢᠷᠠᠯᠲᠠ᠎ᠶ᠋ᠢᠨ ᠡᠮᠦᠨ᠎ᠡ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠨ᠂ ᠡᠷᠡᠯᠭᠡᠭ᠌ᠯᠡᠨ ᠲᠡᠮᠡᠴᠡᠵᠦ᠍᠂ ᠡᠷᠡᠰ ᠭᠤᠢᠪᠢᠰᠢ ᠦᠭᠡᠢ᠎ᠪᠠᠷ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠤᠨ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠶᠠᠷ ᠶᠡᠭᠡ ᠲᠠᠯ᠎ᠠ᠎ᠶ᠋ᠢ ᠨᠢᠭᠡᠳᠦᠯᠲᠡᠶ ᠲᠥᠯᠥᠪᠯᠡᠨ᠂ ᠪᠦᠬᠦ᠌ ᠵᠢᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠤᠯ ᠭᠤᠤᠯ ᠬᠠᠷᠠᠯᠲᠠ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠡᠬᠦᠰ ᠠᠮᠵᠢᠯᠲᠠ᠎ᠲᠠᠢ ᠲᠠᠭᠤᠰᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠳᠠᠭᠤᠨ ᠪᠠᠳᠤᠳᠠᠢ ᠱᠢᠨ᠎ᠡ ᠠᠯᠬᠤᠮ᠎ᠢ ᠠᠯᠬᠤᠪᠠ᠃

ᠨᠢᠭᠡ ᠵᠢᠯ᠎ᠤᠨ ᠲᠤᠷᠰᠢ᠂ ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶ᠋ᠢ ᠳᠤᠯᠤᠨ ᠤᠷᠤᠭ᠍ᠰᠢᠯᠠᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ᠎ᠢᠶᠠᠨ ᠢᠯᠡᠷᠡᠭᠦᠯᠪᠡ᠃ ᠠᠵᠤ ᠠᠬᠤᠶ᠎ᠶ᠋ᠢᠨ ᠠᠵᠢᠯᠯᠠᠭᠠᠨ ᠶᠡᠷᠦᠩᠬᠡᠶ᠎ᠳᠡᠭᠡᠨ ᠲᠣᠭ᠍ᠲᠠᠭᠤᠨ ᠶᠠᠪᠤᠬ᠍ᠳᠠᠵᠤ᠂ ᠲᠣᠭ᠍ᠲᠠᠭᠤᠨ᠎ᠤ ᠲᠤᠮᠳᠠ ᠠᠬᠢᠯᠳᠠ᠎ᠲᠠᠢ ᠪᠤᠯᠵᠤ᠂ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠳᠡᠭ  5% ᠎ᠪᠠᠷ ᠨᠡᠮᠡᠭ᠌ᠳᠡᠵᠦ᠍᠂ ᠶᠡᠷᠦᠩᠬᠡᠶ ᠬᠡᠮᠵᠢᠶ᠎ᠡ 140.19 ᠲᠦᠮᠡᠨ ᠳ᠋ᠦᠩᠱᠢᠭᠤᠷ ᠲᠥᠭᠦᠷᠢᠭ᠎ᠲᠤ ᠬᠦᠷᠪᠠ᠃ ᠠᠵᠢᠯ ᠣᠯᠭᠤᠯᠲᠠ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠬᠤᠲᠠ ᠪᠠᠯᠭᠠᠰᠤᠨ᠎ᠳᠤ ᠠᠵᠢᠯ ᠤᠯᠤᠭ᠍ᠰᠠᠨ ᠬᠥᠮᠤᠨ 1267 ᠲᠦᠮᠡ ᠱᠢᠨ᠎ᠡ᠎ᠪᠠᠷ ᠨᠡᠮᠡᠭ᠌ᠳᠡᠵᠤ᠂ ᠬᠤᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠤᠷᠮ᠎ᠠ ᠳᠤᠮᠳᠠᠴᠢ᠎ᠪᠠᠷ 5.2% ᠪᠣᠯᠪᠠ᠃ ᠭᠠᠳᠠᠭᠠᠳᠤ ᠠᠷᠠᠯᠵᠢᠶ᠎ᠠ ᠨᠡᠯᠢᠶᠡᠳ ᠲᠦᠷᠭᠡᠨ ᠨᠡᠮᠡᠭ᠌ᠳᠡᠵᠦ᠍᠂ ᠭᠠᠳᠠᠭᠠᠳᠤ ᠭᠠᠷᠭᠠᠯᠲᠠ᠎ᠶ᠋ᠢᠨ ᠤᠯᠠᠨ ᠡᠱᠢᠴᠢᠯᠡᠯᠳᠠ ᠢᠯᠡᠳᠲᠡ ᠦᠷ᠎ᠡ ᠪᠦᠲᠦᠮᠵᠢ ᠤᠯᠵᠤ᠂ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠦᠨᠳᠦᠰᠦᠨ᠎ᠳᠡᠭᠡᠨ ᠲᠡᠩᠴᠡᠭᠦᠷᠢᠲᠡᠶ ᠪᠣᠯᠪᠠ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠡᠩ ᠬᠦᠴᠦᠲᠡᠶ ᠪᠣᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠣᠯᠤᠨ ᠠᠵᠤ ᠠᠬᠤᠶ᠎ᠶ᠋ᠢᠨ ᠨᠡᠮᠡᠭ᠌ᠳᠡᠯ᠎ᠢ ᠵᠢᠭ᠌ᠳᠡ ᠪᠠᠢᠯᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠤᠪ᠎ᠢ ᠱᠢᠢᠳᠪᠤᠷᠢᠯᠡᠭ᠌ᠰᠡᠨ ᠦᠷ᠎ᠡ ᠪᠦᠲᠦᠭᠡᠯ ᠪᠠᠬᠢᠵᠢᠨ ᠥᠷᠭᠡᠵᠢᠵᠦ᠍᠂ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠨᠢᠭᠡ ᠵᠢᠯ᠎ᠤᠨ ᠰᠤᠷᠭᠠᠨ ᠬᠥᠮᠤᠵᠢᠯ᠎ᠤᠨ ᠰᠦᠢᠳᠭᠡᠯ᠎ᠢ ᠬᠡᠯᠳᠤᠷᠢᠬᠦᠯᠬᠦ᠌ ᠲᠥᠷᠦ᠍᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ 1400 ᠲᠦᠮᠡᠨ ᠬᠡᠦᠬᠡᠳ᠎ᠲᠤ ᠠᠱᠢᠭ ᠬᠦᠷᠲᠡᠭᠡᠪᠠ᠂ ᠬᠡᠤᠬᠡᠳ ᠪᠤᠢᠵᠢᠭᠤᠯᠬᠤ ᠨᠥᠬᠦᠪᠥᠷᠢ᠎ᠶ᠋ᠢᠨ ᠲᠦᠷᠢᠮ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ 3000 ᠭᠠᠷᠤᠶ ᠲᠦᠮᠡᠨ ᠨᠢᠯᠬ᠎ᠠ ᠨᠢᠷᠠᠢ ᠬᠡᠤᠭᠡᠳ᠎ᠲᠤ ᠠᠱᠢᠭ ᠬᠦᠷᠲᠡᠭᠡᠪᠡ᠃ ᠠᠮᠤ ᠪᠤᠳᠠᠭᠠᠨ᠎ᠤ ᠤᠨᠠᠯᠲᠠ 1.43 ᠲᠦᠮᠡᠨ ᠳ᠋ᠦᠩᠱᠢᠭᠤᠷ ᠵᠢᠩ᠎ᠳᠤ ᠬᠦᠷᠪᠡ᠃ ᠭᠤᠤᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠠᠷᠢᠯᠭᠠᠬᠤ ᠠᠵᠢᠯ ᠢᠳᠡᠪᠬᠢᠲᠡᠶ ᠠᠬᠢᠯᠳᠠ᠎ᠲᠠᠢ ᠪᠤᠯᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ᠃    

ᠨᠢᠭᠡ ᠵᠢᠯ᠎ᠤᠨ ᠲᠤᠷᠰᠢ᠂ ᠮᠠᠨ᠎ᠤ ᠤᠯᠤᠰ᠎ᠤᠨ ᠬᠥᠭ᠌ᠵᠢᠯᠲᠡ ᠱᠢᠨ᠎ᠠ ᠲᠡᠢᠰᠢ ᠱᠢᠯᠢᠳᠡᠭ ᠲᠡᠢᠰᠢ ᠠᠬᠢᠵᠤ᠂ ᠥᠷᠨᠢᠭᠦᠨ ᠬᠥᠭ᠌ᠵᠢᠩᠬᠦᠢ ᠠᠮᠢᠵᠢᠷᠠᠯ᠎ᠤᠨ ᠬᠦᠴᠦᠨ᠎ᠢᠶᠠᠨ ᠢᠯᠡᠷᠡᠭᠦᠯᠪᠡ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠲᠣᠭ᠍ᠲᠠᠭᠤᠨ᠎ᠢᠶᠠᠷ ᠬᠥᠭ᠌ᠵᠢᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ ᠡᠯᠪᠡᠭ ᠦᠷ᠎ᠡ ᠪᠦᠲᠦᠭᠡᠯ ᠣᠯᠵᠤ᠂ ᠵᠣᠬᠢᠶᠠᠮᠠᠯ ᠣᠶᠤᠯᠢᠬ᠂ ᠠᠮᠢᠳᠤ ᠪᠣᠳᠠᠰ᠎ᠤᠨ ᠡᠮ ᠡᠮᠨᠡᠯᠭᠡ᠂ ᠮᠠᠱᠢᠨ ᠬᠥᠮᠦᠨ᠂ ᠺᠸᠠᠨ᠋ᠲ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ᠎ᠶ᠋ᠢ ᠰᠤᠳᠤᠯᠤᠨ ᠨᠡᠭᠡᠭᠡᠵᠤ ᠬᠡᠷᠡᠭ᠌ᠯᠡᠬᠦ᠌ ᠠᠵᠢᠯ ᠳᠡᠯᠡᠬᠡᠶ᠎ᠶ᠋ᠢᠨ ᠡᠮᠦᠨ᠎ᠡ ᠡᠩᠨᠡᠭᠡᠨ᠎ᠳᠤ ᠣᠷᠣᠵᠤ᠂ ᠴᠢᠫ᠎ᠢ ᠪᠡᠶ᠎ᠡ᠎ᠪᠠᠨ ᠳᠠᠭᠠᠭᠠᠵᠤ ᠰᠤᠳᠤᠯᠤᠨ ᠨᠡᠭᠡᠭᠡᠬᠦ᠌ ᠠᠵᠢᠯ ᠱᠢᠨ᠎ᠡ ᠱᠢᠪᠲᠤᠯᠤᠯᠲᠠ᠎ᠲᠠᠢ ᠪᠣᠯᠵᠤ᠂ ᠲᠡᠭ᠌ᠷᠢ᠎ᠠᠴᠠ ᠠᠰᠠᠭᠤᠬᠤᠢ ᠬᠤᠶᠠᠳᠤᠭᠠᠷ ᠰᠠᠨᠰᠠᠷ᠎ᠤᠨ ᠨᠢᠭᠤᠴᠠ᠎ᠶ᠋ᠢ ᠬᠠᠢᠬᠤ ᠠᠶᠠᠨ᠎ᠢᠶᠠᠨ ᠡᠬᠢᠯᠡᠭᠦᠯᠵᠤ᠂ ᠲᠣᠬᠢᠭᠤᠷ ᠳᠣᠯᠤᠭᠠᠨ ᠣᠳᠣ᠎ᠶ᠋ᠢᠨ ᠬᠡᠪᠴᠢᠶᠡᠵᠢᠭ᠌ᠰᠡᠨ ᠬᠡᠷᠡᠭ᠌ᠯᠡᠭᠡᠨ᠎ᠢ ᠪᠦᠬᠦ᠌ ᠲᠠᠯ᠎ᠠ᠎ᠪᠠᠷ ᠥᠷᠭᠡᠳᠭᠡᠵᠦ᠍᠂ ᠶᠠᠯᠤᠰᠠᠩᠪᠤ ᠮᠥᠷᠡᠨ᠎ᠤ ᠳᠣᠣᠷᠠᠳᠤ ᠤᠷᠤᠰᠭᠠᠯ᠎ᠤᠨ ᠤᠰᠤᠨ ᠴᠠᠬᠢᠯᠭᠠᠨ᠎ᠤ ᠢᠨᠵᠧᠨᠧᠷᠢᠩ᠎ᠢ ᠠᠵᠢᠯ ᠡᠬᠢᠯᠡᠬᠦᠯᠤᠨ ᠪᠦᠳᠤᠭᠡᠨ ᠪᠠᠢᠭᠤᠯᠵᠤ᠂ ᠠᠩᠬᠠᠳᠠᠭ᠍ᠴᠢ ᠤᠯᠤᠰ᠎ᠲᠠᠭᠠᠨ ᠦᠢᠯᠡᠳᠪᠦᠷᠢᠯᠡᠭ᠌ᠰᠡᠨ ᠴᠠᠬᠢᠯᠭᠠᠨ ᠰᠣᠷᠢᠨᠵᠢᠨ ᠲᠡᠢᠷᠦᠯᠳᠤ ᠬᠡᠯᠪᠡᠷᠢ᠎ᠶ᠋ᠢᠨ ᠨᠢᠰᠭᠡᠯ᠎ᠤᠨ ᠰᠠᠭᠤᠷᠢ ᠬᠦᠯᠬᠡ ᠣᠩᠭᠤᠴᠠ ᠪᠤᠯᠬᠤ ᠹᠦᠵᠢᠶᠠᠨ ᠬᠥᠯᠭᠡ ᠣᠩᠭᠤᠴᠠ᠎ᠶ᠋ᠢ ᠵᠢᠩᠬᠢᠨᠢ᠎ᠪᠠᠷ ᠵᠢᠭ᠍ᠰᠠᠭᠠᠯ᠎ᠳᠤ ᠣᠷᠣᠭᠤᠯᠵᠦ᠍᠂ ᠤᠯᠤᠰ᠎ᠲᠠᠭᠠᠨ ᠦᠢᠯᠡᠳᠪᠦᠷᠢᠯᠡᠭ᠌ᠰᠡᠨ ᠲᠤᠮᠤ ᠵᠠᠭ᠍ᠪᠤᠷ ᠪᠦᠬᠦ᠌ ᠪᠥᠮᠪᠥᠷᠴᠡᠭ᠎ᠤᠨ ᠨᠡᠭᠡᠭᠡᠯᠲᠡᠲᠦ ᠡᠬᠢ ᠺᠣᠳ᠋᠎ᠤᠨ ᠠᠮᠢ ᠠᠬᠤᠢ᠎ᠶ᠋ᠢ ᠬᠥᠲᠥᠯᠥᠨ ᠳᠠᠭᠠᠭᠤᠯᠪᠠ᠃ ᠠᠵᠤ ᠦᠢᠯᠡᠰ᠎ᠤᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ ᠳᠡᠭᠡᠳᠦ ᠮᠡᠷᠭᠡᠵᠢᠯ᠎ᠤᠨ ᠦᠢᠯᠡᠳᠬᠦ᠌ ᠦᠢᠯᠡᠰ᠂ ᠲᠣᠨᠣᠭ᠍ᠯᠠᠯ ᠦᠢᠯᠡᠳᠬᠦ᠌ ᠦᠢᠯᠡᠰ᠎ᠤᠨ ᠨᠡᠮᠡᠭ᠌ᠳᠡᠯ ᠦᠷᠳᠡᠭ ᠲᠤᠰ ᠲᠤᠰ  9.4%  ᠪᠠ  9.2%᠎ᠢᠶᠠᠷ ᠨᠡᠮᠡᠭ᠌ᠳᠡᠵᠦ᠍᠂ ᠠᠵᠤ ᠦᠢᠯᠡᠳᠪᠦᠷᠢ᠎ᠶ᠋ᠢᠨ ᠮᠠᠱᠢᠨ ᠬᠥᠮᠦᠨ᠂ ᠬᠤᠷᠠᠮᠠᠯ ᠴᠠᠬᠢᠯᠭᠠᠨ ᠬᠡᠯᠬᠢᠶ᠎ᠡ᠎ᠶ᠋ᠢᠨ ᠦᠢᠯᠡᠳᠪᠤᠷᠢᠯᠡᠭ᠌ᠰᠡᠨ ᠬᠡᠮᠵᠢᠶ᠎ᠠ ᠲᠤᠰ ᠲᠤᠰ  28%  ᠪᠠ  10.9%  ᠎ᠪᠠᠷ ᠨᠡᠮᠡᠭ᠌ᠳᠡᠨ᠂ ᠱᠢᠨ᠎ᠡ ᠡᠨᠧᠷᠭᠢ᠎ᠶ᠋ᠢᠨ ᠰᠤᠷᠪᠤᠯᠵᠢ ᠬᠡᠷᠡᠭ᠌ᠯᠡᠬᠦ᠌ ᠮᠠᠱᠢᠨ ᠲᠡᠷᠭᠡᠨ᠎ᠤ ᠵᠢᠯ᠎ᠤᠨ ᠦᠢᠯᠡᠳᠪᠤᠷᠢᠯᠡᠭ᠌ᠰᠡᠨ ᠬᠡᠮᠵᠢᠶ᠎ᠠ 1600 ᠲᠦᠮᠡ᠎ᠶ᠋ᠢ ᠳᠠᠪᠠᠵᠤ᠂ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡᠨ᠎ᠤ ᠴᠠᠬᠢᠯᠭᠠᠨ ᠴᠡᠨᠡᠭ᠌ᠯᠡᠬᠦ᠌ ᠲᠥᠬᠦᠭᠡᠷᠦᠮᠵᠢ  2000  ᠲᠦᠮᠡ᠎ᠶ᠋ᠢ ᠳᠠᠪᠠᠪᠠ᠃ ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠤᠨ ᠡᠨᠧᠷᠭᠢ᠎ᠶ᠋ᠢᠨ ᠬᠤᠷᠣᠭ᠍ᠳᠠᠭᠤᠯᠤᠯ᠎ᠢ  5.1%  ᠎ᠪᠠᠷ ᠪᠠᠭᠤᠷᠠᠭᠤᠯᠵᠤ᠂ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠶᠠᠰᠤ ᠴᠢᠨᠠᠷ ᠦᠷᠭᠦᠯᠵᠢᠯᠡᠨ ᠰᠠᠢᠵᠢᠷᠠᠪᠠ᠃

ᠥᠩᠭᠡᠷᠡᠭ᠌ᠰᠡᠨ ᠨᠢᠭᠡ ᠵᠢᠯ᠎ᠤᠨ ᠠᠮᠵᠢᠯᠳᠠ ᠪᠦᠳᠤᠮᠵᠢ᠎ᠶ᠋ᠢ ᠬᠢᠯᠪᠡᠷ ᠪᠤᠰᠤ᠎ᠪᠠᠷ ᠣᠯᠤᠭ᠍ᠰᠠᠨ ᠶᠤᠮ᠃ ᠪᠢᠳᠡᠨ᠎ᠳᠤ ᠤᠯᠠᠨ ᠵᠢᠯ᠎ᠳᠤ ᠬᠤᠪᠣᠷᠬᠠᠨ ᠪᠠᠢᠳᠠᠭ ᠭᠠᠳᠠᠨᠠᠬᠢ᠎ᠶ᠋ᠢᠨ ᠲᠠᠭᠠᠷᠢᠯᠳᠠ ᠱᠢᠯᠭᠠᠯᠳᠠ ᠪᠠ ᠤᠯᠤᠰ᠎ᠤᠨ ᠳᠣᠲᠣᠭᠠᠳᠤ᠎ᠶ᠋ᠢᠨ ᠢᠩᠬᠢᠪᠡᠴᠦ᠍ ᠪᠡᠷᠭᠡᠲᠡᠢ ᠲᠡᠭᠡᠪᠡᠴᠦ᠍ ᠪᠡᠷᠭᠡᠲᠡᠢ ᠬᠡᠷᠬᠢᠪᠡᠴᠦ᠍ ᠪᠡᠷᠭᠡᠲᠡᠢ ᠠᠰᠠᠭᠤᠳᠠᠯ ᠰᠣᠯᠪᠢᠴᠠᠨ ᠳᠠᠪᠬᠤᠴᠠᠭ᠍ᠰᠠᠨ ᠨᠠᠷᠢᠨ ᠪᠤᠳᠤᠯᠢᠶᠠᠨᠲᠠᠶ ᠬᠦᠨᠳᠦ ᠬᠡᠴᠡᠭᠦᠤ ᠪᠠᠢᠳᠠᠯ ᠲᠤᠯᠭᠠᠷᠠᠬ᠍ᠰᠠᠨ ᠶᠤᠮ᠃ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠣᠷᠴᠢᠨ ᠨᠦᠬᠦᠴᠡᠯ ᠱᠢᠷᠤᠬᠦᠰᠦᠨ ᠬᠤᠪᠢᠷᠠᠵᠤ᠂ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ ᠭᠡᠨᠡᠳᠳᠡ ᠬᠡᠴᠡᠬᠦᠳᠡᠵᠤ᠂ ᠵᠠᠬ᠎ᠠ ᠳᠡᠯᠭᠡᠭᠦᠷ᠎ᠤᠨ ᠵᠢᠱ᠌ᠢᠯᠲᠡ᠎ᠶ᠋ᠢ ᠪᠠᠢᠨ ᠳᠠᠬᠢᠨ ᠰᠠᠮᠠᠭᠤᠷᠠᠭᠤᠯᠤᠬ᠍ᠰᠠᠨ᠎ᠢᠶᠠᠷ᠂ ᠭᠠᠳᠠᠭᠠᠳᠤ ᠠᠷᠠᠯᠵᠢᠶ᠎ᠠ ᠢᠯᠡᠳᠳᠡ ᠳᠠᠷᠤᠯᠲᠠ᠎ᠳᠤ ᠤᠴᠠᠷᠠᠪᠠ᠃ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠬᠡᠯᠪᠡᠷᠢ ᠭᠦᠨᠵᠡᠭᠡᠶ ᠬᠤᠪᠢᠷᠠᠵᠤ᠂ ᠭᠦᠨ ᠳᠠᠪᠬᠤᠷᠭ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠵᠥᠷᠢᠴᠡᠯ ᠪᠠ ᠠᠰᠠᠭᠤᠳᠠᠯ ᠦᠷᠭᠦᠯᠵᠢᠯᠡᠨ ᠢᠯᠡᠷᠡᠵᠦ᠍᠂ ᠬᠡᠷᠡᠭ᠌ᠯᠡᠭᠡ᠂ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ᠎ᠤᠨ ᠬᠥᠳᠡᠯᠭᠡᠭ᠌ᠴᠢ ᠬᠦᠴᠦᠨ ᠬᠦᠷᠦᠯᠴᠡᠬᠦ᠌ ᠦᠭᠡᠢ ᠪᠠᠢᠨ᠎ᠠ᠃ 

ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠢᠳᠡᠨ᠎ᠢ ᠳᠠᠭᠠᠭᠤᠯᠤᠨ ᠯᠠᠪᠳᠠᠭᠤᠨ᠎ᠢᠶᠠᠷ ᠠᠷᠭᠠᠴᠠᠵᠤ᠂ ᠡᠷᠡᠯᠬᠡᠭ ᠱᠢᠭᠤᠷᠬᠠᠢ᠎ᠪᠠᠷ ᠤᠷᠤᠭ᠍ᠰᠢᠯᠠᠵᠤ᠂ ᠭᠠᠳᠠᠭᠠᠳᠤ᠎ᠳᠤ ᠬᠠᠨᠳᠤᠭᠤᠯᠤᠨ ᠠᠵᠤ ᠠᠬᠤᠶ ᠠᠷᠠᠯᠵᠢᠶᠠᠨ᠎ᠤ ᠲᠡᠮᠡᠴᠡᠯ᠎ᠢ ᠶᠤᠰᠤᠲᠠᠢ ᠬᠥᠴᠤᠳᠠᠢ ᠪᠦᠲᠦᠮᠵᠢᠲᠡᠶ ᠥᠷᠨᠢᠭᠦᠯᠵᠦ᠍᠂ ᠮᠠᠨ᠎ᠤ ᠤᠯᠤᠰ᠎ᠤᠨ ᠠᠱᠢᠭ ᠲᠤᠰᠠ᠎ᠪᠠᠨ ᠡᠷᠡᠰ ᠬᠠᠮᠠᠭᠠᠯᠠᠪᠠ᠂ ᠳᠤᠮᠳᠠᠳᠤ ᠠᠮᠧᠷᠢᠺᠠ᠎ᠶ᠋ᠢᠨ 5 ᠡᠭᠡᠯᠵᠢ᠎ᠶ᠋ᠢᠨ ᠠᠵᠤ ᠠᠬᠤᠶ ᠠᠷᠠᠯᠵᠢᠶᠠᠨ᠎ᠤ ᠵᠥᠪᠳᠡᠯᠴᠡᠭᠡ ᠢᠳᠡᠪᠬᠢᠲᠡᠶ ᠦᠷ᠎ᠡ ᠪᠦᠲᠦᠭᠡᠯ᠎ᠢ ᠣᠯᠵᠤ᠂ ᠬᠤᠶᠠᠷ ᠤᠯᠤᠰ᠎ᠤᠨ ᠲᠡᠷᠢᠭᠦᠨ᠎ᠤ ᠪᠦᠰᠠᠨ᠎ᠳᠠᠬᠢ ᠠᠭᠤᠯᠵᠠᠯᠲᠠ ᠴᠢᠬᠤᠯᠠ ᠬᠠᠮᠲᠤ᠎ᠶ᠋ᠢᠨ ᠲᠠᠨᠢᠯᠲᠠ᠎ᠲᠠᠢ ᠪᠣᠯᠵᠤ᠂ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠳᠤ ᠨᠠᠩ ᠣᠯᠠᠨ ᠲᠣᠭ᠍ᠲᠠᠪᠤᠷᠢᠲᠤ ᠴᠢᠨᠠᠷ ᠤᠯᠭᠤᠪᠠ; ᠳᠣᠲᠣᠭᠠᠳᠤ᠎ᠳᠠᠭᠠᠨ ᠬᠠᠮ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠬᠡᠷᠡᠭ᠌ᠵᠢᠬᠦᠯᠵᠤ᠂ ᠬᠤᠷᠸ᠎ᠠ ᠲᠥᠷᠥ᠎ᠶ᠋ᠢᠨ ᠪᠣᠳᠣᠯᠭ᠎ᠠ᠎ᠳᠤ ᠦᠶᠡᠯᠡᠯ ᠦᠭ᠌ᠰᠤᠬᠦᠯᠤᠨ ᠲᠤᠬᠢᠷᠠᠭᠤᠯᠤᠯᠳᠡ ᠬᠢᠬᠦ᠌᠎ᠶ᠋ᠢ ᠴᠢᠩᠭᠠᠳᠭᠠᠵᠤ᠂ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ᠂ ᠠᠵᠤ ᠠᠬᠤᠢᠯᠠᠯ᠎ᠢ ᠲᠤᠬ᠍ᠳᠠᠭᠤᠨ ᠪᠠᠢᠯᠭᠠᠬᠤ᠂ ᠵᠠᠬ᠎ᠠ ᠳᠡᠯᠭᠡᠭᠦᠷ᠎ᠢ ᠲᠤᠬ᠍ᠳᠠᠭᠤᠨ ᠪᠠᠢᠯᠭᠠᠬᠤ᠂ ᠵᠢᠱ᠌ᠢᠯᠲᠡ᠎ᠶ᠋ᠢ ᠲᠣᠭ᠍ᠲᠠᠭᠤᠨ ᠪᠠᠢᠯᠭᠠᠬᠤ ᠲᠠᠯ᠎ᠠ᠎ᠪᠠᠷ ᠬᠥᠴᠤᠯᠡᠵᠤ᠂ ᠬᠦᠴᠦ᠍᠎ᠪᠠᠨ ᠲᠥᠪᠯᠡᠷᠡᠭᠦᠯᠦᠨ ᠥᠪᠡᠷ᠎ᠤᠨ ᠶᠠᠪᠤᠳᠠᠯ᠎ᠢᠶᠠᠨ ᠰᠠᠢᠲᠤᠷ ᠬᠢᠪᠠ᠃ ᠪᠢᠳᠡ ᠬᠠᠮᠤᠭ᠎ᠤᠨ ᠮᠠᠭᠤ ᠪᠠᠢᠳᠠᠯ᠎ᠳᠤ ᠲᠤᠯᠭᠠᠷᠠᠵᠤ ᠮᠡᠳᠡᠬᠦ᠌ ᠪᠡᠯᠡᠳᠭᠡᠯ ᠬᠢᠵᠦ᠍᠂ ᠬᠠᠮᠤᠭ᠎ᠤᠨ ᠰᠠᠢᠨ ᠦᠷ᠎ᠡ ᠳ᠋ᠦᠩ᠎ᠢ ᠣᠯᠬᠤ᠎ᠪᠠᠷ ᠴᠢᠷᠮᠠᠢᠭ᠍ᠰᠠᠨ᠎ᠢᠶᠠᠷ᠂ ᠬᠤᠷᠸ᠎ᠠ ᠠᠵᠤ ᠠᠬᠤᠢ᠎ᠶ᠋ᠢᠨ ᠶᠡᠭᠡ ᠲᠠᠯ᠎ᠠ᠎ᠶ᠋ᠢ ᠲᠤᠬ᠍ᠳᠠᠭᠤᠨ ᠪᠠᠢᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ ᠱᠢᠨ᠎ᠡ ᠦᠷ᠎ᠡ ᠪᠦᠲᠦᠮᠵᠢ ᠣᠯᠤᠭ᠍ᠰᠠᠨ᠎ᠢᠶᠠᠷ ᠪᠠᠷᠠᠬᠤ ᠦᠭᠡᠢ᠂ ᠨᠡᠢᠭᠡᠮ ᠳᠠᠶᠠᠭᠠᠷ᠎ᠤᠨ ᠣᠮᠤᠭ ᠵᠣᠷᠢᠭ ᠪᠠ ᠢᠲᠡᠭᠡᠯ ᠵᠣᠷᠢᠭ᠎ᠢ ᠲᠦᠢᠯ᠎ᠤᠨ ᠶᠡᠭᠡ᠎ᠪᠠᠷ ᠬᠥᠪᠴᠢᠯᠡᠭ᠌ᠰᠡᠨ ᠪᠠᠢᠨ᠎ᠠ᠃ ᠡᠨᠡ ᠬᠦ᠌ ᠶᠠᠪᠤᠴᠠ᠎ᠳᠤ᠂ ᠪᠢᠳᠡ ᠱᠢᠨ᠎ᠡ ᠪᠠᠢᠳᠠᠯ ᠳᠣᠤᠷᠠᠬᠢ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌᠎ᠳᠤ ᠡᠷᠬᠡᠪᠰᠢ ᠠᠵᠤ ᠠᠬᠤᠶ᠎ᠶ᠋ᠢᠨ ᠳᠠᠯᠳᠠ ᠴᠢᠳᠠᠪᠤᠷᠢ᠎ᠶ᠋ᠢ ᠭᠦᠢᠴᠡᠳ ᠠᠭᠤᠳᠠᠯᠬᠤ ᠬᠡᠷᠡᠭ᠌ᠳᠠᠢ᠂ ᠡᠷᠬᠡᠪᠰᠢ ᠲᠦᠷᠦ᠍᠎ᠶ᠋ᠢᠨ ᠪᠤᠳᠤᠯᠭ᠎ᠠ᠎ᠪᠠᠷ ᠳᠡᠮᠵᠢᠬᠦ᠌ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠬᠤ ᠬᠡᠷᠡᠭ᠌ᠳᠠᠢ᠂ ᠡᠷᠬᠡᠪᠰᠢ 《ᠠᠮᠢᠳᠤᠯᠢᠭ ᠪᠤᠯᠭᠠᠵᠤ ᠴᠢᠳᠠᠬᠤ》 ᠮᠥᠷᠲᠡᠭᠡᠨ ᠪᠠᠰᠠ 《ᠰᠠᠢᠳᠤᠷ ᠬᠠᠮᠢᠶᠠᠷᠴᠤ᠌ ᠲᠠᠢᠯᠬᠦ᠌》 ᠎ᠶ᠋ᠢ ᠪᠡᠶᠡᠯᠡᠭᠦᠯᠬᠦ᠌ ᠬᠡᠷᠡᠭ᠌ᠳᠠᠢ᠂ ᠡᠷᠬᠡᠪᠰᠢ ᠪᠤᠳᠡᠰ᠎ᠲᠤ ᠪᠡᠯᠡ ᠣᠷᠣᠭᠤᠯᠬᠤ ᠪᠠ ᠬᠥᠮᠤᠨ᠎ᠳᠤ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠳᠠᠢ᠂ ᠡᠷᠬᠡᠪᠰᠢ ᠳᠣᠲᠣᠷ᠎ᠠ ᠲᠠᠮᠢᠷ᠎ᠢᠶᠠᠨ ᠬᠠᠳᠠᠭᠤᠵᠢᠯᠳᠠᠢ ᠪᠤᠯᠪᠠᠰᠤᠷᠠᠭᠤᠯᠵᠤ ᠪᠠᠢᠭᠠᠳ ᠭᠠᠳᠠᠨᠡᠬᠢ ᠱᠢᠯᠭᠠᠯᠳᠠ᠎ᠶ᠋ᠢ ᠠᠷᠭᠠᠴᠠᠬᠤ ᠬᠡᠷᠡᠭ᠌ᠲᠡᠶ ᠭᠡᠳᠡᠭ᠎ᠢ ᠤᠯᠠᠮ ᠨᠢᠭᠡ ᠠᠯᠬᠤᠮ ᠲᠠᠨᠢᠵᠤ ᠤᠯᠪᠠ᠃ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠠᠯᠢᠪᠠ ᠬᠦᠴᠢᠷᠳᠡᠯ᠎ᠢ ᠠᠷᠭᠠᠴᠠᠬᠤ᠂ ᠡᠯ᠎ᠡ ᠵᠦᠢᠯ᠎ᠤᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠂ ᠳᠤᠮᠳᠠᠳᠤ ᠤᠯᠤᠰ᠎ᠤᠨ ᠠᠷᠠᠳ ᠲᠦᠮᠡᠨ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠭ᠍ᠤ ᠢᠲᠡᠭᠡᠯ ᠵᠣᠷᠢᠭ ᠤᠶᠤᠨ ᠤᠬᠠᠭᠠᠨ ᠬᠦᠴᠦᠨ ᠴᠢᠳᠠᠯ᠎ᠲᠠᠢ ᠶᠤᠮ ᠭᠡᠳᠡᠭ᠎ᠢ ᠦᠢᠯᠡᠳᠦᠯᠭᠡ ᠳᠠᠬᠢᠨᠲᠠ ᠭᠡᠷᠡᠴᠢᠯᠡᠪᠠ!    

ᠪᠢᠳᠡ ᠰᠢ᠎ᠶ᠋ᠢᠨ ᠫᠢᠩ ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶᠠᠨ᠎ᠤ ᠱᠢᠢᠳᠪᠤᠷᠢᠲᠦ ᠪᠣᠳᠣᠯᠭ᠎ᠠ ᠪᠠᠢᠷᠢᠯᠠᠭᠤᠯᠤᠯᠲᠠ ᠶᠤᠰᠤᠭᠠᠷ᠂ ᠨᠢᠭᠡ ᠵᠢᠯ᠎ᠤᠨ ᠲᠤᠷᠰᠢ ᠭᠤᠤᠯᠳᠠᠭᠤ ᠳᠣᠤᠷᠠᠬᠢ ᠠᠵᠢᠯ᠎ᠤᠳ᠎ᠢ ᠬᠢᠪᠡ᠃    

ᠨᠢᠭᠡ᠎ᠳᠤ ᠨᠡᠩ ᠢᠳᠡᠪᠬᠢᠲᠡᠶ ᠪᠦᠭᠡᠳ ᠪᠦᠳᠤᠮᠵᠢᠳᠠᠢ ᠬᠤᠷᠸ᠎ᠠ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠠᠵᠤ ᠠᠬᠤᠶ᠎ᠶ᠋ᠢᠨ ᠠᠵᠢᠯᠯᠠᠭᠠᠨ᠎ᠢ ᠬᠦᠴᠦᠯᠡᠨ ᠲᠣᠭ᠍ᠲᠠᠪᠤᠷᠢᠵᠢᠭᠤᠯᠪᠠ᠃ ᠵᠢᠯ᠎ᠤᠨ ᠡᠬᠢᠨ᠎ᠳᠤ ᠪᠢᠳᠡ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠪᠠᠢᠳᠠᠯ᠎ᠢ ᠠᠷᠭᠠᠴᠠᠬᠤ ᠭᠦᠢᠴᠡᠳ ᠪᠡᠯᠡᠳᠭᠡᠯ᠎ᠢ ᠰᠠᠢᠳᠤᠷ ᠬᠢᠭ᠌ᠰᠡᠨ᠎ᠢᠶᠠᠷ᠂ ᠨᠢᠭᠡᠳᠦᠭᠡᠷ ᠤᠯᠠᠷᠢᠯ᠎ᠤᠨ ᠠᠵᠤ ᠠᠬᠤᠶ᠎ᠶ᠋ᠢᠨ ᠬᠥᠭ᠌ᠵᠢᠯᠳᠡ᠎ᠶ᠋ᠢᠨ ᠪᠠᠢᠳᠠᠯ ᠡᠷᠴᠢᠮᠳᠠᠢ ᠪᠥᠭᠡᠳ ᠰᠠᠢᠨ ᠡᠬᠢᠯᠡᠯᠲᠡ᠎ᠲᠠᠢ ᠪᠤᠯᠵᠠᠢ᠃ ᠬᠤᠶᠠᠳᠤᠭᠠᠷ ᠤᠯᠠᠷᠢᠯ᠎ᠠᠴᠠ ᠰᠡᠬᠦᠯᠡᠷ᠂ ᠠᠵᠤ ᠠᠬᠤᠶ᠎ᠶ᠋ᠢᠨ ᠠᠵᠢᠯᠯᠠᠭᠠᠨ᠎ᠳᠠᠬᠢ ᠱᠢᠨ᠎ᠡ ᠪᠠᠢᠳᠠᠯ ᠢᠯᠠᠩᠭᠤᠶ᠎ᠠ ᠠᠮᠧᠷᠢᠺᠠ᠎ᠶ᠋ᠢᠨ ᠪᠣᠭᠤᠮᠲᠠ᠎ᠶ᠋ᠢᠨ ᠭᠠᠢᠯᠢ ᠨᠡᠮᠡᠵᠦ᠍ ᠲᠠᠲᠠᠪᠤᠷᠢᠯᠠᠬᠤ ᠳᠠᠭᠠᠷᠢᠯᠲᠠ᠎ᠳᠤ ᠴᠢᠭ᠌ᠯᠡᠭᠦᠯᠤᠨ᠂ ᠬᠠᠳᠠᠭᠠᠯᠠᠯᠳᠠ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ ᠠᠵᠤ ᠠᠬᠤᠶ᠎ᠶ᠋ᠢ ᠲᠣᠭ᠍ᠲᠠᠭᠤᠨ ᠪᠠᠢᠯᠭᠠᠬᠤ ᠵᠡᠷᠭᠡ ᠠᠯᠢ ᠣᠯᠠᠨ ᠱᠢᠨ᠎ᠡ ᠠᠷᠭ᠎ᠠ ᠬᠡᠮᠵᠢᠶ᠎ᠡ᠎ᠶ᠋ᠢ ᠡᠷᠴᠢᠮᠳᠠᠢ ᠠᠪᠴᠤ᠌᠂ ᠠᠵᠤ ᠠᠬᠤᠶ ᠪᠠᠭᠤᠷᠠᠬᠤ ᠳᠠᠷᠤᠯᠲᠠ᠎ᠶ᠋ᠢ ᠬᠦᠴᠦᠲᠡᠶ ᠲᠤᠯᠭᠠᠨ ᠨᠠᠮᠳᠠᠭᠤᠯᠵᠤ᠂ ᠪᠦᠬᠦ᠌ ᠵᠢᠯ᠎ᠤᠨ ᠭᠤᠤᠯ ᠭᠤᠤᠯ ᠬᠠᠷᠠᠯᠲᠠ᠎ᠪᠠᠨ ᠪᠡᠶᠡᠯᠡᠭᠦᠯᠬᠦ᠌᠎ᠶ᠋ᠢ ᠪᠠᠲᠤᠯᠠᠪᠠ᠃ ᠡᠳ᠋᠎ᠤᠨ ᠵᠠᠰᠠᠭ᠎ᠤᠨ ᠨᠡᠩ ᠢᠳᠡᠪᠬᠢᠲᠡᠢ ᠲᠥᠷᠥ᠎ᠶ᠋ᠢᠨ ᠪᠣᠳᠣᠯᠭ᠎ᠠ ᠪᠠ ᠵᠣᠬᠢᠰᠲᠠᠶ ᠠᠭᠤᠵᠢᠭᠤ ᠪᠠᠢᠯᠭᠠᠬᠤ ᠵᠣᠭᠤᠰᠣᠨ᠎ᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠡᠳ᠋᠎ᠤᠨ ᠵᠠᠰᠠᠭ᠎ᠤᠨ ᠵᠠᠷᠤᠯᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍᠂ ᠭᠤᠣᠯᠳᠠᠯᠭ᠎ᠠ᠎ᠲᠠᠢ ᠬᠦᠷᠢᠶᠡᠨ᠎ᠳᠠᠬᠢ ᠡᠳ᠋᠎ᠤᠨ ᠬᠦᠴᠦᠨ᠎ᠤ ᠪᠠᠲᠤᠯᠠᠭ᠎ᠠ᠎ᠶ᠋ᠢ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠳᠠᠢ ᠬᠦᠤ ᠮᠦᠡᠭ᠌ᠬᠦ᠎ᠶ᠋ᠢᠨ ᠨᠣᠷᠮ᠎ᠠ ᠪᠣᠯᠤᠨ ᠬᠠᠳᠠᠭᠠᠯᠠᠮᠵᠢ᠎ᠶ᠋ᠢᠨ ᠪᠡᠯᠡᠳᠭᠡᠯ ᠮᠥᠩᠭᠦ᠎ᠶ᠋ᠢᠨ ᠨᠣᠷᠮ᠎ᠠ᠎ᠶ᠋ᠢ ᠪᠠᠭᠤᠷᠠᠭᠤᠯᠵᠤ᠂ ᠨᠡᠢᠭᠡᠮ᠎ᠤᠨ ᠶᠡᠷᠦᠩᠬᠡᠢᠯᠡᠭ᠌ᠰᠡᠨ ᠪᠡᠯᠡ ᠲᠣᠬᠢᠷᠠᠭᠤᠯᠭ᠎ᠠ᠎ᠶ᠋ᠢᠨ ᠥᠪᠡᠷ᠎ᠤᠨ ᠥᠷᠲᠡᠭ᠎ᠢ ᠥᠷᠭᠦᠯᠵᠢᠯᠡᠨ ᠪᠠᠭᠤᠷᠠᠭᠤᠯᠪᠠ᠃ ᠬᠡᠷᠡᠭ᠌ᠯᠡᠭᠡᠨ᠎ᠤ ᠵᠦᠢᠯ᠎ᠤᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠡᠷᠴᠢᠮ᠎ᠢ᠎ᠨᠢ ᠴᠢᠩᠭᠠᠷᠠᠭᠤᠯᠤᠨ ᠬᠡᠪᠴᠢᠶ᠎ᠠ᠎ᠶ᠋ᠢ᠎ᠨᠢ ᠥᠷᠭᠡᠳᠭᠡᠨ ᠬᠡᠷᠡᠭ᠌ᠵᠢᠬᠦᠯᠦᠭ᠌ᠰᠡᠨ᠎ᠢᠶᠠᠷ᠂ ᠲᠠᠸᠠᠷ᠎ᠤᠨ ᠪᠣᠷᠣᠯᠠᠭᠤᠯᠤᠯᠲᠠ᠎ᠶ᠋ᠢ ᠲᠠᠢᠴᠢᠯᠡᠨ ᠪᠣᠷᠣᠯᠠᠭᠤᠯᠤᠭ᠍ᠰᠠᠨ ᠬᠡᠮᠵᠢᠶ᠎ᠡ  2.6  ᠲᠦᠮᠡᠨ ᠳ᠋ᠦᠩᠱᠢᠭᠤᠷ ᠲᠥᠭᠦᠷᠢᠭ᠎ᠢ ᠳᠠᠪᠠᠵᠤ᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠵᠡᠷᠭᠡ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠳᠠᠯᠳᠠ ᠬᠦᠴᠦᠨ᠎ᠢ ᠲᠦᠷᠭᠡᠨ᠎ᠢᠶᠠᠷ ᠪᠠᠳᠠᠷᠠᠭᠤᠯᠵᠤ᠂ ᠨᠡᠢᠭᠡᠮ᠎ᠤᠨ ᠬᠡᠷᠡᠭ᠌ᠯᠡᠭᠡᠨ᠎ᠤ ᠵᠦᠢᠯ᠎ᠢ ᠵᠢᠵᠢᠭ᠌ᠯᠡᠨ ᠬᠤᠳᠠᠯᠳᠤᠭ᠍ᠰᠠᠨ ᠶᠡᠷᠦᠩᠬᠡᠢ ᠲᠤᠭ᠎ᠠ  50 ᠲᠥᠮᠡᠨ ᠳ᠋ᠦᠩᠱᠢᠭᠤᠷ ᠲᠥᠭᠦᠷᠢᠭ᠎ᠢ ᠳᠠᠪᠠᠪᠠ᠃ ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠲᠠᠢ ᠤᠶᠠᠯᠳᠤᠭᠤᠯᠤᠨ᠂ 《ᠨᠢᠭᠡ ᠴᠢᠬᠤᠯᠠ ᠨᠢᠬᠡ ᠭᠤᠤᠯᠳᠠᠯᠭ᠎ᠠ》 ᠎ᠶ᠋ᠢᠨ ᠲᠦᠰᠤᠯ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠪᠡᠯᠡᠳᠭᠡᠮᠵᠢ᠎ᠶ᠋ᠢ ᠱᠢᠨᠡᠳᠭᠡᠬᠦ᠌ ᠪᠡᠯᠡ ᠮᠥᠩᠭᠦ᠎ᠶ᠋ᠢ ᠱᠢᠯᠵᠢᠭᠦᠯᠦᠨ ᠦᠭ᠌ᠴᠤ ᠬᠡᠷᠡᠭ᠌ᠯᠡᠬᠦᠯᠬᠦ᠌᠎ᠶ᠋ᠢ ᠲᠦᠷᠭᠡᠳᠭᠡᠵᠦ᠍᠂ ᠪᠡᠯᠡᠳᠭᠡᠮᠵᠢ ᠬᠤᠳᠠᠯᠳᠤᠨ ᠠᠪᠬᠤ ᠪᠡᠯᠡ ᠣᠷᠣᠭᠤᠯᠤᠯᠲᠠ 11.8% ᠎ᠪᠠᠷ ᠨᠡᠮᠡᠭ᠌ᠳᠡᠵᠦ᠍᠂  ᠱᠢᠨ᠎ᠡ ᠬᠡᠯᠪᠡᠷᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠶ ᠮᠥᠩᠭᠦᠨ ᠭᠦᠢᠯᠭᠡᠭᠡᠨ᠎ᠤ ᠪᠠᠭᠠᠵᠢ ᠭᠠᠷᠭᠠᠵᠤ ᠭᠤᠤᠯᠳᠠᠯᠭ᠎ᠠ᠎ᠲᠠᠢ ᠲᠦᠰᠤᠯ᠎ᠤᠨ ᠬᠦᠷᠦᠩᠭᠡ ᠮᠥᠩᠭᠦ᠎ᠶ᠋ᠢ ᠨᠥᠬᠦᠪᠥᠷᠢᠯᠡᠪᠠ᠃ ᠲᠠᠸᠠᠷ᠎ᠤᠨ ᠪᠠᠢᠱᠢᠩ᠎ᠤᠨ ᠵᠠᠬ᠎ᠠ ᠳᠡᠯᠭᠡᠭᠦᠷ᠎ᠢ ᠦᠷᠭᠦᠯᠵᠢᠯᠡᠨ ᠬᠦᠴᠦᠯᠡᠨ ᠲᠤᠬ᠍ᠳᠠᠪᠤᠷᠢᠵᠢᠭᠤᠯᠵᠤ᠂ ᠭᠡᠷ ᠪᠠᠢᠱᠢᠩ ᠭᠠᠵᠠᠷ ᠱᠢᠷᠤᠢ᠎ᠶ᠋ᠢᠨ ᠬᠥᠷᠥᠩᠭᠡ᠎ᠶ᠋ᠢᠨ ᠬᠡᠷᠡᠭ᠌ᠯᠡᠬᠦ᠌ ᠭᠠᠵᠠᠷ᠎ᠤᠨ ᠬᠠᠩᠭᠠᠯᠭ᠎ᠠ᠎ᠶ᠋ᠢ ᠱᠢᠨ᠎ᠠ᠎ᠪᠠᠷ ᠨᠡᠮᠡᠭ᠌ᠳᠡᠬᠦᠯᠬᠦ᠌᠎ᠶ᠋ᠢ ᠵᠦᠶ ᠵᠣᠬᠢᠰᠲᠠᠶ ᠬᠢᠵᠠᠭᠠᠷᠯᠠᠵᠤ᠂ ᠬᠤᠲᠠ᠎ᠶ᠋ᠢᠨ ᠪᠠᠢᠳᠠᠯ᠎ᠳᠤᠨᠢ ᠲᠤᠬᠢᠷᠠᠭᠤᠯᠤᠨ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠵᠦ᠍ ᠪᠠᠢᠭᠠᠳ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ᠎ᠶ᠋ᠢ ᠲᠤᠬᠢᠷᠠᠭᠤᠯᠤᠨ ᠬᠠᠰᠤᠵᠤ᠂ ᠬᠤᠪᠢ ᠬᠥᠮᠦᠨ᠎ᠤ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠵᠢᠭᠡᠯᠡᠯᠭᠡ᠎ᠶ᠋ᠢᠨ ᠬᠦᠤ ᠮᠦᠡᠭ᠌ᠬᠦ᠎ᠶ᠋ᠢᠨ ᠨᠣᠷᠮ᠎ᠠ᠎ᠶ᠋ᠢ ᠪᠠᠭᠤᠷᠠᠭᠤᠯᠵᠤ᠂ ᠭᠡᠷ ᠪᠠᠢᠱᠢᠩ᠎ᠢ ᠪᠠᠳᠤᠳᠠᠢ ᠲᠤᠱᠢᠶᠠᠬᠤ ᠡᠭᠦᠷᠭᠡ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠪᠡ᠃ ᠠᠷᠭ᠎ᠠ ᠪᠤᠳᠤᠯᠭ᠎ᠠ᠎ᠶ᠋ᠢ ᠶᠡᠷᠤᠩᠭᠡᠢᠯᠡᠨ ᠬᠡᠷᠡᠭ᠌ᠵᠢᠭᠦᠯᠵᠤ ᠰᠲ᠋ᠣᠺ᠎ᠤᠨ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠤᠭ᠍ᠰᠠᠨ᠎ᠢᠶᠠᠷ᠂ ᠬᠦᠷᠦᠩᠭᠡ᠎ᠶ᠋ᠢᠨ ᠵᠠᠬ᠎ᠠ ᠳᠡᠯᠭᠡᠭᠦᠷ ᠲᠣᠭ᠍ᠲᠠᠪᠤᠷᠢᠵᠢᠨ ᠰᠠᠢᠵᠢᠷᠠᠵᠤ᠂ ᠠᠷᠠᠯᠵᠢᠶ᠎ᠠ ᠬᠥᠭ᠌ᠵᠢᠶᠡᠨᠲᠡᠶ ᠪᠣᠯᠪᠠ᠃ ᠥᠷᠢ᠎ᠶ᠋ᠢ ᠱᠢᠢᠳᠪᠤᠷᠢᠯᠡᠬᠦ᠌ ᠬᠠᠮ ᠲᠥᠰᠦᠯ᠎ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠳᠠᠭᠠᠯᠠᠯᠳᠠ ᠳᠠᠯᠳᠠ ᠥᠷᠢ ᠥᠭ᠌ᠴᠡᠭᠡ᠎ᠶ᠋ᠢ ᠡᠮᠬᠢ ᠵᠢᠷᠤᠮ᠎ᠲᠠᠢ᠎ᠪᠠᠷ ᠰᠣᠯᠢᠵᠤ᠂ ᠪᠡᠯᠡ ᠲᠣᠬᠢᠷᠠᠭᠤᠯᠬᠤ ᠲᠠᠪᠴᠠᠩ᠎ᠤᠨ ᠲᠤᠭ᠎ᠠ ᠬᠡᠮᠵᠢᠶ᠎ᠡ᠎ᠶ᠋ᠢ ᠦᠷᠭᠦᠯᠵᠢᠯᠡᠨ ᠴᠦᠭᠡᠳᠭᠡᠭ᠌ᠰᠡᠨ᠎ᠢᠶᠠᠷ᠂ ᠣᠷᠣᠨ ᠨᠤᠲᠤᠭ᠎ᠤᠨ ᠥᠷᠢ ᠥᠭ᠌ᠴᠡᠭᠡ᠎ᠶ᠋ᠢᠨ ᠪᠦᠲᠦᠴᠡ ᠲᠠᠰᠤᠷᠠᠯᠲᠠ ᠦᠭᠡᠢ ᠱᠢᠯᠢᠳᠡᠭ᠌ᠵᠢᠪᠡ᠃ ᠣᠷᠣᠨ ᠨᠤᠲᠤᠭ᠎ᠤᠨ ᠳᠤᠮᠳᠠ ᠵᠢᠵᠢᠭ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠠᠶᠤᠯ ᠲᠦᠭ᠌ᠰᠢᠭᠦᠷᠢ᠎ᠶ᠋ᠢ ᠱᠢᠢᠳᠪᠦᠷᠢᠯᠡᠬᠦ᠌ ᠪᠠ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠭᠦ᠎ᠶ᠋ᠢ ᠨᠢᠭᠡ ᠴᠣᠭ᠍ᠴᠠᠵᠢᠭᠤᠯᠤᠨ ᠠᠬᠢᠭᠤᠯᠤᠭ᠍ᠰᠠᠨ᠎ᠢᠶᠠᠷ᠂ ᠲᠦᠭ᠌ᠰᠢᠭᠦᠷᠢ ᠶᠡᠬᠡᠲᠡᠶ ᠪᠠᠢᠭᠤᠯᠤᠮᠵᠢ᠎ᠶ᠋ᠢᠨ ᠲᠤᠭ᠎ᠠ ᠬᠡᠮᠵᠢᠶ᠎ᠡ ᠶᠡᠭᠡ᠎ᠪᠠᠷ ᠪᠠᠭᠠᠰᠴᠤ᠌᠂ ᠠᠶᠤᠯ ᠲᠦᠭ᠌ᠰᠢᠭᠦᠷᠢ᠎ᠶ᠋ᠢ ᠠᠷᠢᠯᠭᠠᠬᠤ ᠠᠵᠢᠯ ᠢᠯᠡᠷᠭᠡᠢ ᠦᠷ᠎ᠡ ᠪᠦᠲᠦᠮᠵᠢ ᠤᠯᠪᠠ᠃      ᠬᠤᠶᠠᠷ᠎ᠲᠤ ᠱᠢᠨ᠎ᠡ᠎ᠶ᠋ᠢ ᠡᠭᠦᠳᠬᠦ᠌᠎ᠪᠠᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠪᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠷᠬᠡᠭ ᠤᠯᠤᠰ᠎ᠤᠨ ᠪᠦᠳᠤᠭᠡᠨ ᠪᠠᠢᠭᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠤ ᠪᠠᠢᠭᠤᠯᠤᠯᠲᠠ᠎ᠶ᠋ᠢ ᠴᠢᠩᠭᠠᠳᠭᠠᠨ᠂ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠰᠠᠭᠤᠷᠢ ᠬᠤᠱᠢᠭᠤᠷᠠᠯ ᠬᠦᠷᠢᠶᠡᠨ᠎ᠳᠠᠬᠢ ᠱᠢᠰᠲ᠋ᠧᠮᠴᠢᠯᠡᠭ᠌ᠰᠡᠨ ᠪᠠᠢᠷᠢᠯᠠᠭᠤᠯᠤᠯᠲᠠ ᠪᠠ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠤᠷᠢᠯᠡᠬᠦ᠌᠎ᠶ᠋ᠢ ᠴᠢᠩᠭᠠᠳᠭᠠᠪᠠ᠃ ᠪᠦᠬᠦ᠌ ᠨᠡᠢᠭᠡᠮ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠶ᠋ᠢᠨ ᠡᠷᠴᠢᠮ  2.8%  ᠎ᠳᠤ ᠬᠦᠷᠴᠦ᠍᠂ ᠮᠡᠷᠭᠡᠵᠢᠯ᠎ᠤᠨ ᠭᠡᠷ᠎ᠡ᠎ᠶ᠋ᠢᠨ ᠠᠷᠠᠯᠵᠢᠶ᠎ᠠ ᠪᠦᠲᠦᠭ᠌ᠰᠡᠨ ᠲᠤᠭ᠎ᠠ  10.8%  ᠎ᠪᠠᠷ ᠨᠡᠮᠡᠭ᠌ᠳᠡᠪᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ ᠪᠣᠯᠤᠨ ᠠᠵᠤ ᠦᠢᠯᠡᠰ᠎ᠤᠨ ᠱᠢᠨ᠎ᠡ ᠡᠭᠦᠳᠦᠯᠲᠡ᠎ᠶ᠋ᠢᠨ ᠠᠭᠤᠰᠤᠯᠴᠠᠭ᠎ᠠ ᠲᠦᠷᠭᠡᠳᠴᠦ᠍᠂ ᠤᠯᠠᠮᠵᠢᠯᠠᠯᠲᠤ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌ ᠶᠠᠪᠤᠳᠠᠯ ᠲᠠᠰᠤᠷᠠᠯᠲᠠ ᠤᠢ᠍ᠭᠡᠢ ᠭᠦᠨᠵᠡᠭᠡᠢᠷᠡᠵᠤ᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠂ ᠢᠷᠡᠭᠡᠳᠦᠶ᠎ᠶ᠋ᠢᠨ ᠠᠵᠤ ᠦᠢᠯᠡᠰ ᠥᠷᠨᠢᠩᠬᠦᠢ ᠬᠥᠭ᠌ᠵᠢᠵᠦ᠍᠂ ᠤᠳᠤ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ ᠲᠦᠷᠭᠡᠨ ᠬᠥᠭ᠌ᠵᠢᠬᠦ᠌ ᠬᠠᠨᠳᠤᠰᠢ᠎ᠪᠠᠨ ᠪᠠᠲᠤᠯᠠᠪᠠ᠃ ᠭᠤᠤᠯᠳᠠᠯᠭ᠎ᠠ᠎ᠲᠠᠢ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠦᠨ ᠤᠯᠤᠰ᠎ᠤᠨ ᠪᠠᠷᠢᠮᠵᠢᠶ᠎ᠠ᠎ᠶ᠋ᠢ  583  ᠵᠦᠢᠯ ᠲᠣᠭ᠍ᠲᠠᠭᠠᠬ᠍ᠰᠠᠨ ᠪᠠ ᠵᠠᠰᠠᠨ ᠲᠤᠬ᠍ᠳᠠᠭᠠᠪᠠ᠃ ᠦᠢᠯᠡᠳᠬᠦ᠌ ᠦᠢᠯᠡᠰ᠎ᠤᠨ ᠳ᠋ᠢᠵᠢᠲ᠋ᠠᠯᠴᠢᠯᠠᠨ ᠬᠡᠯᠪᠡᠷᠢ᠎ᠪᠠᠨ ᠬᠤᠪᠢᠷᠠᠭᠤᠯᠬᠤ ᠪᠠ 《ᠵᠣᠬᠢᠶᠠᠮᠠᠯ ᠣᠶᠤᠯᠢᠬ +》 ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠠᠵᠢᠯ ᠲᠥᠷᠥᠯ᠎ᠳᠠᠬᠢ ᠬᠡᠷᠡᠭ᠌ᠯᠡᠯᠳᠡ᠎ᠶ᠋ᠢ ᠲᠦᠷᠭᠡᠯᠡᠨ ᠨᠠᠢᠳᠠᠪᠤᠷᠢᠵᠢᠭᠤᠯᠵᠤ᠂ ᠱᠢᠨ᠎ᠡ ᠬᠡᠯᠪᠡᠷᠢ᠎ᠶ᠋ᠢᠨ ᠤᠶᠤᠯᠢᠬ ᠦᠵᠦᠭᠦᠷ ᠲᠠᠰᠤᠷᠠᠯᠲᠠ ᠥᠬᠡᠶ ᠴᠣᠯᠭᠤᠷᠠᠨ ᠭᠠᠷᠪᠠ᠃ ᠳ᠋ᠠᠢᠲ᠋ᠠ᠎ᠶ᠋ᠢᠨ ᠡᠯᠧᠮᠧᠨ᠋ᠲ᠎ᠤᠨ ᠳᠠᠯᠳᠠ ᠬᠦᠴᠦᠨ᠎ᠢ ᠲᠦᠷᠭᠡᠨ᠎ᠢᠶᠠᠷ ᠪᠠᠳᠠᠷᠠᠭᠤᠯᠵᠤ᠂ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠳᠡᠭ᠎ᠲᠤ ᠡᠵᠡᠯᠡᠬᠦ᠌ ᠳ᠋ᠢᠵᠢᠲ᠋ᠠᠯ ᠠᠵᠤ ᠠᠬᠤᠶ᠎ᠶ᠋ᠢᠨ ᠭᠤᠤᠯᠯᠠᠬᠤ ᠠᠵᠤ ᠦᠢᠯᠡᠰ᠎ᠤᠨ ᠨᠡᠮᠡᠭ᠌ᠳᠡᠯ ᠦᠷᠳᠡᠭ᠎ᠤᠨ ᠬᠤᠪᠢ᠎ᠶ᠋ᠢᠨ ᠵᠢᠩ ᠳᠡᠬᠡᠭ᠌ᠰᠢᠯᠡᠬᠡᠳ 10.5% ᠎ᠠᠴᠠ ᠳᠡᠭᠡᠭ᠌ᠰᠢ ᠪᠣᠯᠪᠠ᠃   

ᠭᠤᠷᠪᠠ᠎ᠳᠤ ᠥᠭᠡᠷᠡᠴᠢᠯᠡᠯᠲᠡ ᠨᠡᠭᠡᠭᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠤᠯᠤᠰ ᠠᠷᠠᠳ᠎ᠤᠨ ᠠᠵᠤ ᠠᠬᠤᠢ᠎ᠶ᠋ᠢᠨ ᠣᠷᠴᠢᠯ᠎ᠢ ᠰᠠᠭᠠᠳ ᠦᠭᠡᠢ ᠨᠡᠪᠲᠡᠷᠡᠭᠦᠯᠪᠠ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠤᠨ ᠥᠭᠡᠷᠡᠴᠢᠯᠡᠯᠲᠡ᠎ᠶ᠋ᠢᠨ ᠪᠠᠢᠷᠢᠯᠠᠭᠤᠯᠤᠯᠲᠠ᠎ᠶ᠋ᠢ ᠯᠠᠪᠳᠠᠭᠤᠨ ᠪᠠᠳᠤᠳᠠᠢ ᠨᠠᠢᠳᠠᠪᠤᠷᠢᠵᠢᠭᠤᠯᠪᠠ᠃ ᠪᠦᠬᠦ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢᠨ ᠵᠢᠯᠣᠭᠤᠳᠤᠮᠵᠢ᠎ᠶ᠋ᠢ ᠬᠡᠷᠡᠭ᠌ᠵᠢᠭᠦᠯᠵᠦ᠍᠂ ᠱᠢᠨ᠎ᠡ ᠬᠡᠪᠯᠡᠯ᠎ᠤᠨ ᠵᠠᠬ᠎ᠠ ᠲᠡᠯᠭᠡᠬᠦᠷ᠎ᠲᠤ ᠣᠷᠣᠬᠤ ᠵᠥᠪᠱᠢᠶᠡᠷᠡᠯ᠎ᠤᠨ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ᠎ᠶ᠋ᠢ ᠨᠡᠢᠲᠡᠯᠡᠵᠦ᠍᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ᠎ᠳᠤ ᠤᠷᠤᠯᠴᠠᠬᠤ᠂ ᠬᠤᠳᠠᠯᠳᠤᠭᠠᠴᠢᠨ ᠤᠷᠢᠵᠤ ᠪᠡᠯᠡ ᠲᠠᠳᠠᠬᠤ ᠬᠦᠷᠢᠶᠡᠨ᠎ᠳᠠᠬᠢ ᠳᠣᠪᠤᠢᠮ᠎ᠠ ᠠᠰᠠᠭᠤᠳᠠᠯ᠎ᠢ ᠱᠢᠰᠲ᠋ᠧᠮ᠎ᠲᠠᠢ᠎ᠪᠠᠷ ᠴᠡᠭ᠌ᠴᠡᠯᠡᠨ ᠵᠠᠰᠠᠵᠤ᠂ ᠭᠤᠤᠯᠳᠠᠯᠭ᠎ᠠ᠎ᠲᠠᠢ ᠠᠵᠢᠯ ᠲᠥᠷᠥᠯ᠎ᠤᠨ ᠦᠢᠯᠡᠳᠪᠦᠷᠢᠯᠡᠬᠦ᠌ ᠴᠢᠳᠠᠪᠤᠷᠢ᠎ᠶ᠋ᠢᠨ ᠵᠠᠰᠠᠯᠲᠠ᠎ᠶ᠋ᠢ ᠠᠬᠢᠭᠤᠯᠵᠤ᠂ 《ᠬᠤᠮᠢᠷᠠᠭ᠎ᠠ》 ᠥᠷᠢᠰᠥᠯᠳᠦᠭᠡᠨ᠎ᠢ ᠶᠡᠷᠤᠩᠭᠡᠢᠯᠡᠨ ᠴᠡᠭ᠌ᠴᠡᠯᠡᠨ ᠵᠠᠰᠠᠭ᠍ᠰᠠᠨ ᠦᠷ᠎ᠡ ᠪᠦᠲᠦᠮᠵᠢ ᠢᠯᠡᠷᠡᠨ ᠭᠠᠷᠪᠠ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠥᠷᠨᠢᠭᠦᠯᠪᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ ᠢᠳᠡᠪᠬᠢᠲᠡᠶ ᠦᠷ᠎ᠡ ᠪᠦᠲᠦᠮᠵᠢ ᠣᠯᠵᠤ᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠬᠤ ᠠᠷᠭ᠎ᠠ ᠬᠡᠮᠵᠢᠶ᠎ᠡ᠎ᠶ᠋ᠢ ᠨᠡᠢᠲᠡᠯᠡᠪᠡ᠃ ᠠᠵᠤ ᠠᠬᠤᠢ᠌ᠯᠠᠯ᠎ᠳᠤ ᠦᠷᠢᠳᠦᠭ᠌ᠰᠡᠨ ᠠᠪᠴᠠᠭᠠᠨ᠎ᠤ ᠵᠤᠭᠤᠰ᠎ᠢ ᠲᠦᠷᠭᠡᠨ᠎ᠢᠶᠠᠷ ᠬᠦᠴᠦᠯᠡᠨ ᠢᠯᠭᠠᠷᠠᠭᠤᠯᠪᠠ᠃ ᠪᠡᠶ᠎ᠡ᠎ᠪᠠᠨ ᠳᠠᠭᠠᠭᠠᠵᠤ ᠨᠡᠭᠡᠭᠡᠯᠲᠡ ᠬᠢᠬᠦ᠂ ᠭᠠᠭ᠍ᠴᠠ ᠲᠠᠯ᠎ᠠ᠎ᠠᠴᠠ ᠨᠡᠭᠡᠭᠡᠯᠲᠡ ᠬᠢᠬᠦ᠌᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠸᠢᠰᠠ ᠦᠭᠡᠢ ᠵᠣᠷᠴᠢᠬᠤ᠎ᠶ᠋ᠢ ᠭᠠᠭ᠍ᠴᠠ ᠲᠠᠯ᠎ᠠ᠎ᠠᠴᠠ ᠵᠥᠪᠱᠢᠶᠡᠷᠡᠬᠦ᠌ ᠪᠤᠶᠤ ᠲᠠᠯ᠎ᠠ ᠲᠠᠯ᠎ᠠ᠎ᠠᠴᠠ ᠵᠥᠪᠱᠢᠶᠡᠷᠡᠬᠦ᠌᠎ᠶ᠋ᠢ ᠯᠠᠪᠳᠠᠭᠤᠨ᠎ᠢᠶᠠᠷ ᠥᠷᠭᠡᠳᠭᠡᠪᠠ᠃ ᠭᠠᠳᠠᠭᠠᠳᠤ ᠠᠷᠠᠯᠵᠢᠶ᠎ᠠ᠎ᠶ᠋ᠢ ᠲᠤᠬ᠍ᠳᠠᠭᠤᠨ ᠪᠠᠢᠯᠭᠠᠬᠤ ᠡᠷᠴᠢᠮ᠎ᠢ ᠴᠢᠩᠭᠠᠷᠠᠭᠤᠯᠤᠭ᠍ᠰᠠᠨ᠎ᠢᠶᠠᠷ᠂ ᠭᠠᠳᠠᠭᠠᠳᠤ ᠣᠷᠣᠭᠤᠯᠤᠯᠳᠡ ᠪᠠ ᠭᠠᠳᠠᠭᠠᠳᠤ ᠭᠠᠷᠭᠠᠯᠳᠠ᠎ᠶ᠋ᠢᠨ ᠬᠡᠮᠵᠢᠶ᠎ᠠ ᠲᠤᠬ᠍ᠳᠠᠪᠤᠷᠢᠵᠢᠨ ᠴᠢᠨᠠᠷ ᠲᠡᠭᠡᠭ᠌ᠰᠢᠯᠡᠵᠤ᠂ ᠭᠠᠳᠠᠭᠠᠳᠤ ᠭᠠᠷᠭᠠᠯᠳᠠ 6.1% ᠎ᠪᠠᠷ ᠨᠡᠮᠡᠭ᠌ᠳᠡᠪᠠ᠃ ᠭᠠᠳᠠᠭᠠᠳᠤ ᠪᠡᠯᠡ᠎ᠶ᠋ᠢ ᠲᠣᠭ᠍ᠲᠠᠭᠤᠨ ᠪᠠᠢᠯᠭᠠᠬᠤ ᠠᠵᠢᠯᠯᠠᠭ᠎ᠠ᠎ᠶ᠋ᠢᠨ ᠲᠥᠰᠦᠯ᠎ᠢ ᠨᠡᠢᠲᠡᠯᠡᠵᠦ᠍᠂ ᠱᠢᠨ᠎ᠡ᠎ᠪᠠᠷ ᠪᠠᠢᠭᠤᠯᠤᠭ᠍ᠰᠠᠨ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠤᠨ ᠲᠤᠭ᠎ᠠ ᠭᠡᠮᠵᠢᠶ᠎ᠠ  19.1% ᠪᠠᠷ ᠨᠡᠮᠡᠭ᠌ᠳᠡᠪᠡ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠪᠦᠬᠦ᠌ ᠠᠷᠠᠯ᠎ᠤᠨ ᠪᠤᠭᠤᠮᠳᠠ᠎ᠶ᠋ᠢᠨ ᠪᠢᠲᠡᠭᠦᠮᠵᠢᠲᠦ ᠣᠷᠣᠨ᠎ᠳᠠᠬᠢ ᠠᠵᠢᠯᠯᠠᠭ᠎ᠠ᠎ᠶ᠋ᠢ ᠡᠬᠢᠯᠡᠭᠦᠯᠪᠡ᠃ 《ᠨᠢᠭᠡ ᠪᠦᠰᠡ ᠨᠢᠭᠡ ᠵᠠᠮ》 ᠎ᠢ ᠴᠢᠨᠠᠷ ᠰᠠᠢᠲᠠᠢ᠎ᠪᠠᠷ ᠬᠠᠮᠲᠤ᠎ᠪᠠᠷ ᠪᠠᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠬᠦᠷᠢᠶᠡᠨ᠎ᠳᠠᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢᠨ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠪᠡ᠃    

ᠲᠦᠷᠪᠡ᠎ᠳᠤ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠬᠡᠳᠦᠯᠳᠠᠢ ᠲᠦᠯᠦᠪᠯᠡᠨ ᠠᠬᠢᠭᠤᠯᠵᠤ᠂ ᠬᠤᠲᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠪᠠ᠃ ᠲᠥᠪ᠎ᠤᠨ ᠬᠤᠲᠠ᠎ᠶ᠋ᠢᠨ ᠠᠵᠢᠯ᠎ᠤᠨ ᠬᠤᠷᠠᠯᠳᠤᠭᠠᠨ᠎ᠤ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ᠂ ᠣᠳᠣᠬᠢᠴᠢᠯᠠᠭ᠍ᠰᠠᠨ ᠲᠣᠮᠣ ᠬᠤᠲᠠ᠎ᠶ᠋ᠢᠨ ᠴᠠᠭᠠᠷᠢᠭ᠎ᠢ ᠪᠤᠢᠵᠢᠭᠤᠯᠤᠨ ᠬᠥᠭ᠌ᠵᠢᠭᠦᠯᠵᠦ᠍᠂ ᠬᠤᠲᠠ᠎ᠶ᠋ᠢᠨ ᠲᠥᠯᠥᠪᠵᠢᠭᠦᠯᠭᠡ ᠪᠠ ᠪᠦᠲᠦᠭᠡᠨ ᠪᠠᠢᠭᠤᠯᠤᠯᠲᠠ᠎ᠶ᠋ᠢᠨ ᠵᠠᠰᠠᠯᠲᠠ᠎ᠶ᠋ᠢ ᠴᠢᠩᠭᠠᠳᠭᠠᠵᠤ᠂ ᠬᠤᠲᠠ᠎ᠶ᠋ᠢ ᠱᠢᠨᠡᠳᠭᠡᠬᠦ᠌᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ᠎ᠶ᠋ᠢ ᠬᠤᠲᠠ᠎ᠶ᠋ᠢᠨ ᠠᠷᠠᠳ ᠪᠣᠯᠭᠠᠬᠤ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠲᠤᠷᠱᠢᠯᠲᠠ᠎ᠶ᠋ᠢ ᠥᠷᠨᠢᠭᠦᠯᠵᠦ᠍᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠤᠲᠠ ᠪᠠᠯᠭᠠᠰᠤᠵᠢᠯᠲᠠ᠎ᠶ᠋ᠢᠨ ᠨᠣᠷᠮ᠎ᠠ  67.9%  ᠎ᠳᠤ ᠬᠦᠷᠪᠡ᠃ ᠲᠠᠯᠠᠪᠠᠢ᠎ᠶ᠋ᠢ ᠲᠣᠭ᠍ᠲᠠᠭᠤᠨ ᠪᠠᠢᠯᠭᠠᠬᠤ᠂ ᠲᠠᠯᠠᠪᠠᠢ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠂ ᠭᠠᠮᠱᠢᠭ᠎ᠢ ᠡᠰᠡᠷᠭᠦᠴᠡᠬᠦ᠌ ᠠᠵᠢᠯ᠎ᠢ ᠬᠦᠴᠦᠯᠡᠨ ᠬᠢᠭ᠌ᠰᠡᠨ᠎ᠢᠶᠠᠷ᠂ ᠠᠮᠤ ᠪᠤᠳᠠᠭ᠎ᠠ ᠲᠠᠬᠢᠨᠳᠠ ᠡᠯᠪᠡᠭ ᠬᠤᠷᠢᠶᠠᠯᠲᠠ ᠤᠯᠪᠠ᠃ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠤᠪ᠎ᠢ ᠱᠢᠢᠳᠪᠤᠷᠢᠯᠡᠭ᠌ᠰᠡᠨ ᠦᠷ᠎ᠠ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠯᠳᠤᠭᠤᠯᠬᠤ᠎ᠶ᠋ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠠᠵᠢᠯ ᠬᠥᠳᠡᠯᠮᠤᠷᠢ ᠬᠢᠭ᠌ᠰᠡᠨ ᠪᠠ ᠠᠵᠢᠯ ᠣᠯᠤᠭ᠍ᠰᠠᠨ ᠲᠤᠭ᠎ᠠ  3000  ᠲᠦᠮᠡᠨ ᠬᠥᠮᠥᠨ᠎ᠠᠴᠠ ᠳᠡᠭᠡᠭ᠌ᠰᠢ ᠬᠡᠮᠵᠢᠶᠠᠨ᠎ᠳᠤ ᠲᠣᠭ᠍ᠲᠠᠪᠤᠷᠢᠵᠢᠪᠠ᠃ ᠣᠷᠣᠨ ᠪᠦᠰᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠵᠤ᠂ ᠣᠷᠣᠨ ᠪᠦᠰᠡ᠎ᠶ᠋ᠢᠨ ᠬᠤᠯᠪᠤᠯᠳᠤᠨ ᠬᠥᠳᠡᠯᠦᠯᠴᠡᠵᠤ ᠬᠥᠭ᠌ᠵᠢᠬᠦ᠌ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠪᠡ᠃    

ᠲᠠᠪᠤ᠎ᠳᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠦᠨᠡᠨ ᠬᠦ᠌ ᠰᠠᠢᠲᠤᠷ ᠠᠳᠭᠤᠵᠤ᠂ ᠨᠡᠢᠭᠡᠮ᠎ᠤᠨ ᠦᠢᠯᠡᠰ᠎ᠢ ᠢᠳᠡᠪᠬᠢᠲᠡᠶ ᠬᠥᠭ᠌ᠵᠢᠭᠦᠯᠪᠠ᠃ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ ᠲᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠨᠡᠢᠲᠡᠯᠡᠵᠦ᠍᠂ ᠶᠡᠭᠡ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠭᠤᠯᠤᠯ᠎ᠤᠨ ᠠᠵᠢᠯᠯᠠᠭ᠎ᠠ᠎ᠶ᠋ᠢ ᠥᠷᠨᠢᠭᠦᠯᠵᠦ᠍᠂ ᠭᠤᠤᠯᠳᠠᠯᠭ᠎ᠠ᠎ᠲᠠᠢ ᠬᠠᠮᠲᠤᠯᠢᠭ᠎ᠤᠨ ᠠᠵᠢᠯ ᠣᠯᠭᠤᠯᠲᠠ ᠲᠣᠭ᠍ᠲᠠᠭᠤᠨ ᠪᠠᠢᠳᠠᠯ᠎ᠢᠶᠠᠨ ᠪᠠᠲᠤᠯᠠᠪᠠ᠃ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠳᠡ᠎ᠶ᠋ᠢᠨ ᠭᠤᠷᠪᠠᠨ ᠵᠢᠯ᠎ᠤᠨ ᠠᠵᠢᠯᠯᠠᠭ᠎ᠠ᠎ᠶ᠋ᠢᠨ ᠲᠥᠯᠥᠪᠯᠡᠭᠡ᠎ᠶ᠋ᠢ ᠠᠬᠢᠭᠤᠯᠵᠤ᠂ ᠶᠡᠭᠡ ᠲᠡᠭᠡᠳᠤ ᠰᠤᠷᠭᠠᠭᠤᠯᠢ᠎ᠶ᠋ᠢᠨ ᠱᠢᠨᠵᠢᠯᠡᠭᠡᠨ᠎ᠤ ᠰᠠᠯᠠᠭ᠎ᠠ ᠲᠤᠰᠭᠠᠶ ᠮᠡᠷᠭᠡᠵᠢᠯ᠎ᠤᠨ ᠲᠣᠬᠢᠷᠠᠭᠤᠯᠤᠯᠲᠠ᠎ᠶ᠋ᠢ ᠠᠬᠢᠭᠤᠯᠵᠤ᠂ ᠱᠢᠶᠠᠨ᠎ᠤ ᠪᠦᠰᠡ᠎ᠶ᠋ᠢᠨ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠪᠠ᠃ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠪᠠᠬᠢᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠪᠠ᠃ ᠬᠡᠤᠬᠡᠳ᠎ᠤᠨ ᠰᠠᠯᠠᠭ᠎ᠠ ᠪᠠ ᠣᠶᠣᠨ ᠮᠡᠳᠡᠷᠡᠯ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠪᠦᠬᠦ᠌ ᠤᠯᠤᠰ᠎ᠤᠨ ᠬᠤᠶᠠᠳᠤᠭᠠᠷ ᠭᠤᠷᠪᠠᠳᠤᠭᠠᠷ ᠳᠡᠰ᠎ᠤᠨ ᠠᠯᠪᠠᠨ᠎ᠠᠴᠠ ᠪᠠᠢᠭᠤᠯᠤᠭ᠍ᠰᠠᠨ ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠤᠷᠢᠶᠠᠨ᠎ᠳᠤ ᠬᠡᠤᠬᠡᠳ᠎ᠤᠨ ᠰᠠᠯᠠᠭ᠎ᠠ᠎ᠶ᠋ᠢᠨ ᠦᠢᠯᠡᠴᠢᠯᠡᠭᠡ᠎ᠶ᠋ᠢ ᠨᠡᠢᠳᠡᠮ ᠪᠥᠷᠬᠦᠭᠦᠯᠪᠡ᠃ ᠴᠢᠺᠦ᠋ᠨᠭᠦᠨᠶᠠ ᠬᠠᠯᠠᠭᠤᠷᠠᠯ ᠵᠡᠷᠭᠡ ᠬᠠᠯᠳᠠᠪᠤᠷᠢᠲᠤ ᠡᠪᠡᠳᠴᠢᠨ᠎ᠤ ᠬᠢᠵᠢᠭ᠎ᠤᠨ ᠪᠠᠢᠳᠠᠯ᠎ᠢ ᠪᠦᠲᠦᠮᠵᠢᠲᠡᠶ ᠰᠡᠷᠭᠡᠢᠯᠡᠨ ᠬᠢᠵᠠᠭᠠᠷᠯᠠᠪᠠ᠃ ᠦᠨᠳᠦᠰᠦᠨ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠮ ᠡᠮᠨᠡᠯᠭᠡ᠎ᠶ᠋ᠢᠨ ᠲᠥᠪᠯᠡᠷᠡᠭᠦᠯᠦᠨ ᠬᠤᠳᠠᠯᠳᠤᠨ ᠠᠪᠬᠤ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠵᠦ᠍᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠪᠠᠷ ᠡᠬᠦᠳᠦᠭ᠌ᠰᠡᠨ ᠡᠮ᠎ᠤᠨ ᠭᠠᠷᠴᠠᠭ᠎ᠢ ᠨᠡᠢᠲᠡᠯᠡᠵᠦ᠍᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ 3 ᠳ᠋ᠦᠩᠱᠢᠭᠤᠷ ᠬᠥᠮᠦᠨ᠎ᠢ ᠬᠠᠮᠤᠷᠪᠠ᠃ ᠬᠠᠤᠯᠢ᠎ᠪᠠᠷ ᠲᠣᠭ᠍ᠲᠠᠭᠠᠭ᠍ᠰᠠᠨ ᠠᠵᠢᠯ᠎ᠠᠴᠠ ᠪᠠᠭᠤᠵᠤ ᠠᠮᠠᠷᠠᠬᠤ ᠨᠠᠰᠤ᠎ᠶ᠋ᠢ ᠠᠭᠠᠵᠢᠮ᠎ᠢᠶᠠᠷ ᠱᠠᠳᠤᠯᠠᠨ ᠬᠤᠢᠱᠢᠯᠠᠭᠤᠯᠬᠤ ᠥᠭᠡᠷᠡᠴᠢᠯᠡᠯᠲᠡ᠎ᠶ᠋ᠢ ᠯᠠᠪᠳᠠᠭᠤᠨ ᠲᠤᠬᠢᠳᠠᠢ ᠬᠡᠷᠡᠭ᠌ᠵᠢᠭᠦᠯᠪᠡ᠃ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠰᠠᠭᠤᠷᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢᠨ ᠰᠠᠷ᠎ᠠ᠎ᠶ᠋ᠢᠨ ᠨᠠᠭᠠᠳᠤ ᠵᠠᠬ᠎ᠠ᠎ᠶ᠋ᠢᠨ ᠪᠠᠷᠢᠮᠵᠢᠶ᠎ᠠ᠎ᠶ᠋ᠢ  20  ᠲᠥᠭᠦᠷᠢᠭ ᠳᠡᠭᠡᠭ᠌ᠰᠢᠯᠡᠭᠦᠯᠵᠦ᠍᠂ ᠬᠤᠪᠢ ᠬᠥᠮᠦᠨ᠎ᠤ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢᠨ ᠲᠦᠷᠢᠮ᠎ᠢ ᠪᠥᠬᠦ᠌ ᠤᠯᠤᠰ᠎ᠲᠤ ᠬᠡᠷᠡᠭ᠌ᠵᠢᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠨᠥᠬᠦᠪᠥᠷᠢ᠎ᠶ᠋ᠢᠨ ᠲᠤᠷᠱᠢᠯᠲᠠ᠎ᠶ᠋ᠢ ᠥᠷᠨᠢᠭᠦᠯᠪᠠ᠃ ᠨᠡᠢᠭᠡᠮ᠎ᠤᠨ ᠠᠪᠤᠷᠠᠨ ᠲᠤᠰᠠᠯᠠᠯᠳᠠ᠎ᠶ᠋ᠢᠨ ᠬᠡᠪᠴᠢᠶ᠎ᠡ᠎ᠶ᠋ᠢ ᠥᠷᠭᠡᠳᠭᠡᠨ ᠦᠷ᠎ᠡ ᠪᠦᠳᠤᠮᠵᠢ᠎ᠶ᠋ᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠬᠦᠨᠳᠦ ᠵᠡᠮᠳᠡᠭ᠌ᠴᠦᠳ᠎ᠢ ᠨᠠᠢᠳᠠᠨ ᠠᠰᠠᠷᠠᠭᠤᠯᠤᠨ ᠰᠤᠪᠢᠯᠠᠭᠤᠯᠬᠤ᠎ᠶ᠋ᠢ ᠴᠢᠩᠭᠠᠳᠭᠠᠵᠤ᠂ ᠬᠦᠴᠢᠷᠳᠡᠯ᠎ᠳᠤ ᠲᠤᠯᠭᠠᠷᠠᠭ᠍ᠰᠠᠨ ᠬᠡᠦᠬᠡᠳ᠎ᠤᠨ ᠠᠰᠠᠷᠠᠮᠵᠢ᠎ᠶ᠋ᠢ ᠪᠠᠲᠤᠯᠠᠬᠤ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠪᠠ᠃ ᠠᠰᠠᠷᠠᠨ ᠬᠠᠷᠠᠭᠠᠯᠵᠠᠬᠤ ᠪᠠᠷᠢᠮᠵᠢᠶ᠎ᠠ᠎ᠶ᠋ᠢ ᠳᠡᠭᠡᠭ᠌ᠰᠢᠯᠡᠭᠦᠯᠪᠠ᠃ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠢ ᠬᠥᠭ᠌ᠵᠢᠭᠦᠯᠵᠦ᠍᠂ ᠵᠢᠭᠤᠯᠴᠢᠯᠠᠯ᠎ᠤᠨ ᠦᠢᠯᠡᠰ᠎ᠤᠨ ᠠᠮᠢᠵᠢᠷᠠᠯ᠎ᠤᠨ ᠬᠦᠴᠦᠨ ᠢᠯᠡᠷᠡᠵᠦ᠍᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠷ᠎ᠠ ᠭᠠᠷᠤᠭ᠍ᠰᠠᠨ ᠬᠥᠮᠦᠨ ᠤᠳᠠᠭ᠎ᠠ  16.2% ᠎ᠢᠶᠠᠷ ᠨᠡᠮᠡᠭ᠌ᠳᠡᠵᠦ᠍᠂ ᠬᠢᠯᠢ᠎ᠪᠠᠷ ᠣᠷᠣᠵᠤ ᠢᠷᠡᠨ ᠵᠢᠭᠤᠯᠴᠢᠯᠠᠭ᠍ᠰᠠᠨ ᠬᠥᠮᠦᠨ ᠤᠳᠠᠭ᠎ᠠ  17.1%  ᠎ᠪᠠᠷ ᠨᠡᠮᠡᠭ᠌ᠳᠡᠪᠡ᠃ ᠶᠢᠰᠦᠳᠦᠭᠡᠷ ᠬᠤᠭᠤᠴᠠᠭᠠᠨ᠎ᠤ ᠠᠽᠢᠶ᠎ᠠ ᠲᠢᠪ᠎ᠤᠨ ᠡᠪᠦᠯ᠎ᠤᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠢ ᠡᠷᠬᠢᠯᠡᠵᠦ᠍᠂ ᠤᠯᠠᠨ ᠲᠦᠮᠡᠨ᠎ᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠪᠠ ᠠᠷᠠᠳ ᠨᠡᠢᠲᠡ᠎ᠶ᠋ᠢᠨ ᠪᠡᠶ᠎ᠡ ᠮᠠᠬᠠᠪᠤᠳ᠎ᠢᠶᠠᠨ ᠴᠢᠬᠢᠷᠠᠭ᠍ᠵᠢᠭᠤᠯᠬᠤ ᠠᠵᠢᠯᠯᠠᠭ᠎ᠠ ᠥᠷᠨᠢᠩᠬᠦᠢ ᠶᠠᠪᠤᠬ᠍ᠳᠠᠪᠠ᠃    

ᠵᠢᠷᠭᠤᠭ᠎ᠠ᠎ᠳᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠬᠥᠭ᠌ᠵᠢᠯᠲᠡ᠎ᠶ᠋ᠢ ᠠᠬᠢᠭᠤᠯᠪᠠ᠃ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠦᠭ᠌ᠰᠡᠨ᠎ᠢᠶᠠᠷ᠂ ᠲᠤᠰᠭᠠᠶ ᠣᠷᠣᠨ᠎ᠤ ᠲᠡᠰ ᠵᠢᠴᠢ ᠲᠡᠭᠦᠨ᠎ᠠᠴᠠ ᠳᠡᠭᠡᠭ᠌ᠰᠢᠬᠢ ᠬᠤᠳᠠ᠎ᠶ᠋ᠢᠨ ᠵᠢᠵᠢᠭ ᠮᠥᠬᠦᠯᠢᠭ᠌ᠲᠦ ᠪᠣᠳᠠᠰ  (PM2.5)  ᠎ᠤᠨ ᠳᠤᠮᠳᠠᠴᠢ ᠥᠳᠭᠡᠴᠡ  4.4% ᠎ᠪᠠᠷ ᠪᠠᠭᠤᠷᠠᠪᠠ᠃ ᠶᠡᠭᠡ ᠭᠤᠤᠯ ᠮᠥᠷᠡᠨ ᠪᠠ ᠴᠢᠬᠤᠯᠠ ᠨᠠᠭᠤᠷ ᠴᠥᠭᠦᠷᠥᠮ᠎ᠤᠨ ᠬᠠᠮᠠᠭᠠᠯᠠᠯᠲᠠ᠎ᠶ᠋ᠢ ᠦᠷᠭᠦᠯᠵᠢᠯᠡᠨ ᠴᠢᠩᠭᠠᠳᠭᠠᠭ᠍ᠰᠠᠨ᠎ᠢᠶᠠᠷ᠂ ᠭᠠᠵᠠᠷ᠎ᠤᠨ ᠭᠠᠳᠠᠷᠭᠤ᠎ᠶ᠋ᠢᠨ ᠤᠰᠤᠨ᠎ᠤ ᠴᠢᠨᠠᠷ ᠱᠢᠯᠢᠳᠡᠭ ᠰᠠᠢᠨ ᠣᠭ᠍ᠲᠣᠯᠤᠭᠠᠰᠤ᠎ᠶ᠋ᠢᠨ ᠬᠠᠷᠢᠴᠠᠯ᠎ᠢ  91.4%  ᠪᠤᠯᠳᠠᠯ᠎ᠠ ᠳᠡᠭᠡᠭ᠌ᠰᠢᠯᠡᠭᠦᠯᠪᠡ᠃ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠲᠦᠷᠤᠬᠦᠯᠡᠬᠦ᠌ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠡᠬᠢᠯᠡᠭᠦᠯᠦᠨ ᠬᠡᠷᠡᠭ᠌ᠵᠢᠭᠦᠯᠪᠠ᠃ ᠭᠤᠣᠯᠳᠠᠯᠭ᠎ᠠ᠎ᠲᠠᠢ ᠠᠵᠢᠯ ᠲᠥᠷᠥᠯ᠎ᠤᠨ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠳᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠭᠡᠳᠭᠡᠪᠡ᠃ ᠨᠢᠭᠡᠳᠤᠭᠡᠷ ᠪᠦᠯᠦᠭ ᠡᠯᠡᠰᠦ᠂ ᠭᠤᠪᠢ᠂ ᠴᠥᠯ ᠭᠠᠵᠠᠷ᠎ᠤᠨ ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢᠨ ᠰᠠᠭᠤᠷᠢᠨ ᠭᠠᠵᠠᠷ᠎ᠤᠨ ᠲᠥᠰᠤᠯ᠎ᠢ ᠦᠨᠳᠦᠰᠦᠨ᠎ᠳᠡᠭᠡᠨ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠣᠭᠤᠯᠵᠤ᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ  1.3  ᠳ᠋ᠦᠩᠱᠢᠭᠤᠷ ᠺᠢᠯᠣᠸᠠᠲ᠎ᠢ ᠳᠠᠪᠠᠵᠤ᠂ ᠴᠢᠯᠠᠭᠤᠵᠢᠮᠠᠯ ᠪᠤᠰᠤ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠯᠡᠭᠡ᠎ᠶ᠋ᠢᠨ ᠡᠵᠡᠯᠡᠬᠦ᠌ ᠬᠠᠷᠢᠴᠠᠯ  21.7%  ᠎ᠳᠤ ᠬᠦᠷᠪᠡ᠃ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ  2035  ᠣᠨ᠎ᠤ ᠤᠯᠤᠰ᠎ᠤᠨ ᠪᠡᠶ᠎ᠡ᠎ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ᠌ ᠬᠠᠷᠠᠯᠲᠠ᠎ᠶ᠋ᠢ ᠨᠡᠢᠲᠡᠯᠡᠵᠦ᠍᠂ ᠬᠠᠷᠢᠭᠤᠴᠠᠯᠭ᠎ᠠ᠎ᠲᠠᠢ ᠲᠣᠮᠣ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠢᠯᠡᠷᠡᠭᠦᠯᠪᠡ᠃    

ᠲᠤᠯᠤᠭ᠎ᠠ᠎ᠳᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠨᠡᠢᠭᠡᠮ᠎ᠤᠨ ᠵᠠᠰᠠᠯᠲᠠ᠎ᠶ᠋ᠢᠨ ᠲᠠᠯ᠎ᠠ᠎ᠪᠠᠷ ᠱᠢᠨ᠎ᠠ᠎ᠶ᠋ᠢ ᠡᠬᠦᠳᠴᠤ᠌ ᠲᠡᠬᠦᠨ᠎ᠢ ᠲᠡᠭᠦᠯᠳᠡᠷᠵᠢᠭᠦᠯᠪᠡ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠲᠤᠬᠠᠢ ᠨᠠᠮ᠎ᠤᠨ ᠲᠥᠪ ᠬᠤᠷᠢᠶᠠᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ᠎ᠢᠶᠠᠷ ᠥᠷᠨᠢᠭᠦᠯᠵᠦ᠍᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠴᠢᠩᠭᠠᠳᠭᠠᠵᠤ᠂ ᠬᠡᠯᠪᠡᠷᠢ᠎ᠶ᠋ᠢᠨ ᠦᠵᠡᠯ᠎ᠢ ᠶᠡᠭᠡ᠎ᠪᠠᠷ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠪᠠ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠳᠤ  13  ᠬᠤᠪᠢ ᠬᠠᠤᠯᠢ ᠴᠠᠭᠠᠵᠠ᠎ᠶ᠋ᠢᠨ ᠰᠠᠨᠠᠯ ᠵᠥᠪᠯᠡᠯᠭᠡ᠎ᠶ᠋ᠢ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠵᠦ᠍᠂  30  ᠬᠤᠪᠢ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠢ ᠲᠣᠭ᠍ᠲᠠᠭᠠᠬ᠍ᠰᠠᠨ ᠪᠠ ᠵᠠᠰᠠᠨ ᠲᠤᠬ᠍ᠳᠠᠭᠠᠪᠠ᠃ ᠤᠬᠠᠮᠰᠠᠷ᠎ᠠᠴᠠ᠎ᠪᠠᠨ ᠬᠠᠤᠯᠢ ᠶᠣᠰᠣᠭᠠᠷ ᠬᠢᠨᠠᠯᠲᠠ᠎ᠶ᠋ᠢ ᠬᠦᠯᠢᠶᠡᠪᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ᠂ ᠰᠠᠨᠠᠭᠤᠯᠭ᠎ᠠ ᠪᠠ ᠤᠯᠤᠰ ᠲᠦᠷᠦ᠍᠎ᠶ᠋ᠢᠨ ᠵᠦᠪᠯᠡᠯᠭᠡᠨ᠎ᠤ ᠭᠡᠱᠢᠭᠦᠳ᠎ᠤᠨ ᠰᠠᠨᠠᠯ ᠳᠤᠷᠠᠳᠤᠯᠭ᠎ᠠ᠎ᠶ᠋ᠢ ᠬᠢᠨᠠᠮᠠᠭᠠᠶ ᠱᠢᠢᠳᠪᠤᠷᠢᠯᠡᠪᠡ᠃ ᠠᠵᠤ ᠠᠬᠤᠢᠯᠠᠯ᠎ᠳᠤ ᠬᠤᠯᠪᠣᠭ᠍ᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ ᠲᠤᠰᠭᠠᠶ ᠠᠵᠢᠯᠯᠠᠭ᠎ᠠ᠎ᠶ᠋ᠢ ᠥᠷᠨᠢᠭᠦᠯᠪᠡ᠃ 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠪᠦᠲᠦᠭᠡᠬᠦ᠌》 ᠭᠤᠤᠯᠳᠠᠯᠭ᠎ᠠ᠎ᠲᠠᠢ ᠵᠦᠢᠯᠡᠰ᠎ᠢ ᠪᠠᠢᠩᠭᠤᠵᠢᠭᠤᠯᠤᠨ ᠠᠬᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠪᠠ᠃ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠷᠦᠩᠬᠡᠢᠯᠡᠭ᠌ᠰᠡᠨ ᠱᠢᠪᠠᠳᠠᠨ ᠪᠠᠢᠴᠠᠭᠠᠯᠲᠠ᠎ᠶ᠋ᠢ ᠥᠷᠨᠢᠭᠦᠯᠪᠡ᠃ ᠬᠤᠳᠠ ᠬᠥᠳᠡᠭᠡ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠶ᠋ᠢ ᠴᠢᠩᠭᠠᠳᠭᠠᠪᠠ᠃ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠣᠭ᠍ᠰᠠᠨ ᠬᠠᠮᠲᠤᠯᠢᠭ᠎ᠤᠨ ᠦᠢᠯᠡᠴᠢᠯᠡᠭᠡ ᠬᠠᠮᠢᠶᠠᠷᠤᠯᠲᠠ᠎ᠶ᠋ᠢ ᠰᠠᠢᠲᠤᠷ ᠬᠢᠪᠠ᠃ ᠵᠠᠬᠢᠳᠡᠯ ᠰᠤᠷᠪᠤᠯᠵᠢᠯᠠᠭ᠎ᠠ᠎ᠶ᠋ᠢᠨ ᠠᠵᠢᠯ᠎ᠤᠨ ᠬᠠᠤᠯᠢ᠎ᠪᠠᠷ ᠵᠠᠰᠠᠬᠤ ᠬᠢᠷᠢ ᠬᠡᠮᠵᠢᠶ᠎ᠡ᠎ᠶ᠋ᠢ ᠲᠡᠭᠡᠭ᠌ᠰᠢᠯᠡᠭᠦᠯᠪᠡ᠃ ᠠᠶᠤᠯ ᠦᠭᠡᠢ ᠦᠢᠯᠡᠳᠪᠦᠷᠢᠯᠡᠯ᠎ᠤᠨ ᠦᠨᠳᠦᠰᠦ ᠰᠤᠷᠪᠤᠯᠵᠢ᠎ᠠᠴᠠ᠎ᠨᠢ ᠵᠠᠰᠠᠬᠤ ᠪᠡᠷᠭᠡ ᠰᠡᠳᠥᠪ᠎ᠢ ᠱᠢᠢᠳᠪᠤᠷᠢᠯᠡᠬᠦ᠌ ᠭᠤᠷᠪᠠᠨ ᠵᠢᠯ᠎ᠤᠨ ᠠᠵᠢᠯᠯᠠᠭ᠎ᠠ᠎ᠶ᠋ᠢ ᠥᠷᠭᠦᠯᠵᠢᠯᠡᠨ ᠠᠬᠢᠭᠤᠯᠤᠭ᠍ᠰᠠᠨ᠎ᠢᠶᠠᠷ᠂ ᠥᠢᠯᠡᠳᠪᠤᠷᠢᠯᠡᠯ᠎ᠤᠨ ᠠᠮᠤᠷ ᠲᠥᠪᠱᠢᠨ᠎ᠤ ᠠᠳᠡᠯ ᠡᠭᠦᠰᠥᠭ᠌ᠰᠡᠨ ᠪᠥᠬᠦ᠌ ᠲᠤᠭ᠎ᠠ  8.7%  ᠎ᠪᠠᠷ ᠪᠠᠭᠤᠷᠠᠪᠠ᠃ ᠭᠡᠰᠡᠭ ᠭᠠᠵᠠᠷ ᠤᠷᠤᠨ᠎ᠤ ᠥᠶᠡᠷ ᠤᠰᠤᠲᠤᠯ᠂ ᠭᠠᠩ ᠬᠠᠭ᠍ᠰᠠᠷᠠᠭᠠᠨ᠂ ᠲᠠᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠢᠭᠠᠯᠢ᠎ᠶ᠋ᠢᠨ ᠭᠠᠮᠱᠢᠭ᠎ᠢ ᠪᠥᠳᠥᠮᠵᠢᠳᠡᠢ ᠠᠷᠭᠠᠴᠠᠪᠠ᠃ ᠤᠯᠤᠰ᠎ᠤᠨ ᠠᠮᠤᠷ ᠲᠥᠪᠱᠢᠨ ᠪᠠ ᠨᠡᠢᠭᠡᠮ᠎ᠤᠨ ᠲᠤᠭ᠍ᠳᠠᠭᠤᠨ ᠪᠠᠢᠳᠠᠯ᠎ᠢ ᠪᠥᠬᠦ᠌ ᠬᠥᠴᠥᠨ᠎ᠢᠶᠠᠷ᠎ᠢᠶᠠᠨ ᠬᠠᠮᠠᠭᠠᠯᠠᠵᠥ᠍᠂ ᠡᠯ᠎ᠠ ᠲᠥᠷᠥᠯ᠎ᠤᠨ ᠬᠠᠤᠯᠢ᠎ᠠᠴᠠ ᠵᠥᠷᠢᠴᠡᠭ᠌ᠰᠡᠨ ᠶᠠᠯᠠᠳᠤ ᠠᠵᠢᠯᠯᠠᠭ᠎ᠠ᠎ᠶ᠋ᠢ ᠢᠳᠡᠪᠬᠢᠳᠡᠢ᠎ᠪᠠᠷ ᠤᠷᠢᠳᠴᠢᠯᠡᠨ ᠰᠡᠷᠭᠡᠢᠯᠡᠭ᠌ᠰᠡᠨ ᠪᠠ ᠲᠡᠭᠦᠨ᠎ᠳᠤ ᠬᠠᠤᠯᠢ ᠶᠤᠰᠤᠭᠠᠷ ᠴᠤᠬᠢᠯᠳᠡ ᠥᠭ᠌ᠭᠦᠭ᠌ᠰᠡᠨ᠎ᠢᠶᠠᠷ᠎ᠢᠶᠠᠨ ᠠᠮᠤᠷ ᠠᠮᠤᠭᠤᠯᠠᠩ ᠲᠤᠮᠳᠠᠳᠤ ᠤᠯᠤᠰ᠎ᠤᠨ ᠪᠥᠳᠥᠭᠡᠨ ᠪᠠᠢᠭᠤᠯᠤᠯᠳᠠ ᠱᠢᠨ᠎ᠠ ᠠᠬᠢᠯᠳᠠ᠎ᠲᠠᠢ ᠪᠤᠯᠪᠠ᠃    

ᠥᠡᠭ᠌ᠭᠡᠷᠡᠭ᠌ᠰᠡᠨ ᠨᠢᠭᠡ ᠵᠢᠯ᠎ᠳᠤ᠂ ᠲᠤᠮᠳᠠᠳᠤ ᠤᠯᠤᠰ᠎ᠤᠨ ᠤᠨᠴᠠᠯᠢᠭ ᠪᠥᠬᠦᠢ ᠲᠤᠮᠤ ᠤᠯᠤᠰ᠎ᠤᠨ ᠭᠠᠳᠠᠭᠠᠳᠥ ᠬᠠᠷᠢᠯᠴᠠᠭ᠎ᠠ ᠱᠢᠨ᠎ᠠ ᠥᠷ᠎ᠡ ᠪᠥᠳᠥᠮᠵᠢ ᠤᠯᠪᠡ᠃ ᠲᠡᠷᠢᠭᠦᠯᠡᠭ᠌ᠴᠢ  ᠰᠢ᠎ᠶ᠋ᠢᠨ ᠫᠢᠩ  ᠵᠡᠷᠭᠡ ᠨᠠᠮ ᠪᠠ ᠲᠥᠷᠥ᠎ᠶ᠋ᠢᠨ ᠤᠳᠤᠷᠢᠳᠭᠤ ᠬᠥᠮᠥᠰ ᠤᠯᠠᠨ ᠤᠯᠤᠰ᠎ᠲᠤ ᠠᠢᠯᠴᠢᠯᠠᠯᠳᠠ ᠬᠢᠵᠥ᠍᠂ ᠳᠤᠮᠳᠠᠳᠤ ᠤᠯᠤᠰ  — ᠳᠤᠮᠳᠠᠳᠤ ᠠᠽᠢᠶ᠎ᠠ᠎ᠶ᠋ᠢᠨ ᠲᠦᠷᠦᠭᠦᠴᠦᠳ᠎ᠤᠨ ᠬᠤᠷᠠᠯᠳᠤᠭᠠᠨ᠂ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠬᠥᠮᠦᠰ᠎ᠤᠨ ᠠᠯᠪᠠᠨ ᠶᠣᠰᠣᠨ᠎ᠤ ᠪᠤᠰᠤ ᠬᠤᠷᠠᠯᠳᠤᠭᠠᠨ᠂  BRICS᠎ᠤᠨ ᠤᠯᠤᠰ᠎ᠤᠳ᠎ᠤᠨ ᠤᠳᠤᠷᠢᠳᠭᠤ ᠬᠥᠮᠦᠰ᠎ᠤᠨ ᠰᠥᠯᠵᠢᠶᠡᠨ ᠲᠡᠭᠡᠷᠡᠬᠢ ᠲᠦᠷᠦᠭᠦᠴᠦᠳ᠎ᠤᠨ ᠬᠤᠷᠠᠯᠳᠤᠭᠠᠨ᠂ ᠬᠤᠷᠢᠨ ᠤᠯᠤᠰ᠎ᠤᠨ ᠪᠦᠯᠦᠭ᠌ᠯᠡᠯ᠎ᠤᠨ ᠤᠳᠤᠷᠢᠳᠭᠤ ᠬᠥᠮᠦᠰ᠎ᠤᠨ ᠲᠦᠷᠦᠭᠦᠴᠦᠳ᠎ᠤᠨ ᠬᠤᠷᠠᠯᠳᠤᠭᠠᠨ ᠵᠡᠷᠭᠡ ᠤᠯᠠᠨ ᠲᠠᠯᠠᠲᠤ ᠬᠤᠶᠠᠷ ᠲᠠᠯᠠᠳᠤ ᠴᠢᠬᠤᠯᠠ ᠶᠡᠭᠡ ᠠᠵᠢᠯᠯᠠᠭ᠎ᠠ᠎ᠳᠤ ᠣᠷᠣᠯᠴᠠᠪᠠ᠃ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠢᠶᠠᠨᠵᠢᠨ᠎ᠳᠠᠬᠢ ᠲᠦᠷᠦᠭᠦᠴᠦᠳ᠎ᠤᠨ ᠬᠤᠷᠠᠯᠳᠤᠭᠠᠨ᠂ ᠪᠥᠬᠦ᠌ ᠪᠥᠮᠪᠥᠷᠴᠡᠭ᠎ᠤᠨ ᠡᠮᠡᠭ᠌ᠳᠡᠢᠴᠤᠳ᠎ᠤᠨ ᠲᠥᠷᠥᠭᠦᠴᠥᠳ᠎ᠤᠨ ᠬᠤᠷᠠᠯᠳᠤᠭᠠᠨ᠂ ᠳᠤᠮᠳᠠᠳᠦ ᠣᠯᠣᠰ ᠪᠤᠯᠤᠨ ᠯᠠᠲ᠋ᠢᠨ ᠠᠮᠧᠷᠢᠺᠡ᠎ᠶ᠋ᠢᠨ ᠶᠠᠷᠢᠯᠴᠠᠭᠠᠨ᠎ᠤ ᠲᠠᠪᠴᠠᠩ᠎ᠤᠨ ᠲᠥᠷᠪᠡᠳᠥᠭᠡᠷ ᠬᠤᠭᠤᠴᠠᠭᠠᠨ᠎ᠤ ᠰᠡᠢᠳ᠎ᠤᠨ ᠲᠡᠰ᠎ᠤᠨ ᠬᠤᠷᠠᠯᠳᠤᠭᠠᠨ ᠵᠡᠷᠬᠡ ᠴᠢᠬᠤᠯᠠ ᠶᠡᠭᠡ ᠡᠵᠡᠨ ᠲᠠᠯᠠᠪᠤᠷ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶ᠋ᠢ ᠠᠮᠵᠢᠯᠳᠠ᠎ᠲᠠᠢ ᠡᠷᠬᠢᠯᠡᠪᠡ᠃ ᠬᠠᠮᠠᠭᠠᠯᠠᠬᠤ ᠥᠵᠡᠯ ᠪᠠ ᠭᠠᠭ᠍ᠴᠠ ᠲᠠᠯ᠎ᠠ᠎ᠶ᠋ᠢᠨ ᠡᠵᠡᠷᠭᠡᠭ᠌ᠯᠡᠨ ᠲᠠᠷᠤᠯᠠᠬᠤ ᠠᠵᠢᠯᠯᠠᠭ᠎ᠠ᠎ᠶ᠋ᠢ ᠡᠷᠡᠰ ᠡᠰᠡᠷᠭᠦᠴᠡᠵᠥ᠍᠂ ᠤᠯᠠᠨ ᠲᠠᠯᠠᠳᠥ ᠥᠵᠡᠯ ᠪᠠ ᠨᠡᠭᠡᠭᠡᠯᠳᠡ ᠬᠢᠵᠥ᠍ ᠬᠠᠮᠳᠤᠷᠠᠨ ᠠᠵᠢᠯᠯᠠᠬᠤ᠎ᠶ᠋ᠢ ᠡᠷᠡᠰ ᠬᠠᠮᠠᠭᠠᠯᠠᠵᠥ᠍᠂ ᠲᠡᠯᠡᠬᠡᠢ᠎ᠶ᠋ᠢᠨ ᠬᠤᠶᠠᠳᠤᠭᠠᠷ ᠶᠡᠭᠡ ᠲᠠᠢᠨ᠎ᠤ ᠢᠯᠠᠯᠳᠠ᠎ᠶ᠋ᠢᠨ ᠥᠷ᠎ᠠ ᠪᠥᠳᠥᠭᠡᠯ᠎ᠢ ᠡᠷᠡᠰ ᠬᠠᠮᠠᠭᠠᠯᠠᠵᠥ᠍᠂ ᠪᠦᠬᠦ᠌ ᠪᠦᠮᠪᠦᠷᠴᠡᠭ᠎ᠤᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠤᠨ ᠭᠠᠷᠭᠠᠵᠤ᠂ ᠬᠥᠮᠥᠨ ᠲᠥᠷᠥᠯᠬᠢᠳᠡᠨ᠎ᠤ ᠬᠤᠪᠢ ᠵᠠᠶᠠᠭᠠᠨ᠎ᠤ ᠬᠠᠮᠳᠥ᠎ᠶ᠋ᠢᠨ ᠴᠤᠭ᠍ᠴᠠ᠎ᠶ᠋ᠢ ᠪᠠᠢᠭᠤᠯᠬᠤ᠎ᠶ᠋ᠢ ᠠᠬᠢᠭᠤᠯᠥᠨ᠂ ᠪᠥᠬᠦ᠌ ᠪᠥᠮᠪᠥᠷᠴᠡᠭ᠎ᠤᠨ ᠴᠢᠨᠠᠷᠳᠡᠢ ᠱᠢᠯᠭᠠᠯᠳᠠ᠎ᠶ᠋ᠢ ᠠᠷᠭᠠᠴᠠᠬᠤ ᠪᠤᠯᠤᠨ ᠤᠯᠠᠨ ᠤᠯᠤᠰ᠎ᠤᠨ ᠪᠠ ᠭᠠᠵᠠᠷ ᠤᠷᠤᠨ᠎ᠤ ᠬᠠᠯᠠᠭᠤᠨ ᠴᠡᠭ᠎ᠤᠨ ᠠᠰᠠᠭᠤᠳᠠᠯ᠎ᠢ ᠱᠢᠢᠳᠪᠤᠷᠢᠯᠡᠬᠦ᠌ ᠲᠤᠮᠳᠠ ᠢᠳᠡᠪᠬᠢᠳᠡᠢ ᠪᠥᠭᠡᠳ ᠪᠥᠳᠥᠭᠡᠯᠴᠢ ᠴᠢᠨᠠᠷᠳᠡᠢ ᠥᠢᠯᠡᠳᠥᠯ ᠪᠠᠳᠠᠷᠠᠭᠤᠯᠪᠡ᠃ ᠲᠤᠮᠳᠠᠳᠤ ᠤᠯᠤᠰ ᠲᠡᠯᠡᠭᠡᠢ᠎ᠶ᠋ᠢᠨ ᠡᠩᠭᠡ ᠲᠠᠢᠪᠤᠩ ᠪᠠ ᠬᠥᠭ᠌ᠵᠢᠯᠳᠡ᠎ᠶ᠋ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠥᠵᠡᠬᠦᠯᠪᠡ᠃    

2025  ᠤᠨ ᠪᠤᠯ ᠠᠷᠪᠠᠨ ᠲᠥᠷᠪᠡᠳᠥᠭᠡᠷ ᠳᠠᠪᠤᠨ ᠵᠢᠯ᠎ᠤᠨ ᠲᠥᠯᠥᠪᠵᠢᠬᠦᠯᠭᠡ᠎ᠶ᠋ᠢᠨ ᠡᠴᠥᠰ᠎ᠤᠨ ᠵᠢᠯ ᠪᠤᠯᠤᠨ᠎ᠠ᠃ ᠥᠡᠭ᠌ᠭᠡᠷᠡᠭ᠌ᠰᠡᠨ 5 ᠵᠢᠯ᠎ᠳᠤ᠂ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠥᠬᠦ᠌ ᠤᠯᠤᠰ᠎ᠤᠨ ᠥᠨᠳᠥᠰᠥᠳᠡᠨ᠎ᠨᠦᠭᠦᠳ᠎ᠤᠨ ᠠᠷᠠᠳ ᠲᠥᠮᠡᠨ᠎ᠢ ᠪᠥᠯᠬᠦᠮᠳᠡᠬᠦᠯᠥᠨ ᠲᠠᠭᠠᠭᠤᠯᠵᠥ᠍᠂ ᠡᠷᠢᠨ ᠵᠠᠭᠤᠨ᠎ᠤ ᠬᠢᠵᠢᠭ ᠵᠡᠷᠭᠡ ᠶᠡᠷᠥ᠍ ᠪᠤᠰᠤ᠎ᠶ᠋ᠢᠨ ᠲᠠᠭᠠᠷᠢᠯᠳᠡ ᠱᠢᠯᠭᠠᠯᠳᠠ᠎ᠶ᠋ᠢ ᠪᠥᠳᠥᠮᠵᠢᠳᠡᠢ ᠠᠷᠭᠠᠴᠠᠵᠥ᠍᠂ ᠨᠠᠮ ᠪᠠ ᠤᠯᠤᠰ᠎ᠤᠨ ᠠᠵᠢᠯ ᠥᠢᠯᠡᠰ᠎ᠢ ᠠᠬᠢᠭᠤᠯᠤᠭᠠᠳ ᠱᠢᠨ᠎ᠠ ᠴᠢᠬᠤᠯᠡ ᠶᠡᠭᠡ ᠠᠮᠵᠢᠯᠳᠡ ᠪᠥᠳᠥᠮᠵᠢ ᠤᠯᠵᠥ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠳᠠ᠎ᠶ᠋ᠢᠨ ᠱᠢᠨ᠎ᠠ ᠠᠶᠠᠨ ᠵᠠᠮ᠎ᠢ ᠰᠠᠢᠨ ᠡᠬᠢᠯᠡᠯᠳᠡ᠎ᠲᠠᠢ ᠪᠤᠯᠭᠠᠪᠡ᠃ ᠠᠵᠤ ᠠᠬᠤᠢ᠎ᠶ᠋ᠢᠨ ᠶᠡᠷᠥᠩᠭᠡᠢ ᠬᠡᠮᠵᠢᠶ᠎ᠠ ᠱᠢᠨ᠎ᠠ ᠥᠰᠥᠷᠥᠩᠭᠦᠢ ᠲᠠᠪᠱᠢᠯᠳᠡ᠎ᠲᠠᠢ ᠪᠤᠯᠵᠥ᠍᠂ ᠤᠯᠤᠰ᠎ᠤᠨ ᠲᠤᠳᠤᠭᠠᠳᠥ᠎ᠶ᠋ᠢᠨ ᠥᠢᠯᠡᠳᠪᠤᠷᠢᠯᠡᠯ᠎ᠤᠨ ᠪᠥᠬᠦ᠌ ᠥᠷᠳᠡᠭ ᠵᠠᠯᠭᠠᠭ᠎ᠠ᠎ᠪᠠᠷ  110 ᠲᠦᠮᠡᠨ ᠳ᠋ᠦᠩᠱᠢᠭᠤᠷ ᠲᠥᠭᠦᠷᠢᠭ᠂ 120 ᠲᠦᠮᠡᠨ ᠳ᠋ᠦᠩᠱᠢᠭᠤᠷ ᠲᠥᠭᠦᠷᠢᠭ᠂  130 ᠲᠦᠮᠡᠨ ᠳ᠋ᠦᠩᠱᠢᠭᠤᠷ ᠲᠥᠭᠦᠷᠢᠭ᠂ 140 ᠲᠦᠮᠡᠨ ᠳ᠋ᠦᠩᠱᠢᠭᠤᠷ ᠲᠥᠭᠦᠷᠢᠭ᠎ᠤᠨ ᠲᠡᠭ᠌ᠳᠡᠷ᠎ᠢ ᠲᠠᠪᠠᠵᠥ᠍᠂ ᠵᠢᠯ ᠲᠤᠮᠳᠠᠴᠢ᠎ᠪᠠᠷ  5.4% ᠎ᠪᠠᠷ ᠨᠡᠮᠡᠭ᠌ᠳᠡᠵᠥ᠍᠂ ᠪᠥᠬᠦ᠌ ᠪᠥᠮᠪᠦᠷᠴᠡᠭ᠎ᠤᠨ ᠲᠤᠮᠳᠠᠴᠢ ᠨᠡᠮᠡᠭ᠌ᠳᠡᠯ᠎ᠤᠨ ᠬᠤᠷᠳᠤᠴᠡ᠎ᠠᠴᠠ ᠢᠯᠡᠳᠳᠡ ᠥᠨᠳᠥᠷ ᠪᠤᠯᠪᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠠ ᠠᠵᠤ ᠥᠢᠯᠡᠰ᠎ᠤᠨ ᠱᠢᠨ᠎ᠠ ᠡᠬᠦᠳᠥᠯᠳᠡ᠎ᠳᠤ ᠱᠢᠨ᠎ᠠ ᠱᠢᠪᠳᠤᠯᠤᠯᠳᠡ ᠭᠠᠷᠭᠠᠵᠥ᠍᠂ ᠪᠦᠬᠦ᠌ ᠨᠡᠢᠭᠡᠮ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ ᠵᠢᠯ ᠲᠤᠮᠳᠠᠴᠢ᠎ᠪᠠᠷ 10% ᠎ᠪᠠᠷ ᠨᠡᠮᠡᠭ᠌ᠳᠡᠵᠥ᠍᠂ ᠲᠦᠮᠡᠨ ᠬᠥᠮᠦᠨ ᠠᠮᠠ ᠪᠦᠷᠢ᠎ᠳᠤ ᠨᠤᠭ᠍ᠳᠠᠬᠤ ᠥᠨᠳᠥᠷ ᠥᠷᠲᠡᠭ᠌ᠲᠦ ᠡᠭᠦᠳᠦᠯᠲᠡ᠎ᠶ᠋ᠢᠨ ᠲᠤᠰᠭᠠᠶ ᠠᠱᠢᠭ᠎ᠤᠨ ᠲᠤᠭ᠎ᠠ ᠬᠡᠮᠵᠢᠶ᠎ᠡ  16  ᠪᠤᠯᠵᠥ᠍᠂ ᠨᠢᠭᠡ ᠪᠥᠯᠥᠭ ᠴᠢᠬᠤᠯᠡ ᠶᠡᠭᠡ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠭᠡ ᠰᠡᠳᠥᠪ᠎ᠢ ᠱᠢᠢᠳᠪᠤᠷᠢᠯᠡᠵᠥ᠍᠂ ᠥᠢᠯᠡᠳᠬᠦ᠌ ᠥᠢᠯᠡᠰ᠎ᠤᠨ ᠨᠡᠮᠡᠭ᠌ᠳᠡᠯ ᠥᠷᠳᠡᠭ᠎ᠤᠨ ᠬᠡᠪᠴᠢᠶ᠎ᠠ 16 ᠵᠢᠯ ᠲᠠᠷᠠᠭᠠᠯᠠᠨ ᠪᠥᠬᠦ᠌ ᠪᠥᠮᠪᠥᠷᠴᠡᠭ᠎ᠲᠤ ᠲᠡᠷᠢᠬᠦᠯᠡᠵᠥ᠍᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ ᠪᠠ ᠠᠮᠤᠷ ᠲᠦᠪᠱᠢᠨ᠎ᠤ ᠬᠢᠷᠢ ᠬᠡᠮᠵᠢᠶ᠎ᠡ ᠯᠠᠪᠳᠠᠭᠤᠨ᠎ᠢᠶᠠᠷ ᠲᠡᠭᠡᠭ᠌ᠰᠢᠯᠡᠪᠡ᠃ ᠥᠭᠡᠷᠡᠴᠢᠯᠡᠯᠳᠡ ᠨᠡᠭᠡᠭᠡᠯᠳᠡ ᠱᠢᠨ᠎ᠠ ᠠᠯᠬᠤᠮ᠎ᠢ ᠠᠯᠬᠤᠵᠥ᠍᠂ ᠭᠤᠤᠯᠳᠠᠯᠭ᠎ᠠ᠎ᠲᠠᠢ ᠬᠦᠷᠢᠶᠡᠨ᠎ᠳᠠᠬᠢ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠲᠦᠷᠭᠡᠯᠡᠨ ᠪᠠᠢᠭᠤᠯᠵᠤ᠂ ᠥᠨᠳᠥᠷ ᠲᠦᠪᠱᠢᠨ ᠪᠥᠬᠦᠢ ᠭᠠᠳᠠᠭᠠᠳᠤ ᠨᠡᠭᠡᠭᠡᠯᠲᠡ᠎ᠶ᠋ᠢ ᠲᠠᠰᠤᠷᠠᠯᠲᠠ ᠤᠢ᠍ᠭᠡᠢ ᠥᠷᠭᠡᠳᠭᠡᠵᠥ᠍᠂ ᠦᠢᠯᠡᠳᠬᠦ᠌ ᠦᠢᠯᠡᠰ᠎ᠤᠨ ᠬᠦᠷᠢᠶᠡᠨ᠎ᠳᠠᠬᠢ ᠭᠠᠳᠠᠭᠠᠳᠤ ᠪᠡᠯᠡ᠎ᠶ᠋ᠢᠨ ᠤᠷᠤᠬᠤ ᠵᠥᠪᠱᠢᠶᠡᠷᠡᠯ᠎ᠤᠨ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠪᠦᠬᠦᠨ᠎ᠢ ᠬᠥᠴᠥᠨ ᠥᠭᠡᠢ ᠪᠤᠯᠭᠠᠵᠥ᠍᠂ ᠡᠳ᠋ ᠪᠠᠷᠠᠭᠠᠨ᠎ᠤ ᠠᠷᠠᠯᠵᠢᠶᠠᠨ᠎ᠤ ᠨᠢᠭᠡᠳᠦᠭᠡᠷ ᠲᠣᠮᠣ ᠤᠯᠤᠰ᠎ᠤᠨ ᠪᠠᠢᠷᠢ ᠰᠠᠭᠤᠷᠢ᠎ᠪᠠᠨ ᠨᠡᠩ ᠢᠯᠡᠬᠦᠦ ᠪᠡᠳᠤᠳᠭᠠᠵᠥ᠍᠂ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ᠎ᠪᠠᠷ ᠬᠠᠮᠲᠤ᠎ᠪᠠᠷ ᠪᠠᠢᠭᠤᠯᠬᠤ᠎ᠶ᠋ᠢ ᠭᠦᠨᠵᠡᠭᠡᠢᠷᠡᠭᠦᠯᠥᠨ ᠪᠣᠳᠠᠲᠠᠢᠵᠢᠭᠤᠯᠪᠠ᠃ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠱᠢᠨ᠎ᠡ ᠲᠦᠪᠱᠢᠨ᠎ᠳᠤ ᠬᠥᠷᠭᠡᠵᠥ᠍᠂ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠵᠢᠯ ᠳᠤᠮᠳᠠᠴᠢ᠎ᠪᠠᠷ 5.4%  ᠎ᠪᠠᠷ ᠨᠡᠮᠡᠭ᠌ᠳᠡᠵᠦ᠍᠂ ᠬᠤᠳᠠ ᠪᠠᠯᠭᠠᠰᠤᠨ᠎ᠳᠤ ᠱᠢᠨ᠎ᠠ᠎ᠪᠠᠷ ᠨᠡᠮᠡᠭ᠌ᠳᠡᠭ᠌ᠰᠡᠨ ᠠᠵᠢᠯ ᠣᠯᠤᠭ᠍ᠰᠠᠨ ᠬᠥᠮᠥᠨ᠎ᠤ ᠲᠤᠭ᠎ᠠ ᠨᠡᠢᠳᠡ 6000  ᠲᠦᠮᠡ᠎ᠶ᠋ᠢ ᠲᠠᠪᠠᠵᠥ᠍᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠥᠪ᠎ᠢ ᠱᠢᠢᠳᠪᠤᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠬᠦᠯᠥᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠯᠳᠤᠭᠤᠯᠬᠤ 5 ᠵᠢᠯ᠎ᠤᠨ ᠱᠢᠯᠵᠢᠯᠲᠡ᠎ᠶ᠋ᠢᠨ ᠬᠤᠭᠤᠴᠠᠭᠠᠨ᠎ᠤ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠍᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠭᠠᠵᠠᠷ ᠣᠷᠣᠨ᠎ᠤ ᠬᠥᠳᠡᠭᠡ ᠲᠤᠰᠭᠤᠨ᠎ᠤ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠤᠨ ᠬᠤᠷᠳᠤᠴᠠ᠎ᠨᠢ ᠦᠷᠭᠦᠯᠵᠢᠯᠡᠨ ᠪᠦᠬᠦ᠌ ᠤᠯᠤᠰ᠎ᠤᠨ ᠬᠥᠳᠡᠭᠡ ᠲᠣᠰᠭᠤᠨ᠎ᠤ ᠳᠤᠮᠳᠠᠴᠢ ᠲᠦᠪᠱᠢᠨ᠎ᠠᠴᠠ ᠥᠨᠳᠥᠷ ᠪᠠᠢᠵᠤ᠂ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠪᠦᠬᠦ᠌ ᠤᠯᠤᠰ᠎ᠲᠤ ᠨᠢᠭᠡᠳᠦᠯᠲᠡᠶ ᠲᠥᠯᠥᠪᠯᠡᠬᠦ᠌᠎ᠶ᠋ᠢ ᠯᠠᠪᠳᠠᠭᠤᠨ᠎ᠢᠶᠠᠷ ᠬᠡᠷᠡᠭ᠌ᠵᠢᠭᠦᠯᠵᠦ᠍᠂ ᠬᠥᠳᠡᠯᠮᠦᠷᠢᠯᠡᠬᠦ᠌ ᠨᠠᠰᠤᠨ᠎ᠤ ᠬᠥᠮᠦᠨ ᠠᠮᠠ᠎ᠶ᠋ᠢᠨ ᠰᠤᠷᠭᠠᠨ ᠬᠥᠮᠦᠵᠢᠯ ᠬᠦᠷᠲᠡᠭ᠌ᠰᠡᠨ ᠳᠤᠮᠳᠠᠴᠢ ᠵᠢᠯ ᠬᠤᠭᠤᠴᠠᠭ᠎ᠠ᠎ᠶ᠋ᠢ  11.3  ᠵᠢᠯ ᠪᠣᠯᠳᠠᠯ᠎ᠠ ᠲᠡᠭᠡᠭ᠌ᠰᠢᠯᠡᠬᠦᠯᠵᠥ᠍᠂ ᠬᠥᠮᠦᠨ ᠳᠤᠮᠳᠠᠴᠢ᠎ᠶ᠋ᠢᠨ ᠵᠢᠱ᠌ᠢᠯᠳᠠ ᠨᠠᠰᠤᠨ ᠬᠤᠲᠤᠭ᠎ᠢ  79.25   ᠨᠠᠰᠤ ᠪᠣᠯᠲᠠᠯ᠎ᠠ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠰᠣᠶᠣᠯ᠎ᠤᠨ ᠠᠮᠢᠳᠤᠷᠠᠯ᠎ᠢ ᠨᠡᠩ ᠦᠨᠢᠷ ᠪᠠᠶᠠᠯᠢᠭ ᠪᠣᠯᠭᠠᠪᠠ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠱᠢᠨ᠎ᠡ ᠳᠠᠪᠱᠢᠯᠲᠠ᠎ᠲᠠᠢ ᠪᠣᠯᠵᠤ᠂ ᠲᠤᠰᠭᠠᠶ ᠣᠷᠣᠨ᠎ᠤ ᠲᠠᠰ ᠵᠢᠴᠢ ᠲᠡᠭᠦᠨ᠎ᠠᠴᠠ ᠳᠡᠭᠡᠭ᠌ᠰᠢᠬᠢ ᠬᠤᠲᠠ᠎ᠶ᠋ᠢᠨ ᠠᠭᠠᠷ᠎ᠤᠨ ᠶᠠᠰᠤ ᠴᠢᠨᠠᠷ ᠱᠢᠯᠢᠳᠡᠭ ᠰᠠᠢᠨ ᠡᠳᠦᠷ᠎ᠤᠨ ᠲᠤᠭ᠎ᠠ᠎ᠶ᠋ᠢᠨ ᠬᠠᠷᠢᠴᠠᠯ᠎ᠢ  89.3% ᠪᠣᠯᠭᠠᠨ ᠳᠡᠭᠡᠭ᠌ᠰᠢᠯᠡᠭᠦᠯᠵᠥ᠍᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 25% ᠎ᠠᠴᠠ ᠳᠡᠭᠡᠭ᠌ᠰᠢ ᠪᠣᠯᠭᠠᠨ ᠳᠡᠭᠡᠭ᠌ᠰᠢᠯᠡᠭᠦᠯᠵᠥ᠍᠂ ᠪᠦᠬᠦ᠌ ᠪᠥᠮᠪᠥᠷᠴᠡᠭ᠎ᠤᠨ ᠤᠢ ᠱᠢᠭᠤᠶ᠎ᠶ᠋ᠢᠨ ᠡᠬᠢ ᠪᠠᠶᠠᠯᠢᠭ᠎ᠤᠨ ᠨᠡᠮᠡᠭ᠌ᠳᠡᠯ᠎ᠢᠶᠠᠷ ᠬᠠᠮᠤᠭ᠎ᠤᠨ ᠲᠦᠷᠭᠡᠨ ᠪᠥᠭᠡᠳ ᠨᠡᠮᠡᠭ᠌ᠳᠡᠯ᠎ᠢᠶᠠᠷ ᠬᠠᠮᠤᠭ᠎ᠤᠨ ᠤᠯᠠᠨ ᠤᠯᠤᠰ ᠪᠤᠯᠵᠤ᠂ ᠪᠦᠬᠦ᠌ ᠪᠥᠮᠪᠥᠷᠴᠡᠭ᠎ᠤᠨ ᠬᠠᠮᠤᠭ᠎ᠤᠨ ᠶᠡᠭᠡ ᠪᠥᠭᠡᠳ ᠬᠥᠭ᠌ᠵᠢᠯᠲᠡ᠎ᠪᠠᠷ ᠬᠠᠮᠤᠭ᠎ᠤᠨ ᠲᠦᠷᠭᠡᠨ ᠳᠠᠬᠢᠠ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠢ ᠪᠠᠢᠭᠤᠯᠪᠠ᠃ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠴᠢᠳᠠᠪᠤᠷᠢ ᠱᠢᠨ᠎ᠡ ᠲᠠᠪᠱᠢᠯᠳᠡ᠎ᠲᠠᠢ ᠪᠤᠯᠵᠦ᠍᠂ ᠠᠮᠤ ᠪᠤᠳᠠᠭ᠎ᠠ᠂ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠂ ᠮᠥᠩᠭᠦᠨ ᠭᠦᠢᠯᠭᠡᠭᠡ᠂ ᠰᠦᠯᠵᠢᠶ᠎ᠡ ᠵᠡᠷᠭᠡ ᠭᠤᠥᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ ᠢᠯᠡᠳᠲᠡ ᠴᠢᠩᠭᠠᠷᠠᠵᠥ᠍᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠳᠤᠯᠠᠵᠥ᠍᠂ ᠱᠢᠰᠲ᠋ᠧᠮ᠎ᠤᠨ ᠴᠢᠨᠠᠷᠲᠠᠶ ᠠᠶᠤᠯ ᠲᠦᠭ᠌ᠰᠢᠭᠦᠷᠢ ᠦᠯᠦ᠍ ᠡᠭᠦᠰᠭᠡᠬᠦ᠌ ᠬᠢᠵᠠᠭᠠᠷ ᠱᠤᠭᠤᠮ᠎ᠢ ᠪᠠᠲᠤ ᠰᠠᠬᠢᠪᠠ᠃ ᠲᠡᠰᠪᠦᠷᠢ ᠬᠠᠲᠠᠭᠤᠵᠢᠯᠲᠠᠶ ᠲᠡᠮᠡᠴᠡᠯ᠂ ᠴᠥᠬᠦᠷᠡᠰᠢ ᠦᠭᠡᠢ ᠴᠢᠷᠮᠠᠢᠯᠭ᠎ᠠ᠎ᠪᠠᠷ ᠳᠠᠮᠵᠢᠭᠠᠳ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ 《ᠲᠣᠪᠴᠢ》 ᠎ᠳᠤ ᠲᠣᠭ᠍ᠲᠠᠭᠠᠭ᠍ᠰᠠᠨ  20  ᠵᠥᠢᠯ᠎ᠤᠨ ᠭᠤᠤᠯ ᠭᠦᠢᠴᠡᠳᠭᠡᠯ ᠲᠤᠭ᠎ᠠ᠂  17  ᠲᠠᠯ᠎ᠠ᠎ᠶ᠋ᠢᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠂  102  ᠵᠥᠢᠯ᠎ᠤᠨ ᠴᠢᠬᠤᠯᠠ ᠶᠡᠭᠡ ᠢᠨᠵᠧᠨᠧᠷᠢᠩ᠎ᠤᠨ ᠲᠥᠰᠥᠯ᠎ᠢ ᠠᠮᠵᠢᠯᠳᠠ᠎ᠲᠠᠢ ᠪᠡᠶᠡᠯᠡᠭᠦᠯᠪᠡ᠃  ᠡᠳᠡᠭᠡᠷ ᠴᠢᠬᠤᠯᠠ ᠶᠡᠭᠡ ᠠᠮᠵᠢᠯᠲᠠ ᠪᠥᠳᠥᠮᠵᠢ᠎ᠶ᠋ᠢ ᠣᠯᠤᠭ᠍ᠰᠠᠨ᠎ᠤ ᠦᠨᠳᠦᠰᠦᠨ ᠱᠢᠯᠳᠠᠭᠠᠨ᠎ᠨᠢ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ᠎ᠶ᠋ᠢᠨ ᠠᠶᠠᠯᠠᠯ ᠵᠠᠮᠴᠢᠯᠠᠨ ᠴᠢᠭ᠌ᠯᠡᠯ᠎ᠢ ᠡᠵᠡᠮᠳᠡᠭ᠌ᠰᠡᠨ᠎ᠳᠤ ᠪᠤᠢ᠂ ᠰᠢ᠎ᠶ᠋ᠢᠨ ᠫᠢᠩ᠎ᠤᠨ ᠱᠢᠨ᠎ᠡ ᠴᠠᠭ ᠥᠶ᠎ᠠ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠲᠡᠷᠡ᠎ᠨᠢ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠭ᠌ᠰᠡᠨ᠎ᠤ ᠦᠷ᠎ᠡ ᠳ᠋ᠦᠩ ᠮᠥᠨ᠃ ᠪᠢ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠡᠯ᠎ᠠ ᠠᠷᠠᠳᠴᠢᠯᠠᠭ᠍ᠰᠠᠨ ᠨᠠᠮ ᠪᠦᠯᠦᠭ᠂ ᠡᠯ᠎ᠠ ᠠᠷᠠᠳ᠎ᠤᠨ ᠪᠦᠯᠬᠦᠮ ᠪᠤᠯᠤᠨ ᠡᠯ᠎ᠡ ᠡᠲᠡᠭᠡᠳ᠎ᠤᠨ ᠬᠥᠮᠦᠰ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠥᠶ᠎ᠡ! ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠥ ᠨᠡᠷ᠂ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠥ ᠨᠡᠷ᠂ ᠲᠠᠢᠸᠠᠨ᠎ᠤ ᠠᠬ᠎ᠠ ᠳᠡᠭᠦᠥ ᠨᠡᠷ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠥ ᠨᠡᠷ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠥᠶ᠎ᠡ! ᠳᠤᠮᠳᠠᠳᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠬᠠᠯᠠᠮᠵᠢᠯᠠᠨ ᠳᠠᠮᠵᠢᠵᠤ ᠪᠠᠢᠭ᠎ᠠ ᠡᠯ᠎ᠡ ᠤᠯᠤᠰ᠎ᠤᠨ ᠵᠠᠰᠠᠭ᠎ᠤᠨ ᠣᠷᠳᠣᠨ᠂ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠤᠨ ᠡᠯ᠎ᠡ ᠤᠯᠤᠰ᠎ᠤᠨ ᠨᠠᠢᠵᠠ ᠨᠠᠷ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠥᠶ᠎ᠡ!    

ᠠᠮᠵᠢᠯᠲᠠ᠎ᠪᠠᠨ ᠨᠤᠲᠠᠯᠠᠬᠤ᠎ᠶ᠋ᠢᠨ ᠬᠠᠮᠳᠤ᠂ ᠪᠢᠳᠡ ᠪᠠᠰᠠ ᠲᠤᠯᠭᠠᠷᠠᠵᠤ ᠪᠠᠢᠭ᠎ᠠ ᠬᠦᠴᠢᠷ ᠪᠡᠷᠭᠡᠱᠢᠶᠡᠯ ᠪᠠ ᠱᠢᠯᠭᠠᠯᠳᠠ᠎ᠶ᠋ᠢ ᠰᠡᠷᠭᠡᠭ᠎ᠢᠶᠠᠷ ᠣᠯᠵᠤ ᠬᠠᠷᠠᠪᠠ᠃ ᠭᠠᠳᠠᠭᠠᠳᠤ ᠣᠷᠴᠢᠨ ᠨᠥᠬᠦᠴᠡᠯ᠎ᠤᠨ ᠬᠤᠪᠢᠷᠠᠯᠲᠠ᠎ᠶ᠋ᠢᠨ ᠨᠥᠯᠥᠭᠡ ᠭᠦᠨᠵᠡᠭᠡᠢᠷᠡᠵᠤ᠂ ᠭᠠᠵᠠᠷ ᠣᠷᠣᠨ᠎ᠤ ᠤᠯᠤᠰ ᠲᠥᠷᠥ᠎ᠶ᠋ᠢᠨ ᠠᠶᠥᠯ ᠲᠦᠭ᠌ᠰᠢᠭᠦᠷᠢ ᠦᠷᠭᠦᠯᠵᠢᠯᠡᠨ ᠨᠡᠮᠡᠭ᠌ᠳᠡᠵᠥ᠍᠂ ᠳᠡᠯᠡᠬᠡᠶ᠎ᠶ᠋ᠢᠨ ᠠᠵᠤ ᠠᠬᠤᠶ᠎ᠶ᠋ᠢᠨ ᠬᠥᠳᠡᠯᠭᠡᠭ᠌ᠴᠢ ᠡᠨᠧᠷᠭᠢ ᠮᠠᠭᠤᠳᠠᠵᠥ᠍᠂ ᠤᠯᠠᠨ ᠲᠠᠯᠠᠲᠤ ᠦᠵᠡᠯ᠂ ᠴᠢᠯᠥᠭᠡᠲᠦ ᠠᠷᠠᠯᠵᠢᠶ᠎ᠠ ᠬᠦᠨᠳᠦ ᠨᠣᠴᠢᠲᠠᠶ ᠲᠠᠭᠠᠷᠢᠯᠳᠠ᠎ᠳᠤ ᠤᠴᠠᠷᠠᠵᠥ᠍ ᠪᠠᠢᠨ᠎ᠠ᠃ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠬᠥᠭ᠌ᠵᠢᠯᠲᠡ ᠪᠠ ᠬᠡᠯᠪᠡᠷᠢ᠎ᠶ᠋ᠢᠨ ᠬᠤᠪᠢᠷᠠᠭᠤᠯᠥᠯᠳᠡ᠎ᠳᠤ ᠲᠤᠯᠭᠠᠷᠠᠵᠤ ᠪᠠᠢᠭ᠎ᠠ ᠬᠠᠭᠤᠴᠢᠨ ᠠᠰᠠᠭᠤᠳᠠᠯ᠂ ᠱᠢᠨ᠎ᠡ ᠱᠢᠯᠭᠠᠯᠳᠡ ᠮᠥᠨ ᠬᠦ᠌ ᠴᠥᠭᠡᠨ ᠪᠤᠰᠤ ᠪᠠᠢᠨ᠎ᠠ᠃ ᠱᠢᠨ᠎ᠡ ᠬᠠᠭᠤᠴᠢᠨ ᠬᠦᠳᠡᠯᠭᠡᠭ᠌ᠴᠢ ᠡᠨᠧᠷᠬᠢ᠎ᠶ᠋ᠢᠨ ᠰᠣᠯᠢᠭ᠍ᠳᠠᠯ᠎ᠤᠨ ᠡᠭᠦᠷᠭᠡ ᠬᠠᠲᠠᠭᠤ ᠪᠡᠷᠭᠡ ᠪᠠᠢᠵᠤ᠂ ᠬᠠᠩᠭᠠᠯᠭ᠎ᠠ ᠴᠢᠩᠭ᠎ᠠ ᠬᠡᠷᠡᠭ᠌ᠴᠡᠭᠡ ᠪᠠᠭᠤᠷᠠᠶ᠎ᠶ᠋ᠢᠨ ᠵᠥᠷᠢᠴᠡᠯ ᠲᠤᠪᠤᠢᠮ᠎ᠠ ᠤᠷᠤᠱᠢᠵᠥ᠍᠂ ᠵᠠᠬ᠎ᠠ ᠳᠡᠯᠭᠡᠭᠦᠷ᠎ᠤᠨ ᠵᠢᠱ᠌ᠢᠯᠲᠡ ᠪᠠᠭᠤᠷᠠᠶ ᠱᠢᠬ ᠪᠠᠢᠵᠤ᠂ ᠭᠤᠤᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢᠨ ᠲᠠᠯᠳᠠ ᠭᠡᠮ ᠨᠡᠯᠢᠶᠡᠳ ᠤᠯᠠᠨ ᠪᠠᠢᠨ᠎ᠠ᠃ ᠵᠠᠷᠢᠮ ᠠᠵᠤ ᠠᠬᠤᠢᠯᠠᠯ᠎ᠤᠨ ᠡᠵᠡᠩᠨᠡᠯᠲᠡ ᠬᠦᠴᠢᠷᠳᠡᠯ᠎ᠲᠠᠢ ᠪᠠᠢᠵᠥ᠍᠂ ᠣᠯᠠᠨ ᠲᠦᠮᠡᠨ᠎ᠤ ᠠᠵᠢᠯ ᠣᠯᠬᠤ ᠪᠠ ᠣᠷᠣᠯᠭ᠎ᠠ᠎ᠪᠠᠨ ᠨᠡᠮᠡᠭ᠌ᠳᠡᠭᠦᠯᠬᠦ᠌ ᠬᠦᠴᠢᠷᠳᠡᠯ ᠶᠡᠬᠡᠳᠴᠥ᠍᠂ ᠬᠡᠰᠡᠭ ᠭᠠᠵᠠᠷ ᠣᠷᠣᠨ᠎ᠤ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ᠎ᠶ᠋ᠢᠨ ᠵᠥᠷᠢᠴᠡᠯ ᠲᠤᠪᠤᠢᠮ᠎ᠠ ᠤᠷᠤᠱᠢᠵᠤ᠂ ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠎ᠶ᠋ᠢᠨ ᠵᠠᠬ᠎ᠠ ᠳᠡᠯᠭᠡᠭᠦᠷ᠎ᠲᠤ ᠮᠥᠨ ᠯᠡ ᠲᠤᠬᠢᠷᠠᠭᠤᠯᠤᠯᠳᠠ ᠬᠢᠭ᠌ᠰᠡᠭᠡᠷ ᠪᠠᠢᠨ᠎ᠠ᠃ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢᠨ ᠲᠠᠯ᠎ᠠ᠎ᠪᠠᠷ ᠮᠥᠨ ᠬᠦ᠌ ᠴᠥᠭᠡᠨ ᠪᠤᠰᠤ ᠳᠤᠲᠠᠭᠤᠳᠠᠯ ᠪᠠ ᠪᠠᠭᠤᠷᠠᠶ ᠲᠠᠯ᠎ᠠ ᠣᠷᠣᠱᠢᠵᠤ ᠪᠠᠢᠨ᠎ᠠ᠃ ᠵᠠᠰᠠᠭ᠎ᠤᠨ ᠣᠷᠳᠣᠨ᠎ᠤ ᠠᠵᠢᠯ᠎ᠳᠤ ᠬᠦᠷᠦᠯᠴᠡᠬᠦ᠌ ᠦᠭᠡᠢ ᠲᠠᠯ᠎ᠠ ᠣᠷᠣᠱᠢᠵᠤ᠂ ᠵᠠᠷᠢᠮ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢᠨ ᠦᠷ᠎ᠡ ᠪᠦᠲᠦᠮᠵᠢ᠎ᠶ᠋ᠢ ᠮᠥᠨ ᠳᠡᠭᠡᠭ᠌ᠰᠢᠯᠡᠭᠦᠯᠬᠦ᠌ ᠴᠢᠬᠤᠯᠠᠲᠠᠶ ᠪᠠᠢᠵᠥ᠍᠂ ᠵᠠᠷᠢᠮ ᠺᠠᠳ᠋ᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠳᠭᠤᠬᠤ ᠴᠢᠳᠠᠪᠤᠷᠢ᠎ᠨᠢ ᠬᠦᠷᠦᠯᠴᠡᠬᠦ᠌ ᠦᠭᠡᠢ᠂ ᠠᠷᠭ᠎ᠠ᠎ᠨᠢ ᠴᠥᠭᠡᠨ᠂ ᠵᠠᠷᠢᠮ᠎ᠨᠢ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠲᠤᠬᠠᠢ ᠠᠳᠡᠭᠦᠦ ᠣᠢ᠌ᠯᠠᠭᠠᠯᠲᠠ᠎ᠲᠠᠢ ᠪᠠᠢᠵᠤ᠂ ᠡᠰᠡ ᠦᠢᠯᠡᠳᠴᠦ᠍᠂ ᠲᠤᠷ᠎ᠡ᠎ᠪᠠᠷ᠎ᠢᠶᠠᠨ ᠥᠢᠯᠡᠳᠴᠥ᠍᠂ ᠬᠠᠭᠤᠷᠮᠠᠭ᠎ᠢᠶᠠᠷ ᠦᠢᠯᠡᠳᠴᠦ᠍᠂ 《ᠥᠩᠭᠡᠪᠴᠢ ᠠᠵᠢᠯ》 ᠬᠢᠵᠦ᠍᠂ ᠵᠠᠷᠢᠮ ᠬᠦᠷᠢᠶ᠎ᠡ ᠪᠠ ᠣᠷᠣᠨ ᠨᠤᠲᠤᠭ᠎ᠲᠤ ᠢᠯᠵᠢᠷᠠᠯ᠎ᠤᠨ ᠠᠰᠠᠭᠤᠳᠠᠯ ᠮᠥᠨ ᠯᠡ ᠤᠯᠠᠨ ᠭᠠᠷᠴᠤ᠌ ᠪᠠᠢᠨ᠎ᠠ᠃ ᠬᠦᠴᠢᠷ ᠪᠡᠷᠬᠡᠱᠢᠶᠡᠯ᠎ᠢ ᠣᠮᠲᠣᠭᠠᠢᠯᠠᠵᠤ ᠪᠣᠯᠬᠤ ᠦᠭᠡᠢ᠂ ᠢᠲᠡᠭᠡᠯ ᠵᠣᠷᠢᠭ᠎ᠢᠶᠠᠨ ᠵᠠᠪᠠᠯ ᠪᠠᠲᠤᠳᠭᠠᠬᠤ ᠬᠡᠷᠡᠭ᠌ᠲᠡᠢ᠃ ᠮᠠᠨ᠎ᠤ ᠤᠯᠤᠰ᠎ᠤᠨ ᠠᠵᠤ ᠠᠬᠤᠶ᠎ᠶ᠋ᠢᠨ ᠤᠷᠳᠤ ᠬᠤᠭᠤᠴᠠᠭ᠎ᠠ᠎ᠪᠠᠷ ᠰᠠᠢᠵᠢᠷᠠᠬᠤ᠎ᠶ᠋ᠢᠨ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠪᠠᠢᠭᠤᠯᠤᠯ᠎ᠤᠨ ᠳᠠᠪᠠᠭᠤᠯᠢᠭ ᠪᠠ ᠲᠤᠮᠤ ᠤᠯᠤᠰ᠎ᠤᠨ ᠳᠠᠪᠠᠭᠤᠯᠢᠭ ᠲᠠᠰᠤᠷᠠᠯᠳᠠ ᠦᠭᠡᠢ ᠢᠯᠡᠷᠡᠵᠦ᠍ ᠪᠠᠢᠨ᠎ᠠ᠃ ᠰᠠᠯᠬᠢ ᠪᠣᠷᠣᠭᠠᠨ᠎ᠤ ᠳᠠᠪᠲᠠᠯᠲᠠ᠎ᠶ᠋ᠢ ᠥᠩᠭᠡᠷᠡᠭᠡᠭᠡᠳ᠂ ᠪᠢᠳᠡᠨ᠎ᠤ ᠡᠷᠴᠢ ᠵᠣᠷᠢᠭ ᠨᠠᠩ ᠪᠠᠲᠤ ᠴᠢᠩᠭ᠎ᠠ ᠪᠣᠯᠵᠤ᠂ ᠪᠢᠳᠡᠨ᠎ᠤ ᠠᠯᠬᠤᠭ᠎ᠠ ᠨᠡᠩ ᠡᠷᠡᠰ ᠪᠠᠲᠤ ᠪᠣᠯᠪᠠ᠂ ᠳᠠᠪᠠᠭᠤᠯᠢᠭ᠎ᠢᠶᠠᠨ ᠭᠦᠢᠴᠡᠳ ᠠᠱᠢᠭ᠍ᠯᠠᠨ ᠰᠠᠢᠲᠤᠷ ᠠᠱᠢᠭ᠍ᠯᠠᠵᠤ᠂ ᠱᠢᠯᠭᠠᠯᠳᠠ᠎ᠶ᠋ᠢ ᠲᠣᠬᠢᠲᠠᠶ ᠠᠷᠭᠠᠴᠠᠳᠠᠭ ᠯᠠ ᠶᠤᠮ ᠪᠣᠯ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠢᠷᠡᠭᠡᠳᠥᠢ ᠯᠠᠪᠲᠠᠶ ᠤᠯᠠᠮ ᠢᠯᠡᠬᠦᠦ ᠬᠥᠰᠡᠯ ᠡᠷᠡᠮᠡᠯᠵᠡᠯ᠎ᠲᠠᠢ ᠪᠤᠯᠬᠤ ᠶᠤᠮ!    

ᠬᠤᠶᠠᠷ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠭᠤᠤᠯ ᠭᠤᠤᠯ ᠬᠠᠷᠠᠯᠲᠠ ᠪᠠ ᠴᠢᠬᠤᠯᠠ ᠶᠡᠭᠡ ᠡᠭᠦᠷᠭᠡ    

《ᠤᠯᠤᠰ ᠠᠷᠠᠳ᠎ᠤᠨ ᠠᠵᠤ ᠠᠬᠤᠶ ᠪᠤᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠎ᠶ᠋ᠢ ᠦᠨᠳᠦᠰᠦᠯᠡᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠲᠣᠪᠴᠢ (ᠲᠥᠰᠦᠯ)》 ᠎ᠶ᠋ᠢ ᠨᠠᠢᠷᠠᠭᠤᠯᠤᠨ ᠵᠣᠬᠢᠶᠠᠭᠠᠳ᠂ ᠶᠡᠭᠡ ᠬᠤᠷᠠᠯ᠎ᠳᠤ ᠳᠡᠪᠱᠢᠭᠦᠯᠵᠦ᠍ ᠬᠢᠨᠠᠨ ᠪᠠᠢᠴᠠᠭᠠᠯᠭᠠᠬᠤ᠎ᠪᠠᠷ ᠪᠤᠯᠪᠠ᠃ ᠠᠳᠡ ᠭᠤᠣᠯ ᠭᠤᠤᠯ ᠬᠠᠷᠠᠯᠲᠠ᠎ᠶ᠋ᠢᠨ ᠭᠦᠢᠴᠡᠳᠭᠡᠯ ᠲᠤᠭ᠎ᠠ᠂ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠂ ᠴᠢᠬᠤᠯᠠ ᠶᠡᠭᠡ ᠢᠨᠵᠧᠨᠧᠷᠢᠩ᠎ᠤᠨ ᠲᠦᠰᠥᠯ᠎ᠤᠨ ᠲᠤᠬᠠᠢ ᠲᠣᠪᠴᠢᠬᠠᠨ ᠮᠡᠳᠡᠭᠦᠯᠥᠶ᠎ᠠ᠃    

(ᠨᠢᠭᠡ) ᠭᠤᠤᠯ ᠭᠤᠤᠯ ᠬᠠᠷᠠᠯᠲᠠ᠎ᠶ᠋ᠢᠨ ᠭᠦᠢᠴᠡᠳᠭᠡᠯ ᠲᠤᠭ᠎ᠠ᠎ᠶ᠋ᠢᠨ ᠲᠤᠬᠠᠶ    

ᠨᠠᠮ᠎ᠤᠨ ᠲᠥᠪ ᠬᠤᠷᠢᠶᠠᠨ᠎ᠤ 《ᠰᠠᠨᠠᠭᠤᠯᠭ᠎ᠠ》 ᠎ᠳᠤ ᠲᠣᠳᠣᠷᠬᠠᠶ ᠲᠣᠭ᠍ᠲᠠᠭᠠᠭ᠍ᠰᠠᠨ ᠭᠤᠤᠯ ᠭᠤᠤᠯ ᠬᠠᠷᠠᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠲᠤᠪᠴᠢ (ᠲᠥᠰᠦᠯ)》 ᠎ᠳᠤ 20 ᠵᠥᠢᠯ᠎ᠤᠨ ᠭᠤᠤᠯ ᠭᠦᠢᠴᠡᠳᠭᠡᠯ ᠲᠤᠭ᠎ᠠ᠎ᠶ᠋ᠢ ᠨᠠᠷᠢᠯᠢᠬ᠍ᠵᠢᠭᠤᠯᠤᠨ ᠳᠤᠷᠠᠳᠤᠨ ᠭᠠᠷᠭᠠᠪᠠ᠃ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠠᠯ᠎ᠠ᠎ᠪᠠᠷ᠂ ᠨᠡᠮᠡᠭ᠌ᠳᠡᠯ᠂ ᠪᠦᠲᠦᠴᠡ᠂ ᠦᠷ᠎ᠡ ᠪᠦᠲᠦᠮᠵᠢ᠎ᠶ᠋ᠢᠨ ᠲᠤᠭᠤᠷᠢᠨ᠎ᠳᠤ 3 ᠵᠦᠢᠯ᠎ᠤᠨ ᠭᠦᠢᠴᠡᠳᠭᠡᠯ ᠲᠤᠭ᠎ᠠ᠎ᠶ᠋ᠢ ᠳᠤᠷᠠᠳᠤᠨ ᠭᠠᠷᠭᠠᠪᠠ᠃ ᠡᠭᠦᠨ᠎ᠳᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠪᠣᠯᠤᠨ ᠡᠯ᠎ᠡ ᠲᠠᠯ᠎ᠠ᠎ᠶ᠋ᠢᠨ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠬᠡᠷᠡᠭ᠌ᠴᠡᠭᠡ ᠪᠣᠯᠤᠨ ᠪᠣᠯᠤᠯᠴᠠᠭ᠎ᠠ᠎ᠶ᠋ᠢ ᠬᠠᠮᠲᠤ᠎ᠳᠤᠨᠢ ᠬᠠᠷᠠᠭᠠᠯᠵᠠᠨ᠂ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠥᠷᠲᠡᠭ᠎ᠤᠨ ᠨᠡᠮᠡᠭ᠌ᠳᠡᠯ᠎ᠢ ᠵᠥᠢ ᠵᠣᠬᠢᠰᠲᠠᠶ ᠬᠡᠪᠴᠢᠶᠡᠨ᠎ᠳᠤ ᠪᠠᠢᠯᠭᠠᠬᠤ ᠪᠡ ᠡᠯ᠎ᠡ ᠣᠨ᠎ᠤ ᠪᠠᠢᠳᠠᠯ᠎ᠢ ᠥᠨᠳᠥᠰᠥᠯᠡᠨ ᠲᠤᠷᠠᠳᠴᠥ᠍᠂ 2035 ᠣᠨ ᠪᠣᠯᠬᠤ᠎ᠳᠤ ᠬᠥᠮᠦᠨ ᠳᠤᠮᠳᠠᠴᠢ᠎ᠶ᠋ᠢᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠥᠬᠦ᠌ ᠦᠷᠳᠡᠭ᠎ᠢ 2020ᠣᠨ᠎ᠤ᠎ᠬᠢ᠎ᠠᠴᠠ ᠬᠤᠶᠠᠷ ᠲᠠᠬᠢᠨ᠎ᠢᠶᠠᠷ ᠨᠡᠮᠡᠭ᠌ᠳᠡᠭᠦᠯᠵᠦ᠍᠂ ᠳᠤᠮᠳᠠ ᠵᠡᠷᠭᠡ᠎ᠶ᠋ᠢᠨ ᠬᠥᠭ᠌ᠵᠢᠭ᠌ᠰᠡᠨ ᠤᠯᠤᠰ᠎ᠤᠨ ᠲᠦᠪᠱᠢᠨ᠎ᠳᠤ ᠬᠦᠷᠭᠡᠬᠦ᠌᠎ᠳᠤ ᠰᠠᠭᠤᠷᠢ᠎ᠶ᠋ᠢ ᠰᠠᠢᠨ ᠲᠠᠯᠪᠢᠵᠥ᠍ ᠥᠭ᠌ᠭᠦᠨ᠎ᠠ ᠭᠡᠵᠥ᠍ ᠳᠤᠷᠠᠳᠥᠨ ᠭᠠᠷᠭᠠᠪᠡ᠃ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠲᠠᠯ᠎ᠠ᠎ᠪᠠᠷ᠂ ᠱᠢᠨ᠎ᠡ᠎ᠶ᠋ᠢ ᠡᠭᠦᠳᠬᠦ᠌ ᠣᠷᠣᠭᠤᠯᠤᠯᠲᠠ ᠵᠢᠴᠢ ᠲᠡᠭᠦᠨ᠎ᠤ ᠦᠷ᠎ᠡ ᠪᠦᠲᠦᠮᠵᠢ᠎ᠶ᠋ᠢᠨ ᠲᠤᠭᠤᠷᠢᠨ᠎ᠳᠤ 3 ᠵᠦᠢᠯ᠎ᠤᠨ ᠭᠦᠢᠴᠡᠳᠭᠡᠯ ᠲᠤᠭ᠎ᠠ᠎ᠶ᠋ᠢ ᠳᠤᠷᠠᠳᠪᠠ᠃ ᠡᠭᠦᠨ᠎ᠳᠤ᠂ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠨᠡᠮᠡᠭ᠌ᠳᠡᠯ᠎ᠤᠨ ᠬᠠᠨᠳᠤᠰᠢ ᠪᠣᠯᠤᠨ ᠠᠵᠤ ᠠᠬᠤᠢᠯᠠᠯ᠎ᠤᠨ ᠣᠷᠣᠭᠤᠯᠤᠯᠲᠠ᠎ᠶ᠋ᠢᠨ ᠴᠢᠳᠠᠪᠤᠷᠢ᠎ᠶ᠋ᠢ ᠭᠦᠢᠴᠡᠳ ᠪᠣᠳᠣᠯᠬᠢᠯᠠᠵᠤ᠂ ᠪᠦᠬᠦ᠌ ᠨᠡᠢᠭᠡᠮ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠶ᠋ᠢ ᠵᠢᠯ ᠳᠤᠮᠳᠠᠴᠢ 7% ᠎ᠠᠴᠠ ᠳᠡᠭᠡᠭ᠌ᠰᠢ ᠨᠡᠮᠡᠭ᠌ᠳᠡᠭᠦᠯᠥᠨ᠎ᠠ ᠭᠡᠵᠥ᠍ ᠲᠤᠷᠠᠳᠤᠨ ᠭᠠᠷᠭᠠᠵᠥ᠍᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠠᠷᠠᠯᠲᠠ᠎ᠲᠠᠢ ᠨᠢᠭᠡᠳᠦᠯᠲᠡᠶ ᠪᠠᠢᠯᠭᠠᠵᠤ᠂ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢ ᠰᠤᠯᠠᠷᠠᠭᠤᠯᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠪᠠ᠃ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠬᠦᠯᠬᠦ᠌ ᠲᠠᠯ᠎ᠠ᠎ᠪᠠᠷ᠂ ᠠᠷᠠᠳ ᠤᠯᠠᠨ᠎ᠤ ᠪᠠᠴᠢᠮᠳᠡᠵᠥ᠍ ᠬᠦᠴᠢᠷᠳᠡᠵᠥ᠍ ᠵᠤᠪᠠᠵᠥ᠍ ᠬᠥᠰᠡᠵᠥ᠍ ᠪᠠᠢᠭ᠎ᠠ ᠠᠰᠠᠭᠤᠳᠠᠯ᠎ᠢ ᠨᠡᠩ ᠰᠠᠢᠨ ᠱᠢᠢᠳᠪᠦᠷᠢᠯᠡᠬᠦ᠌᠎ᠶ᠋ᠢᠨ ᠲᠥᠯᠥᠭᠡ᠂ ᠠᠵᠢᠯ ᠣᠯᠭᠤᠯᠲᠠ᠂ ᠣᠷᠣᠯᠭ᠎ᠠ᠂ ᠰᠤᠷᠭᠠᠨ ᠬᠥᠮᠦᠵᠢᠯ᠂ ᠡᠮᠨᠡᠯᠭᠡ᠂ ᠡᠷᠡᠭᠦᠯ ᠮᠡᠨᠳᠦ᠂ 《ᠨᠠᠰᠤᠳᠠᠢᠴᠤᠳ ᠪᠠ ᠬᠡᠤᠬᠡᠳ》 ᠵᠡᠷᠭᠡ 7 ᠵᠦᠢᠯ᠎ᠤᠨ ᠭᠦᠢᠴᠡᠳᠭᠡᠯ ᠲᠤᠭ᠎ᠠ᠎ᠶ᠋ᠢ ᠬᠠᠨᠳᠤᠯᠭᠠᠲᠤ ᠴᠢᠨᠠᠷᠲᠠᠢ᠎ᠪᠠᠷ ᠳᠤᠷᠠᠳᠤᠨ ᠭᠠᠷᠭᠠᠪᠠ᠃ ᠪᠤᠬᠢᠷᠲᠠᠯ ᠥᠬᠡᠢ  ᠪᠥᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠠᠯ᠎ᠠ᠎ᠪᠠᠷ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠤᠷᠠᠭᠤᠯᠥᠨ ᠪᠤᠬᠢᠷᠳᠤᠯ᠎ᠢ ᠪᠠᠭᠠᠰᠭᠠᠬᠤ᠂ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠬᠤ ᠵᠡᠷᠭᠡ᠎ᠶ᠋ᠢᠨ ᠲᠤᠭᠤᠷᠢᠨ᠎ᠳᠤ 5 ᠵᠥᠢᠯ᠎ᠤᠨ ᠭᠦᠢᠴᠡᠳᠭᠡᠯ ᠲᠤᠭ᠎ᠠ᠎ᠶ᠋ᠢ ᠳᠤᠷᠠᠳᠥᠨ ᠭᠠᠷᠭᠠᠪᠠ᠃ ᠡᠭᠦᠨ᠎ᠳᠤ᠂ ᠤᠯᠤᠰ᠎ᠤᠨ ᠪᠡᠶ᠎ᠡ᠎ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ᠌ ᠬᠠᠷᠠᠯᠲᠠ᠎ᠶ᠋ᠢ ᠦᠨᠳᠦᠰᠦᠯᠡᠨ᠂ ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠲᠠ᠎ᠶ᠋ᠢ ᠨᠡᠢᠳᠡ 17%  ᠪᠠᠷ ᠪᠠᠭᠤᠷᠠᠭᠤᠯᠵᠤ᠂ ᠭᠤᠤᠯᠳᠠᠯᠭ᠎ᠠ᠎ᠲᠠᠢ ᠬᠦᠷᠢᠶᠡᠨ᠎ᠤ ᠨᠤᠭᠤᠭᠠᠨ ᠪᠥᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠦᠷᠭᠦᠯᠵᠢᠯᠡᠨ ᠠᠬᠢᠭᠤᠯᠤᠨ᠎ᠠ ᠭᠡᠵᠥ᠍ ᠲᠤᠷᠠᠳᠤᠨ ᠭᠠᠷᠭᠠᠪᠡ᠃ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠲᠠᠯ᠎ᠠ᠎ᠪᠠᠷ᠂ ᠠᠮᠤ ᠪᠤᠳᠠᠭ᠎ᠠ᠂ ᠡᠨᠧᠷᠭᠢ᠎ᠶ᠋ᠢᠨ ᠰᠤᠷᠪᠤᠯᠵᠢ᠎ᠶ᠋ᠢᠨ ᠥᠢᠯᠡᠳᠪᠦᠷᠢᠯᠡᠯ᠎ᠤᠨ ᠴᠢᠳᠠᠪᠤᠷᠢ᠎ᠶ᠋ᠢᠨ ᠲᠣᠭᠤᠷᠢᠨ᠎ᠳᠤ 2 ᠵᠥᠢᠯ᠎ᠤᠨ ᠭᠦᠢᠴᠡᠳᠭᠡᠯ ᠲᠤᠭ᠎ᠠ᠎ᠶ᠋ᠢ ᠳᠤᠷᠠᠳᠴᠤ᠌᠂ ᠤᠯᠤᠰ᠎ᠤᠨ ᠠᠮᠤᠷ ᠲᠦᠪᠱᠢᠨ᠎ᠤ ᠴᠢᠬᠤᠯᠠ ᠰᠠᠭᠤᠷᠢ ᠪᠠᠲᠤᠯᠠᠭ᠎ᠠ᠎ᠶ᠋ᠢ ᠬᠦᠴᠦᠯᠡᠨ ᠪᠠᠬᠢᠵᠢᠭᠦᠯᠪᠡ᠃    

(ᠬᠤᠶᠠᠷ) ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠲᠤᠬᠠᠶ    

《ᠲᠤᠪᠴᠢ (ᠲᠥᠰᠦᠯ)》 ᠎ᠳᠤ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠦᠪᠵᠢᠬᠦᠯᠬᠡ᠎ᠶ᠋ᠢᠨ ᠬᠥᠭ᠌ᠵᠢᠯᠲᠡ᠎ᠶ᠋ᠢᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠬᠦᠷᠢᠶ᠎ᠡ ᠬᠤᠪᠢᠶᠠᠨ ᠲᠣᠳᠣᠷᠬᠠᠢᠯᠠᠨ ᠥᠭᠦᠯᠡᠵᠦ᠍᠂ ᠳᠥᠷᠪᠡᠨ ᠲᠠᠯ᠎ᠠ᠎ᠶ᠋ᠢ ᠳᠣᠪᠤᠢᠯᠭᠠᠨ ᠢᠯᠡᠷᠡᠭᠦᠯᠪᠡ᠃    

ᠨᠢᠭᠡ᠎ᠳᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢ ᠳᠣᠪᠤᠢᠯᠭᠠᠪᠠ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠳᠣᠲᠣᠭᠠᠳᠤ ᠱᠠᠭᠠᠷᠳᠠᠯᠭ᠎ᠠ ᠮᠥᠨ᠃ 《ᠲᠤᠪᠴᠢ (ᠲᠥᠰᠦᠯ)》 ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠴᠢᠬᠤᠯᠠᠴᠢᠯᠠᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠰᠠᠭᠤᠷᠢ᠎ᠶ᠋ᠢ ᠪᠠᠬᠢᠵᠢᠭᠦᠯᠦᠨ ᠪᠤᠵᠠᠭᠠᠢᠷᠠᠭᠤᠯᠬᠤ ᠲᠠᠯ᠎ᠠ᠎ᠠᠴᠠ ᠪᠣᠳᠣᠯᠬᠢᠯᠠᠨ᠂ ᠲᠡᠷᠢᠭᠦᠨ᠎ᠤ ᠦᠢᠯᠡᠳᠬᠦ᠌ ᠦᠢᠯᠡᠰ᠎ᠢᠶᠠᠷ ᠭᠤᠣᠯᠯᠠᠭ᠍ᠴᠢ ᠬᠥᠴᠤᠨ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠤᠨ᠎ᠠ᠃ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦᠯᠬᠦ᠌ ᠲᠠᠯ᠎ᠠ᠎ᠠᠴᠠ ᠪᠤᠳᠤᠯᠬᠢᠯᠡᠨ᠂ ᠤᠤᠭᠠᠯ ᠱᠢᠨ᠎ᠡ ᠡᠭᠦᠳᠦᠯᠲᠡ ᠪᠣᠯᠤᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠥᠪ᠎ᠢ ᠱᠢᠢᠳᠪᠤᠷᠢᠯᠡᠬᠦ᠌᠎ᠶ᠋ᠢ ᠴᠢᠩᠭᠠᠳᠭᠠᠵᠤ᠂ ᠳ᠋ᠢᠵᠢᠲ᠋ᠠᠯ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢ ᠭᠦᠨᠵᠡᠭᠡᠢᠷᠡᠭᠦᠯᠥᠨ ᠠᠬᠢᠭᠤᠯᠵᠥ᠍᠂ ᠤᠯᠤᠰ᠎ᠤᠨ ᠳᠣᠲᠣᠭᠠᠳᠤ᠎ᠶ᠋ᠢᠨ ᠥᠢᠯᠡᠳᠪᠦᠷᠢᠯᠡᠯ᠎ᠤᠨ ᠪᠦᠬᠦ᠌ ᠦᠷᠳᠡᠭ᠎ᠲᠤ ᠡᠵᠡᠯᠡᠬᠦ᠌ ᠳ᠋ᠢᠵᠢᠲ᠋ᠠᠯ ᠠᠵᠤ ᠠᠬᠤᠶ᠎ᠶ᠋ᠢᠨ ᠭᠤᠤᠯᠯᠠᠬᠤ ᠠᠵᠤ ᠥᠢᠯᠡᠰ᠎ᠤᠨ ᠨᠡᠮᠡᠭ᠌ᠳᠡᠯ ᠦᠷᠳᠡᠭ᠎ᠤᠨ ᠬᠤᠪᠢ᠎ᠶ᠋ᠢᠨ ᠵᠢᠩ᠎ᠢ 12.5%᠎ᠳᠤ ᠬᠦᠷᠭᠡᠨ᠎ᠡ᠃ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠬᠤ ᠲᠠᠯ᠎ᠠ᠎ᠠᠴᠠ ᠪᠣᠳᠣᠯᠬᠢᠯᠠᠨ᠂ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠠᠮᠢ ᠠᠬᠤᠶ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠥᠨ ᠠᠬᠢᠭᠤᠯᠵᠤ᠂ ᠨᠤᠭᠤᠭᠠᠨ ᠥᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠲᠦᠷᠭᠡᠯᠡᠨ ᠪᠤᠢ ᠪᠣᠯᠭᠠᠵᠤ᠂ ᠨᠡᠭᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠬᠠᠷᠠᠯᠲᠠ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃    

ᠬᠤᠶᠠᠷ᠎ᠲᠤ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢ ᠬᠦᠴᠦᠷᠬᠡᠭ᠌ᠵᠢᠭᠦᠯᠬᠦ᠌᠎ᠶ᠋ᠢ ᠲᠤᠪᠤᠢᠯᠭᠠᠪᠠ᠃ ᠭᠠᠳᠠᠭᠠᠳᠤ ᠣᠷᠴᠢᠨ ᠨᠥᠬᠦᠴᠡᠯ ᠲᠥᠪᠡᠭ ᠪᠤᠳᠤᠯᠢᠶᠠᠨᠲᠠᠶ ᠬᠦᠨᠳᠦ ᠬᠡᠴᠡᠭᠦᠥ ᠪᠠᠢᠬᠤ ᠪᠠᠢᠳᠠᠯ᠎ᠤᠨ ᠳᠣᠥᠷ᠎ᠠ᠂ ᠡᠷᠬᠡᠪᠰᠢ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠎ᠢ ᠪᠠᠷᠢᠮᠲᠠᠯᠠᠬᠤ ᠬᠡᠷᠡᠭ᠌ᠲᠡᠶ᠃ 《ᠲᠤᠪᠴᠢ (ᠲᠥᠰᠦᠯ)》 ᠎ᠳᠤ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠤᠨ ᠳᠣᠲᠣᠭᠠᠳᠤ ᠬᠥᠳᠡᠯᠭᠡᠭ᠌ᠴᠢ ᠬᠦᠴᠦᠨ ᠪᠣᠯᠤᠨ ᠨᠠᠢᠳᠠᠪᠤᠷᠢᠲᠤ ᠴᠢᠨᠠᠷ᠎ᠢ ᠴᠢᠩᠭᠠᠳᠭᠠᠬᠤ ᠲᠠᠯ᠎ᠠ᠎ᠠᠴᠠ ᠪᠤᠳᠤᠯᠬᠢᠯᠠᠨ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠪᠣᠳᠠᠰ᠎ᠲᠤ ᠪᠡᠯᠨ ᠣᠷᠣᠭᠤᠯᠬᠤ ᠪᠠ ᠬᠥᠮᠥᠨ᠎ᠳᠤ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠡᠷᠡᠭ᠌ᠯᠡᠭᠡ᠎ᠶ᠋ᠢ ᠶᠡᠭᠡ᠎ᠪᠠᠷ ᠬᠥᠭ᠌ᠵᠢᠭᠡᠵᠦ᠍᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠨᠤᠷᠮ᠎ᠠ᠎ᠶ᠋ᠢ ᠢᠯᠡᠳᠲᠡ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠨ᠎ᠠ᠃ ᠮᠠᠨ᠎ᠤ ᠤᠯᠤᠰ᠎ᠤᠨ ᠬᠡᠲᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠴᠡᠪᠡᠷ ᠠᠱᠢᠭ᠎ᠢ ᠭᠦᠢᠴᠡᠳ ᠪᠠᠳᠠᠷᠠᠭᠤᠯᠬᠤ ᠲᠠᠯ᠎ᠠ᠎ᠠᠴᠠ ᠪᠣᠳᠣᠯᠬᠢᠯᠠᠨ᠂ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠣᠷᠣᠨ ᠨᠤᠲᠤᠭ᠎ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ᠎ᠤᠨ ᠬᠡᠰᠡᠭ᠌ᠯᠡᠯ᠎ᠢ ᠠᠷᠢᠯᠭᠠᠨ᠎ᠠ᠃ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ᠎ᠢ ᠴᠢᠩᠭᠠᠷᠠᠭᠤᠯᠬᠤ ᠲᠠᠯ᠎ᠠ᠎ᠠᠴᠠ ᠪᠤᠳᠤᠯᠬᠢᠯᠡᠨ᠂ ᠡᠯ᠎ᠡ ᠲᠦᠷᠦᠯ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠭᠦᠢᠴᠡᠳ ᠬᠥᠭ᠌ᠵᠢᠭᠡᠵᠦ᠍᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠪᠠᠢᠭᠤᠯᠤᠯ ᠲᠣᠭ᠍ᠲᠠᠴᠠ᠎ᠶ᠋ᠢ ᠲᠦᠷᠭᠡᠯᠡᠨ ᠲᠡᠭᠦᠯᠳᠡᠷᠵᠢᠭᠦᠯᠥᠨ᠎ᠡ᠃ ᠤᠯᠤᠰ᠎ᠤᠨ ᠳᠣᠲᠤᠭᠠᠳᠤ ᠭᠠᠳᠠᠭᠠᠳᠤ᠎ᠶ᠋ᠢᠨ ᠬᠤᠣᠰ ᠣᠷᠴᠢᠯ᠎ᠢ ᠰᠠᠭᠠᠳ ᠦᠭᠡᠢ ᠨᠡᠪᠲᠡᠷᠡᠭᠦᠯᠬᠦ᠌ ᠲᠠᠯ᠎ᠠ᠎ᠠᠴᠠ ᠪᠣᠳᠣᠯᠬᠢᠯᠠᠨ᠂ ᠪᠦᠬᠦ᠌ ᠪᠥᠮᠪᠥᠷᠴᠡᠭ᠎ᠤᠨ ᠡᠯᠧᠮᠧᠨ᠋ᠲ ᠪᠠ ᠵᠠᠬ᠎ᠠ ᠳᠡᠯᠭᠡᠭᠦᠷ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠰᠠᠢᠲᠤᠷ ᠬᠡᠷᠡᠭ᠌ᠯᠡᠨ᠎ᠡ᠃    

ᠭᠤᠷᠪᠠ᠎ᠳᠤ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯᠳᠡ᠎ᠶ᠋ᠢ ᠠᠬᠢᠭᠤᠯᠬᠤ᠎ᠶ᠋ᠢ ᠲᠣᠪᠤᠢᠯᠭᠠᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭ᠌ᠵᠢᠬᠦ᠌ ᠣᠳᠣᠬᠢᠴᠢᠯᠠᠯᠲᠠ ᠮᠥᠨ᠃ 《ᠲᠤᠪᠴᠢ (ᠲᠥᠰᠦᠯ)》 ᠎ᠳᠤ ᠦᠷᠡᠵᠢᠯ᠎ᠳᠤ ᠡᠬᠡᠯᠢᠳᠡᠢ ᠨᠡᠢᠭᠡᠮ᠎ᠢ ᠪᠠᠢᠭᠤᠯᠬᠤ ᠲᠠᠯ᠎ᠠ᠎ᠠᠴᠠ ᠪᠤᠳᠤᠯᠬᠢᠯᠠᠨ᠂ ᠬᠥᠮᠦᠨ ᠠᠮᠠ᠎ᠶ᠋ᠢᠨ ᠥᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠬᠦᠯᠥᠨ᠎ᠠ; ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠵᠦ᠍᠂ ᠬᠥᠳᠡᠯᠮᠦᠷᠢᠯᠡᠬᠦ᠌ ᠨᠠᠰᠤᠨ᠎ᠤ ᠬᠥᠮᠦᠨ ᠠᠮᠠ᠎ᠶ᠋ᠢᠨ ᠰᠤᠷᠭᠠᠨ ᠬᠥᠮᠦᠵᠢᠯ ᠬᠦᠷᠳᠡᠬᠦ᠌ ᠳᠤᠮᠳᠠᠴᠢ ᠵᠢᠯ ᠬᠤᠭᠤᠴᠠᠭ᠎ᠠ᠎ᠶ᠋ᠢ  11.7   ᠵᠢᠯ ᠪᠣᠯᠳᠠᠯ᠎ᠠ ᠳᠡᠭᠡᠭ᠌ᠰᠢᠯᠡᠭᠦᠯᠥᠨ᠎ᠠ; ᠡᠷᠡᠭᠦᠯ ᠡᠩᠬᠡ ᠳᠤᠮᠳᠠᠳᠤ ᠤᠯᠤᠰ ᠪᠠ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠲᠦᠷᠭᠡᠯᠡᠨ ᠪᠥᠳᠥᠭᠡᠨ ᠪᠠᠢᠭᠤᠯᠵᠤ᠂ ᠬᠥᠮᠦᠨ ᠳᠤᠮᠳᠠᠴᠢ᠎ᠶ᠋ᠢᠨ ᠵᠢᠱ᠌ᠢᠯᠳᠠ ᠨᠠᠰᠤᠨ ᠬᠤᠲᠤᠭ᠎ᠢ  80  ᠨᠠᠰᠤ ᠪᠣᠯᠳᠠᠯ᠎ᠠ ᠳᠡᠭᠡᠭ᠌ᠰᠢᠯᠡᠬᠦᠯᠥᠨ᠎ᠠ; ᠬᠥᠮᠦᠨ ᠠᠮᠠ᠎ᠶ᠋ᠢᠨ ᠨᠠᠰᠤᠵᠢᠯᠲᠠ᠎ᠶ᠋ᠢ ᠢᠳᠡᠪᠬᠢᠲᠡᠶ ᠠᠷᠭᠠᠴᠠᠵᠤ᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠰᠤᠪᠢᠯᠠᠬᠤ ᠬᠡᠯᠪᠡᠷᠢ᠎ᠶ᠋ᠢᠨ ᠣᠷᠣ᠎ᠶ᠋ᠢᠨ ᠡᠵᠡᠯᠡᠬᠦ᠌ ᠬᠠᠷᠢᠴᠠᠯ᠎ᠢ  73%  ᠪᠣᠯᠭᠠᠨ ᠳᠡᠭᠡᠭ᠌ᠰᠢᠯᠡᠭᠦᠯᠥᠨ᠎ᠠ; ᠴᠢᠨᠠᠷ ᠰᠠᠢᠲᠠᠶ ᠪᠥᠭᠡᠳ ᠭᠥᠢᠴᠡᠳ ᠠᠵᠢᠯ ᠣᠯᠭᠤᠯᠲᠠ᠎ᠶ᠋ᠢ ᠠᠬᠢᠭᠤᠯᠵᠤ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠥᠨ᠂ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠥᠷᠢᠨᠱᠢᠬᠦᠯᠤᠨ᠎ᠠ᠃ ᠣᠷᠣᠨ ᠪᠦᠰᠡ᠎ᠶ᠋ᠢᠨ ᠵᠥᠷᠢᠶ᠎ᠡ ᠪᠣᠯᠤᠨ ᠬᠤᠲᠠ ᠬᠥᠳᠡᠭᠡ᠎ᠶ᠋ᠢᠨ ᠵᠦᠷᠢᠶ᠎ᠡ᠎ᠶ᠋ᠢ ᠪᠠᠭᠠᠰᠭᠠᠬᠤ ᠲᠠᠯ᠎ᠠ᠎ᠠᠴᠠ ᠪᠣᠳᠣᠯᠬᠢᠯᠠᠨ᠂ ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠍᠂ ᠴᠢᠬᠤᠯᠠ ᠶᠡᠭᠡ ᠥᠢᠯᠡᠳᠪᠦᠷᠢᠯᠡᠯ᠎ᠤᠨ ᠬᠦᠴᠦᠨ᠎ᠤ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠬᠥᠮᠦᠨ᠎ᠢᠶᠠᠷ ᠦᠨᠳᠦᠰᠦ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ᠎ᠶ᠋ᠢ ᠭᠦᠨᠵᠡᠭᠡᠢᠷᠡᠭᠦᠯᠦᠨ ᠠᠬᠢᠭᠤᠯᠥᠨ᠎ᠠ᠃ ᠠᠷᠠᠳ ᠲᠦᠮᠡᠨ᠎ᠤ ᠣᠶᠤᠨ᠎ᠤ ᠠᠮᠢᠳᠤᠷᠠᠯ᠎ᠤᠨ ᠬᠠᠮᠲᠤ᠎ᠶ᠋ᠢᠨ ᠴᠢᠨᠡᠭᠡᠯᠢᠭ᠌ᠵᠢᠯᠳᠡ᠎ᠶ᠋ᠢ ᠠᠬᠢᠭᠤᠯᠬᠤ ᠲᠠᠯ᠎ᠠ᠎ᠠᠴᠠ ᠪᠣᠳᠣᠯᠬᠢᠯᠠᠨ᠂ ᠨᠡᠢᠭᠡᠮ ᠵᠢᠷᠤᠮ᠎ᠤᠨ ᠭᠤᠤᠯᠯᠠᠬᠤ ᠥᠷᠲᠡᠭ᠎ᠤᠨ ᠦᠵᠡᠯᠲᠡ᠎ᠶ᠋ᠢ ᠪᠠᠳᠠᠷᠠᠭᠤᠯᠤᠨ ᠥᠢᠯᠡᠳᠦᠯᠭᠡᠵᠢᠭᠦᠯᠵᠦ᠍᠂ ᠰᠣᠶᠣᠯ᠎ᠤᠨ ᠥᠢᠯᠡᠰ᠎ᠢ ᠶᠡᠭᠡ᠎ᠪᠠᠷ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠠᠵᠤ ᠥᠢᠯᠡᠰ᠎ᠢ ᠲᠦᠷᠭᠡᠯᠡᠨ ᠬᠥᠭ᠌ᠵᠢᠭᠦᠯᠵᠦ᠍᠂ ᠳᠤᠮᠳᠠᠳᠤ᠎ᠶ᠋ᠢᠨ ᠪᠣᠯᠪᠠᠰᠤᠨ᠎ᠤ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃    

ᠲᠦᠷᠪᠡ᠎ᠳᠤ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠬᠦ᠌᠎ᠶ᠋ᠢ ᠲᠤᠪᠤᠢᠯᠭᠠᠪᠡ᠃ ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠤᠷᠢᠲᠠᠯ ᠮᠥᠨ᠂ ᠬᠥᠭ᠌ᠵᠢᠯᠲᠡ ᠪᠣᠯ ᠠᠮᠤᠷ ᠲᠦᠪᠱᠢᠨ᠎ᠤ ᠪᠠᠲᠤᠯᠠᠭ᠎ᠠ ᠮᠥᠨ᠃ 《ᠲᠤᠪᠴᠢ (ᠲᠥᠰᠦᠯ)》 ᠎ᠳᠤ ᠤᠯᠤᠰ᠎ᠤᠨ ᠶᠡᠷᠦᠩᠬᠡᠶ ᠴᠤᠭ᠍ᠴᠠ᠎ᠶ᠋ᠢᠨ ᠠᠮᠤᠷ ᠲᠦᠪᠱᠢᠨ᠎ᠤ ᠦᠵᠡᠯᠲᠡ᠎ᠶ᠋ᠢ ᠲᠤᠭᠤᠱᠢᠯᠠᠭᠤᠯᠵᠤ᠂ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠲᠠᠯ᠎ᠠ᠎ᠠᠴᠠ ᠪᠤᠳᠤᠯᠬᠢᠯᠡᠨ ᠤᠯᠠᠨ ᠵᠥᠢᠯ᠎ᠤᠨ ᠡᠭᠦᠷᠭᠡ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠪᠠ᠃ ᠠᠮᠤ ᠪᠤᠳᠠᠭ᠎ᠠ᠂ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ ᠵᠡᠷᠭᠡ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠴᠢᠩᠭᠠᠳᠭᠠᠵᠥ᠍᠂ ᠠᠮᠤ ᠪᠤᠳᠠᠭᠠᠨ᠎ᠤ ᠶᠡᠷᠦᠩᠬᠡᠢᠯᠡᠭ᠌ᠰᠡᠨ ᠥᠢᠯᠡᠳᠪᠦᠷᠢᠯᠡᠬᠦ᠌ ᠴᠢᠳᠠᠪᠤᠷᠢ᠎ᠶ᠋ᠢ 1.45   ᠲᠦᠮᠡᠨ ᠳ᠋ᠦᠩᠱᠢᠭᠤᠷ ᠵᠢᠩ ᠣᠷᠴᠢᠮ᠎ᠳᠤ ᠬᠦᠷᠭᠡᠵᠦ᠍᠂ ᠡᠨᠧᠷᠭᠢ᠎ᠶ᠋ᠢᠨ ᠰᠤᠷᠪᠤᠯᠵᠢ᠎ᠶ᠋ᠢᠨ ᠶᠡᠷᠦᠩᠬᠡᠢᠯᠡᠭ᠌ᠰᠡᠨ ᠥᠢᠯᠡᠳᠪᠦᠷᠢᠯᠡᠬᠦ᠌ ᠴᠢᠳᠠᠪᠤᠷᠢ᠎ᠶ᠋ᠢ  58  ᠳ᠋ᠦᠩᠱᠢᠭᠤᠷ ᠲᠣᠨ ᠪᠠᠷᠢᠮᠵᠢᠶᠠᠲᠤ ᠨᠡᠭᠦᠷᠡᠰᠦᠨ᠎ᠤ ᠬᠡᠮᠵᠢᠶᠡᠨ᠎ᠳᠤ ᠬᠦᠷᠭᠡᠨ᠎ᠡ᠃ ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭ᠌ᠴᠡᠭᠡ᠂ ᠣᠷᠣᠨ ᠨᠤᠲᠤᠭ᠎ᠤᠨ ᠳᠤᠮᠳᠠ ᠵᠢᠵᠢᠭ ᠮᠥᠩᠭᠦᠨ ᠭᠥᠢᠯᠭᠡᠭᠡᠨ᠎ᠤ ᠪᠠᠢᠭᠤᠯᠤᠮᠵᠢ ᠵᠡᠷᠭᠡ᠎ᠶ᠋ᠢᠨ ᠠᠶᠤᠯ ᠲᠦᠭ᠌ᠰᠢᠭᠦᠷᠢ᠎ᠶ᠋ᠢ ᠡᠮᠬᠢ ᠵᠢᠷᠤᠮ᠎ᠲᠠᠢ᠎ᠪᠠᠷ ᠠᠷᠢᠯᠭᠠᠬᠤ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠨᠡᠢᠭᠡᠮ᠎ᠤᠨ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠪᠦᠲᠦᠮᠵᠢᠲᠡᠶ ᠬᠠᠮᠠᠭᠠᠯᠠᠨ᠎ᠠ᠃    

(ᠭᠤᠷᠪᠠ) ᠴᠢᠬᠤᠯᠠ ᠶᠡᠭᠡ ᠢᠨᠵᠧᠨᠧᠷᠢᠩ᠎ᠤᠨ ᠲᠥᠰᠥᠯ᠎ᠤᠨ ᠲᠤᠬᠠᠶ    

ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶ᠋ᠢ ᠪᠤᠳᠠᠳᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠲᠠᠢ ᠤᠶᠠᠯᠳᠤᠭᠤᠯᠤᠨ᠂ ᠪᠠᠢᠯᠳᠤᠬᠤ ᠪᠤᠳᠤᠯᠭ᠎ᠠ᠎ᠶ᠋ᠢᠨ ᠴᠢᠨᠠᠷ᠂ ᠬᠥᠳᠥᠯᠥᠮᠵᠢ᠎ᠶ᠋ᠢᠨ ᠴᠢᠨᠠᠷ ᠪᠠ ᠦᠷᠭᠦᠯᠵᠢᠯᠡᠬᠦ᠌ ᠴᠢᠨᠠᠷ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ 《ᠲᠤᠪᠴᠢ (ᠲᠥᠰᠦᠯ)》 ᠎ᠳᠤ 6 ᠲᠠᠯ᠎ᠠ᠎ᠶ᠋ᠢᠨ 109 ᠵᠥᠢᠯ᠎ᠤᠨ ᠴᠢᠬᠤᠯᠠ ᠶᠡᠭᠡ ᠢᠨᠵᠧᠨᠧᠷᠢᠩ᠎ᠢ ᠳᠤᠷᠠᠳᠤᠨ ᠭᠠᠷᠭᠠᠪᠠ᠃ ᠱᠢᠨ᠎ᠡ ᠴᠢᠨᠠᠷ᠎ᠤᠨ ᠥᠢᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠲᠠᠯ᠎ᠠ᠎ᠪᠠᠷ᠂ ᠠᠵᠤ ᠥᠢᠯᠡᠰ᠎ᠤᠨ ᠰᠠᠭᠤᠷᠢ ᠴᠢᠳᠠᠪᠤᠷᠢ ᠪᠠ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠂ ᠱᠢᠨ᠎ᠡ ᠠᠵᠤ ᠥᠢᠯᠡᠰ ᠱᠢᠨ᠎ᠡ ᠤᠷᠤᠯᠳᠤᠭᠠᠨ᠎ᠤ ᠵᠠᠮ᠎ᠢ ᠪᠤᠢᠵᠢᠭᠤᠯᠤᠨ ᠬᠥᠭ᠌ᠵᠢᠭᠦᠯᠬᠦ᠂ ᠬᠤᠱᠢᠭᠤᠷᠠᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠷᠭᠡ ᠰᠡᠳᠥᠪ᠎ᠢ ᠱᠢᠢᠳᠪᠤᠷᠢᠯᠡᠬᠦ᠂ ᠱᠢᠨ᠎ᠡ᠎ᠶ᠋ᠢ ᠡᠭᠦᠳᠬᠦ᠌ ᠰᠠᠭᠤᠷᠢ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠣᠭᠤᠷᠢᠨ᠎ᠳᠤ 28  ᠵᠥᠢᠯ᠎ᠤᠨ ᠢᠨᠵᠧᠨᠧᠷᠢᠩ᠎ᠢ ᠳᠤᠷᠠᠳᠤᠨ ᠭᠠᠷᠭᠠᠪᠠ᠃ ᠣᠳᠣᠬᠢᠴᠢᠯᠠᠭ᠍ᠰᠠᠨ ᠰᠠᠭᠤᠷᠢ ᠲᠥᠬᠦᠭᠡᠷᠦᠮᠵᠢ᠎ᠶ᠋ᠢᠨ ᠱᠢᠰᠲ᠋ᠧᠮ᠎ᠢ ᠪᠠᠢᠭᠤᠯᠬᠤ ᠲᠠᠯ᠎ᠠ᠎ᠪᠠᠷ᠂ ᠤᠯᠤᠰ᠎ᠤᠨ ᠶᠡᠷᠦᠩᠬᠡᠢᠯᠡᠭ᠌ᠰᠡᠨ ᠪᠣᠰᠤᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠂ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠂ ᠭᠠᠳᠠᠭᠠᠳᠥ ᠨᠡᠭᠡᠭᠡᠯᠳᠡ᠎ᠶ᠋ᠢᠨ ᠲᠠᠪᠴᠠᠩ ᠵᠡᠷᠬᠡ᠎ᠶ᠋ᠢᠨ ᠲᠤᠭᠤᠷᠢᠨ᠎ᠳᠤ  23  ᠵᠥᠢᠯ᠎ᠤᠨ ᠢᠨᠵᠧᠨᠧᠷᠢᠩ᠎ᠢ ᠳᠤᠷᠠᠳᠤᠨ ᠭᠠᠷᠭᠠᠪᠠ᠃ ᠬᠤᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠬᠦᠯᠬᠦ᠌᠎ᠶ᠋ᠢ ᠠᠬᠢᠭᠤᠯᠬᠤ ᠲᠠᠯ᠎ᠠ᠎ᠪᠠᠷ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠳᠡ᠎ᠶ᠋ᠢᠨ ᠪᠦᠲᠦᠭᠡᠨ ᠪᠠᠢᠭᠤᠯᠤᠯᠲᠠ᠂ ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠲᠣᠭᠤᠷᠢᠨ᠎ᠳᠤ 9 ᠵᠦᠢᠯ᠎ᠤᠨ ᠢᠨᠵᠧᠨᠧᠷᠢᠩ᠎ᠢ ᠳᠤᠷᠠᠳᠥᠨ ᠭᠠᠷᠭᠠᠪᠠ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠠᠯ᠎ᠠ᠎ᠪᠠᠷ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠬᠦᠯᠥᠨ ᠬᠥᠭ᠌ᠵᠢᠭᠦᠯᠬᠦ᠂ ᠴᠢᠨᠠᠷ ᠰᠠᠢᠲᠠᠶ ᠰᠤᠷᠭᠠᠨ ᠬᠥᠮᠦᠵᠢᠯ᠎ᠤᠨ ᠱᠢᠰᠲ᠋ᠧᠮ᠎ᠢ ᠪᠥᠳᠥᠭᠡᠨ ᠪᠠᠢᠭᠤᠯᠬᠤ᠂ ᠡᠷᠡᠭᠦᠯ ᠡᠩᠬᠡ ᠳᠤᠮᠳᠠᠳᠤ ᠤᠯᠤᠰ᠎ᠢ ᠪᠥᠲᠥᠭᠡᠨ ᠪᠠᠢᠭᠤᠯᠬᠤ᠂ 《ᠨᠠᠰᠤᠳᠠᠢᠴᠤᠳ ᠪᠠ ᠬᠡᠤᠬᠡᠳ》 ᠎ᠤᠨ ᠥᠢᠯᠡᠴᠢᠯᠡᠭᠡ ᠪᠤᠯᠤᠨ ᠨᠡᠢᠭᠡᠮ᠎ᠤᠨ ᠬᠠᠢᠷ᠎ᠠ ᠬᠠᠯᠠᠮᠵᠢ᠎ᠶ᠋ᠢᠨ ᠥᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌᠎ᠶ᠋ᠢᠨ ᠲᠣᠭᠤᠷᠢᠨ᠎ᠳᠤ  25  ᠵᠥᠢᠯ᠎ᠤᠨ ᠢᠨᠵᠧᠨᠧᠷᠢᠩ᠎ᠢ ᠳᠤᠷᠠᠳᠥᠨ ᠭᠠᠷᠭᠠᠪᠠ᠃ ᠪᠤᠬᠢᠷᠲᠠᠯ ᠥᠬᠡᠢ  ᠪᠥᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠬᠤ ᠲᠠᠯ᠎ᠠ᠎ᠪᠠᠷ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ᠂ ᠣᠷᠴᠢᠨ ᠠᠬᠤᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠠᠮᠢ ᠠᠬᠤᠢ᠎ᠶ᠋ᠢ ᠬᠠᠮᠠᠭᠠᠯᠠᠵᠤ ᠵᠠᠰᠠᠨ ᠰᠡᠷᠭᠦᠭᠡᠬᠦ᠌᠎ᠶ᠋ᠢᠨ ᠲᠣᠭᠤᠷᠢᠨ᠎ᠳᠤ  18  ᠵᠥᠢᠯ᠎ᠤᠨ ᠢᠨᠵᠧᠨᠧᠷᠢᠩ᠎ᠢ ᠳᠤᠷᠠᠳᠥᠨ ᠭᠠᠷᠭᠠᠪᠠ᠃ ᠭᠤᠤᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠲᠠᠯ᠎ᠠ᠎ᠪᠠᠷ᠂ ᠠᠮᠤ ᠪᠤᠳᠠᠭ᠎ᠠ᠂ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ ᠵᠡᠷᠭᠡ᠎ᠶ᠋ᠢᠨ ᠲᠤᠭᠤᠷᠢᠨ᠎ᠳᠤ 6 ᠵᠥᠢᠯ᠎ᠤᠨ ᠢᠨᠵᠧᠨᠧᠷᠢᠩ᠎ᠢ ᠳᠤᠷᠠᠳᠤᠨ ᠭᠠᠷᠭᠠᠪᠠ᠃ ᠡᠳᠡᠭᠡᠷ ᠴᠢᠬᠤᠯᠠ ᠶᠡᠭᠡ ᠢᠨᠵᠧᠨᠧᠷᠢᠩ᠎ᠨᠢ ᠣᠳᠣᠬᠢ ᠪᠠ ᠠᠯᠤᠰ ᠬᠡᠳᠦ᠍᠎ᠶ᠋ᠢ ᠬᠠᠮᠲᠤ᠎ᠳᠤᠨᠢ ᠬᠠᠷᠠᠭᠠᠯᠵᠠᠵᠤ᠂ 《ᠬᠠᠲᠠᠭᠤ ᠪᠡᠯᠡ ᠣᠷᠣᠭᠤᠯᠤᠯᠲᠠ》 ᠎ᠳᠤ ᠬᠤᠯᠪᠣᠭ᠍ᠳᠠᠬ᠍ᠰᠠᠨ ᠮᠥᠷᠲᠡᠭᠡᠨ ᠪᠠᠰᠠ 《ᠵᠥᠭᠡᠯᠡᠨ ᠪᠦᠲᠦᠭᠡᠨ ᠪᠠᠢᠭᠤᠯᠤᠯᠲᠠ》 ᠎ᠶ᠋ᠢ ᠪᠠᠭ᠍ᠲᠠᠭᠠᠬ᠍ᠰᠠᠨ ᠪᠠᠢᠨ᠎ᠠ᠃ ᠪᠢᠳᠡ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠪᠠᠷ ᠨᠡᠢᠭᠡᠮ᠎ᠤᠨ ᠬᠦᠴᠦᠨ᠎ᠤ ᠣᠷᠣᠯᠴᠠᠭ᠎ᠠ᠎ᠶ᠋ᠢ ᠳᠠᠢᠴᠢᠯᠠᠬᠤ᠎ᠶ᠋ᠢ ᠴᠢᠬᠤᠯᠠᠴᠢᠯᠠᠵᠤ᠂ ᠰᠠᠭᠤᠷᠢ᠎ᠶ᠋ᠢ ᠴᠢᠩᠭᠠᠳᠭᠠᠬᠤ᠂ ᠳᠤᠲᠠᠭᠤᠳᠠᠯ᠎ᠢ ᠨᠥᠬᠦᠪᠥᠷᠢᠯᠡᠬᠦ᠂ ᠰᠡᠯᠭᠦᠬᠦ᠌ ᠬᠦᠴᠦᠨ᠎ᠢ ᠨᠡᠮᠡᠭ᠌ᠳᠡᠭᠦᠯᠬᠦ᠌ ᠵᠡᠷᠭᠡ ᠲᠠᠯ᠎ᠠ᠎ᠪᠠᠷ᠎ᠬᠢ ᠴᠢᠬᠤᠯᠠ ᠶᠡᠭᠡ ᠢᠨᠵᠧᠨᠧᠷᠢᠩ᠎ᠤᠨ ᠲᠦᠰᠥᠯ᠎ᠤᠨ ᠴᠢᠬᠤᠯᠠ ᠦᠢᠯᠡᠳᠦᠯ᠎ᠢ ᠨᠡᠩ ᠰᠠᠢᠨ ᠪᠠᠳᠠᠷᠠᠭᠤᠯᠤᠨ᠎ᠠ᠃ ᠢᠷᠡᠭᠡᠳᠥᠢ᠎ᠪᠠᠨ ᠪᠠᠷᠠᠯᠠᠬᠤᠶ᠎ᠠ᠂ ᠪᠢᠳᠡ ᠢᠲᠡᠭᠡᠯ ᠲᠡᠭᠦᠯᠳᠡᠷ ᠪᠠᠢᠨ᠎ᠠ᠃ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠢᠶᠠᠷ᠎ᠢᠶᠠᠨ ᠪᠦᠯᠬᠦᠮᠳᠡᠨ ᠲᠡᠮᠡᠴᠡᠪᠡᠯ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠠᠤᠭ᠎ᠠ ᠶᠡᠭᠡ ᠵᠢᠷᠤᠭ ᠲᠥᠰᠦᠪ᠎ᠢ ᠯᠠᠪᠲᠠᠶ᠎ᠠ ᠰᠠᠢᠨ ᠰᠠᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠵᠤ ᠴᠢᠳᠠᠬᠤ ᠶᠤᠮ᠃    

ᠭᠤᠷᠪᠠ᠂  2026  ᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ ᠪᠠ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ    

ᠡᠨᠡ ᠵᠢᠯ ᠪᠤᠯ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠮᠦᠨ᠃ ᠵᠠᠰᠠᠭ᠎ᠤᠨ ᠤᠷᠳᠤᠨ᠎ᠤ ᠠᠵᠢᠯ᠎ᠢ ᠰᠠᠢᠲᠤᠷ ᠬᠢᠬᠦ᠌᠎ᠳᠤ᠂   ᠰᠢ᠎ᠶ᠋ᠢᠨ ᠫᠢᠩ  ᠨᠦᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠦᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂  ᠰᠢ᠎ᠶ᠋ᠢᠨ ᠫᠢᠩ ᠎ᠤᠨ ᠱᠢᠨ᠎ᠡ ᠴᠠᠭ ᠦᠶ᠎ᠡ᠎ᠶ᠋ᠢᠨ ᠳᠤᠮᠳᠠᠲᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠳᠦᠷᠪᠡᠳᠦᠭᠡᠷ ᠪᠦᠭᠦᠳᠡ ᠬᠤᠷᠠᠯ ᠪᠤᠯᠤᠨ ᠲᠦᠪ᠎ᠤᠨ ᠠᠵᠤ ᠠᠬᠤᠢ᠎ᠶ᠋ᠢᠨ ᠠᠵᠢᠯ᠎ᠤᠨ ᠬᠤᠷᠠᠯᠳᠤᠭᠠᠨ᠎ᠤ ᠪᠠᠢᠷᠢᠯᠠᠭᠤᠯᠤᠯᠲᠠ᠎ᠶ᠋ᠢ ᠬᠢᠨᠠᠮᠠᠭᠠᠢ ᠨᠠᠢᠳᠠᠪᠤᠷᠢᠵᠢᠭᠤᠯᠵᠤ᠂ ᠱᠢᠨ᠎ᠡ ᠬᠦᠭ᠌ᠵᠢᠯᠲᠡ᠎ᠶ᠋ᠢᠨ ᠤᠢᠯᠠᠭᠠᠭ᠍ᠳᠠᠬᠤᠨ᠎ᠢ ᠪᠦᠷᠢᠨ ᠪᠦᠲᠦᠨ ᠤᠨᠤᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠢᠨ᠎ᠡ ᠭᠦᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠠᠢᠭᠤᠯᠵᠤ᠂ ᠴᠢᠨᠠᠷ ᠰᠠᠢᠲᠠᠢ ᠬᠦᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠲᠤᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠤᠯᠤᠰ᠎ᠤᠨ ᠳᠤᠳᠤᠭᠠᠳᠤ᠎ᠶ᠋ᠢᠨ ᠪᠠ ᠤᠯᠠᠨ ᠤᠯᠤᠰ᠎ᠤᠨ ᠬᠤᠶᠠᠷ ᠶᠡᠭᠡ ᠲᠠᠯ᠎ᠠ᠎ᠶ᠋ᠢ ᠨᠢᠭᠡᠳᠦᠯᠲᠡᠢ ᠲᠦᠯᠦᠪᠯᠡᠨ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠡᠩ ᠰᠠᠢᠨ ᠨᠢᠭᠡᠳᠦᠯᠲᠡᠶ ᠲᠥᠯᠥᠪᠯᠡᠵᠦ᠍᠂ ᠨᠡᠩ ᠢᠳᠡᠪᠬᠢᠲᠡᠶ ᠪᠦᠬᠡᠳ ᠪᠦᠳᠦᠮᠵᠢᠳᠠᠢ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠨ᠂ ᠲᠦᠷᠦ᠍᠎ᠶ᠋ᠢᠨ ᠪᠤᠳᠤᠯᠭ᠎ᠠ᠎ᠶ᠋ᠢᠨ ᠪᠠᠷᠠᠯᠠᠬᠢᠯᠠᠯᠲᠤ ᠴᠢᠨᠠᠷ ᠬᠠᠨᠳᠤᠯᠭᠠᠲᠤ ᠴᠢᠨᠠᠷ ᠬᠠᠮᠵᠢᠯᠴᠠᠬᠤ ᠴᠢᠨᠠᠷ᠎ᠢ ᠴᠢᠩᠭᠠᠷᠠᠭᠤᠯᠵᠤ᠂ ᠦᠷᠭᠦᠯᠵᠢᠯᠡᠨ ᠲᠤᠳᠤᠭᠠᠳᠤ ᠬᠡᠷᠡᠭ᠌ᠴᠡᠭᠡ᠎ᠶ᠋ᠢ ᠦᠷᠭᠡᠳᠭᠡᠨ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠨᠡᠮᠡᠭ᠌ᠳᠡᠯ᠎ᠢ ᠱᠢᠯᠢᠳᠡᠭ᠌ᠵᠢᠭᠦᠯᠦᠨ ᠬᠠᠳᠠᠭᠠᠯᠠᠯᠲᠠ᠎ᠶ᠋ᠢ ᠠᠮᠢᠳᠤᠯᠢᠬ ᠪᠤᠯᠭᠠᠵᠤ᠂ ᠭᠠᠵᠠᠷ ᠤᠷᠤᠨ᠎ᠤ ᠪᠠᠢᠳᠠᠯ᠎ᠳᠤᠨᠢ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠭᠦᠭ᠌ᠵᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢ ᠬᠦᠨᠵᠡᠭᠡᠢᠷᠡᠭᠦᠯᠦᠨ ᠠᠬᠢᠭᠤᠯᠵᠤ᠂ ᠭᠤᠤᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠤᠯᠭᠤᠯᠳᠠ᠎ᠶ᠋ᠢ ᠲᠤᠭ᠍ᠳᠠᠭᠤᠨ ᠪᠠᠢᠯᠭᠠᠬᠤ᠂ ᠠᠵᠤ ᠠᠬᠤᠢᠯᠠᠯ᠎ᠢ ᠲᠤᠭ᠍ᠳᠠᠭᠤᠨ ᠪᠠᠢᠯᠭᠠᠬᠤ᠂ ᠵᠠᠬ᠎ᠠ ᠳᠡᠯᠭᠡᠭᠦᠷ᠎ᠢ ᠲᠤᠭ᠍ᠳᠠᠭᠤᠨ ᠪᠠᠢᠯᠭᠠᠬᠤ᠂ ᠵᠢᠱ᠌ᠢᠯᠲᠡ᠎ᠶ᠋ᠢ ᠲᠤᠭ᠍ᠳᠠᠭᠤᠨ ᠪᠠᠢᠯᠭᠠᠬᠤ ᠲᠠᠯ᠎ᠠ᠎ᠪᠠᠷ ᠬᠦᠴᠦᠯᠡᠵᠦ᠍᠂ ᠠᠵᠤ ᠠᠬᠤᠢ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠤ ᠵᠥᠢ ᠵᠣᠬᠢᠰᠲᠠᠶ ᠨᠡᠮᠡᠭ᠌ᠳᠡᠯ᠎ᠢ ᠪᠡᠶᠡᠯᠡᠭᠦᠯᠬᠦ᠌᠎ᠶ᠋ᠢ ᠠᠬᠢᠭᠤᠯᠤᠨ᠂ ᠨᠡᠢᠭᠡᠮ᠎ᠤᠨ ᠡᠶ᠎ᠡ ᠵᠤᠬᠢᠴᠠᠯ ᠲᠤᠭ᠍ᠲᠠᠭᠤᠨ ᠪᠠᠢᠳᠠᠯ᠎ᠢ ᠪᠠᠲᠤᠯᠠᠵᠤ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢᠨ ᠰᠠᠢᠨ ᠡᠬᠢᠯᠡᠯᠲᠡ᠎ᠲᠠᠢ ᠪᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃    

ᠡᠨᠡ ᠵᠢᠯ᠎ᠤᠨ ᠬᠥᠭ᠌ᠵᠢᠯᠲᠡ᠎ᠶ᠋ᠢᠨ ᠭᠤᠤᠯ ᠭᠤᠤᠯ ᠵᠢᠱ᠌ᠢᠭ᠌ᠰᠡᠨ ᠬᠠᠷᠠᠯᠲᠠ ᠭᠡᠪᠡᠯ᠄ ᠠᠵᠤ ᠠᠬᠤᠢ᠎ᠶ᠋ᠢᠨ ᠨᠡᠮᠡᠭ᠌ᠳᠡᠯ᠎ᠢ  4.5%  — 5%  ᠪᠠᠢᠯᠭᠠᠵᠤ᠂ ᠪᠤᠳᠠᠲᠠᠢ ᠠᠵᠢᠯ᠎ᠤᠨ ᠳᠤᠮᠳᠠ᠎ᠪᠠᠨ ᠨᠡᠩ ᠰᠠᠢᠨ ᠦᠷ᠎ᠡ ᠳ᠋ᠦᠩ ᠤᠯᠬᠤ᠎ᠪᠠᠷ ᠴᠢᠷᠮᠠᠢᠨ᠎ᠠ; ᠬᠤᠳᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠳᠡ᠎ᠶ᠋ᠢᠨ ᠨᠤᠷᠮ᠎ᠠ᠎ᠶ᠋ᠢ  5.5%   ᠤᠷᠴᠢᠮ ᠪᠠᠢᠯᠭᠠᠵᠤ᠂ ᠬᠤᠲᠠ ᠪᠠᠯᠭᠠᠰᠦᠨ᠎ᠳᠤ ᠠᠵᠢᠯ ᠤᠯᠤᠭ᠍ᠰᠠᠨ ᠬᠦᠮᠦᠨ᠎ᠢ  1200 ᠳᠦᠮᠡ᠎ᠠᠴᠠ ᠳᠡᠭᠡᠭ᠌ᠰᠢ ᠱᠢᠨ᠎ᠠ᠎ᠪᠠᠷ ᠨᠡᠮᠡᠭ᠌ᠳᠡᠭᠦᠯᠦᠨ᠎ᠡ; ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠦᠨ᠎ᠡ᠎ᠶ᠋ᠢᠨ ᠦᠰᠦᠯᠲᠡ᠎ᠶ᠋ᠢᠨ ᠬᠡᠮᠵᠢᠶ᠎ᠡ᠎ᠶ᠋ᠢ  2%  ᠤᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠤᠷᠤᠯᠭ᠎ᠠ᠎ᠶ᠋ᠢᠨ ᠨᠡᠮᠡᠭ᠌ᠳᠡᠯ ᠪᠠ ᠠᠵᠤ ᠠᠬᠤᠢ᠎ᠶ᠋ᠢᠨ ᠨᠡᠮᠡᠭ᠌ᠳᠡᠯ᠎ᠢ ᠵᠢᠭ᠌ᠳᠡ ᠪᠠᠢᠯᠭᠠᠨ᠎ᠠ; ᠤᠯᠤᠰ᠎ᠤᠨ ᠬᠤᠭᠤᠷᠤᠨᠳᠤᠬᠢ ᠤᠷᠤᠯᠭ᠎ᠠ ᠵᠠᠷᠤᠯᠭ᠎ᠠ᠎ᠶ᠋ᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ; ᠠᠮᠤ ᠪᠤᠳᠠᠭᠠᠨ᠎ᠤ ᠤᠨᠠᠯᠲᠠ᠎ᠶ᠋ᠢ 1.4  ᠲᠦᠮᠡᠨ ᠳ᠋ᠦᠩᠱᠢᠭᠤᠷ ᠵᠢᠩ ᠤᠷᠴᠢᠮ᠎ᠳᠤ ᠬᠦᠷᠭᠡᠨ᠎ᠡ; ᠨᠢᠭᠡᠴᠢ ᠤᠯᠤᠰ᠎ᠤᠨ ᠳᠤᠳᠤᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠤᠨ ᠨᠡᠬᠦᠷᠡᠰᠦᠳᠦ᠋ᠷᠦᠭ᠌ᠴᠢ᠎ᠶ᠋ᠢᠨ ᠲᠠᠪᠬᠤᠷ ᠢᠰᠤᠯ᠎ᠤᠨ ᠭᠠᠳᠠᠭ᠍ᠰᠢᠯᠠᠭᠤᠯᠤᠯᠲᠠ᠎ᠶ᠋ᠢ 3.8% ᠤᠷᠴᠢᠮ᠎ᠢᠶᠠᠷ ᠪᠠᠭᠤᠷᠠᠭᠤᠯᠤᠨ᠎ᠠ᠃    

ᠡᠳᠡᠭᠡᠷ ᠵᠢᠱ᠌ᠢᠭ᠌ᠰᠡᠨ ᠬᠠᠷᠠᠯᠲᠠ᠎ᠨᠤᠭᠤᠳ᠎ᠢ ᠳᠤᠷᠠᠳᠭᠤ᠎ᠳᠠᠭᠠᠨ᠂ ᠭᠤᠤᠯᠳᠠᠭᠤ ᠡᠬᠢᠯᠡᠯᠲᠡ᠎ᠶ᠋ᠢᠨ ᠵᠢᠯ᠎ᠳᠤ ᠪᠦᠲᠦᠴᠡ᠎ᠶ᠋ᠢ ᠲᠣᠬᠢᠷᠠᠭᠤᠯᠬᠤ᠂ ᠲᠦᠭ᠌ᠰᠢᠭᠦᠷᠢ᠎ᠶ᠋ᠢ ᠰᠡᠷᠭᠡᠢᠯᠡᠬᠦ᠂ ᠥᠭᠡᠷᠡᠴᠢᠯᠡᠯᠲᠡ᠎ᠶ᠋ᠢ ᠠᠬᠢᠭᠤᠯᠬᠤ᠎ᠳᠤ ᠣᠷᠣᠨ ᠵᠠᠶ ᠦᠯᠡᠳᠡᠭᠡᠨ ᠦᠭ᠌ᠴᠦ᠂ ᠰᠡᠭᠦᠯᠴᠢ᠎ᠶ᠋ᠢᠨ ᠬᠤᠭᠤᠴᠠᠭᠠᠨ᠎ᠤ ᠨᠡᠩ ᠰᠠᠢᠨ ᠬᠥᠭ᠌ᠵᠢᠯᠲᠡ᠎ᠳᠤ ᠪᠠᠲᠤ ᠪᠠᠬᠢ ᠰᠠᠭᠤᠷᠢ ᠲᠠᠯᠪᠢᠵᠤ ᠥᠭ᠌ᠬᠦ᠎ᠶ᠋ᠢ ᠪᠤᠳᠤᠯᠬᠢᠯᠠᠭ᠍ᠰᠠᠨ ᠶᠤᠮ᠃ ᠠᠵᠤ ᠠᠬᠤᠢ᠎ᠶ᠋ᠢᠨ ᠨᠡᠮᠡᠭ᠌ᠳᠡᠯ᠎ᠤᠨ ᠬᠠᠷᠠᠯᠲᠠ᠎ᠶ᠋ᠢ  2035 ᠣᠨ᠎ᠤ ᠠᠯᠤᠰ᠎ᠤᠨ ᠬᠠᠷᠠᠯᠲᠠ᠎ᠲᠠᠢ ᠶᠡᠷᠦᠩᠬᠡᠶ᠎ᠳᠤᠨᠢ ᠵᠣᠯᠭᠠᠯᠳᠤᠭᠤᠯᠵᠤ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠤᠷᠲᠤ ᠬᠤᠭᠤᠴᠠᠭᠠᠨ᠎ᠤ ᠨᠡᠮᠡᠭ᠌ᠳᠡᠯ᠎ᠤᠨ ᠳᠠᠯᠳᠠ ᠬᠦᠴᠦᠨ᠎ᠲᠠᠢ ᠦᠨᠳᠦᠰᠦᠨ᠎ᠳᠡᠭᠡᠨ ᠨᠡᠢᠴᠡᠭᠦᠯᠦᠭ᠌ᠰᠡᠨ᠎ᠨᠢ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ ᠠᠱᠢᠭ᠍ᠲᠠᠶ ᠨᠥᠬᠦᠴᠡᠯ᠎ᠢ ᠪᠦᠷᠢᠯᠳᠦᠭᠦᠯᠪᠡ᠂ ᠡᠯ᠎ᠡ ᠭᠠᠵᠠᠷ ᠣᠷᠣᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠯᠠᠪᠳᠠᠭᠤᠨ ᠪᠠᠲᠤᠲᠠᠶ ᠠᠵᠢᠯᠯᠠᠬᠤ᠎ᠪᠠᠷ ᠳᠠᠮᠵᠢᠨ ᠰᠠᠢᠨ ᠦᠷ᠎ᠡ ᠳ᠋ᠦᠩ ᠣᠯᠬᠤ᠎ᠪᠠᠷ ᠴᠢᠷᠮᠠᠢᠬᠤ ᠬᠡᠷᠡᠭ᠌ᠲᠡᠶ᠃ ᠬᠤᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ  5.5% ᠣᠷᠴᠢᠮ ᠪᠠᠢᠯᠭᠠᠬᠤ᠎ᠨᠢ ᠠᠵᠢᠯ ᠣᠯᠭᠤᠯᠲᠠ᠎ᠶ᠋ᠢᠨ ᠶᠡᠷᠦᠩᠬᠡᠶ ᠬᠡᠮᠵᠢᠶ᠎ᠡ ᠪᠠ ᠪᠦᠲᠦᠴᠡ᠎ᠶ᠋ᠢᠨ ᠴᠢᠨᠠᠷᠲᠠᠶ ᠳᠠᠷᠤᠯᠲᠠ ᠨᠡᠯᠢᠶᠡᠳ ᠶᠡᠭᠡ ᠪᠠᠢᠬᠤ ᠪᠠᠢᠳᠠᠯ ᠳᠤᠤᠷ᠎ᠠ᠂ ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠲᠦᠷᠦ᠍᠎ᠶ᠋ᠢᠨ ᠪᠤᠳᠤᠯᠭ᠎ᠠ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠬᠤ ᠪᠠ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ ᠡᠷᠴᠢᠮ᠎ᠢ ᠴᠢᠩᠭᠠᠷᠠᠭᠤᠯᠬᠤ ᠱᠠᠭᠠᠷᠳᠠᠯᠭ᠎ᠠ᠎ᠶ᠋ᠢ ᠢᠯᠡᠷᠡᠭᠦᠯᠪᠡ᠃ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠦᠨ᠎ᠡ᠎ᠶ᠋ᠢᠨ ᠥᠰᠥᠯᠲᠡ᠎ᠶ᠋ᠢᠨ ᠬᠡᠮᠵᠢᠶ᠎ᠡ 2% ᠣᠷᠴᠢᠮ ᠪᠠᠢᠯᠭᠠᠬᠤ᠎ᠨᠢ ᠵᠢᠱ᠌ᠢᠯᠲᠡ᠎ᠪᠠᠷ ᠬᠥᠲᠥᠯᠥᠨ ᠵᠢᠯᠣᠭᠤᠳᠭᠤ ᠪᠠ ᠪᠣᠳᠠᠲᠤ ᠪᠣᠯᠤᠯᠴᠠᠭ᠎ᠠ᠎ᠶ᠋ᠢ ᠪᠣᠳᠣᠯᠬᠢᠯᠠᠭ᠍ᠰᠠᠨ ᠶᠤᠮ᠂ ᠪᠢᠳᠡ ᠶᠡᠷᠦᠩᠬᠡᠶ ᠬᠠᠩᠭᠠᠯᠭ᠎ᠠ ᠬᠡᠷᠡᠭ᠌ᠴᠡᠭᠡ᠎ᠶ᠋ᠢᠨ ᠬᠠᠷᠢᠴᠠᠭ᠎ᠠ᠎ᠶ᠋ᠢ ᠰᠠᠢᠵᠢᠷᠠᠭᠤᠯᠬᠤ᠎ᠪᠠᠷ ᠳᠠᠮᠵᠢᠭᠤᠯᠤᠨ ᠦᠨ᠎ᠡ ᠬᠠᠩᠰᠢ᠎ᠶ᠋ᠢᠨ ᠶᠡᠷᠦᠩᠬᠡᠶ ᠲᠦᠪᠱᠢᠨ᠎ᠤ ᠰᠥᠭᠡᠷᠭᠦ᠌ ᠪᠠᠢᠭ᠍ᠰᠠᠨ᠎ᠠᠴᠠ᠎ᠪᠠᠨ ᠡᠶᠡᠷᠬᠦ᠌ ᠪᠣᠯᠬᠤ᠂ ᠬᠡᠷᠡᠭ᠌ᠯᠡᠭᠡᠨ᠎ᠤ ᠦᠨ᠎ᠡ᠎ᠶ᠋ᠢᠨ ᠵᠦᠶ ᠵᠣᠬᠢᠰᠲᠠᠶ ᠪᠥᠭᠡᠳ ᠨᠠᠮᠤᠭᠤᠬᠠᠨ ᠳᠡᠭᠡᠭ᠌ᠰᠢᠯᠡᠬᠦ᠌᠎ᠶ᠋ᠢ ᠠᠬᠢᠭᠤᠯᠵᠤ᠂ ᠠᠵᠤ ᠠᠬᠤᠢ᠎ᠶ᠋ᠢᠨ ᠰᠠᠢᠨ ᠣᠷᠴᠢᠯ᠎ᠢ ᠠᠬᠢᠭᠤᠯᠬᠤ ᠪᠤᠯᠤᠨ᠎ᠠ᠃ ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠲᠠ᠎ᠶ᠋ᠢ 3.8 ᠣᠷᠴᠢᠮ᠎ᠢᠶᠠᠷ ᠪᠠᠭᠤᠷᠠᠭᠤᠯᠬᠤ᠎ᠨᠢ ᠠᠵᠤ ᠠᠬᠤᠶ ᠨᠡᠢᠭᠡᠮ᠎ᠤᠨ ᠬᠥᠭ᠌ᠵᠢᠯᠲᠡ᠂ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ ᠪᠠ ᠤᠯᠤᠰ᠎ᠤᠨ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ ᠵᠡᠷᠭᠡ ᠣᠯᠠᠨ ᠵᠦᠢᠯ᠎ᠤᠨ ᠬᠡᠷᠡᠭ᠌ᠴᠡᠭᠡ᠎ᠶ᠋ᠢ ᠶᠡᠷᠦᠩᠬᠡᠢᠯᠡᠨ ᠪᠣᠳᠣᠯᠬᠢᠯᠠᠭ᠍ᠰᠠᠨ ᠶᠤᠮ᠂ ᠡᠨᠡ᠎ᠨᠢ 2030 ᠣᠨ᠎ᠠᠴᠠ ᠡᠮᠦᠨ᠎ᠡ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠬᠠᠷᠠᠯᠲᠠ᠎ᠶ᠋ᠢ ᠡᠮᠬᠢ ᠵᠢᠷᠤᠮ᠎ᠲᠠᠢ ᠪᠡᠶᠡᠯᠡᠭᠦᠯᠬᠦ᠌᠎ᠳᠤ ᠠᠱᠢᠭ᠍ᠲᠠᠶ ᠶᠤᠮ᠃    

ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠶ᠋ᠢᠨ ᠲᠠᠯ᠎ᠠ᠎ᠪᠠᠷ᠂ ᠪᠢᠳᠡ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠠᠷᠢᠮᠲᠠᠯᠠᠵᠤ᠂ ᠬᠠᠳᠠᠭᠠᠯᠠᠯᠲᠠ ᠲᠥᠷᠥ᠎ᠶ᠋ᠢᠨ ᠪᠣᠳᠣᠯᠭ᠎ᠠ ᠪᠣᠯᠤᠨ ᠨᠡᠮᠡᠭ᠌ᠳᠡᠯ ᠲᠥᠷᠥ᠎ᠶ᠋ᠢᠨ ᠪᠣᠳᠣᠯᠭ᠎ᠠ᠎ᠶ᠋ᠢᠨ ᠬᠤᠷᠠᠮᠠᠯ ᠦᠢᠯᠡᠳᠦᠯ᠎ᠢ ᠪᠠᠳᠠᠷᠠᠭᠤᠯᠵᠤ᠂ ᠦᠶᠡᠯᠡᠯ ᠦᠭ᠌ᠰᠦᠭᠦᠯᠦᠨ ᠲᠤᠬᠢᠷᠠᠭᠤᠯᠬᠤ ᠪᠠ ᠦᠶᠡᠯᠡᠯ ᠠᠯᠤᠰᠯᠠᠨ ᠲᠣᠬᠢᠷᠠᠭᠤᠯᠬᠤ ᠡᠷᠴᠢᠮ᠎ᠢᠶᠠᠨ ᠴᠢᠩᠭᠠᠷᠠᠭᠤᠯᠵᠤ᠂ ᠬᠤᠷᠸ᠎ᠠ ᠠᠵᠤ ᠠᠬᠤᠶ᠎ᠶ᠋ᠢᠨ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠦᠨ᠎ᠡ᠃   

ᠡᠳ᠋᠎ᠤᠨ ᠵᠠᠰᠠᠭ᠎ᠤᠨ ᠨᠡᠩ ᠢᠳᠡᠪᠬᠢᠲᠡᠶ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃ ᠡᠨᠡ ᠵᠢᠯ᠎ᠤᠨ ᠤᠯᠠᠭᠠᠨ ᠲᠤᠭ᠎ᠠ᠎ᠶ᠋ᠢᠨ ᠨᠤᠷᠮ᠎ᠠ᠎ᠶ᠋ᠢ 4% ᠣᠷᠴᠢᠮ᠎ᠢᠶᠠᠷ ᠲᠣᠬᠢᠷᠠᠭᠤᠯᠵᠤ᠂ ᠤᠯᠠᠭᠠᠨ ᠲᠤᠭ᠎ᠠ᠎ᠶ᠋ᠢᠨ ᠬᠡᠪᠴᠢᠶ᠎ᠡ᠎ᠶ᠋ᠢ 5.89ᠲᠦᠮᠡᠨ ᠳ᠋ᠦᠩᠱᠢᠭᠤᠷ ᠲᠥᠭᠦᠷᠢᠭ ᠪᠠᠢᠯᠭᠠᠵᠤ᠂ ᠲᠦᠷᠦᠭᠦᠦ ᠵᠢᠯ᠎ᠤᠨ᠎ᠬᠢ ᠡᠴᠡ 2300 ᠳ᠋ᠦᠩᠱᠢᠭᠤᠷ ᠲᠥᠭᠦᠷᠢᠭ ᠨᠡᠮᠡᠭ᠌ᠳᠡᠭᠦᠯᠬᠦ᠌᠎ᠪᠠᠷ ᠪᠠᠢᠨ᠎ᠠ᠃ ᠡᠩ᠎ᠤᠨ ᠤᠯᠠᠨ ᠨᠡᠢᠲᠡ᠎ᠶ᠋ᠢᠨ ᠲᠥᠰᠦᠪ᠎ᠤᠨ ᠵᠠᠷᠤᠯᠭ᠎ᠠ᠎ᠶ᠋ᠢᠨ ᠬᠡᠪᠴᠢᠶ᠎ᠡ᠎ᠶ᠋ᠢ ᠠᠩᠬ᠎ᠠ ᠤᠳᠠᠭ᠎ᠠ 30 ᠲᠦᠮᠡᠨ ᠳ᠋ᠦᠩᠱᠢᠭᠤᠷ ᠲᠥᠭᠦᠷᠢᠭ᠎ᠲᠤ ᠬᠦᠷᠭᠡᠵᠦ᠍᠂ ᠲᠦᠷᠦᠭᠦᠦ ᠵᠢᠯ᠎ᠤᠨ᠎ᠬᠢ᠎ᠠᠴᠠ ᠪᠠᠷᠤᠭ 1.27ᠲᠦᠮᠡᠨ ᠳ᠋ᠦᠩᠱᠢᠭᠤᠷ ᠲᠥᠭᠦᠷᠢᠭ ᠨᠡᠮᠡᠭ᠌ᠳᠡᠭᠦᠯᠬᠦ᠌ ᠪᠣᠯᠣᠨ᠎ᠠ᠃ ᠬᠡᠲᠦ ᠤᠷᠳᠤ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ᠎ᠶ᠋ᠢ 1.3 ᠲᠦᠮᠡᠨ ᠳ᠋ᠦᠩᠱᠢᠭᠤᠷ ᠲᠥᠭᠦᠷᠢᠭ ᠲᠠᠷᠬᠠᠭᠠᠵᠤ᠂ 《ᠨᠢᠭᠡ ᠴᠢᠬᠤᠯᠠ ᠨᠢᠭᠡ ᠭᠤᠤᠯᠳᠠᠯᠭ᠎ᠠ》 ᠎ᠶ᠋ᠢᠨ ᠪᠦᠲᠦᠭᠡᠨ ᠪᠠᠢᠭᠤᠯᠤᠯᠲᠠ᠂ 《ᠱᠢᠨᠡᠳᠭᠡᠬᠦ᠌ ᠪᠡ ᠰᠤᠯᠢᠬᠤ》 ᠠᠵᠢᠯ ᠵᠡᠷᠬᠡ᠎ᠶ᠋ᠢ ᠦᠷᠭᠦᠯᠵᠢᠯᠡᠨ ᠳᠡᠮᠵᠢᠬᠦ᠌᠎ᠪᠠᠷ ᠪᠠᠢᠨ᠎ᠠ᠃ ᠣᠨᠴᠠᠭᠠᠶ ᠤᠯᠤᠰ᠎ᠤᠨ ᠵᠢᠭᠡᠯᠡᠯᠭᠡ᠎ᠶ᠋ᠢ 3000 ᠳ᠋ᠦᠩᠱᠢᠭᠤᠷ ᠲᠥᠭᠦᠷᠢᠭ ᠲᠠᠷᠬᠠᠭᠠᠵᠤ᠂ ᠤᠯᠤᠰ᠎ᠤᠨ ᠥᠮᠴᠢᠯᠡᠯ᠎ᠤᠨ ᠲᠤᠮᠤ ᠬᠡᠯᠪᠡᠷᠢ᠎ᠶ᠋ᠢᠨ ᠬᠤᠳᠠᠯᠳᠤᠭᠠᠨ᠎ᠤ ᠪᠠᠩᠬᠢ᠎ᠶ᠋ᠢᠨ ᠬᠦᠷᠦᠩᠭᠡ᠎ᠪᠠᠨ ᠨᠥᠬᠦᠪᠥᠷᠢᠯᠡᠬᠦ᠌᠎ᠶ᠋ᠢ ᠲᠡᠮᠵᠢᠬᠦ᠌᠎ᠪᠠᠷ ᠪᠠᠢᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢ 4.4  ᠲᠦᠮᠡᠨ ᠳ᠋ᠦᠩᠱᠢᠭᠤᠷ ᠲᠥᠭᠦᠷᠢᠭ ᠲᠣᠬᠢᠷᠠᠭᠤᠯᠵᠤ᠂ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠲᠦᠰᠦᠯ᠎ᠤᠨ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ᠎ᠶ᠋ᠢᠨ ᠬᠠᠮᠢᠶᠠᠷᠤᠯᠲᠠ ᠪᠠ ᠦᠪᠡᠷᠲᠡᠭᠡᠨ ᠬᠢᠨᠠᠵᠤ ᠦᠪᠡᠷᠲᠡᠭᠡᠨ ᠲᠠᠷᠬᠠᠭᠠᠬᠤ ᠲᠤᠷᠱᠢᠯᠲᠠ᠎ᠶ᠋ᠢ ᠲᠡᠭᠦᠯᠳᠡᠷᠵᠢᠭᠦᠯᠵᠦ᠍᠂ ᠴᠢᠬᠤᠯᠠ ᠶᠡᠭᠡ ᠲᠦᠰᠦᠯ᠎ᠢ ᠪᠦᠲᠦᠭᠡᠨ ᠪᠠᠢᠭᠤᠯᠬᠤ᠂ ᠳᠠᠯᠳᠠ ᠥᠷᠢ ᠥᠭ᠌ᠴᠡᠭᠡ᠎ᠶ᠋ᠢ ᠰᠣᠯᠢᠬᠤ᠂ ᠵᠠᠰᠠᠭ᠎ᠤᠨ ᠣᠷᠳᠣᠨ᠎ᠤ ᠥᠷᠢᠲᠦᠵᠦ᠍ ᠪᠠᠢᠭ᠎ᠠ ᠠᠪᠴᠠᠭᠠᠨ᠎ᠤ ᠵᠤᠭᠤᠰ᠎ᠢ ᠱᠢᠢᠳᠪᠦᠷᠢᠯᠡᠬᠦ᠌ ᠵᠡᠷᠭᠡ᠎ᠶ᠋ᠢ ᠭᠤᠤᠯᠳᠠᠯᠭ᠎ᠠ᠎ᠲᠠᠢ ᠲᠡᠮᠵᠢᠬᠦ᠌᠎ᠪᠠᠷ ᠪᠠᠢᠨ᠎ᠠ᠃ ᠡᠨᠡ ᠵᠢᠯ ᠡᠳ᠋᠎ᠤᠨ ᠵᠠᠰᠠᠭ᠎ᠤᠨ ᠵᠠᠷᠤᠯᠭ᠎ᠠ᠎ᠶ᠋ᠢ ᠦᠷᠭᠦᠯᠵᠢᠯᠡᠨ ᠨᠡᠯᠢᠶᠡᠳ ᠶᠡᠭᠡ ᠬᠡᠪᠴᠢᠶ᠎ᠡ᠎ᠲᠠᠢ ᠪᠠᠢᠯᠭᠠᠵᠤ᠂ ᠵᠠᠷᠤᠯᠭ᠎ᠠ᠎ᠶ᠋ᠢᠨ ᠪᠦᠲᠦᠴᠡ᠎ᠶ᠋ᠢ ᠦᠷᠭᠦᠯᠵᠢᠯᠡᠨ ᠬᠦᠴᠦᠯᠡᠨ ᠱᠢᠯᠢᠳᠡᠭ᠌ᠵᠢᠭᠦᠯᠵᠦ᠍᠂ ᠬᠡᠷᠡᠭ᠌ᠯᠡᠭᠡ᠎ᠶ᠋ᠢ ᠬᠦᠭ᠌ᠵᠢᠭᠡᠬᠦ᠂ ᠬᠥᠮᠦᠨ᠎ᠳᠤ ᠪᠡᠯᠡ ᠣᠷᠣᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠲᠠᠯ᠎ᠠ᠎ᠶ᠋ᠢ ᠳᠡᠮᠵᠢᠬᠦ᠌᠎ᠶ᠋ᠢ ᠨᠡᠩ ᠢᠯᠡᠭᠦᠦ ᠴᠢᠬᠤᠯᠠᠴᠢᠯᠠᠵᠤ᠂ ᠡᠳ᠋᠎ᠤᠨ ᠵᠠᠰᠠᠭ᠎ᠤᠨ ᠪᠡᠯᠡ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠲᠥᠪ᠎ᠤᠨ ᠡᠳ᠋᠎ᠤᠨ ᠵᠠᠰᠠᠭ᠎ᠠᠴᠠ ᠣᠷᠣᠨ ᠨᠤᠲᠤᠭ᠎ᠲᠤ ᠡᠳ᠋᠎ᠤᠨ ᠬᠦᠴᠦᠨ᠎ᠤ ᠴᠢᠨᠠᠷᠲᠠᠶ ᠱᠢᠯᠵᠢᠭᠦᠯᠦᠨ ᠥᠭ᠌ᠬᠦ ᠬᠡᠪᠴᠢᠶ᠎ᠡ᠎ᠪᠠᠨ ᠨᠡᠮᠡᠭ᠌ᠳᠡᠭᠦᠯᠵᠦ᠍᠂ ᠱᠢᠯᠵᠢᠭᠦᠯᠦᠨ ᠥᠭ᠌ᠬᠦ ᠪᠡᠯᠡ ᠮᠥᠩᠭᠦ᠎ᠶ᠋ᠢ ᠡᠮᠬᠢᠯᠡᠨ ᠨᠡᠢᠯᠡᠭᠦᠯᠵᠦ᠍ ᠨᠢᠭᠡᠳᠦᠯᠲᠡᠶ ᠲᠥᠯᠥᠪᠯᠡᠨ ᠬᠡᠷᠡᠭ᠌ᠯᠡᠬᠦ᠌ ᠲᠤᠷᠱᠢᠯᠲᠠ᠎ᠶ᠋ᠢ ᠥᠷᠨᠢᠭᠦᠯᠦᠨ᠂ ᠣᠷᠣᠨ ᠨᠤᠲᠤᠭ᠎ᠤᠨ ᠡᠵᠡᠨ ᠮᠡᠳᠡᠬᠦ᠌ ᠡᠳ᠋᠎ᠤᠨ ᠬᠦᠴᠦᠨ ᠪᠠ ᠨᠢᠭᠡᠳᠦᠯᠲᠡᠶ ᠲᠥᠯᠥᠪᠯᠡᠬᠦ᠌ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠱᠠᠲᠤ ᠬᠤᠪᠢᠶᠠᠨ ᠪᠠᠲᠤᠯᠠᠬᠤ᠎ᠶ᠋ᠢ ᠪᠣᠳᠠᠲᠠᠢᠵᠢᠭᠤᠯᠵᠤ᠂ ᠦᠨᠳᠦᠰᠦᠨ ᠱᠠᠲᠤᠨ᠎ᠤ 《ᠭᠤᠷᠪᠠ᠎ᠶ᠋ᠢ ᠪᠠᠲᠤᠯᠠᠭ᠎ᠠ᠎ᠲᠠᠢ ᠪᠠᠢᠯᠭᠠᠬᠤ》 ᠬᠢᠵᠠᠭᠠᠷ ᠱᠤᠭᠤᠮ᠎ᠢ ᠪᠠᠲᠤ ᠰᠠᠬᠢᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠨᠠᠩ ᠰᠠᠢᠨ 《ᠡᠵᠡᠨ ᠮᠡᠳᠡᠵᠦ᠍ ᠡᠳ᠋ ᠮᠦᠡᠭ᠌ᠭᠦ᠎ᠪᠠᠨ ᠬᠠᠮᠢᠶᠠᠷᠴᠤ᠌》᠂ ᠤᠷᠤᠯᠭ᠎ᠠ᠎ᠪᠠᠨ ᠨᠡᠮᠡᠭ᠌ᠳᠡᠬᠦᠯᠦᠨ ᠵᠠᠷᠤᠯᠭ᠎ᠠ᠎ᠪᠠᠨ ᠠᠷᠪᠢᠯᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠬᠠᠳᠠᠭᠠᠯᠠᠯᠲᠠ ᠡᠬᠢ ᠪᠠᠶᠠᠯᠢᠭ ᠡᠳ᠋ ᠬᠥᠷᠥᠩᠭᠡ᠎ᠶ᠋ᠢ ᠢᠳᠡᠪᠬᠢᠲᠡᠢ᠎ᠪᠠᠷ ᠠᠮᠢᠳᠤᠯᠢᠭ ᠪᠤᠯᠭᠠᠨ ᠠᠱᠢᠭ᠍ᠯᠠᠵᠤ᠂ ᠡᠳ᠋᠎ᠤᠨ ᠵᠠᠰᠠᠭ ᠠᠵᠤ ᠠᠬᠤᠢ᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠨ᠂ ᠲᠥᠰᠦᠪ᠎ᠤᠨ ᠬᠢᠵᠠᠭᠠᠷᠯᠠᠯ᠎ᠢ ᠴᠢᠩᠭᠠᠳᠭᠠᠵᠤ᠂ ᠡᠩ᠎ᠤᠨ ᠴᠢᠨᠠᠷᠲᠠᠶ ᠵᠠᠷᠤᠯᠭ᠎ᠠ᠎ᠶ᠋ᠢ ᠴᠢᠩᠭ᠎ᠠ ᠬᠢᠵᠠᠭᠠᠷᠯᠠᠵᠤ᠂ ᠭᠠᠮᠨᠠᠵᠤ ᠠᠮᠢᠳᠤᠷᠠᠬᠤ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠠᠷᠪᠢᠯᠠᠵᠤ ᠭᠠᠷᠭᠠᠭ᠍ᠰᠠᠨ ᠵᠣᠭᠤᠰ ᠨᠢᠭᠡ ᠪᠦᠷᠢ᠎ᠶ᠋ᠢ ᠡᠷᠬᠡᠪᠰᠢ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠭᠠᠵᠠᠷ᠂ ᠤᠯᠠᠨ ᠲᠦᠮᠡᠨ᠎ᠤ ᠪᠠᠴᠢᠮ ᠬᠡᠷᠡᠭ᠌ᠰᠡᠬᠦ᠌ ᠭᠠᠵᠠᠷ᠎ᠲᠤ ᠬᠡᠷᠡᠭ᠌ᠯᠡᠬᠦ᠌ ᠬᠡᠷᠡᠭ᠌ᠲᠡᠶ᠃    

ᠵᠣᠬᠢᠰᠲᠠᠶ ᠠᠭᠤᠵᠢᠭᠤ ᠪᠠᠢᠯᠭᠠᠬᠤ ᠵᠣᠭᠤᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃ ᠠᠵᠤ ᠠᠬᠤᠶ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠂ ᠪᠠᠷᠠᠭᠠᠨ᠎ᠤ ᠦᠨ᠎ᠡ᠎ᠶ᠋ᠢᠨ ᠵᠦᠢ ᠵᠤᠬᠢᠰᠲᠠᠢ᠎ᠪᠠᠷ ᠳᠠᠬᠢᠨ ᠳᠡᠭᠡᠭ᠌ᠰᠢᠯᠡᠬᠦ᠌᠎ᠶ᠋ᠢ ᠠᠬᠢᠭᠤᠯᠬᠤ᠎ᠶ᠋ᠢ ᠵᠣᠭᠤᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠴᠢᠬᠤᠯᠠ ᠪᠤᠳᠤᠯᠬᠢᠯᠠᠯ ᠪᠤᠯᠭᠠᠵᠤ᠂ ᠬᠠᠳᠠᠭᠠᠯᠠᠮᠵᠢ᠎ᠶ᠋ᠢᠨ ᠪᠡᠯᠡᠳᠭᠡᠯ ᠮᠦᠡᠭ᠌ᠭᠦ᠎ᠶ᠋ᠢᠨ ᠨᠤᠷᠮ᠎ᠠ ᠪᠠ ᠬᠦᠤ ᠮᠥᠩᠭᠦ᠎ᠶ᠋ᠢᠨ ᠨᠤᠷᠮ᠎ᠠ᠎ᠶ᠋ᠢ ᠪᠠᠭᠤᠷᠠᠭᠤᠯᠬᠤ ᠵᠡᠷᠭᠡ ᠣᠯᠠᠨ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢ ᠠᠮᠢᠳᠤᠯᠢᠭ ᠪᠥᠭᠡᠳ ᠥᠨᠳᠥᠷ ᠪᠦᠲᠦᠮᠵᠢᠲᠡᠶ᠎ᠪᠠᠷ ᠬᠡᠷᠡᠭ᠌ᠯᠡᠨ᠂ ᠭᠦᠢᠯᠭᠡᠭᠡᠨ᠎ᠤ ᠴᠢᠨᠠᠷ᠎ᠢᠶᠠᠷ ᠭᠦᠢᠴᠡᠳ ᠪᠠᠢᠬᠤ᠎ᠶ᠋ᠢ ᠪᠠᠲᠤᠯᠠᠵᠤ᠂ ᠨᠡᠢᠭᠡᠮ᠎ᠤᠨ ᠪᠡᠯᠡ ᠲᠣᠬᠢᠷᠠᠭᠤᠯᠭ᠎ᠠ᠎ᠶ᠋ᠢᠨ ᠬᠡᠪᠴᠢᠶ᠎ᠡ᠂ ᠵᠣᠭᠤᠰ᠎ᠤᠨ ᠬᠠᠩᠭᠠᠯᠭ᠎ᠠ᠎ᠶ᠋ᠢᠨ ᠬᠡᠮᠵᠢᠶ᠎ᠡ᠎ᠶ᠋ᠢᠨ ᠨᠡᠮᠡᠭ᠌ᠳᠡᠯ᠎ᠢ ᠠᠵᠤ ᠠᠬᠤᠢ᠎ᠶ᠋ᠢᠨ ᠨᠡᠮᠡᠭ᠌ᠳᠡᠯ᠂ ᠦᠨ᠎ᠡ ᠬᠠᠩᠰᠢ᠎ᠶ᠋ᠢᠨ ᠶᠡᠷᠦᠩᠬᠡᠶ ᠲᠦᠪᠱᠢᠨ᠎ᠤ ᠵᠢᠱ᠌ᠢᠭ᠌ᠰᠡᠨ ᠬᠠᠷᠠᠯᠲᠠ᠎ᠯᠤᠭ᠎ᠠ ᠵᠣᠬᠢᠴᠠᠯᠳᠤᠭᠤᠯᠤᠨ᠎ᠠ᠃ ᠪᠦᠲᠦᠴᠡ᠎ᠶ᠋ᠢᠨ ᠴᠢᠨᠠᠷᠲᠠᠶ ᠵᠣᠭᠤᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠪᠠᠭᠠᠵᠢ᠎ᠶ᠋ᠢ ᠱᠢᠯᠢᠳᠡᠭ᠌ᠵᠢᠭᠦᠯᠦᠨ ᠱᠢᠨ᠎ᠡ᠎ᠶ᠋ᠢ ᠡᠭᠦᠳᠴᠦ᠍᠂ ᠬᠡᠪᠴᠢᠶ᠎ᠡ᠎ᠶ᠋ᠢ ᠵᠣᠬᠢᠰᠲᠠᠶ ᠨᠡᠮᠡᠭ᠌ᠳᠡᠭᠦᠯᠦᠨ᠂ ᠬᠡᠷᠡᠭ᠌ᠵᠢᠭᠦᠯᠬᠦ᠌ ᠠᠷᠭ᠎ᠠ ᠮᠠᠶᠢᠭ᠎ᠢ ᠲᠡᠭᠦᠯᠳᠡᠷᠵᠢᠭᠦᠯᠦᠨ᠎ᠡ᠃ ᠵᠣᠭᠤᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠳᠠᠮᠵᠢᠭᠤᠯᠬᠤ ᠲᠣᠭ᠍ᠲᠠᠴᠠ᠎ᠶ᠋ᠢ ᠰᠠᠭᠠᠳ ᠦᠭᠡᠢ ᠨᠡᠪᠲᠡᠷᠡᠭᠦᠯᠵᠤ᠂ ᠳ᠋ᠡᠢᠲ᠋ᠠ᠎ᠶ᠋ᠢᠨ ᠡᠯᠧᠮᠧᠨ᠋ᠲ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ ᠵᠡᠷᠭᠡ ᠳᠠᠯᠳᠠ ᠪᠡᠯᠡ ᠬᠥᠷᠥᠩᠭᠡ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠬᠢᠨᠠᠨ ᠱᠢᠯᠭᠠᠵᠤ ᠦᠨᠡᠯᠡᠨ ᠵᠢᠱ᠌ᠢᠬᠦ᠂ ᠪᠠᠯᠠ ᠲᠣᠬᠢᠷᠠᠭᠤᠯᠭ᠎ᠠ᠎ᠶ᠋ᠢᠨ ᠳᠠᠭᠠᠭᠠᠯᠲᠠ ᠬᠢᠬᠦ᠂ ᠠᠶᠤᠯ ᠲᠦᠭ᠌ᠰᠢᠭᠦᠷᠢ᠎ᠶ᠋ᠢᠨ ᠨᠥᠬᠦᠪᠥᠷᠢ ᠥᠭ᠌ᠬᠦ ᠵᠡᠷᠭᠡ ᠳᠡᠮᠵᠢᠬᠦ᠌ ᠠᠷᠭ᠎ᠠ ᠬᠡᠮᠵᠢᠶ᠎ᠡ᠎ᠶ᠋ᠢ ᠴᠢᠩᠭᠠᠳᠭᠠᠵᠤ᠂ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠳᠤᠮᠳᠠ ᠵᠢᠵᠢᠭ ᠪᠢᠴᠢᠯ ᠠᠵᠤ ᠠᠬᠤᠢᠯᠠᠯ ᠵᠡᠷᠭᠡ ᠭᠤᠤᠯᠳᠠᠯᠭ᠎ᠠ᠎ᠲᠠᠢ ᠬᠦᠷᠢᠶ᠎ᠡ᠎ᠶ᠋ᠢ ᠬᠦᠴᠦᠯᠡᠭᠦᠯᠦᠨ ᠳᠡᠮᠵᠢᠭᠦᠯᠦᠨ᠎ᠡ᠃ ᠢᠲᠡᠭᠡᠮᠵᠢᠲᠦ ᠵᠢᠭᠡᠯᠡᠯᠭᠡ᠎ᠶ᠋ᠢᠨ ᠵᠠᠬ᠎ᠠ ᠳᠡᠯᠭᠡᠭᠦᠷ᠎ᠤᠨ ᠡᠵᠡᠩᠨᠡᠯᠲᠡ᠎ᠶ᠋ᠢᠨ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠪᠡᠯᠡ ᠲᠣᠬᠢᠷᠠᠭᠤᠯᠭ᠎ᠠ᠎ᠶ᠋ᠢᠨ ᠵᠠᠪᠰᠠᠷ᠎ᠤᠨ ᠵᠠᠷᠤᠳᠠᠯ᠎ᠢ ᠪᠠᠭᠤᠷᠠᠭᠤᠯᠵᠤ᠂ ᠨᠡᠢᠭᠡᠮ᠎ᠤᠨ ᠶᠡᠷᠦᠩᠬᠡᠢᠯᠡᠭ᠌ᠰᠡᠨ ᠪᠡᠯᠡ ᠲᠣᠬᠢᠷᠠᠭᠤᠯᠭ᠎ᠠ᠎ᠶ᠋ᠢᠨ ᠥᠪᠡᠷ᠎ᠤᠨ ᠥᠷᠲᠡᠭ ᠳᠤᠤᠷ᠎ᠠ ᠬᠡᠮᠵᠢᠶᠡᠨ᠎ᠳᠤ ᠪᠠᠢᠬᠤ᠎ᠶ᠋ᠢ ᠠᠬᠢᠭᠤᠯᠤᠨ᠎ᠠ᠃ ᠠᠷᠠᠳ᠎ᠤᠨ ᠵᠣᠭᠤᠰᠣᠨ᠎ᠤ ᠭᠤᠪᠢᠭᠤᠯᠭ᠎ᠠ᠎ᠶ᠋ᠢᠨ ᠨᠤᠷᠮ᠎ᠠ᠎ᠶ᠋ᠢᠨ ᠵᠦᠶ ᠵᠣᠬᠢᠰᠲᠠᠶ ᠪᠥᠭᠡᠳ ᠲᠡᠩᠴᠡᠭᠦᠷᠢᠲᠡᠶ ᠲᠦᠪᠱᠢᠨ ᠳᠡᠭᠡᠷ᠎ᠡ ᠦᠨᠳᠦᠰᠦᠨ᠎ᠳᠡᠭᠡᠨ ᠲᠣᠭ᠍ᠲᠠᠪᠤᠷᠢᠲᠠᠢ ᠪᠠᠢᠬᠤ᠎ᠶ᠋ᠢ ᠪᠠᠲᠤᠯᠠᠨ᠎ᠠ᠃    

ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠬᠢᠭᠡᠳ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠨ᠎ᠠ᠃ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠲᠦᠷᠦ᠍᠎ᠶ᠋ᠢᠨ ᠪᠤᠳᠤᠯᠭ᠎ᠠ ᠬᠦᠴᠦᠲᠡᠢ ᠪᠠᠢᠬᠤ ᠬᠡᠷᠡᠭ᠌ᠲᠡᠢ ᠮᠦᠷᠲᠡᠭᠡᠨ ᠪᠠᠰᠠ ᠥᠭᠡᠷᠡᠴᠢᠯᠡᠯᠲᠡ᠎ᠪᠠᠷ ᠬᠦᠴᠦᠯᠡᠬᠦᠯᠬᠦ᠌ ᠬᠡᠷᠡᠭ᠌ᠲᠡᠢ᠃ ᠥᠭᠡᠷᠡᠴᠢᠯᠡᠯᠲᠡ᠎ᠶ᠋ᠢᠨ ᠠᠷᠭ᠎ᠠ᠎ᠪᠠᠷ ᠠᠵᠤ ᠠᠬᠤᠶ᠎ᠶ᠋ᠢᠨ ᠣᠷᠴᠢᠯ᠎ᠤᠨ ᠪᠣᠭᠤᠭ᠍ᠳᠠᠯ ᠲᠦᠭ᠌ᠵᠢᠷᠡᠯ᠎ᠢ ᠨᠡᠪᠲᠡᠷᠡᠭᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠦᠷ᠎ᠡ ᠪᠦᠲᠦᠮᠵᠢ᠎ᠶ᠋ᠢ ᠠᠵᠤ ᠠᠬᠤᠶ᠎ᠶ᠋ᠢᠨ ᠳᠣᠲᠣᠭᠠᠳᠤ ᠨᠡᠮᠡᠭ᠌ᠳᠡᠯ᠎ᠤᠨ ᠬᠥᠳᠡᠯᠭᠡᠭ᠌ᠴᠢ ᠡᠨᠧᠷᠭᠢ ᠪᠣᠯᠭᠠᠨ ᠬᠤᠪᠢᠷᠠᠭᠤᠯᠬᠤ ᠬᠡᠷᠡᠭ᠌ᠲᠡᠶ᠃ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠶ᠋ᠢᠨ ᠨᠢᠭᠡᠳᠦᠯᠲᠦ ᠴᠢᠨᠠᠷ ᠪᠠ ᠪᠦᠳᠦᠮᠵᠢᠳᠤ ᠴᠢᠨᠠᠷ᠎ᠢ ᠨᠡᠮᠡᠭ᠌ᠳᠡᠭᠦᠯᠵᠦ᠍᠂ ᠡᠯ᠎ᠡ ᠲᠥᠷᠥᠯ᠎ᠤᠨ ᠠᠵᠤ ᠠᠬᠤᠢ᠎ᠶ᠋ᠢᠨ ᠲᠥᠷᠥ᠎ᠶ᠋ᠢᠨ ᠪᠣᠳᠣᠯᠭ᠎ᠠ ᠪᠠ ᠠᠵᠤ ᠠᠬᠤᠢ᠎ᠶ᠋ᠢᠨ ᠪᠤᠰᠤ ᠲᠥᠷᠥ᠎ᠶ᠋ᠢᠨ ᠪᠣᠳᠣᠯᠭ᠎ᠠ᠂ ᠬᠠᠳᠠᠭᠠᠯᠠᠯᠲᠠ ᠲᠥᠷᠥ᠎ᠶ᠋ᠢᠨ ᠪᠣᠳᠣᠯᠭ᠎ᠠ ᠪᠠ ᠨᠡᠮᠡᠭ᠌ᠳᠡᠯ ᠲᠥᠷᠥ᠎ᠶ᠋ᠢᠨ ᠪᠣᠳᠣᠯᠭ᠎ᠠ᠎ᠶ᠋ᠢ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠶ᠋ᠢᠨ ᠨᠢᠭᠡᠳᠦᠯᠲᠦ ᠴᠢᠨᠠᠷ᠎ᠤᠨ ᠦᠨᠡᠯᠡᠨ ᠵᠢᠱ᠌ᠢᠯᠲᠡ᠎ᠳᠤ ᠣᠷᠣᠭᠤᠯᠵᠤ᠂ ᠡᠯ᠎ᠡ ᠲᠥᠷᠥᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠢᠵᠢᠯ ᠴᠢᠭ᠌ᠯᠡᠯ᠎ᠢᠶᠠᠷ ᠬᠦᠴᠦᠯᠡᠭᠦᠯᠦᠨ᠂ ᠨᠡᠢᠯᠡᠯ ᠬᠦᠴᠦᠨ᠎ᠢ ᠪᠦᠷᠢᠯᠳᠦᠭᠦᠯᠦᠨ᠎ᠡ᠃ ᠡᠳ᠋᠎ᠤᠨ ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ᠂ ᠠᠵᠤ ᠦᠢᠯᠡᠰ ᠵᠡᠷᠭᠡ ᠲᠠᠯ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠤᠶᠠᠯᠳᠤᠯ᠎ᠤᠨ ᠴᠡᠭ᠎ᠢ ᠭᠦᠨᠵᠡᠭᠡᠶ ᠠᠭᠤᠳᠠᠯᠵᠤ᠂ ᠬᠡᠷᠡᠭ᠌ᠵᠢᠭᠦᠯᠬᠦ᠌ ᠪᠠᠭᠠᠵᠢ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠬᠠᠮ ᠠᠷᠭ᠎ᠠ ᠬᠡᠮᠵᠢᠶ᠎ᠡ᠎ᠶ᠋ᠢᠨ ᠦᠢᠯᠡᠳᠦᠯ᠎ᠢ ᠦᠷᠭᠦᠯᠵᠢᠯᠡᠨ ᠶᠡᠬᠡᠰᠭᠡᠨ᠎ᠡ᠃ ᠵᠢᠱ᠌ᠢᠯᠲᠡ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠨᠡᠢᠭᠡᠮ᠎ᠤᠨ ᠢᠲᠡᠭᠡᠯ᠎ᠢ ᠬᠥᠪᠴᠢᠯᠡᠨ᠎ᠡ᠃    

ᠲᠦᠷᠪᠡ᠂ 2026 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ    

ᠨᠠᠮ᠎ᠤᠨ ᠲᠥᠪ ᠬᠤᠷᠢᠶ᠎ᠠ᠎ᠠᠴᠠ ᠡᠨᠡ ᠵᠢᠯ᠎ᠤᠨ ᠠᠵᠢᠯ᠎ᠤᠨ ᠲᠤᠬᠠᠢ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠪᠡ᠂ ᠪᠢᠳᠡ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠃   

(ᠨᠢᠭᠡ) ᠬᠦᠴᠦᠷᠬᠡᠭ ᠶᠡᠭᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠪᠠᠢᠭᠤᠯᠤᠨ᠎ᠠ᠃ ᠳᠣᠲᠣᠭᠠᠳᠤ ᠬᠡᠷᠡᠭ᠌ᠴᠡᠭᠡ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠡᠷᠡᠭ᠌ᠯᠡᠭᠡ᠎ᠶ᠋ᠢ ᠠᠬᠢᠭᠤᠯᠬᠤ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠨᠢᠭᠡᠳᠦᠯᠲᠡᠶ ᠲᠥᠯᠥᠪᠯᠡᠨ᠂ ᠳᠣᠲᠣᠭᠠᠳᠤ ᠬᠡᠷᠡᠭ᠌ᠴᠡᠭᠡ᠎ᠶ᠋ᠢᠨ ᠨᠡᠮᠡᠭ᠌ᠳᠡᠯ᠎ᠤᠨ ᠱᠢᠨ᠎ᠡ ᠣᠷᠣᠨ ᠵᠠᠢ᠎ᠶ᠋ᠢ ᠥᠷᠭᠡᠳᠭᠡᠵᠦ᠍᠂ ᠮᠠᠨ᠎ᠤ ᠤᠯᠤᠰ᠎ᠤᠨ ᠬᠡᠳᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠎ᠢ ᠨᠡᠩ ᠰᠠᠢᠨ ᠪᠠᠳᠠᠷᠠᠭᠤᠯᠤᠨ᠎ᠠ᠃    

ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠶ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠦᠨ᠎ᠡ᠃ ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢᠨ ᠳᠣᠲᠣᠭᠠᠳᠤ ᠬᠥᠳᠡᠯᠭᠡᠭ᠌ᠴᠢ ᠬᠦᠴᠦᠨ᠎ᠢ ᠬᠥᠭ᠌ᠵᠢᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠵᠡᠷᠭᠡ᠎ᠪᠠᠷ ᠴᠢᠬᠤᠯᠠᠴᠢᠯᠠᠵᠤ᠂ ᠬᠡᠷᠡᠭ᠌ᠯᠡᠭᠡ᠎ᠶ᠋ᠢᠨ ᠦᠷᠭᠦᠯᠵᠢᠯᠡᠨ ᠨᠡᠮᠡᠭ᠌ᠳᠡᠬᠦ᠌᠎ᠶ᠋ᠢ ᠠᠬᠢᠭᠤᠯᠤᠨ᠎ᠠ᠃ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠣᠷᠣᠯᠭ᠎ᠠ ᠪᠠᠭᠠᠲᠠᠶ ᠬᠠᠮᠲᠤᠯᠢᠭ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ᠂ ᠰᠠᠭᠤᠭᠠᠯᠢ ᠠᠷᠠᠳ᠎ᠤᠨ ᠡᠳ᠋ ᠬᠦᠷᠦᠩᠭᠡ᠎ᠶ᠋ᠢᠨ ᠴᠢᠨᠠᠷᠲᠠᠶ ᠣᠷᠣᠯᠭ᠎ᠠ᠎ᠶ᠋ᠢ ᠨᠡᠮᠡᠭ᠌ᠳᠡᠭᠦᠯᠬᠦ᠂ ᠴᠠᠯᠢᠩ ᠬᠥᠯᠥᠰᠥ᠍ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ ᠨᠢᠭᠡ ᠪᠦᠯᠦᠭ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠶ᠋ᠢ ᠭᠠᠷᠭᠠᠨ᠎ᠠ᠃ ᠲᠠᠸᠠᠷ᠎ᠤᠨ ᠬᠡᠷᠡᠭ᠌ᠯᠡᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠬᠡᠲᠦ ᠤᠷᠳᠤ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ᠎ᠶ᠋ᠢ 2500 ᠳ᠋ᠦᠩᠱᠢᠭᠤᠷ ᠲᠥᠭᠦᠷᠢᠭ ᠲᠣᠬᠢᠷᠠᠭᠤᠯᠤᠨ ᠬᠡᠷᠡᠭ᠌ᠯᠡᠭᠡᠨ᠎ᠤ ᠵᠦᠢᠯ᠎ᠤᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠳᠠᠮᠵᠢᠵᠤ᠂ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠎ᠡ᠃ ᠡᠳ᠋᠎ᠤᠨ ᠵᠠᠰᠠᠭ ᠪᠠ ᠮᠥᠩᠭᠦᠨ ᠭᠦᠢᠯᠭᠡᠭᠡ ᠬᠠᠮᠵᠢᠯᠴᠠᠨ ᠳᠣᠲᠣᠭᠠᠳᠤ ᠬᠡᠷᠡᠭ᠌ᠴᠡᠭᠡ᠎ᠶ᠋ᠢ ᠠᠬᠢᠭᠤᠯᠬᠤ ᠲᠤᠰᠭᠠᠶ ᠪᠡᠯᠡ ᠮᠥᠩᠭᠦ᠎ᠶ᠋ᠢ 1000  ᠳ᠋ᠦᠩᠱᠢᠭᠤᠷ ᠲᠥᠭᠦᠷᠢᠭ ᠭᠠᠷᠭᠠᠵᠤ᠂ ᠵᠢᠭᠡᠯᠡᠯᠭᠡ᠎ᠶ᠋ᠢᠨ ᠳᠡᠮ ᠬᠦᠦ ᠮᠦᠩᠭᠦ᠌ ᠦᠭ᠌ᠬᠦ᠂ ᠪᠡᠯᠡ ᠲᠣᠬᠢᠷᠠᠭᠤᠯᠭ᠎ᠠ᠎ᠶ᠋ᠢᠨ ᠳᠠᠭᠠᠭᠠᠯᠲᠠ ᠬᠢᠬᠦ᠂ ᠠᠶᠤᠯ ᠲᠦᠭ᠌ᠰᠢᠭᠦᠷᠢ᠎ᠶ᠋ᠢᠨ ᠨᠥᠬᠦᠪᠥᠷᠢ ᠦᠭ᠌ᠬᠦ ᠵᠡᠷᠭᠡ ᠠᠷᠭ᠎ᠠ ᠮᠠᠶᠢᠭ᠎ᠢ ᠨᠡᠢᠯᠡᠭᠦᠯᠦᠨ ᠬᠡᠷᠡᠭ᠌ᠯᠡᠵᠦ᠍᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠎ᠶ᠋ᠢ ᠳᠠᠮᠵᠢᠨ᠎ᠠ᠃ ᠬᠤᠪᠢ ᠬᠥᠮᠦᠨ᠎ᠤ ᠬᠡᠷᠡᠭ᠌ᠯᠡᠭᠡᠨ᠎ᠤ ᠵᠢᠭᠡᠯᠡᠯᠭᠡ ᠪᠠ ᠦᠢᠯᠡᠴᠢᠯᠡᠭᠡᠨ᠎ᠤ ᠦᠢᠯᠡᠰ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠵᠢᠭᠡᠯᠡᠯᠭᠡ᠎ᠶ᠋ᠢᠨ ᠳᠡᠮ ᠬᠦᠦ ᠮᠦᠩᠭᠦ᠌ ᠥᠭ᠌ᠬᠦ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠬᠦᠷᠢᠶ᠎ᠡ᠎ᠶ᠋ᠢ ᠥᠷᠭᠡᠳᠭᠡᠵᠦ᠍᠂ ᠳᠡᠮ ᠬᠦᠦ ᠮᠦᠩᠭᠦ᠌ ᠥᠭ᠌ᠬᠦ ᠳᠡᠭᠡᠳᠦ ᠬᠢᠵᠠᠭᠠᠷ᠎ᠢ ᠳᠡᠭᠡᠭ᠌ᠰᠢᠯᠡᠭᠦᠯᠵᠦ᠍᠂ ᠬᠡᠷᠡᠭ᠌ᠵᠢᠭᠦᠯᠬᠦ᠌ ᠬᠤᠭᠤᠴᠠᠭ᠎ᠠ᠎ᠶ᠋ᠢ ᠤᠷᠲᠤᠳᠭᠠᠨ᠎ᠠ᠃ ᠨᠢᠭᠡ ᠤᠳᠠᠭ᠎ᠠ᠎ᠶ᠋ᠢᠨ ᠴᠢᠨᠠᠷᠲᠠᠶ ᠢᠲᠡᠭᠡᠮᠵᠢ᠎ᠶ᠋ᠢ ᠰᠡᠷᠭᠦᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠬᠡᠷᠡᠭ᠌ᠵᠢᠭᠦᠯᠦᠨ᠎ᠡ᠃ ᠦᠢᠯᠡᠴᠢᠯᠡᠭᠡᠨ᠎ᠤ ᠬᠡᠷᠡᠭ᠌ᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠠᠷᠠᠳ᠎ᠲᠤ ᠠᠱᠢᠭ ᠬᠦᠷᠲᠡᠭᠡᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠢᠭᠡ ᠪᠦᠯᠦᠭ ᠳᠠᠢᠴᠢᠯᠠᠬᠤ ᠬᠡᠪᠴᠢᠶ᠎ᠡ᠎ᠨᠢ ᠥᠷᠭᠡᠨ᠂ ᠢᠯᠡᠷᠡᠭᠦᠯᠬᠦ᠌ ᠬᠡᠮᠵᠢᠶ᠎ᠡ᠎ᠨᠢ ᠥᠨᠳᠥᠷ ᠬᠡᠷᠡᠭ᠌ᠯᠡᠭᠡᠨ᠎ᠤ ᠱᠢᠨ᠎ᠡ ᠠᠬᠤᠢ ᠪᠠᠢᠳᠠᠯ᠎ᠢ ᠪᠣᠶ ᠪᠣᠯᠭᠠᠵᠤ᠂ ᠬᠡᠷᠡᠭ᠌ᠯᠡᠭᠡᠨ᠎ᠤ ᠱᠢᠨ᠎ᠡ ᠨᠡᠮᠡᠭ᠌ᠳᠡᠯ᠎ᠤᠨ ᠴᠡᠭ᠎ᠢ ᠲᠦᠷᠭᠡᠯᠡᠨ ᠪᠤᠢᠵᠢᠭᠤᠯᠤᠨ᠎ᠠ᠃ ᠰᠦᠯᠵᠢᠶᠡᠨ ᠭᠠᠳᠠᠨᠠᠬᠢ ᠬᠡᠷᠡᠭ᠌ᠯᠡᠭᠡ᠎ᠶ᠋ᠢ ᠬᠥᠭ᠌ᠵᠢᠶᠡᠨᠲᠡᠶ ᠪᠣᠯᠭᠠᠵᠤ᠂ ᠭᠤᠷᠪᠠᠳᠤᠭᠠᠷ ᠳᠡᠰ᠎ᠤᠨ ᠬᠤᠲᠠ᠎ᠠᠴᠠ ᠳᠤᠷᠤᠭ᠍ᠰᠢᠬᠢ ᠵᠠᠬ᠎ᠠ ᠳᠠᠯᠬᠡᠬᠦᠷ᠎ᠤᠨ ᠬᠡᠷᠡᠭ᠌ᠯᠡᠭᠡᠨ᠎ᠤ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠬᠡᠷᠡᠭ᠌ᠯᠡᠭᠡ᠎ᠶ᠋ᠢᠨ ᠬᠦᠷᠢᠶᠡᠨ᠎ᠳᠠᠬᠢ ᠵᠦᠶ ᠵᠣᠬᠢᠰ ᠥᠬᠡᠶ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠢᠯᠭᠠᠷᠠᠭᠤᠯᠤᠨ ᠴᠡᠭ᠌ᠴᠡᠯᠡᠵᠦ᠍᠂ ᠰᠣᠶᠣᠯ ᠵᠢᠭᠤᠯᠴᠢᠯᠠᠯ᠂ ᠤᠷᠤᠯᠳᠤᠭᠠᠨ᠂ ᠡᠷᠡᠭᠦᠯᠵᠢᠯ ᠰᠤᠪᠢᠯᠠᠯᠲᠠ ᠵᠡᠷᠭᠡ ᠬᠦᠷᠢᠶᠡᠨ᠎ᠳᠠᠬᠢ ᠬᠡᠷᠡᠭ᠌ᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠤᠨ᠎ᠠ᠃ ᠨᠥᠬᠦᠴᠡᠯ᠎ᠲᠠᠢ ᠭᠠᠵᠠᠷ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠳᠤ ᠬᠠᠪᠤᠷ ᠨᠠᠮᠤᠷ᠎ᠤᠨ ᠠᠮᠠᠷᠠᠯᠲᠠ᠎ᠶ᠋ᠢ ᠳᠡᠯᠭᠡᠷᠡᠭᠦᠯᠬᠦ᠌᠎ᠶ᠋ᠢ ᠳᠡᠮᠵᠢᠵᠦ᠍᠂ ᠠᠵᠢᠯᠲᠠᠨ ᠠᠵᠢᠯᠴᠢᠨ᠎ᠤ ᠤᠷᠬᠢᠯ ᠴᠠᠭ᠎ᠠᠴᠠ ᠵᠠᠢᠯᠠᠵᠤ ᠴᠠᠯᠢᠩ᠎ᠲᠠᠢ᠎ᠪᠠᠷ ᠠᠮᠠᠷᠠᠬᠤ ᠳᠦᠷᠢᠮ᠎ᠢ ᠨᠠᠢᠳᠠᠪᠤᠷᠢᠵᠢᠭᠤᠯᠤᠨ᠎ᠠ᠃ ᠬᠡᠷᠡᠭ᠌ᠯᠡᠭ᠌ᠴᠢᠳ᠎ᠤᠨ ᠡᠷᠬᠡ ᠠᠱᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠬᠢᠯᠢ᠎ᠳᠤ ᠣᠷᠣᠵᠤ ᠢᠷᠡᠭᠡᠳ ᠬᠡᠷᠡᠭ᠌ᠯᠡᠭᠡ ᠬᠢᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍᠂ 《ᠳᠤᠮᠳᠠᠳᠤ ᠤᠯᠤᠰ᠎ᠲᠤ ᠬᠤᠳᠠᠯᠳᠤᠨ ᠠᠪᠬᠤ》 ᠨᠡᠷᠡᠳᠤ ᠲᠡᠮᠳᠡᠭ᠎ᠢ ᠪᠤᠢ ᠪᠣᠯᠭᠠᠨ᠎ᠠ᠃    

ᠪᠦᠲᠦᠮᠵᠢᠲᠡᠢ ᠪᠡᠯᠡ ᠣᠷᠣᠭᠤᠯᠤᠯᠲᠠ᠎ᠶ᠋ᠢᠨ ᠳᠠᠯᠳᠠ ᠬᠦᠴᠦᠨ᠎ᠢ ᠭᠦᠢᠴᠡᠳ ᠠᠭᠤᠳᠠᠯᠤᠨ ᠪᠠᠳᠠᠷᠠᠭᠤᠯᠤᠨ᠎ᠠ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠬ᠎ᠠ ᠳᠡᠯᠭᠡᠭᠦᠷ᠎ᠢᠶᠠᠷ ᠤᠳᠤᠷᠢᠳᠤᠮᠵᠢ ᠪᠣᠯᠭᠠᠭ᠍ᠰᠠᠨ ᠪᠦᠲᠦᠮᠵᠢᠲᠡᠶ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ᠎ᠤᠨ ᠬᠥᠳᠡᠯᠭᠡᠭ᠌ᠴᠢ ᠬᠦᠴᠦᠨ᠎ᠢ ᠨᠡᠮᠡᠭ᠌ᠳᠡᠭᠦᠯᠵᠦ᠍᠂ ᠠᠷᠠᠳ᠎ᠤᠨ ᠠᠮᠢᠳᠤᠷᠠᠯ᠎ᠤᠨ ᠲᠦᠷᠦᠯ᠎ᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ᠃ ᠡᠨᠡ ᠵᠢᠯ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ᠎ᠶ᠋ᠢ 7550 ᠳ᠋ᠦᠩᠱᠢᠭᠤᠷ ᠲᠥᠭᠦᠷᠢᠭ ᠲᠣᠬᠢᠷᠠᠭᠤᠯᠵᠤ᠂ 8000  ᠳ᠋ᠦᠩᠱᠢᠭᠤᠷ ᠲᠥᠭᠦᠷᠢᠭ᠎ᠤᠨ ᠬᠡᠲᠦ ᠤᠷᠳᠤ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ᠎ᠶ᠋ᠢᠨ ᠪᠡᠯᠡ ᠮᠥᠩᠭᠦ᠌ ᠲᠤᠬᠢᠷᠠᠭᠤᠯᠤᠨ 《ᠨᠢᠭᠡ ᠴᠢᠬᠤᠯᠠ ᠨᠢᠭᠡ ᠭᠤᠤᠯᠳᠠᠯᠭ᠎ᠠ》 ᠎ᠶ᠋ᠢᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠵᠦ᠍᠂ ᠲᠥᠪ᠎ᠤᠨ ᠪᠡᠯᠡ ᠣᠷᠣᠭᠤᠯᠤᠯᠲᠠ᠎ᠶ᠋ᠢᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠲᠦᠷᠦᠯ ᠬᠤᠪᠢᠶᠠᠨ ᠳᠡᠭᠡᠭ᠌ᠰᠢᠯᠡᠭᠦᠯᠬᠦ᠌᠎ᠪᠠᠷ ᠪᠠᠢᠨ᠎ᠠ᠃ ᠲᠥᠰᠦᠯ᠎ᠤᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠲᠤᠭ᠎ᠠ ᠬᠡᠮᠵᠢᠶ᠎ᠡ᠎ᠶ᠋ᠢ ᠠᠰ᠎ᠲᠤᠨᠢ ᠵᠢᠭ᠍ᠰᠠᠭᠠᠬᠤ᠎ᠶ᠋ᠢᠨ ᠬᠠᠮᠲᠤ ᠳᠡᠭᠡᠭ᠌ᠰᠢᠯᠡᠭᠦᠯᠵᠦ᠍᠂ ᠪᠡᠯᠡ ᠣᠷᠣᠭᠤᠯᠤᠯᠲᠠ᠎ᠶ᠋ᠢᠨ ᠲᠥᠰᠦᠯ᠎ᠤᠨ ᠪᠡᠯᠡᠳᠭᠡᠯ ᠭᠦᠢᠴᠡᠳ᠂ ᠪᠡᠯᠡ ᠮᠥᠩᠭᠦ᠎ᠶ᠋ᠢ ᠰᠠᠢᠨ ᠬᠡᠷᠡᠭ᠌ᠯᠡᠭ᠌ᠰᠡᠨ ᠭᠠᠵᠠᠷ ᠣᠷᠣᠨ ᠲᠡᠢᠰᠢ ᠦᠷᠭᠦᠯᠵᠢᠯᠡᠨ ᠬᠡᠯᠪᠠᠢᠯᠭᠡᠨ᠎ᠡ᠃ ᠱᠢᠨ᠎ᠡ ᠬᠡᠯᠪᠡᠷᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠶ ᠮᠥᠩᠭᠦᠨ ᠭᠦᠢᠯᠭᠡᠭᠡᠨ᠎ᠤ ᠪᠠᠭᠠᠵᠢ᠎ᠶ᠋ᠢ 8000  ᠳ᠋ᠦᠩᠱᠢᠭᠤᠷ ᠲᠥᠭᠦᠷᠢᠭ ᠲᠠᠷᠬᠠᠭᠠᠵᠤ᠂ ᠨᠡᠩ ᠤᠯᠠᠨ ᠨᠡᠢᠭᠡᠮ᠎ᠤᠨ ᠬᠦᠷᠦᠩᠭᠡ᠎ᠶ᠋ᠢᠨ ᠪᠡᠯᠡ ᠣᠷᠣᠭᠤᠯᠤᠯᠲᠠ᠎ᠳᠤ ᠣᠷᠣᠯᠴᠠᠬᠤ᠎ᠶ᠋ᠢ ᠲᠠᠢᠴᠢᠯᠠᠨ᠎ᠠ᠃ ᠡᠯ᠎ᠡ ᠲᠥᠷᠥᠯ᠎ᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠪᠡᠯᠡ ᠮᠥᠩᠭᠦ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠬᠡᠷᠡᠭ᠌ᠯᠡᠵᠦ᠍᠂ ᠠᠵᠢᠯ᠎ᠤᠨ ᠰᠠᠭᠤᠷᠢ᠎ᠨᠢ ᠨᠡᠯᠢᠶᠡᠳ ᠰᠠᠢᠨ ᠭᠠᠵᠠᠷ ᠣᠷᠣᠨ᠎ᠤ ᠪᠦᠬᠦ᠌ ᠱᠢᠰᠲ᠋ᠧᠮ᠎ᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠥᠯᠥᠪᠯᠡᠭᠡ᠎ᠶ᠋ᠢ ᠰᠦᠪᠡᠭ᠌ᠴᠢᠯᠡᠨ ᠨᠠᠢᠷᠠᠭᠤᠯᠤᠨ ᠵᠣᠬᠢᠶᠠᠬᠤ᠎ᠶ᠋ᠢ ᠳᠡᠮᠵᠢᠵᠦ᠍᠂ ᠲᠥᠰᠦᠯ᠎ᠤᠨ ᠪᠡᠯᠡ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠦᠷ᠎ᠡ ᠠᠱᠢᠭ ᠳᠤᠤᠷ᠎ᠠ ᠪᠡᠯᠡ ᠤᠷᠤᠭᠤᠯᠤᠯᠲᠠ ᠪᠠ ᠦᠷ᠎ᠡ ᠠᠱᠢᠭ ᠦᠭᠡᠢ ᠪᠡᠯᠡ ᠣᠷᠣᠭᠤᠯᠤᠯᠲᠠ᠎ᠶ᠋ᠢ ᠡᠷᠡᠰ ᠬᠤᠷᠢᠭ᠍ᠯᠠᠨ᠎ᠠ᠃ ᠠᠷᠠᠳ᠎ᠤᠨ ᠪᠡᠯᠡ ᠣᠷᠣᠭᠤᠯᠤᠯᠲᠠ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠴᠢᠬᠤᠯᠠ ᠶᠡᠭᠡ ᠲᠥᠰᠦᠯ᠎ᠤᠨ ᠪᠦᠲᠦᠭᠡᠨ ᠪᠠᠢᠭᠤᠯᠤᠯᠲᠠ᠎ᠳᠤ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠣᠷᠣᠯᠴᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠷᠠᠳ᠎ᠤᠨ ᠪᠡᠯᠡ ᠣᠷᠣᠭᠤᠯᠤᠯᠲᠠ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠳᠡᠭᠡᠳᠦ ᠮᠡᠷᠭᠡᠵᠢᠯ᠂ ᠣᠳᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ ᠵᠡᠷᠭᠡ ᠱᠢᠨ᠎ᠡ ᠤᠷᠤᠯᠳᠤᠭᠠᠨ᠎ᠤ ᠵᠠᠮ ᠲᠡᠢᠰᠢ ᠤᠷᠤᠭᠤᠯᠤᠯᠲᠠ ᠬᠢᠯᠭᠡᠵᠦ᠍᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭ᠌ᠵᠢᠭᠡᠨ᠎ᠡ᠃    

(ᠬᠤᠶᠠᠷ)ᠱᠢᠨ᠎ᠡ ᠬᠥᠳᠡᠯᠭᠡᠭ᠌ᠴᠢ ᠡᠨᠧᠷᠭᠢ᠎ᠶ᠋ᠢ ᠱᠠᠯᠠᠪᠳᠠᠨ ᠪᠤᠢᠵᠢᠭᠤᠯᠤᠨ ᠪᠤᠵᠠᠭᠠᠢᠷᠠᠭᠤᠯᠤᠨ᠎ᠠ᠃ ᠠᠵᠤ ᠠᠬᠤᠶ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠣᠭ᠍ᠴᠠ᠎ᠶ᠋ᠢᠨ ᠠᠵᠤ ᠠᠬᠤᠶ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ᠂ ᠭᠠᠵᠠᠷ ᠣᠷᠣᠨ᠎ᠤ ᠪᠠᠢᠳᠠᠯ᠎ᠳᠤᠨᠢ ᠳᠤᠬᠢᠷᠠᠭᠤᠯᠤᠨ ᠱᠢᠨ᠎ᠡ ᠴᠢᠨᠡᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠵᠦ᠍᠂ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠤᠨ᠎ᠠ᠃    

ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠦᠨ᠎ᠡ᠃ ᠭᠤᠤᠯᠳᠠᠯᠭ᠎ᠠ᠎ᠲᠠᠢ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠳᠡᠰ ᠳᠡᠪᠱᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ ᠴᠢᠬᠤᠯᠠ ᠶᠡᠭᠡ ᠮᠡᠷᠭᠡᠵᠢᠯ᠎ᠤᠨ ᠥᠭᠡᠷᠡᠴᠢᠯᠡᠯᠲᠡ ᠬᠢᠵᠦ᠍ ᠲᠡᠰ ᠳᠡᠪᠱᠢᠬᠦᠯᠬᠦ᠌ ᠲᠥᠰᠦᠯ᠎ᠢ ᠱᠢᠨ᠎ᠡ᠎ᠪᠠᠷ ᠪᠠᠢᠷᠢᠯᠠᠭᠤᠯᠵᠤ᠂ 2000  ᠳ᠋ᠦᠩᠱᠢᠭᠤᠷ ᠲᠥᠭᠦᠷᠢᠭ᠎ᠤᠨ ᠬᠡᠲᠦ ᠤᠷᠳᠤ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ᠎ᠶ᠋ᠢᠨ ᠪᠡᠯᠡ ᠮᠥᠩᠭᠦ᠎ᠶ᠋ᠢ ᠲᠤᠬᠢᠷᠠᠭᠤᠯᠤᠨ ᠶᠡᠭᠡ ᠬᠡᠪᠴᠢᠶᠡᠨ᠎ᠤ ᠪᠡᠯᠡᠳᠭᠡᠮᠵᠢ᠎ᠶ᠋ᠢ ᠱᠢᠨᠡᠳᠭᠡᠬᠦ᠌ ᠠᠵᠢᠯ᠎ᠢ ᠳᠡᠮᠵᠢᠨ᠎ᠡ᠃ ᠱᠢᠨ᠎ᠡ ᠨᠢᠭᠡ ᠡᠭᠡᠯᠵᠢ᠎ᠶ᠋ᠢᠨ ᠦᠢᠯᠡᠳᠬᠦ᠌ ᠦᠢᠯᠡᠰ᠎ᠤᠨ ᠭᠤᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠎ᠶ᠋ᠢ ᠴᠢᠨᠠᠷ ᠰᠠᠢᠲᠠᠶ ᠬᠥᠭ᠌ᠵᠢᠬᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠠᠵᠤ ᠦᠢᠯᠡᠰ᠎ᠤᠨ ᠰᠠᠭᠤᠷᠢ᠎ᠶ᠋ᠢ ᠳᠠᠬᠢᠨ ᠴᠤᠭ᠍ᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭ᠍ᠯᠠᠯ᠎ᠤᠨ ᠪᠡᠷᠬᠡ ᠰᠡᠳᠦᠪ᠎ᠢ ᠱᠢᠢᠳᠪᠤᠷᠢᠯᠡᠬᠦ᠌᠎ᠶ᠋ᠢ ᠴᠢᠩᠭᠠᠳᠭᠠᠨ᠂ ᠨᠢᠭᠡ ᠪᠥᠯᠥᠭ ᠤᠯᠤᠰ᠎ᠤᠨ ᠲᠡᠷᠢᠭᠦᠨ᠎ᠤ ᠦᠢᠯᠡᠳᠬᠦ᠌ ᠦᠢᠯᠡᠰ᠎ᠤᠨ ᠪᠦᠭᠡᠭᠡᠨᠡᠷᠡᠯ᠎ᠢ ᠪᠤᠢ ᠪᠣᠯᠭᠠᠨ᠎ᠠ᠃ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠡᠬᠦᠯᠡᠨ ᠦᠢᠯᠡᠴᠢᠯᠡᠭᠡ᠎ᠪᠠᠷ ᠲᠡᠮᠵᠢᠬᠦ᠌ ᠲᠤᠮᠤ ᠳ᠋ᠠᠢᠲ᠋ᠠ᠎ᠶ᠋ᠢ ᠠᠭᠤᠰᠤᠯᠴᠠᠭᠤᠯᠤᠨ ᠬᠡᠷᠡᠭ᠌ᠯᠡᠬᠦ᠌ ᠤᠶᠤᠨᠴᠢᠯᠠᠬᠤ ᠦᠭᠡᠷᠡᠴᠢᠯᠠᠯᠳᠠ᠎ᠶ᠋ᠢ ᠲᠡᠮᠵᠢᠬᠦ᠌ ᠦᠢᠯᠡᠴᠢᠯᠡᠭᠡ᠎ᠶ᠋ᠢ ᠲᠡᠯᠭᠡᠷᠡᠭᠦᠯᠵᠦ᠍᠂ ᠳᠤᠮᠳᠠ ᠵᠢᠵᠢᠭ ᠠᠵᠤ ᠠᠬᠤᠢᠯᠠᠯ᠎ᠤᠨ ᠳ᠋ᠢᠵᠢᠲ᠋ᠠᠯᠴᠢᠯᠠᠬᠤ ᠤᠶᠤᠨᠴᠢᠯᠠᠬᠤ ᠲᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠳᠡᠮᠵᠢᠬᠦ᠌᠎ᠪᠠᠨ ᠦᠷᠭᠦᠯᠵᠢᠯᠡᠨ ᠴᠢᠩᠭᠠᠷᠠᠭᠤᠯᠤᠨ᠎ᠠ᠃ ᠤᠶᠤᠯᠢᠭ ᠦᠢᠯᠡᠳᠬᠦ᠌ ᠦᠢᠯᠡᠰ᠎ᠢ ᠥᠷᠭᠡᠳᠭᠡᠵᠦ᠍᠂ ᠨᠢᠭᠡ ᠪᠦᠯᠦᠭ ᠤᠶᠤᠯᠢᠭ ᠦᠢᠯᠡᠳᠪᠦᠷᠢ ᠪᠠ ᠤᠶᠤᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠱᠢᠨ᠎ᠡ᠎ᠪᠠᠷ ᠪᠦᠲᠦᠭᠡᠨ ᠪᠠᠢᠭᠤᠯᠤᠨ᠎ᠠ᠃ ᠤᠶᠤᠯᠢᠭ ᠪᠠᠷᠢᠯᠭ᠎ᠠ᠎ᠶ᠋ᠢ ᠬᠥᠭ᠌ᠵᠢᠭᠦᠯᠵᠦ᠍᠂ ᠣᠳᠣᠬᠢᠴᠢᠯᠠᠭ᠍ᠰᠠᠨ ᠪᠠᠷᠢᠯᠭ᠎ᠠ᠎ᠶ᠋ᠢᠨ ᠠᠵᠤ ᠦᠢᠯᠡᠰ᠎ᠤᠨ ᠬᠡᠯᠬᠢᠶ᠎ᠡ᠎ᠶ᠋ᠢ ᠪᠤᠢᠵᠢᠭᠤᠯᠤᠨ᠎ᠠ᠃ ᠪᠠᠷᠢᠮᠵᠢᠶ᠎ᠠ᠎ᠶ᠋ᠢᠨ ᠳᠡᠰ ᠳᠡᠪᠱᠢᠬᠦ᠌᠎ᠶ᠋ᠢ ᠲᠦᠷᠭᠡᠯᠡᠨ ᠠᠬᠢᠭᠤᠯᠵᠤ᠂ ᠶᠠᠰᠤ ᠴᠢᠨᠠᠷ᠎ᠤᠨ ᠬᠢᠨᠠᠯᠲᠠ ᠪᠠ ᠨᠡᠷᠡᠲᠦ ᠲᠡᠮᠳᠡᠭ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠠᠵᠤ ᠠᠬᠤᠢᠯᠠᠯ᠎ᠤᠨ ᠨᠠᠩ ᠴᠢᠨᠠᠷ ᠰᠠᠢᠲᠠᠶ᠂ ᠨᠠᠩ ᠦᠪᠡᠷᠮᠢᠴᠡ ᠣᠨᠴᠠᠯᠢᠭ ᠪᠦᠬᠦᠢ ᠦᠢᠯᠡᠳᠬᠦᠨ ᠬᠠᠩᠭᠠᠬᠤ᠎ᠶ᠋ᠢ ᠳᠠᠮᠵᠢᠨ᠎ᠠ᠃    

ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠪᠠ ᠢᠷᠡᠭᠡᠳᠦᠶ᠎ᠶ᠋ᠢᠨ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠤᠨ᠎ᠠ᠃ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠲᠥᠪ᠎ᠤᠨ ᠠᠵᠤ ᠠᠬᠤᠢᠯᠠᠯ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠲᠦᠷᠦᠭᠦᠯᠡᠨ ᠬᠡᠷᠡᠭ᠌ᠯᠡᠯᠲᠡ᠎ᠶ᠋ᠢᠨ ᠠᠬᠤᠢ ᠪᠠᠢᠳᠠᠯ᠎ᠢᠶᠠᠨ ᠨᠡᠭᠡᠭᠡᠯᠲᠡᠲᠠᠢ ᠪᠤᠯᠭᠠᠬᠤ᠎ᠶ᠋ᠢ ᠵᠣᠷᠢᠭ᠍ᠵᠢᠭᠤᠯᠵᠤ᠂ ᠬᠤᠷᠠᠮᠠᠯ ᠴᠠᠬᠢᠯᠭᠠᠨ ᠬᠡᠯᠬᠢᠶ᠎ᠡ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠠᠮᠢᠳᠤ ᠪᠣᠳᠠᠰ᠎ᠤᠨ ᠡᠮ ᠡᠮᠨᠡᠯᠭᠡ᠂ ᠳᠣᠣᠷ᠎ᠠ ᠠᠭᠠᠷ᠎ᠤᠨ ᠠᠵᠤ ᠠᠬᠤᠢ ᠵᠡᠷᠭᠡ ᠱᠢᠨ᠎ᠡ᠎ᠪᠠᠷ ᠬᠦᠭ᠌ᠵᠢᠭ᠌ᠰᠡᠨ ᠲᠤᠯᠭᠠᠭᠤᠷᠢ ᠠᠵᠤ ᠦᠢᠯᠡᠰ᠎ᠢ ᠪᠣᠶ ᠪᠣᠯᠭᠠᠨ᠎ᠠ᠃ ᠢᠷᠡᠭᠡᠳᠦᠶ᠎ᠶ᠋ᠢᠨ ᠠᠵᠤ ᠦᠢᠯᠡᠰ᠎ᠤᠨ ᠣᠷᠣᠭᠤᠯᠤᠯᠲᠠ᠎ᠶ᠋ᠢ ᠨᠡᠮᠡᠭ᠌ᠳᠡᠬᠦᠯᠬᠦ᠌ ᠪᠠ ᠠᠶᠤᠯ ᠲᠦᠭ᠌ᠰᠢᠭᠦᠷᠢ᠎ᠶ᠋ᠢ ᠬᠤᠪᠢᠶᠠᠨ ᠡᠭᠦᠷᠭᠡᠯᠡᠬᠦ᠌ ᠲᠣᠭ᠍ᠲᠠᠴᠠ᠎ᠶ᠋ᠢ ᠪᠠᠢᠭᠤᠯᠵᠤ᠂ ᠢᠷᠡᠭᠡᠳᠦᠶ᠎ᠶ᠋ᠢᠨ ᠡᠨᠧᠷᠭᠢ᠎ᠶ᠋ᠢᠨ ᠰᠤᠷᠪᠤᠯᠵᠢ᠂ ᠺᠸᠠᠨ᠋ᠲ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠪᠤᠳᠠ ᠤᠶᠤᠯᠢᠭ᠂ ᠲᠠᠷᠢᠬᠢ ᠪᠤᠯᠤᠨ ᠮᠠᠱᠢᠨ᠎ᠤ ᠵᠠᠯᠭᠠᠭᠤᠷ᠂ 6G  ᠵᠡᠷᠭᠡ ᠢᠷᠡᠭᠡᠳᠦᠶ᠎ᠶ᠋ᠢᠨ ᠠᠵᠤ ᠦᠢᠯᠡᠰ᠎ᠢ ᠪᠤᠢᠵᠢᠭᠤᠯᠤᠨ ᠬᠥᠭ᠌ᠵᠢᠭᠦᠯᠦᠨ᠎ᠡ᠃ ᠲᠤᠰᠭᠠᠶ ᠨᠠᠷᠢᠯᠢᠬ ᠦᠪᠡᠷᠮᠢᠴᠠ ᠱᠢᠨ᠎ᠠ ᠳᠤᠮᠳᠠ ᠵᠢᠵᠢᠭ ᠠᠵᠤ ᠠᠬᠤᠢᠯᠠᠯ᠎ᠤᠨ ᠬᠥᠭ᠌ᠵᠢᠨ ᠪᠤᠵᠠᠭᠠᠢ᠌ᠷᠠᠬᠤ᠎ᠶ᠋ᠢ ᠠᠬᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠠᠩᠬᠠᠨ᠎ᠤ ᠡᠭᠦᠳᠦᠯᠲᠡ᠎ᠶ᠋ᠢᠨ ᠴᠢᠨᠠᠷᠲᠠᠢ ᠰᠠᠭᠤᠷᠢ ᠰᠠᠢᠲᠠᠢ ᠠᠵᠤ ᠠᠬᠤᠢᠯᠠᠯ᠎ᠢ ᠪᠤᠢᠵᠢᠭᠤᠯᠤᠨ᠎ᠠ᠃ ᠤᠯᠤᠰ᠎ᠤᠨ ᠠᠳᠠᠯ ᠦᠢᠯᠡᠰ ᠴᠣᠭ᠍ᠴᠠᠯᠠᠬᠤ ᠪᠡᠯᠡ ᠣᠷᠣᠭᠤᠯᠤᠯᠲᠠ᠎ᠶ᠋ᠢ ᠬᠥᠲᠥᠯᠥᠨ ᠵᠢᠯᠣᠭᠤᠳᠭᠤ ᠰᠠᠭᠤᠷᠢ ᠮᠥᠩᠭᠦ᠎ᠶ᠋ᠢ ᠥᠨᠳᠥᠷ ᠪᠦᠲᠦᠮᠵᠢᠲᠡᠶ ᠰᠠᠢᠲᠤᠷ ᠬᠡᠷᠡᠭ᠌ᠯᠡᠵᠦ᠍᠂ ᠠᠳᠠᠯ ᠦᠢᠯᠡᠰ ᠴᠤᠭ᠍ᠴᠠᠯᠠᠬᠤ ᠪᠡᠯᠡ ᠣᠷᠣᠭᠤᠯᠤᠯᠲᠠ᠂ ᠠᠨᠴᠢᠯ ᠪᠡᠯᠡ ᠣᠷᠣᠭᠤᠯᠤᠯᠲᠠ᠎ᠶ᠋ᠢ ᠶᠡᠭᠡ᠎ᠪᠠᠷ ᠬᠥᠭ᠌ᠵᠢᠭᠦᠯᠦᠨ᠎ᠡ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠰᠠᠭᠤᠷᠢ ᠮᠥᠩᠭᠦ᠌ ᠲᠦᠷᠦᠭᠦᠯᠡᠨ ᠬᠦᠯᠢᠴᠡᠩᠭᠦᠢ ᠬᠥᠷᠥᠩᠭᠡ᠎ᠶ᠋ᠢ ᠬᠦᠭ᠌ᠵᠢᠭᠦᠯᠵᠦ᠍᠂ ᠨᠠᠩ ᠣᠯᠠᠨ ᠠᠩᠬ᠎ᠠ ᠡᠭᠦᠳᠦᠯᠲᠡ᠎ᠶ᠋ᠢᠨ ᠠᠵᠤ ᠠᠬᠤᠢᠯᠠᠯ᠎ᠤᠨ ᠲᠦᠷᠭᠡᠯᠡᠨ ᠬᠦᠭ᠌ᠵᠢᠭᠡᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ ᠪᠣᠯᠬᠤ᠎ᠶ᠋ᠢ ᠠᠬᠢᠭᠤᠯᠬᠤ ᠬᠡᠷᠡᠭ᠌ᠲᠡᠢ᠃    

ᠦᠢᠯᠡᠴᠢᠯᠡᠭᠡᠨ᠎ᠤ ᠦᠢᠯᠡᠰ᠎ᠤᠨ ᠴᠢᠳᠠᠪᠤᠷᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠲᠡᠷᠢᠭᠦᠨ᠎ᠤ ᠦᠢᠯᠡᠳᠬᠦ᠌ ᠦᠢᠯᠡᠰ ᠪᠣᠯᠤᠨ ᠣᠳᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠢ ᠠᠭᠤᠰᠤᠯᠴᠠᠭᠤᠯᠤᠨ ᠬᠥᠭ᠌ᠵᠢᠭᠦᠯᠬᠦ᠌ ᠲᠤᠷᠱᠢᠯᠲᠠ᠎ᠶ᠋ᠢ ᠭᠦᠨᠵᠡᠭᠡᠢᠷᠡᠭᠦᠯᠦᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡᠨ᠎ᠤ ᠵᠠᠬ᠎ᠠ ᠳᠡᠯᠭᠡᠭᠦᠷ᠎ᠢ ᠪᠤᠵᠠᠭᠠᠢᠷᠠᠭᠤᠯᠵᠤ᠂ ᠵᠥᠭᠡᠯᠡᠨ ᠲᠣᠨᠤᠭ᠎ᠤᠨ ᠦᠢᠯᠡᠴᠢᠯᠡᠭᠡᠨ᠎ᠤ ᠥᠷᠲᠡᠭ᠎ᠤᠨ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃ ᠮᠥᠩᠭᠦᠨ ᠭᠦᠢᠯᠭᠡᠭᠡ᠂ ᠣᠳᠣ ᠦᠶ᠎ᠡ᠎ᠶ᠋ᠢᠨ ᠪᠠᠷᠠᠭᠠᠨ᠎ᠤ ᠭᠦᠢᠯᠭᠡᠭᠡ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠂ ᠪᠠᠢᠴᠠᠭᠠᠨ ᠱᠢᠯᠭᠠᠵᠤ ᠪᠠᠢᠴᠠᠭᠠᠨ ᠬᠡᠮᠵᠢᠬᠦ᠌ ᠵᠡᠷᠭᠡ ᠦᠢᠯᠡᠳᠪᠦᠷᠢᠯᠡᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠢ ᠬᠥᠭ᠌ᠵᠢᠭᠦᠯᠦᠨ᠎ᠡ᠃ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠶ᠂ ᠣᠯᠠᠨ ᠶᠠᠩᠵᠤᠴᠢᠯᠠᠭ᠍ᠰᠠᠨ᠂ ᠳᠥᠲᠡᠴᠢᠯᠡᠭ᠌ᠰᠡᠨ ᠬᠥᠭ᠌ᠵᠢᠯᠲᠡ᠎ᠶ᠋ᠢ ᠠᠬᠢᠭᠤᠯᠤᠨ᠎ᠠ᠃ ᠦᠢᠯᠡᠴᠢᠯᠡᠭᠡᠨ᠎ᠤ ᠦᠢᠯᠡᠰ᠎ᠤᠨ ᠣᠷᠣᠬᠤ ᠵᠥᠪᠱᠢᠶᠡᠷᠡᠯ᠎ᠤᠨ ᠬᠢᠵᠠᠭᠠᠷᠯᠠᠯ᠎ᠢ ᠡᠮᠬᠢ ᠵᠢᠷᠤᠮ᠎ᠲᠠᠢ᠎ᠪᠠᠷ ᠠᠭᠤᠵᠢᠭᠤ ᠲᠠᠯᠪᠢᠵᠤ᠂ ᠭᠤᠤᠯᠳᠠᠯᠭ᠎ᠠ᠎ᠲᠠᠢ ᠬᠦᠷᠢᠶᠡᠨ᠎ᠤ ᠦᠢᠯᠡᠴᠢᠯᠡᠭᠡᠨ᠎ᠤ ᠦᠢᠯᠡᠰ᠎ᠤᠨ ᠪᠡᠯᠡ ᠣᠷᠣᠭᠤᠯᠤᠯᠲᠠ᠎ᠶ᠋ᠢ ᠥᠷᠭᠡᠳᠭᠡᠨ᠎ᠡ᠃ ᠦᠢᠯᠡᠴᠢᠯᠡᠭᠡᠨ᠎ᠤ ᠦᠢᠯᠡᠰ᠎ᠤᠨ ᠤᠯᠤᠰ᠎ᠤᠨ ᠪᠠᠷᠢᠮᠵᠢᠶ᠎ᠠ᠎ᠶ᠋ᠢ ᠪᠦᠷᠢᠨᠱᠢᠭᠦᠯᠵᠦ᠍᠂ 《ᠳᠤᠮᠳᠠᠳᠤ ᠤᠯᠤᠰ᠎ᠤᠨ ᠦᠢᠯᠡᠴᠢᠯᠡᠭᠡ》 ᠎ᠶ᠋ᠢᠨ ᠨᠡᠷᠡᠲᠦ ᠲᠡᠮᠳᠡᠭ᠎ᠢ ᠪᠤᠢᠵᠢᠭᠤᠯᠤᠨ᠎ᠠ᠃    

ᠤᠶᠤᠯᠢᠭ ᠠᠵᠤ ᠠᠬᠤᠢ᠎ᠶ᠋ᠢᠨ ᠱᠢᠨ᠎ᠡ ᠬᠡᠯᠪᠡᠷᠢ ᠪᠠᠢᠳᠠᠯ᠎ᠢ ᠪᠤᠢ ᠪᠣᠯᠭᠠᠨ᠎ᠠ᠃ 《ᠵᠣᠬᠢᠶᠠᠮᠠᠯ ᠣᠶᠤᠯᠢᠭ +》 ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠱᠢᠨ᠎ᠡ ᠨᠢᠭᠡ ᠦᠶ᠎ᠡ᠎ᠶ᠋ᠢᠨ ᠤᠶᠤᠯᠢᠬ ᠦᠵᠤᠬᠦᠷ ᠪᠣᠯᠤᠨ ᠣᠶᠤᠯᠢᠭ ᠪᠡᠶᠡᠲᠦ᠍᠎ᠶ᠋ᠢ ᠲᠦᠷᠭᠡᠯᠡᠨ ᠳᠡᠯᠭᠡᠷᠡᠭᠦᠯᠬᠦ᠌᠎ᠶ᠋ᠢ ᠠᠬᠢᠭᠤᠯᠵᠤ᠂ ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠡᠨ᠎ᠳᠤ ᠵᠣᠬᠢᠶᠠᠮᠠᠯ ᠣᠶᠤᠯᠢᠭ᠎ᠢ ᠬᠤᠳᠠᠯᠳᠤᠭᠠᠴᠢᠯᠠᠨ ᠬᠡᠪᠴᠢᠶᠡᠵᠢᠭᠦᠯᠦᠨ ᠬᠡᠷᠡᠭ᠌ᠯᠡᠬᠦ᠌᠎ᠶ᠋ᠢ ᠠᠬᠢᠭᠤᠯᠵᠤ᠂ ᠤᠶᠤᠯᠢᠭ ᠤᠤᠭᠠᠯ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠬᠡᠪ ᠵᠠᠭ᠍ᠪᠤᠷ᠎ᠢ ᠪᠤᠢᠵᠢᠭᠤᠯᠤᠨ᠎ᠠ᠃ ᠵᠣᠬᠢᠶᠠᠮᠠᠯ ᠤᠶᠤᠯᠢᠭ᠎ᠤᠨ ᠡᠬᠢ ᠺᠤᠳ᠋᠎ᠢ ᠨᠡᠭᠡᠭᠡᠯᠲᠡᠲᠠᠢ ᠪᠠᠢᠯᠭᠠᠬᠤ ᠨᠡᠢᠭᠡᠮ ᠲᠣᠭᠤᠷᠢᠭ᠎ᠤᠨ ᠪᠦᠳᠦᠭᠡᠨ ᠪᠠᠢᠭᠤᠯᠤᠯᠲᠠ᠎ᠶ᠋ᠢ ᠲᠡᠮᠵᠢᠵᠤ᠂ ᠡᠬᠢ ᠺᠤᠳ᠋᠎ᠢ ᠨᠡᠭᠡᠭᠡᠯᠲᠡᠲᠠᠢ ᠪᠠᠢᠯᠭᠠᠬᠤ ᠠᠮᠢ ᠠᠬᠤᠶ᠎ᠶ᠋ᠢᠨ ᠴᠡᠴᠡᠭ᠌ᠯᠡᠯ ᠬᠥᠭ᠌ᠵᠢᠯ᠎ᠢ ᠠᠬᠢᠭᠤᠯᠤᠨ᠎ᠠ᠃ ᠬᠡᠲᠦ ᠶᠡᠭᠡ ᠬᠡᠪᠴᠢᠶᠡᠨ᠎ᠤ ᠣᠶᠤᠯᠢᠭ ᠪᠣᠳᠣᠯᠲᠠ᠎ᠶ᠋ᠢᠨ ᠪᠦᠭᠡᠭᠡᠨᠡᠷᠡᠯ᠂ ᠪᠣᠳᠣᠬᠤ ᠬᠦᠴᠦᠨ ᠪᠠ ᠴᠠᠬᠢᠯᠭᠠᠨ ᠬᠦᠴᠦᠨ᠎ᠢ ᠬᠠᠮᠵᠢᠯᠴᠠᠭᠤᠯᠬᠤ ᠵᠡᠷᠭᠡ ᠱᠢᠨ᠎ᠡ ᠦᠨᠳᠦᠰᠦᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ ᠪᠦᠬᠦ᠌ ᠤᠯᠤᠰ᠎ᠤᠨ ᠨᠢᠭᠡ ᠴᠣᠭ᠍ᠴᠠᠵᠢᠭ᠍ᠰᠠᠨ ᠪᠣᠳᠣᠬᠤ ᠬᠦᠴᠦᠨ᠎ᠢ ᠬᠢᠨᠡᠨ ᠬᠡᠮᠵᠢᠵᠦ᠍ ᠲᠣᠬᠢᠷᠠᠭᠤᠯᠬᠤ᠎ᠶ᠋ᠢ ᠴᠢᠩᠭᠠᠳᠭᠠᠨ᠂ ᠣᠯᠠᠨ ᠨᠡᠢᠲᠡ᠎ᠶ᠋ᠢᠨ ᠡᠭᠦᠯᠡᠨ ᠪᠤᠳᠤᠯᠲᠠ᠎ᠶ᠋ᠢᠨ ᠬᠥᠭ᠌ᠵᠢᠯᠲᠡ᠎ᠶ᠋ᠢ ᠳᠠᠮᠵᠢᠨ᠎ᠠ᠃ ᠳᠠᠭᠠᠭᠤᠯᠢ ᠤᠳᠤᠨ᠎ᠤ ᠢᠨᠲ᠋ᠧᠷ ᠰᠦᠯᠵᠢᠶ᠎ᠡ᠎ᠶ᠋ᠢ ᠲᠦᠷᠭᠡᠯᠡᠨ ᠬᠥᠭ᠌ᠵᠢᠭᠦᠯᠦᠨ᠎ᠡ᠃ ᠲᠠᠰ ᠳᠡᠪᠱᠢᠭ᠌ᠰᠡᠨ 《5G + ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ》 ᠎ᠶ᠋ᠢ ᠪᠣᠶ ᠪᠣᠯᠭᠠᠨ᠎ᠠ᠃ ᠳ᠋ᠡᠢᠲ᠋ᠠ᠎ᠶ᠋ᠢᠨ ᠡᠬᠢ ᠪᠠᠶᠠᠯᠢᠭ᠎ᠢ ᠨᠡᠭᠡᠭᠡᠨ ᠬᠦᠭ᠌ᠵᠢᠭᠦᠯᠵᠦ᠍ ᠠᠱᠢᠭ᠍ᠯᠠᠬᠤ᠎ᠶ᠋ᠢ ᠭᠦᠨᠵᠡᠭᠡᠢᠷᠡᠭᠦᠯᠦᠨ᠂ ᠳ᠋ᠡᠢᠲ᠋ᠠ᠎ᠶ᠋ᠢᠨ ᠡᠯᠧᠮᠧᠨ᠋ᠲ᠎ᠤᠨ ᠰᠠᠭᠤᠷᠢ ᠲᠦᠷᠢᠮ᠎ᠢ ᠪᠦᠷᠢᠨᠱᠢᠬᠦᠯᠵᠤ᠂ ᠴᠢᠨᠠᠷ ᠰᠠᠢᠲᠠᠶ ᠳ᠋ᠠᠢᠲ᠋ᠠ᠎ᠶ᠋ᠢᠨ ᠴᠤᠭ᠍ᠯᠠᠷᠠᠯ᠎ᠢ ᠪᠠᠢᠭᠤᠯᠤᠨ᠎ᠠ᠃ ᠵᠣᠬᠢᠶᠠᠮᠠᠯ ᠤᠶᠤᠯᠢᠭ᠎ᠤᠨ ᠵᠠᠰᠠᠯᠲᠠ᠎ᠶ᠋ᠢ ᠲᠡᠭᠦᠯᠳᠡᠷᠵᠢᠭᠦᠯᠦᠨ᠎ᠡ᠃    

(ᠭᠤᠷᠪᠠ) ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦᠯᠬᠦ᠌᠎ᠶ᠋ᠢ ᠲᠦᠷᠭᠡᠳᠭᠡᠨ᠎ᠡ᠃ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠪᠢᠰᠭᠠᠯ ᠪᠣᠯᠤᠨ ᠠᠵᠤ ᠦᠢᠯᠡᠰ᠎ᠤᠨ ᠬᠤᠪᠢᠰᠤᠯᠲᠠ᠎ᠶ᠋ᠢᠨ ᠲᠡᠦᠬᠡᠨ ᠲᠣᠬᠢᠶᠠᠯ᠎ᠢ ᠠᠮᠵᠢᠵᠤ᠂ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠪᠦᠬᠦ᠌ ᠲᠠᠯ᠎ᠠ᠎ᠪᠠᠷ ᠴᠢᠩᠭᠠᠳᠭᠠᠵᠤ᠂ ᠴᠢᠨᠠᠷ ᠰᠠᠢᠲᠠᠢ ᠬᠥᠭ᠌ᠵᠢᠯᠲᠡ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠯ ᠬᠠᠩᠭᠠᠨ᠎ᠠ᠃    

ᠤᠤᠭᠠᠯ ᠱᠢᠨ᠎ᠡ ᠡᠭᠦᠳᠤᠯᠳᠡ ᠪᠠ ᠵᠠᠩᠬᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠤᠷᠢᠯᠡᠬᠦ᠌᠎ᠶ᠋ᠢ ᠴᠢᠩᠭᠠᠳᠭᠠᠨ᠎ᠠ᠃ ᠱᠢᠨ᠎ᠡ ᠬᠡᠯᠪᠡᠷᠢ᠎ᠶ᠋ᠢᠨ ᠤᠯᠤᠰ ᠳᠠᠶᠠᠭᠠᠷ᠎ᠤᠨ ᠪᠠᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠤᠨ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠪᠦᠬᠦ᠌ ᠬᠡᠯᠬᠢᠶ᠎ᠡ᠎ᠪᠠᠷ ᠠᠬᠢᠭᠤᠯᠵᠤ᠂ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠦᠰᠦᠯ᠎ᠢ ᠰᠠᠢᠲᠤᠷ ᠵᠤᠬᠢᠶᠠᠨ ᠪᠠᠢᠭᠤᠯᠤᠨ ᠬᠡᠷᠡᠭ᠌ᠵᠢᠭᠦᠯᠵᠦ᠍᠂ ᠪᠠᠢᠯᠳᠤᠬᠤ ᠪᠣᠳᠣᠯᠭ᠎ᠠ᠎ᠶ᠋ᠢᠨ ᠬᠤᠱᠢᠭᠤᠷᠠᠯ ᠬᠦᠷᠢᠶᠡᠨ᠎ᠤ ᠪᠠᠢᠷᠢᠯᠠᠭᠤᠯᠤᠯᠲᠠ᠎ᠶ᠋ᠢ ᠴᠢᠩᠭᠠᠳᠭᠠᠵᠤ᠂ ᠨᠠᠩ ᠣᠯᠠᠨ ᠤᠤᠭᠠᠯ ᠡᠭᠦᠳᠦᠯᠲᠡ᠎ᠶ᠋ᠢᠨ ᠴᠢᠨᠠᠷᠲᠠᠶ ᠦᠷ᠎ᠡ ᠪᠦᠲᠦᠭᠡᠯ ᠭᠠᠷᠭᠠᠨ᠎ᠠ᠃ ᠰᠠᠭᠤᠷᠢ ᠰᠤᠳᠤᠯᠭᠠᠨ᠎ᠤ ᠣᠷᠣᠭᠤᠯᠤᠯᠲᠠ᠎ᠶ᠋ᠢᠨ ᠬᠤᠪᠢ᠎ᠶ᠋ᠢᠨ ᠵᠢᠩ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠤᠷᠲᠤ ᠬᠤᠭᠤᠴᠠᠭᠠᠨ᠎ᠤ ᠳᠣᠭ᠍ᠲᠠᠪᠤᠷᠢᠲᠠᠢ ᠳᠡᠮᠵᠢᠯᠭᠡ᠎ᠶ᠋ᠢ ᠴᠢᠩᠭᠠᠳᠭᠠᠨ᠎ᠠ᠃ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠤ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠲᠤᠷᠱᠢᠯᠲᠠ᠎ᠶ᠋ᠢᠨ ᠲᠠᠰᠤᠭ ᠪᠠ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠭᠦᠷᠭᠡ᠂ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢ ᠲᠥᠬᠦᠭᠡᠷᠦᠮᠵᠢ᠎ᠶ᠋ᠢ ᠨᠢᠭᠡᠳᠦᠯᠲᠡᠶ ᠲᠥᠯᠥᠪᠯᠡᠨ ᠪᠠᠢᠷᠢᠯᠠᠭᠤᠯᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢ ᠨᠥᠬᠦᠴᠡᠯ᠎ᠢ ᠪᠡᠶ᠎ᠡ᠎ᠪᠠᠨ ᠳᠠᠭᠠᠭᠠᠵᠤ ᠪᠠᠲᠤᠯᠠᠬᠤ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠲᠦᠭᠡᠮᠡᠯᠵᠢᠭᠦᠯᠬᠦ᠌᠎ᠶ᠋ᠢ ᠴᠢᠩᠭᠠᠳᠭᠠᠨ᠎ᠠ᠃ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠨᠡᠯᠡᠯᠲᠡ᠎ᠶ᠋ᠢᠨ ᠱᠢᠰᠲ᠋ᠧᠮ᠎ᠤᠨ ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠤᠤᠭᠠᠯ ᠡᠭᠦᠳᠦᠯᠲᠡ᠎ᠶ᠋ᠢᠨ ᠴᠢᠨᠠᠷᠲᠠᠶ᠂ ᠨᠤᠷᠠᠭᠠᠯᠲᠠ᠎ᠶ᠋ᠢᠨ ᠴᠢᠨᠠᠷᠲᠠᠶ ᠱᠢᠨ᠎ᠡ᠎ᠶ᠋ᠢ ᠡᠭᠦᠳᠬᠦ᠌᠎ᠳᠤ ᠠᠱᠢᠭ᠍ᠲᠠᠶ ᠣᠷᠴᠢᠨ ᠨᠥᠬᠦᠴᠡᠯ᠎ᠢ ᠱᠢᠯᠢᠳᠡᠭ᠌ᠵᠢᠭᠦᠯᠦᠨ᠎ᠡ᠃    

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ᠃ ᠪᠡᠭᠡᠵᠢᠩ (ᠪᠡᠭᠡᠵᠢᠩ ᠲᠢᠶᠠᠨᠵᠢᠨ ᠾᠧᠪᠸᠢ)᠂ ᠱᠠᠩᠬᠠᠶ (ᠬᠥᠬᠡᠮᠥ᠋ᠷᠡᠨ᠎ᠤ ᠭᠤᠷᠪᠠᠯᠵᠢᠨ ᠬᠤᠢᠭ)᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠢ ᠪᠦᠲᠦᠭᠡᠨ ᠪᠠᠢᠭᠤᠯᠵᠤ᠂ ᠳᠡᠯᠡᠬᠡᠶ᠎ᠶ᠋ᠢᠨ ᠲᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠭᠤᠯᠣᠮᠲᠠ᠎ᠶ᠋ᠢ ᠪᠣᠢ ᠪᠣᠯᠭᠠᠨ᠎ᠠ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ ᠲᠦᠷᠦᠬᠦᠯᠡᠨ ᠱᠢᠨ᠎ᠡ᠎ᠶ᠋ᠢ ᠡᠭᠦᠳᠬᠦ᠌ ᠬᠤᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠬᠤ᠎ᠶ᠋ᠢ ᠳᠠᠮᠵᠢᠵᠤ᠂ ᠤᠯᠤᠰ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠰᠦᠯ᠎ᠢ ᠡᠭᠦᠷᠭᠡᠯᠡᠬᠦ᠌ ᠬᠠᠷᠢᠴᠠᠯ᠎ᠢ ᠳᠡᠭᠡᠭ᠌ᠰᠢᠯᠡᠭᠦᠯᠦᠨ᠎ᠡ᠃ ᠵᠠᠪᠰᠠᠷ᠎ᠤᠨ ᠲᠤᠷᠱᠢᠯᠲᠠ᠎ᠪᠠᠷ ᠱᠢᠯᠭᠠᠨ ᠨᠤᠳᠠᠯᠠᠬᠤ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ᠎ᠪᠠᠷ ᠬᠦᠭ᠌ᠵᠢᠭ᠌ᠰᠡᠨ ᠬᠦᠷᠢᠶᠡᠨ᠎ᠤ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢ ᠬᠠᠮᠠᠭᠠᠯᠠᠬᠤ ᠲᠦᠷᠢᠮ᠎ᠢ ᠲᠡᠭᠦᠯᠳᠡᠷᠵᠢᠭᠦᠯᠵᠦ᠍᠂ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠠᠷ ᠬᠤᠪᠢᠷᠠᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠦᠬᠦ᠌ ᠬᠡᠯᠬᠢᠶ᠎ᠡ ᠪᠦᠬᠦ᠌ ᠠᠮᠢ ᠨᠠᠰᠤᠨ᠎ᠤ ᠦᠶᠡᠯᠡᠯ᠎ᠤᠨ ᠮᠥᠩᠭᠦᠨ ᠭᠦᠢᠯᠭᠡᠭᠡᠨ᠎ᠤ ᠦᠢᠯᠡᠴᠢᠯᠡᠭᠡ᠎ᠶ᠋ᠢ ᠴᠢᠩᠭᠠᠳᠭᠠᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠬᠦᠷᠢᠶᠡᠨ᠎ᠳᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠢᠯᠠᠯ᠎ᠳᠤ ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠨ ᠪᠡᠯᠡ ᠲᠤᠬᠢᠷᠠᠭᠤᠯᠬᠤ᠂ ᠨᠡᠢᠯᠡᠭᠦᠯᠦᠨ ᠬᠤᠳᠠᠯᠳᠤᠨ ᠠᠪᠴᠤ᠌ ᠲᠠᠬᠢᠨ ᠵᠣᠬᠢᠶᠠᠨ ᠪᠠᠢᠭᠤᠯᠬᠤ ᠶᠠᠪᠤᠳᠠᠯ᠎ᠤᠨ ᠰᠠᠭᠠᠳ ᠦᠭᠡᠢ ᠶᠠᠪᠤᠭ᠍ᠳᠠᠬᠤ ᠲᠣᠭ᠍ᠲᠠᠴᠠ᠎ᠶ᠋ᠢ ᠪᠠᠢᠩᠭᠤᠵᠢᠭᠤᠯᠤᠨ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠥᠩᠭᠦᠨ ᠭᠦᠢᠯᠭᠡᠭᠡ᠎ᠪᠠᠷ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌᠎ᠶ᠋ᠢ ᠳᠡᠮᠵᠢᠨ᠎ᠡ᠃ 

ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠎ᠠ᠃ ᠨᠢᠭᠡ ᠴᠤᠭ᠍ᠴᠠᠵᠢᠭᠤᠯᠤᠨ ᠠᠬᠢᠭᠤᠯᠬᠤ ᠵᠣᠬᠢᠴᠠᠭᠤᠯᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠲᠥᠯᠥᠪᠵᠢᠭᠦᠯᠭᠡ᠎ᠶ᠋ᠢ ᠵᠣᠯᠭᠠᠯᠳᠤᠭᠤᠯᠬᠤ᠂ ᠲᠦᠷᠦ᠍᠎ᠶ᠋ᠢᠨ ᠪᠤᠳᠤᠯᠭ᠎ᠠ᠎ᠶ᠋ᠢ ᠬᠠᠮᠵᠢᠯᠴᠠᠭᠤᠯᠬᠤ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ᠂ ᠦᠨᠡᠯᠡᠯᠲᠡ᠎ᠶ᠋ᠢ ᠬᠤᠯᠪᠣᠯᠳᠤᠭᠤᠯᠬᠤ᠎ᠶ᠋ᠢ ᠴᠢᠩᠭᠠᠳᠭᠠᠨ᠎ᠠ᠃ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠯᠦᠭᠡ ᠲᠣᠬᠢᠷᠠᠯᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠶᠡᠭᠡ ᠲᠡᠭᠡᠳᠤ ᠰᠤᠷᠭᠠᠭᠤᠯᠢ᠎ᠶ᠋ᠢᠨ ᠥᠭᠡᠷᠡᠴᠢᠯᠡᠯᠲᠡ᠎ᠶ᠋ᠢ ᠲᠥᠷᠥᠯ ᠬᠤᠪᠢᠶᠠᠨ ᠠᠬᠢᠭᠤᠯᠵᠤ᠂ ᠱᠢᠨᠵᠢᠯᠡᠭᠡᠨ᠎ᠤ ᠰᠠᠯᠠᠭ᠎ᠠ ᠲᠤᠰᠭᠠᠶ ᠮᠡᠷᠭᠡᠵᠢᠯ᠎ᠳᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠵᠦ᠍᠂ ᠱᠢᠨ᠎ᠡ ᠨᠢᠭᠡ ᠡᠭᠡᠯᠵᠢ᠎ᠶ᠋ᠢᠨ 《ᠬᠤᠤᠰ ᠲᠡᠷᠢᠭᠦᠨ ᠵᠡᠷᠭᠡ》 ᠎ᠶ᠋ᠢᠨ ᠪᠠᠢᠭᠤᠯᠤᠯᠲᠠ᠎ᠶ᠋ᠢ ᠡᠬᠢᠯᠡᠭᠦᠯᠵᠦ᠍᠂ ᠤᠯᠤᠰ᠎ᠤᠨ ᠰᠣᠯᠪᠢᠴᠠᠯ ᠱᠢᠨᠵᠢᠯᠡᠭᠡᠨ᠎ᠤ ᠰᠠᠯᠠᠭ᠎ᠠ᠎ᠶ᠋ᠢᠨ ᠲᠥᠪ᠎ᠢ ᠪᠠᠢᠭᠤᠯᠵᠤ᠂ ᠣᠷᠦ᠋ᠢᠯᠠᠭ᠍ᠰᠠᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠪᠡᠶ᠎ᠡ᠎ᠪᠠᠨ ᠳᠠᠭᠠᠭᠠᠵᠤ ᠬᠥᠮᠦᠵᠢᠭᠦᠯᠬᠦ᠌ ᠡᠷᠴᠢᠮ᠎ᠢ ᠴᠢᠩᠭᠠᠷᠠᠭᠤᠯᠤᠨ᠎ᠠ᠃ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠴᠢᠳᠠᠪᠤᠷᠢᠲᠠᠨ᠎ᠤ ᠬᠦᠴᠦᠨ᠎ᠢ ᠲᠦᠷᠭᠡᠯᠡᠨ ᠪᠠᠢᠭᠤᠯᠵᠤ᠂ ᠲᠡᠷᠢᠭᠦᠨ ᠵᠡᠷᠭᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠴᠢᠳᠠᠪᠤᠷᠢᠲᠠᠨ ᠪᠣᠯᠤᠨ ᠵᠠᠯᠠᠭᠤ ᠴᠢᠳᠠᠪᠤᠷᠢᠲᠠᠨ᠎ᠢ ᠤᠷᠤᠭᠤᠯᠤᠨ ᠠᠪᠴᠢᠷᠠᠬᠤ ᠪᠠ ᠬᠥᠮᠦᠵᠢᠭᠦᠯᠬᠦ᠌᠎ᠶ᠋ᠢ ᠴᠢᠩᠭᠠᠳᠭᠠᠵᠤ᠂ ᠭᠠᠷᠮᠠᠭᠠᠶ ᠢᠨᠵᠧᠨᠧᠷ᠂ ᠲᠤᠮᠤ ᠤᠯᠤᠰ᠎ᠤᠨ ᠳᠠᠷᠬᠠᠨ᠂ ᠤᠷ᠎ᠠ ᠴᠢᠳᠠᠪᠤᠷᠢ ᠰᠠᠢᠲᠠᠢ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠠᠬᠢᠭᠤᠯᠤᠨ᠎ᠠ᠃ ᠴᠢᠳᠠᠪᠤᠷᠢᠲᠠᠨ᠎ᠤ ᠦᠨᠳᠦᠷᠯᠢᠭ ᠭᠠᠵᠠᠷ ᠪᠠ ᠴᠢᠳᠠᠪᠤᠷᠢᠲᠠᠨ᠎ᠤ ᠲᠠᠪᠴᠠᠩ᠎ᠤᠨ ᠪᠠᠢᠭᠤᠯᠤᠯᠲᠠ᠎ᠶ᠋ᠢ ᠦᠨᠳᠦᠷ ᠪᠠᠷᠢᠮᠵᠢᠶ᠎ᠠ᠎ᠪᠠᠷ ᠠᠬᠢᠭᠤᠯᠵᠤ᠂ ᠴᠢᠳᠠᠪᠤᠷᠢᠲᠠᠨ᠎ᠢ ᠤᠷᠤᠨ ᠪᠦᠰᠡ᠎ᠳᠤ ᠵᠤᠬᠢᠴᠠᠩᠭᠤᠢ ᠬᠦᠭ᠌ᠵᠢᠭᠦᠯᠬᠦ᠌᠎ᠶ᠋ᠢ ᠠᠬᠢᠭᠤᠯᠤᠨ᠎ᠠ᠃ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠭᠦᠳᠬᠦ᠌ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ᠎ᠪᠠᠷ ᠤᠳᠤᠷᠢᠳᠤᠮᠵᠢ ᠪᠣᠯᠭᠠᠭ᠍ᠰᠠᠨ ᠦᠨᠡᠯᠡᠯᠲᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠴᠢᠳᠠᠪᠤᠷᠢᠲᠠᠨ᠎ᠤ ᠰᠣᠯᠢᠯᠴᠠᠬᠤ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠡᠯ᠎ᠡ ᠲᠦᠷᠦᠯ᠎ᠤᠨ ᠴᠢᠳᠠᠪᠤᠷᠢᠲᠠᠨ᠎ᠤ ᠥᠷᠢᠰᠥᠯᠳᠦᠨ ᠦᠰᠦᠨ ᠪᠤᠢᠵᠢᠵᠤ᠂ ᠥᠪᠡᠷ ᠥᠪᠡᠷ᠎ᠤᠨ ᠴᠢᠳᠠᠪᠤᠷᠢ᠎ᠪᠠᠨ ᠪᠠᠳᠠᠷᠠᠭᠤᠯᠬᠤ᠎ᠶ᠋ᠢ ᠠᠬᠢᠭᠤᠯᠤᠨ᠎ᠠ᠃ 

(ᠲᠦᠷᠪᠡ) ᠭᠤᠤᠯᠳᠠᠯᠭ᠎ᠠ᠎ᠲᠠᠢ ᠬᠦᠷᠢᠶᠡᠨ᠎ᠳᠠᠬᠢ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ᠎ᠶ᠋ᠢᠨ ᠲᠣᠭᠤᠷᠢᠨ᠎ᠳᠤ᠂ ᠥᠭᠡᠷᠡᠴᠢᠯᠡᠯᠲᠡ᠎ᠶ᠋ᠢᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠴᠢᠩᠭᠠᠳᠭᠠᠵᠤ᠂ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠭᠦᠨᠵᠡᠭᠡᠶ ᠠᠷᠢᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ ᠪᠠ ᠠᠮᠢᠵᠢᠷᠠᠯ᠎ᠤᠨ ᠬᠦᠴᠦᠨ᠎ᠢ ᠴᠢᠩᠭᠠᠷᠠᠭᠤᠯᠤᠨ᠎ᠠ᠃    

ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃ ᠪᠦᠬᠦ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢᠨ ᠳᠦᠷᠢᠮ᠎ᠢ ᠲᠣᠭ᠍ᠲᠠᠭᠠᠨ᠎ᠠ᠃ ᠲᠤᠭ᠎ᠠ ᠪᠦᠷᠢᠳᠭᠡᠯ᠂ ᠡᠳ᠋᠎ᠤᠨ ᠵᠠᠰᠠᠭ ᠭᠠᠢᠯᠢ᠂ ᠬᠢᠨᠠᠨ ᠱᠢᠯᠭᠠᠬᠤ ᠵᠡᠷᠭᠡ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠤᠷᠤᠨ ᠨᠤᠲᠤᠭ᠎ᠤᠨ ᠵᠠᠰᠠᠭ᠎ᠤᠨ ᠤᠷᠳᠤᠨ᠎ᠤ ᠠᠵᠤ ᠠᠬᠤᠢ᠎ᠶ᠋ᠢ ᠠᠬᠢᠭᠤᠯᠬᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠤᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠤᠳᠠᠯᠳᠤᠭᠠᠴᠢᠨ ᠤᠷᠢᠵᠤ ᠪᠡᠯᠡ ᠲᠠᠳᠠᠬᠤ᠎ᠶ᠋ᠢ ᠵᠣᠷᠢᠭ᠍ᠵᠢᠭᠤᠯᠬᠤ ᠬᠢᠭᠡᠳ ᠴᠠᠭᠠᠵᠠᠯᠠᠬᠤ ᠵᠦᠢᠯᠡᠰ᠎ᠤᠨ ᠲᠤᠳᠤᠷᠬᠠᠢ ᠬᠠᠭᠤᠳᠠᠰᠤ᠎ᠶ᠋ᠢ ᠨᠡᠢᠲᠡᠯᠡᠵᠦ᠍᠂ ᠭᠠᠢᠯᠢ ᠲᠠᠲᠠᠪᠤᠷᠢ᠎ᠶ᠋ᠢᠨ ᠬᠠᠷᠠᠭᠠᠯᠵᠠᠯ ᠦᠵᠡᠭᠦᠯᠬᠦ᠂ ᠡᠳ᠋᠎ᠤᠨ ᠵᠠᠰᠠᠭ᠎ᠤᠨ ᠨᠥᠬᠦᠪᠥᠷᠢ ᠥᠭ᠌ᠬᠦ ᠲᠦᠷᠦ᠍᠎ᠶ᠋ᠢᠨ ᠪᠤᠳᠤᠯᠭ᠎ᠠ᠎ᠶ᠋ᠢ ᠵᠢᠷᠤᠮᠵᠢᠭᠤᠯᠤᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ᠎ᠳᠤ ᠤᠷᠤᠯᠴᠠᠬᠤ ᠪᠠᠢᠭᠤᠯᠤᠯ ᠲᠤᠭ᠍ᠲᠠᠴᠠ᠎ᠶ᠋ᠢᠨ ᠦᠭᠡᠷᠡᠴᠢᠯᠡᠯᠲᠡ᠎ᠶ᠋ᠢ ᠬᠦᠨᠵᠡᠭᠡᠢᠷᠡᠭᠦᠯᠦᠨ᠎ᠡ᠃ ᠮᠣᠨᠣᠫᠣᠯᠢᠴᠢᠯᠠᠯ᠎ᠢ ᠡᠰᠡᠷᠭᠦᠴᠡᠬᠦ᠌ ᠪᠠ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌᠎ᠶ᠋ᠢ ᠴᠢᠩᠭᠠᠳᠭᠠᠵᠤ᠂ ᠭᠤᠤᠯᠴᠢ ᠦᠷᠢᠰᠦᠯᠳᠦᠭᠡᠨ᠎ᠢ ᠬᠢᠨᠠᠨ ᠪᠠᠢᠴᠠᠭᠠᠬᠤ ᠬᠠᠳᠠᠭᠤ ᠴᠢᠩᠭ᠎ᠠ ᠬᠢᠵᠠᠭᠠᠷᠯᠠᠯ᠎ᠢ ᠴᠢᠩᠭᠠᠳᠭᠠᠵᠤ᠂ ᠦᠢᠯᠡᠳᠪᠦᠷᠢᠯᠡᠬᠦ᠌ ᠴᠢᠳᠠᠪᠤᠷᠢ᠎ᠶ᠋ᠢ ᠲᠣᠬᠢᠷᠠᠭᠤᠯᠤᠨ ᠡᠵᠡᠮᠳᠡᠬᠦ᠂ ᠪᠠᠷᠢᠮᠵᠢᠶ᠎ᠠ᠎ᠪᠠᠷ ᠬᠥᠲᠥᠯᠥᠨ ᠵᠢᠯᠣᠭᠤᠳᠭᠤ᠂ ᠦᠨ᠎ᠡ ᠬᠠᠩᠰᠢ᠎ᠶ᠋ᠢᠨ ᠬᠠᠤᠯᠢ ᠬᠡᠷᠡᠭ᠌ᠵᠢᠭᠦᠯᠬᠦ᠂ ᠶᠠᠰᠤ ᠴᠢᠨᠠᠷ᠎ᠢ ᠬᠢᠨᠠᠵᠤ ᠬᠠᠮᠢᠶᠠᠷᠬᠤ ᠵᠡᠷᠭᠡ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ 《ᠬᠤᠮᠢᠷᠠᠭ᠎ᠠ》 ᠦᠷᠢᠰᠤᠯᠳᠤᠭᠡᠨ᠎ᠢ ᠭᠦᠨᠵᠡᠭᠡᠢᠷᠡᠭᠦᠯᠦᠨ ᠴᠡᠭ᠌ᠴᠡᠯᠡᠨ ᠵᠠᠰᠠᠵᠤ᠂ ᠵᠠᠬ᠎ᠠ ᠳᠡᠯᠭᠡᠭᠦᠷ᠎ᠤᠨ ᠰᠠᠢᠨ ᠰᠠᠢᠬᠠᠨ ᠠᠮᠢ ᠠᠬᠤᠶ᠎ᠶ᠋ᠢ ᠪᠤᠢ ᠪᠣᠯᠭᠠᠨ᠎ᠠ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠭᠦᠨᠵᠡᠭᠡᠢᠷᠡᠭᠦᠯᠵᠦ᠍᠂ ᠨᠥᠬᠦᠴᠡᠯ᠎ᠳᠤ ᠨᠡᠢᠴᠡᠬᠦ᠌ ᠨᠡᠩ ᠤᠯᠠᠨ ᠭᠠᠵᠠᠷ ᠣᠷᠣᠨ᠎ᠢ ᠲᠤᠷᠱᠢᠯᠲᠠ᠎ᠶ᠋ᠢᠨ ᠬᠡᠪᠴᠢᠶᠡᠨ᠎ᠳᠤ ᠣᠷᠣᠭᠤᠯᠤᠨ᠎ᠠ᠃ ᠨᠡᠢᠲᠡ᠎ᠶ᠋ᠢᠨ ᠬᠡᠷᠡᠭ᠌ᠯᠡᠭᠡᠨ᠎ᠤ ᠦᠢᠯᠡᠰ ᠪᠤᠯᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠦᠭᠡᠷᠡᠴᠢᠯᠡᠯᠲᠡ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃    

ᠡᠳ᠋᠎ᠤᠨ ᠵᠠᠰᠠᠭ ᠭᠠᠢᠯᠢ ᠮᠥᠩᠭᠦᠨ ᠭᠦᠢᠯᠭᠡᠭᠡᠨ᠎ᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠡᠳ᠋᠎ᠤᠨ ᠵᠠᠰᠠᠭ᠎ᠤᠨ ᠡᠬᠢ ᠪᠠᠶᠠᠯᠢᠭ ᠪᠠ ᠲᠥᠰᠦᠪ᠎ᠢ ᠨᠢᠭᠡᠳᠦᠯᠲᠡᠶ ᠲᠥᠯᠥᠪᠯᠡᠬᠦ᠌ ᠡᠷᠴᠢᠮ᠎ᠢ ᠴᠢᠩᠭᠠᠷᠠᠭᠤᠯᠵᠤ᠂ ᠤᠯᠤᠰ᠎ᠤᠨ ᠥᠮᠴᠢᠯᠡᠯ᠎ᠤᠨ ᠬᠦᠷᠦᠩᠭᠡ᠎ᠶ᠋ᠢᠨ ᠠᠱᠢᠭ ᠣᠷᠣᠯᠭ᠎ᠠ᠎ᠶ᠋ᠢ ᠬᠤᠷᠢᠶᠠᠬᠤ ᠬᠠᠷᠢᠴᠠᠯ᠎ᠢ ᠳᠡᠭᠡᠭ᠌ᠰᠢᠯᠡᠭᠦᠯᠦᠨ᠎ᠡ᠃ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨᠴᠢ ᠬᠠᠮᠢᠶᠠᠷᠤᠯᠲᠠ᠎ᠶ᠋ᠢ ᠴᠢᠩᠭᠠᠳᠭᠠᠵᠤ᠂ ᠲᠡᠭ ᠰᠠᠭᠤᠷᠢᠨ ᠲᠥᠰᠦᠪ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠥᠪ᠎ᠤᠨ ᠰᠠᠯᠠᠭ᠎ᠠ ᠮᠥᠴᠢᠷ᠎ᠤᠨ ᠲᠤᠷᠱᠢᠯᠲᠠ᠎ᠶ᠋ᠢᠨ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠨ᠎ᠡ᠃ ᠣᠷᠣᠨ ᠨᠤᠲᠤᠭ᠎ᠤᠨ ᠭᠠᠢᠯᠢ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠤᠷᠤᠨ ᠨᠤᠲᠤᠭ᠎ᠤᠨ ᠭᠠᠢᠯᠢ᠎ᠶ᠋ᠢᠨ ᠢᠷᠡᠯᠲᠡ᠎ᠶ᠋ᠢ ᠦᠷᠭᠡᠳᠭᠡᠨ᠎ᠡ᠃ ᠬᠡᠷᠡᠭ᠌ᠯᠡᠭᠡᠨ᠎ᠤ ᠭᠠᠢᠯᠢ᠎ᠶ᠋ᠢᠨ ᠭᠠᠢᠯᠢ ᠲᠠᠲᠠᠪᠤᠷᠢᠯᠠᠬᠤ ᠬᠡᠪᠴᠢᠶ᠎ᠡ᠂ ᠭᠠᠢᠯᠢ᠎ᠶ᠋ᠢᠨ ᠨᠤᠷᠮ᠎ᠠ᠎ᠶ᠋ᠢ ᠲᠣᠬᠢᠷᠠᠭᠤᠯᠤᠨ ᠱᠢᠯᠢᠳᠡᠭ᠌ᠵᠢᠭᠦᠯᠬᠦ᠌᠎ᠶ᠋ᠢᠨ ᠬᠠᠮᠲᠤ ᠬᠡᠰᠡᠭ ᠲᠠᠸᠠᠷ᠎ᠤᠨ ᠲᠦᠷᠦᠯ᠎ᠤᠨ ᠲᠠᠲᠠᠪᠤᠷᠢᠯᠠᠬᠤ ᠭᠤᠭ᠍ᠴᠤᠭ᠎ᠠ᠎ᠶ᠋ᠢ ᠬᠤᠢᠰᠢ ᠱᠢᠯᠵᠢᠬᠦᠯᠬᠦ᠌᠎ᠶ᠋ᠢ ᠠᠬᠢᠭᠤᠯᠤᠨ᠎ᠠ᠃ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠥᠷᠢᠰᠥᠯᠳᠦᠭᠡᠨ᠎ᠤ ᠡᠮᠬᠢ ᠵᠢᠷᠤᠮ᠎ᠢ ᠵᠢᠷᠤᠮᠵᠢᠭᠤᠯᠵᠤ᠂ ᠣᠷᠣᠨ ᠨᠤᠲᠤᠭ᠎ᠤᠨ ᠳᠤᠮᠳᠠ ᠵᠢᠵᠢᠭ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠲᠤᠭ᠎ᠠ ᠬᠡᠮᠵᠢᠶ᠎ᠡ᠎ᠶ᠋ᠢ ᠪᠠᠭᠠᠰᠭᠠᠵᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠷᠲᠤᠪᠲᠤᠷ ᠬᠤᠭᠤᠴᠠᠭᠠᠨ᠎ᠤ ᠪᠡᠯᠡ ᠮᠥᠩᠭᠦ᠎ᠶ᠋ᠢ ᠵᠠᠬ᠎ᠠ ᠳᠡᠯᠭᠡᠭᠦᠷ᠎ᠲᠤ ᠣᠷᠣᠭᠤᠯᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠭᠦᠯᠵᠦ᠍᠂ ᠪᠡᠯᠡ ᠣᠷᠣᠭᠤᠯᠤᠭ᠍ᠴᠢ᠎ᠶ᠋ᠢ ᠬᠠᠮᠠᠭᠠᠯᠠᠬᠤ ᠳᠦᠷᠢᠮ᠎ᠢ ᠲᠡᠭᠦᠯᠳᠡᠷᠵᠢᠭᠦᠯᠦᠨ᠂ ᠬᠤᠪᠢ᠎ᠪᠠᠷ᠎ᠢᠶᠠᠨ ᠴᠤᠭ᠍ᠯᠠᠭᠤᠯᠤᠭ᠍ᠰᠠᠨ ᠰᠲ᠋ᠣᠺ᠎ᠤᠨ ᠡᠷᠬᠡ ᠪᠠ ᠠᠳᠠᠯ ᠦᠢᠯᠡᠰ ᠴᠣᠭ᠍ᠴᠠᠯᠠᠬᠤ ᠪᠡᠯᠡ ᠣᠷᠣᠭᠤᠯᠤᠯᠲᠠ᠎ᠶ᠋ᠢᠨ ᠰᠠᠭᠤᠷᠢ ᠮᠥᠩᠭᠦ᠎ᠶ᠋ᠢᠨ ᠤᠬᠤᠷᠢᠨ ᠭᠠᠷᠬᠤ ᠠᠷᠭ᠎ᠠ ᠵᠠᠮ᠎ᠢ ᠥᠷᠭᠡᠳᠭᠡᠵᠦ᠍᠂ ᠱᠢᠭᠤᠳ ᠪᠡᠯᠡ ᠲᠣᠬᠢᠷᠠᠭᠤᠯᠬᠤ᠂ ᠰᠲ᠋ᠣᠺ᠎ᠤᠨ ᠡᠷᠬᠡ᠎ᠪᠠᠷ ᠪᠡᠯᠡ ᠲᠣᠬᠢᠷᠠᠭᠤᠯᠬᠤ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ᠃    

ᠡᠯ᠎ᠡ ᠲᠥᠷᠥᠯ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠭᠦᠢᠴᠡᠳ ᠬᠥᠭ᠌ᠵᠢᠭᠡᠨ᠎ᠡ᠃ 《ᠬᠤᠶᠠᠷ ᠦᠴᠦᠭᠡᠨ ᠴᠦ᠍ ᠭᠤᠢᠪᠢᠰᠢ ᠦᠭᠡᠢ》 ᠎ᠶ᠋ᠢ ᠪᠠᠷᠢᠮᠲᠠᠯᠠᠨ ᠨᠠᠢᠳᠠᠪᠤᠷᠢᠵᠢᠭᠤᠯᠤᠨ᠎ᠠ᠃ ᠤᠯᠤᠰ᠎ᠤᠨ ᠥᠮᠴᠢᠯᠡᠯ᠎ᠤᠨ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠥᠰᠦᠯ᠎ᠢ ᠲᠣᠭ᠍ᠲᠠᠭᠠᠨ ᠬᠡᠷᠡᠭ᠌ᠵᠢᠭᠦᠯᠵᠦ᠍᠂ ᠤᠯᠤᠰ᠎ᠤᠨ ᠥᠮᠴᠢᠯᠡᠯ᠎ᠤᠨ ᠠᠵᠤ ᠠᠬᠤᠶ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠠ ᠪᠦᠲᠦᠴᠡ᠎ᠶ᠋ᠢ ᠲᠣᠬᠢᠷᠠᠭᠤᠯᠬᠤ᠎ᠶ᠋ᠢ ᠠᠭᠢᠭᠤᠯᠤᠨ᠎ᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢ ᠠᠬᠢᠭᠤᠯᠬᠤ ᠬᠠᠤᠯᠢ᠎ᠶ᠋ᠢᠨ ᠢᠵᠢ ᠪᠦᠷᠢᠳᠦᠭᠦᠯᠬᠦ᠌ ᠬᠠᠤᠯᠢ ᠲᠣᠭ᠍ᠲᠠᠭᠠᠯ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠦᠢᠯᠡᠳᠪᠦᠷᠢᠯᠡᠯ᠎ᠤᠨ ᠡᠯᠧᠮᠧᠨ᠋ᠲ᠎ᠢ ᠡᠷᠬᠡ ᠲᠡᠭ᠌ᠰᠢ᠎ᠪᠠᠷ ᠬᠡᠷᠡᠭ᠌ᠯᠡᠬᠦ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠠᠳᠠᠯᠢ ᠳᠡᠭ᠌ᠰᠢ᠎ᠪᠠᠷ ᠣᠷᠣᠯᠴᠠᠬᠤ᠂ ᠬᠠᠤᠯᠢ ᠶᠣᠰᠣᠨ᠎ᠤ ᠡᠷᠬᠡ ᠠᠱᠢᠭ᠎ᠢ ᠪᠦᠲᠦᠮᠵᠢᠲᠡᠶ ᠬᠠᠮᠠᠭᠠᠯᠠᠬᠤ᠎ᠶ᠋ᠢ ᠬᠠᠤᠯᠢ ᠴᠠᠭᠠᠵᠠ ᠪᠠ ᠲᠦᠷᠢᠮ᠎ᠤᠨ ᠲᠠᠯ᠎ᠠ᠎ᠠᠴᠠ ᠪᠠᠲᠤᠯᠠᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠤᠳᠤ ᠦᠶ᠎ᠡ᠎ᠶ᠋ᠢᠨ ᠠᠵᠤ ᠠᠬᠤᠢᠯᠠᠯ᠎ᠤᠨ ᠳᠦᠷᠢᠮ᠎ᠢ ᠲᠡᠭᠦᠯᠳᠡᠷᠵᠢᠭᠦᠯᠦᠨ᠎ᠡ᠃ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠵᠠᠯᠠᠭᠤ ᠨᠢᠭᠡ ᠦᠶ᠎ᠡ᠎ᠶ᠋ᠢᠨ ᠠᠵᠤ ᠠᠬᠤᠢᠯᠠᠯᠲᠠᠨ᠎ᠤ ᠡᠷᠡᠭᠦᠯ᠎ᠢᠶᠠᠷ ᠦᠰᠦᠨ ᠪᠤᠢᠵᠢᠬᠤ᠎ᠶ᠋ᠢ ᠠᠬᠢᠭᠤᠯᠤᠨ᠎ᠠ᠃ ᠲᠠᠪᠴᠠᠩ᠎ᠤᠨ ᠠᠵᠤ ᠠᠬᠤᠢᠯᠠᠯ ᠪᠣᠯᠤᠨ ᠲᠠᠪᠴᠠᠩ᠎ᠳᠠᠬᠢ ᠡᠵᠡᠩᠨᠡᠭ᠌ᠴᠢ᠂ ᠬᠥᠳᠡᠯᠮᠦᠷᠢᠴᠢᠳ᠎ᠤᠨ ᠬᠠᠮᠲᠤ᠎ᠪᠠᠷ ᠠᠱᠢᠭ ᠬᠦᠷᠲᠡᠬᠦ᠌ ᠬᠥᠭ᠌ᠵᠢᠯᠲᠡ᠎ᠶ᠋ᠢ ᠠᠬᠢᠭᠤᠯᠤᠨ᠎ᠠ᠃ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠤᠭᠡ᠎ᠶ᠋ᠢᠨ ᠬᠥᠭ᠌ᠵᠢᠯᠲᠡ᠎ᠶ᠋ᠢ ᠬᠡᠯᠪᠡᠷᠢ ᠬᠤᠪᠢᠶᠠᠨ ᠲᠥᠷᠥᠯ ᠬᠤᠪᠢᠶᠠᠨ ᠨᠠᠷᠢᠯᠢᠭ ᠤᠨᠤᠴᠠᠲᠠᠢ᠎ᠪᠠᠷ ᠬᠠᠪᠰᠤᠷᠤᠨ ᠲᠡᠳᠬᠦᠨ᠎ᠡ᠃ ᠠᠵᠤ ᠠᠬᠤᠢᠯᠠᠯ᠎ᠤᠨ ᠠᠪᠴᠠᠭᠠᠨ᠎ᠤ ᠵᠣᠭᠤᠰ᠎ᠢ ᠤᠳᠠᠭᠠᠱᠢᠷᠠᠭᠤᠯᠤᠨ ᠥᠷᠢᠲᠦᠵᠦ᠍ ᠪᠠᠢᠭ᠎ᠠ ᠠᠰᠠᠭᠤᠳᠠᠯ᠎ᠢ ᠨᠠᠩ ᠶᠡᠭᠡ ᠬᠦᠴᠦ᠍ ᠣᠷᠣᠭᠤᠯᠵᠤ ᠱᠢᠢᠳᠪᠦᠷᠢᠯᠡᠨ᠎ᠡ᠃ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠪᠤᠢ ᠪᠣᠯᠭᠠᠵᠤ᠂ ᠠᠵᠤ ᠠᠬᠤᠢᠯᠠᠯ᠎ᠤᠨ ᠰᠡᠳᠭᠢᠯ ᠠᠮᠤᠷ ᠡᠵᠡᠩᠨᠡᠬᠦ᠂ ᠴᠢᠨᠠᠷ ᠰᠠᠢᠲᠠᠢ ᠬᠥᠭ᠌ᠵᠢᠬᠦ᠌᠎ᠶ᠋ᠢ ᠨᠡᠩ ᠰᠠᠢᠨ ᠲᠡᠮᠵᠢᠨ᠎ᠠ᠃    

(ᠲᠠᠪᠤ) ᠦᠨᠳᠦᠷ ᠲᠥᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠤᠯᠠᠮ ᠨᠢᠭᠡ ᠠᠯᠬᠤᠮ ᠦᠷᠭᠡᠳᠭᠡᠨ᠎ᠠ᠃ ᠬᠠᠮᠲᠤᠷᠠᠨ ᠠᠵᠢᠯᠯᠠᠵᠦ᠍ ᠬᠠᠮᠲᠤ᠎ᠪᠠᠷ ᠠᠱᠢᠭ ᠬᠦᠷᠳᠡᠬᠦ᠌᠎ᠶ᠋ᠢ ᠪᠠᠷᠢᠮᠲᠠᠯᠠᠵᠤ᠂ ᠲᠦᠷᠢᠮ᠎ᠤᠨ ᠬᠡᠯᠪᠡᠷᠢ᠎ᠶ᠋ᠢᠨ ᠨᠡᠭᠡᠭᠡᠯᠳᠡ᠎ᠶ᠋ᠢ ᠯᠠᠪᠳᠠᠭᠤᠨ᠎ᠢᠶᠠᠷ ᠦᠷᠭᠡᠳᠭᠡᠨ᠂ ᠤᠯᠠᠨ ᠤᠯᠤᠰ᠎ᠤᠨ ᠤᠷᠴᠢᠯ᠎ᠢ ᠦᠷᠭᠡᠳᠭᠡᠵᠤ᠂ ᠨᠡᠭᠡᠭᠡᠯᠳᠠ᠎ᠪᠠᠷ ᠦᠭᠡᠷᠡᠴᠢᠯᠡᠯᠳᠠ᠎ᠶ᠋ᠢ ᠠᠬᠢᠭᠤᠯᠵᠤ ᠬᠦᠭ᠌ᠵᠢᠯᠳᠠ᠎ᠶ᠋ᠢ ᠠᠬᠢᠭᠤᠯᠤᠨ᠎ᠠ᠃    

ᠪᠡᠶ᠎ᠡ᠎ᠪᠠᠨ ᠳᠠᠭᠠᠭᠠᠵᠤ ᠨᠡᠭᠡᠭᠡᠯᠲᠡ ᠬᠢᠬᠦ᠌᠎ᠶ᠋ᠢ ᠢᠳᠡᠪᠬᠢᠳᠠᠢ᠎ᠪᠠᠷ ᠥᠷᠭᠡᠳᠭᠡᠨ᠎ᠠ᠃ ᠤᠢ᠍ᠢᠯᠡᠴᠢᠯᠡᠭᠡᠨ᠎ᠤ ᠤᠢ᠍ᠢᠯᠡᠰ᠎ᠢᠶᠠᠷ ᠭᠤᠤᠯᠳᠠᠯᠭ᠎ᠠ ᠪᠤᠯᠭᠠᠨ ᠵᠠᠬ᠎ᠠ ᠲᠡᠯᠭᠡᠬᠦᠷ᠎ᠲᠤ ᠤᠷᠤᠬᠤ ᠵᠦᠪᠱᠢᠶᠡᠷᠡᠯ ᠪᠠ ᠨᠡᠭᠡᠭᠡᠯᠲᠡ ᠬᠢᠬᠦ᠌ ᠬᠦᠷᠢᠶ᠎ᠡ᠎ᠶ᠋ᠢ ᠦᠷᠭᠡᠳᠭᠡᠵᠤ᠂ ᠥᠷᠲᠡᠭ ᠨᠡᠮᠡᠭ᠌ᠳᠡᠯ᠎ᠤᠨ ᠴᠠᠬᠢᠯᠭᠠᠨ ᠬᠤᠯᠪᠣᠭ᠎ᠠ᠂ ᠠᠮᠢᠳᠤ ᠪᠣᠳᠠᠰ᠎ᠤᠨ ᠮᠡᠷᠭᠡᠵᠢᠯ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠲᠤᠰᠠᠭᠠᠷ ᠪᠡᠯᠡᠳᠦ ᠡᠮᠨᠡᠯᠭᠡ᠎ᠶ᠋ᠢᠨ ᠬᠤᠷᠢᠶ᠎ᠠ ᠵᠡᠷᠭᠡ ᠬᠦᠷᠢᠶᠠᠨ᠎ᠤ ᠨᠡᠭᠡᠭᠡᠯᠳᠡ ᠬᠢᠬᠦ᠌ ᠲᠤᠷᠱᠢᠯᠳᠠ᠎ᠶ᠋ᠢ ᠤᠯᠠᠮ ᠨᠢᠭᠡ ᠠᠯᠬᠤᠮ ᠦᠷᠭᠡᠳᠭᠡᠵᠤ᠂ ᠳ᠋ᠢᠵᠢᠲ᠋ᠠᠯ᠎ᠤᠨ ᠬᠦᠷᠢᠶᠡᠨ᠎ᠤ ᠨᠡᠭᠡᠭᠡᠯᠲᠡ᠎ᠶ᠋ᠢ ᠡᠮᠬᠢ ᠵᠢᠷᠤᠮ᠎ᠲᠠᠢ᠎ᠪᠠᠷ ᠥᠷᠭᠡᠳᠭᠡᠨ᠂ ᠬᠢᠯᠢ ᠠᠯᠤᠰᠯᠠᠭ᠍ᠰᠠᠨ ᠦᠢᠯᠡᠴᠢᠯᠡᠭᠡᠨ᠎ᠤ ᠠᠷᠠᠯᠵᠢᠶ᠎ᠠ᠎ᠶ᠋ᠢᠨ ᠨᠠᠵᠠᠭᠠᠢ ᠲᠠᠯ᠎ᠠ᠎ᠶ᠋ᠢᠨ ᠲᠤᠳᠤᠷᠬᠠᠢ ᠬᠠᠭᠤᠳᠠᠰᠤ᠎ᠶ᠋ᠢ ᠪᠠᠭᠠᠰᠭᠠᠨ᠎ᠠ᠃ ᠤᠯᠤᠰ᠎ᠤᠨ ᠦᠢᠯᠡᠴᠢᠯᠡᠭᠡᠨ᠎ᠤ ᠦᠢᠯᠡᠰ᠎ᠤᠨ ᠨᠡᠭᠡᠭᠡᠯᠲᠡ᠎ᠶ᠋ᠢ ᠥᠷᠭᠡᠳᠭᠡᠬᠦ᠌ ᠶᠡᠷᠦᠩᠬᠡᠢᠯᠡᠭ᠌ᠰᠡᠨ ᠵᠢᠱ᠌ᠢᠶ᠎ᠡ ᠦᠵᠡᠭᠦᠯᠬᠦ᠌ ᠣᠷᠣᠨ᠎ᠢ ᠰᠠᠢᠳᠤᠷ ᠪᠠᠢᠭᠤᠯᠤᠨ᠎ᠠ᠃ ᠨᠡᠩ ᠤᠯᠠᠨ ᠣᠷᠣᠨ ᠪᠦᠰᠡ᠎ᠶ᠋ᠢᠨ ᠪᠠ ᠬᠤᠶᠠᠷ ᠲᠠᠯ᠎ᠠ᠎ᠶ᠋ᠢᠨ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠬᠡᠯᠡᠯᠴᠡᠭᠡᠷ᠎ᠢ ᠵᠦᠪᠳᠡᠯᠴᠡᠨ ᠲᠤᠬ᠍ᠳᠠᠭᠠᠬᠤ᠎ᠶ᠋ᠢ ᠠᠬᠢᠭᠤᠯᠵᠤ᠂ 《ᠳ᠋ᠢᠵᠢᠲ᠋ᠠᠯ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠬᠡᠷ》 ᠪᠠ 《ᠪᠦᠬᠦ᠌ ᠲᠠᠯ᠎ᠠ᠎ᠶ᠋ᠢᠨ ᠬᠢᠭᠡᠳ ᠳᠠᠪᠱᠢᠩᠭᠤᠢ ᠨᠣᠮᠣᠬᠠᠨ ᠲᠡᠯᠡᠶ ᠠᠯᠤᠰᠯᠠᠭ᠍ᠰᠠᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠬᠡᠷ》 ᠎ᠲᠤ ᠣᠷᠣᠯᠴᠠᠬᠤ ᠠᠬᠢᠴᠠ᠎ᠶ᠋ᠢ ᠢᠳᠡᠪᠬᠢᠲᠡᠶ᠎ᠪᠠᠷ ᠠᠬᠢᠭᠤᠯᠤᠨ᠎ᠠ᠃ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠳᠤ ᠪᠦᠬᠦ᠌ ᠲᠠᠯ᠎ᠠ᠎ᠪᠠᠷ ᠭᠦᠨᠵᠡᠭᠡᠢ ᠣᠷᠣᠯᠴᠠᠵᠤ᠂ ᠨᠡᠭᠡᠭᠡᠯᠲᠡᠲᠦ ᠬᠡᠯᠪᠡᠷᠢ᠎ᠶ᠋ᠢᠨ ᠳᠡᠯᠡᠬᠡᠢ᠎ᠶ᠋ᠢᠨ ᠠᠵᠤ ᠠᠬᠤᠢ᠎ᠶ᠋ᠢ ᠬᠠᠮᠠᠭᠠᠯᠠᠨ ᠬᠦᠭ᠌ᠵᠢᠬᠦᠯᠤᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠠᠢᠷᠢᠯᠠᠭᠤᠯᠤᠯᠳᠠ᠎ᠶ᠋ᠢᠨ ᠭᠡᠪᠴᠢᠶ᠎ᠠ᠎ᠶ᠋ᠢ ᠱᠢᠯᠢᠳᠡᠭ᠌ᠵᠢᠬᠦᠯᠤᠨ᠂ ᠱᠢᠨ᠎ᠠ᠎ᠶ᠋ᠢ ᠡᠬᠦᠳᠬᠦ᠌᠎ᠪᠠᠷ ᠬᠥᠭ᠌ᠵᠢᠯᠲᠡ᠎ᠶ᠋ᠢ ᠬᠦᠳᠤᠯᠤᠨ ᠲᠠᠭᠠᠭᠤᠯᠬᠤ ᠡᠨᠧᠷᠭᠢ᠎ᠶ᠋ᠢᠨ ᠲᠡᠰ᠎ᠢ ᠲᠡᠭᠡᠭ᠌ᠰᠢᠯᠡᠬᠦᠯᠵᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠳᠤᠲᠠᠢ ᠠᠬᠢᠭᠤᠯᠤᠨ᠎ᠠ᠃    

ᠭᠠᠳᠠᠭᠠᠳᠤ ᠠᠷᠠᠯᠵᠢᠶᠠᠨ᠎ᠤ ᠬᠡᠪᠴᠢᠶ᠎ᠡ᠎ᠶ᠋ᠢ ᠲᠤᠬ᠍ᠲᠠᠪᠤᠷᠢᠵᠢᠭᠤᠯᠤᠨ ᠪᠦᠲᠦᠴᠡ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠤᠨ᠎ᠠ᠃ ᠢᠳᠡᠭᠡᠮᠵᠢᠲᠤ ᠵᠢᠭᠡᠯᠡᠯᠭᠡ᠂ ᠢᠲᠡᠭᠡᠮᠵᠢ᠎ᠶ᠋ᠢᠨ ᠲᠠᠭᠠᠳᠭᠠᠯ᠎ᠤᠨ ᠳᠡᠮᠵᠢᠯᠭᠡ᠎ᠶ᠋ᠢ ᠨᠡᠮᠡᠭ᠌ᠳᠡᠬᠦᠯᠵᠦ᠍᠂ ᠠᠷᠠᠳ᠎ᠤᠨ ᠵᠣᠭᠤᠰ᠎ᠢ ᠬᠢᠯᠢ ᠠᠯᠤᠰᠯᠠᠨ ᠬᠡᠷᠡᠭ᠌ᠯᠡᠬᠦ᠌᠎ᠶ᠋ᠢ ᠥᠷᠭᠡᠳᠭᠡᠨ᠎ᠡ᠃ ᠠᠵᠤ ᠠᠬᠤᠢᠯᠠᠯ᠎ᠢ ᠬᠦᠳᠤᠯᠤᠨ ᠵᠢᠯᠤᠭᠤᠳᠴᠤ᠌ ᠪᠠᠢᠭᠠᠳ ᠪᠦᠬᠦ᠌ ᠪᠥᠮᠪᠥᠷᠴᠡᠭ᠎ᠤᠨ ᠵᠠᠬ᠎ᠠ ᠳᠡᠯᠭᠡᠭᠦᠷ᠎ᠲᠠᠬᠢ ᠪᠠᠢᠷᠢᠯᠠᠭᠤᠯᠤᠯᠳᠠ᠎ᠶ᠋ᠢ᠎ᠨᠢ ᠱᠢᠯᠢᠳᠡᠭ᠌ᠵᠢᠬᠦᠯᠵᠤ᠂ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠨᠢᠭᠡ ᠴᠤᠭ᠍ᠴᠠᠵᠢᠬ᠍ᠰᠠᠨ ᠬᠦᠭ᠌ᠵᠢᠯᠳᠠ᠂ ᠳᠣᠲᠣᠭᠠᠳᠤ ᠭᠠᠳᠠᠭᠠᠳᠤ ᠠᠷᠠᠯᠵᠢᠶᠠᠨ᠎ᠤ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢ ᠠᠬᠢᠭᠤᠯᠤᠨ᠎ᠠ᠃ ᠠᠷᠠᠯᠵᠢᠶᠠᠨ᠎ᠤ ᠬᠥᠭ᠌ᠵᠢᠯᠲᠡ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠪᠤᠢᠵᠢᠭᠤᠯᠤᠨ ᠪᠤᠵᠠᠭᠠᠢᠷᠠᠭᠤᠯᠵᠤ᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ ᠲᠡᠭᠡᠷ᠎ᠠ ᠭᠠᠳᠠᠭᠠᠳᠤ᠎ᠳᠠᠬᠢ ᠬᠥᠮᠥᠷᠭᠡ᠎ᠶ᠋ᠢ ᠨᠡᠮᠡᠬᠦ᠌ ᠵᠠᠬ᠍ᠪᠤᠷ᠎ᠤᠨ ᠪᠠᠭ᠍ᠳᠠᠭᠠᠮᠵᠢ᠎ᠪᠠᠨ ᠥᠷᠭᠡᠳᠭᠡᠨ ᠲᠡᠰ ᠳᠡᠪᠱᠢᠬᠦ᠂ ᠵᠢᠷᠤᠮᠵᠢᠭᠤᠨ ᠪᠦᠭᠡᠳ ᠡᠮᠬᠢ ᠵᠢᠷᠤᠮ᠎ᠲᠠᠢ᠎ᠪᠠᠷ ᠬᠥᠭ᠌ᠵᠢᠭᠦ᠎ᠶ᠋ᠢ ᠠᠬᠢᠭᠤᠯᠤᠨ᠂ ᠣᠯᠠᠨ ᠤᠯᠤᠰ᠎ᠤᠨ ᠲᠥᠷᠭᠡᠨ ᠬᠥᠷᠭᠡᠯᠲᠡ᠎ᠶ᠋ᠢᠨ ᠪᠠᠷᠠᠭᠠᠨ᠎ᠤ ᠭᠦᠢᠯᠭᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠵᠠᠪᠰᠠᠷ᠎ᠤᠨ ᠪᠦᠳᠤᠭᠡᠭ᠌ᠳᠡᠬᠦᠨ᠎ᠤ ᠠᠷᠠᠯᠵᠢᠶ᠎ᠠ᠎ᠶ᠋ᠢ ᠦᠷᠭᠡᠳᠭᠡᠨ᠂ ᠳ᠋ᠢᠵᠢᠲ᠋ᠠᠯ ᠠᠷᠠᠯᠵᠢᠶ᠎ᠠ᠂ ᠨᠤᠭᠤᠭᠠᠨ ᠠᠷᠠᠯᠵᠢᠶ᠎ᠠ᠎ᠶ᠋ᠢ ᠬᠦᠭ᠌ᠵᠢᠬᠦᠯᠵᠦ᠍᠂ ᠬᠢᠯᠢ᠎ᠶ᠋ᠢᠨ ᠠᠷᠠᠯᠵᠢᠶ᠎ᠠ᠎ᠶ᠋ᠢ ᠰᠠᠢᠵᠢᠷᠠᠭᠤᠯᠤᠨ᠎ᠠ᠃ ᠦᠢᠯᠡᠴᠢᠯᠡᠭᠡᠨ᠎ᠤ ᠭᠠᠳᠠᠭᠠᠳᠤ ᠭᠠᠷᠭᠠᠯᠲᠠ᠎ᠶ᠋ᠢ ᠵᠤᠷᠢᠬ᠍ᠵᠢᠭᠤᠯᠤᠨ ᠲᠠᠮᠵᠢᠨ᠎ᠠ᠃ ᠭᠠᠳᠠᠭᠠᠳᠤ ᠤᠷᠤᠭᠤᠯᠤᠯᠳᠠ᠎ᠶ᠋ᠢ ᠢᠳᠡᠪᠬᠢᠳᠠᠢ᠎ᠪᠠᠷ ᠦᠷᠭᠡᠳᠭᠡᠵᠤ᠂ ᠠᠷᠠᠯᠵᠢᠶᠠᠨ᠎ᠤ ᠲᠡᠩᠴᠡᠬᠦᠷᠢᠲᠠᠢ ᠬᠦᠭ᠌ᠵᠢᠯᠳᠠ᠎ᠶ᠋ᠢ ᠠᠬᠢᠭᠤᠯᠤᠨ᠎ᠠ᠃ ᠬᠢᠯᠢ ᠠᠯᠤᠰᠯᠠᠬ᠍ᠰᠠᠨ ᠠᠷᠠᠯᠵᠢᠶᠠᠨ᠎ᠤ ᠲᠥᠳᠡᠴᠢᠯᠡᠯᠲᠡ᠎ᠶ᠋ᠢᠨ ᠲᠦᠪᠱᠢᠨ᠎ᠢ ᠲᠡᠭᠡᠭ᠌ᠰᠢᠯᠡᠬᠦᠯᠤᠨ᠎ᠠ᠃    

ᠬᠤᠤᠰ ᠴᠢᠭ᠌ᠯᠡᠯᠲᠦ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭ᠎ᠠ᠎ᠶ᠋ᠢ ᠦᠷᠭᠡᠳᠭᠡᠨ᠎ᠠ᠃ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢ ᠠᠬᠢᠭᠤᠯᠬᠤ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠤᠨ ᠠᠷᠠᠳ ᠢᠷᠭᠡᠨ᠎ᠤ ᠬᠠᠷᠠᠭᠠᠯᠵᠠᠯ᠎ᠢ ᠪᠠᠳᠤᠯᠠᠨ᠂ ᠱᠢᠨ᠎ᠠ ᠬᠡᠪᠯᠡᠯ᠎ᠤᠨ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠥᠯᠳᠡ᠎ᠶ᠋ᠢ ᠵᠣᠷᠢᠬ᠍ᠵᠢᠭᠤᠯᠬᠤ ᠠᠵᠤ ᠥᠢᠯᠡᠰ᠎ᠤᠨ ᠭᠠᠷᠴᠠᠭ᠎ᠢ ᠬᠡᠷᠡᠭ᠌ᠵᠢᠬᠦᠯᠵᠤ᠂ ᠭᠠᠳᠠᠭᠠᠳᠤ ᠪᠡᠯᠡ᠎ᠶ᠋ᠢᠨ ᠬᠢᠯᠢ ᠳᠣᠲᠣᠷ᠎ᠠ ᠲᠠᠬᠢᠨ ᠪᠡᠯᠡ ᠣᠷᠣᠭᠤᠯᠬᠤ᠂ ᠲᠡᠷᠡ ᠭᠠᠵᠠᠷ᠎ᠲᠤᠨᠢ ᠦᠢᠯᠡᠳᠪᠦᠷᠢᠯᠡᠭᠦ᠎ᠶ᠋ᠢ ᠦᠷᠭᠡᠳᠭᠡᠬᠦ᠌᠎ᠶ᠋ᠢ ᠠᠬᠢᠭᠤᠯᠤᠨ᠎ᠠ᠃ ᠭᠠᠳᠠᠭᠠᠳᠤ ᠪᠡᠯᠡ᠎ᠶ᠋ᠢᠨ ᠠᠵᠤ ᠠᠬᠤᠢ᠌ᠯᠡᠯ᠎ᠳᠤ ᠵᠣᠷᠢᠭᠤᠯᠬᠤ ᠤᠢ᠍ᠢᠯᠡᠴᠢᠯᠡᠭᠡ ᠪᠠᠳᠤᠯᠠᠭ᠎ᠠ᠎ᠪᠠᠨ ᠴᠢᠩᠭᠠᠳᠭᠠᠵᠤ᠂ 《ᠳᠤᠮᠳᠠᠳᠤ ᠤᠯᠤᠰ᠎ᠲᠤ ᠪᠡᠯᠡ ᠤᠷᠤᠭᠤᠯᠬᠤ》 ᠨᠡᠷ᠎ᠠ᠎ᠶ᠋ᠢᠨ ᠬᠠᠭᠤᠳᠠᠰᠤ᠎ᠶ᠋ᠢ ᠤᠯᠠᠮ ᠭᠡᠷᠡᠯᠲᠡᠢ ᠪᠣᠯᠭᠠᠨ᠎ᠠ᠃ ᠡᠯ᠎ᠡ ᠲᠥᠷᠥᠯ᠎ᠤᠨ ᠨᠡᠭᠡᠭᠡᠨ ᠬᠥᠭ᠌ᠵᠢᠭᠦᠯᠬᠦ᠌ ᠤᠷᠤᠨ᠂ ᠬᠦᠷᠢᠶᠡᠯᠡᠩ ᠲᠣᠭᠤᠷᠢᠭ᠎ᠢ ᠵᠢᠷᠤᠮᠵᠢᠭᠤᠯᠤᠨ ᠳᠡᠭᠡᠭ᠌ᠰᠢᠯᠡᠭᠦᠯᠤᠨ᠎ᠠ᠃ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠵᠦᠶ ᠵᠣᠬᠢᠰᠲᠠᠶ ᠪᠥᠭᠡᠳ ᠡᠮᠬᠢ ᠵᠢᠷᠤᠮ᠎ᠲᠠᠢ᠎ᠪᠠᠷ ᠬᠢᠯᠢ ᠠᠯᠤᠰᠯᠠᠨ ᠪᠠᠢᠷᠢᠯᠠᠭᠤᠯᠵᠤ᠂ ᠭᠠᠳᠠᠭᠠᠳᠤ᠎ᠳᠠᠬᠢ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠱᠢᠰᠲ᠋ᠧᠮ᠎ᠢ ᠲᠡᠬᠦᠯᠳᠡᠷᠵᠢᠬᠦᠯᠵᠤ᠂ ᠭᠠᠳᠠᠭᠠᠳᠤ ᠪᠡᠯᠡ ᠤᠷᠤᠭᠤᠯᠤᠯᠳᠠ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠪᠠ ᠭᠠᠳᠠᠭᠠᠳᠤ᠎ᠳᠠᠬᠢ ᠠᠱᠢᠭ ᠲᠤᠰᠠ᠎ᠪᠠᠨ ᠬᠠᠮᠠᠭᠠᠯᠠᠬᠤ᠎ᠶ᠋ᠢ ᠴᠢᠩᠭᠠᠳᠭᠠᠨ᠎ᠠ᠃    

《ᠨᠢᠭᠡ ᠪᠦᠰᠡ ᠨᠢᠭᠡ ᠵᠠᠮ》 ᠎ᠢ ᠴᠢᠨᠠᠷ ᠰᠠᠢᠲᠠᠶ᠎ᠪᠠᠷ ᠬᠠᠮᠲᠤ᠎ᠪᠠᠷ ᠪᠠᠢᠭᠤᠯᠤᠨ᠎ᠠ᠃ ᠬᠠᠮᠳᠥ᠎ᠪᠠᠷ ᠪᠠᠢᠭᠤᠯᠬᠤ ᠤᠯᠤᠰ᠎ᠤᠳ᠎ᠯᠤᠭ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠳᠥᠯ᠎ᠢ ᠴᠢᠩᠭᠠᠳᠭᠠᠵᠤ᠂ 《ᠬᠠᠲᠠᠭᠤ ᠬᠤᠯᠪᠣᠯᠳᠤᠭ᠎ᠠ ᠨᠡᠪᠳᠡᠷᠡᠯᠴᠡᠭᠡ》᠂ 《ᠵᠥᠭᠡᠯᠡᠨ ᠬᠤᠯᠪᠣᠯᠳᠤᠭ᠎ᠠ ᠨᠡᠪᠳᠡᠷᠡᠯᠴᠡᠭᠡ》᠂ 《ᠰᠡᠳᠭᠢᠯ᠎ᠤᠨ ᠬᠤᠯᠪᠣᠯᠳᠤᠭ᠎ᠠ ᠨᠡᠪᠳᠡᠷᠡᠯᠴᠡᠭᠡ》 ᠎ᠶ᠋ᠢ ᠪᠤᠳᠠᠳᠠᠢ ᠪᠦᠭᠡᠳ ᠨᠠᠷᠢᠯᠢᠭ ᠬᠢᠨ᠎ᠡ᠃ ᠴᠢᠬᠤᠯᠠ ᠶᠡᠭᠡ ᠪᠡᠯᠭᠡ ᠲᠡᠮᠳᠡᠭ᠎ᠤᠨ ᠴᠢᠨᠠᠷᠲᠠᠶ ᠢᠨᠵᠧᠨᠧᠷᠢᠩ ᠪᠠ 《ᠵᠢᠵᠢᠭ ᠠᠲᠠᠯ᠎ᠠ ᠭᠤᠶᠤ》 ᠠᠷᠠᠳ᠎ᠤᠨ ᠠᠮᠢᠳᠤᠷᠠᠯ᠎ᠤᠨ ᠲᠥᠰᠥᠯ᠎ᠤᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠳᠤᠮᠳᠠᠳᠤ ᠧᠦ᠋ᠷᠣᠫᠠ ᠲᠤᠮᠳᠠᠳᠤ ᠠᠽᠢᠶ᠎ᠠ᠎ᠶ᠋ᠢᠨ ᠡᠭᠡᠯᠵᠢ᠎ᠶ᠋ᠢᠨ ᠴᠤᠪᠤᠭ᠎ᠠ ᠲᠡᠷᠭᠡᠨ᠎ᠤ ᠭᠦᠭ᠌ᠵᠢᠯᠳᠠ᠎ᠶ᠋ᠢᠨ ᠲᠦᠪᠱᠢᠨ᠎ᠢ ᠲᠡᠭᠡᠭ᠌ᠰᠢᠯᠡᠬᠦᠯᠵᠤ᠂ ᠪᠠᠷᠠᠭᠤᠨ ᠬᠡᠰᠡᠭ᠎ᠤᠨ ᠭᠠᠵᠠᠷ ᠤᠷᠤᠨ᠎ᠤ ᠳᠠᠯᠠᠢ ᠬᠠᠭᠤᠷᠠᠢ᠎ᠶ᠋ᠢᠨ ᠱᠢᠨ᠎ᠡ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ 《ᠤᠶᠤᠨᠴᠢ ᠪᠣᠭᠤᠮᠲᠠ》᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠲᠥᠯᠥᠪᠯᠡᠭᠡ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃ ᠱᠢᠨ᠎ᠡ᠎ᠪᠠᠷ ᠭᠦᠭ᠌ᠵᠢᠭ᠌ᠰᠡᠨ ᠬᠦᠷᠢᠶᠡᠨ᠎ᠳᠠᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠥᠷᠭᠡᠳᠭᠡᠵᠦ᠍᠂ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠡᠯ᠎ᠡ ᠤᠯᠤᠰ᠎ᠤᠨ ᠠᠷᠠᠳ ᠲᠦᠮᠡᠨ᠎ᠳᠤ ᠨᠡᠩ ᠤᠯᠠᠨ ᠬᠦᠷᠲᠡᠭᠡᠨ᠎ᠡ᠃    

(ᠵᠢᠷᠭᠤᠭ᠎ᠠ) ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠭᠤᠨ ᠲᠠᠷᠢᠶᠠᠴᠢᠨ᠎ᠤ ᠠᠵᠢᠯ᠎ᠢ ᠴᠢᠬᠤᠯᠠ᠎ᠠᠴᠠ ᠴᠢᠬᠤᠯᠠ ᠵᠦᠢᠯ ᠪᠣᠯᠭᠠᠬᠤ᠎ᠶ᠋ᠢ ᠪᠠᠷᠢᠮᠳᠠᠯᠠᠵᠤ᠂ 《ᠮᠢᠩᠭ᠎ᠠ ᠲᠥᠮᠡ᠎ᠶ᠋ᠢᠨ ᠢᠨᠵᠧᠨᠧᠷᠢᠩ》 ᠎ᠤᠨ ᠲᠤᠷᠱᠢᠯᠭ᠎ᠠ᠎ᠶ᠋ᠢ ᠭᠦᠨᠵᠡᠭᠡᠢᠷᠡᠭᠦᠯᠦᠨ ᠰᠤᠷᠤᠯᠴᠠᠨ ᠬᠡᠷᠡᠭ᠌ᠯᠡᠵᠦ᠍᠂ ᠲᠠᠷᠢᠶᠠᠯᠠᠩ᠎ᠢ ᠬᠦᠴᠦᠷᠬᠡᠭ᠌ᠵᠢᠭᠦᠯᠬᠦ᠂ ᠬᠥᠳᠡᠭᠡ ᠲᠤᠰᠭᠤᠨ᠎ᠳᠤ ᠠᠱᠢᠭ ᠬᠦᠷᠳᠡᠭᠡᠬᠦ᠂ ᠲᠠᠷᠢᠶᠠᠴᠢᠳ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠤᠢ᠍ᠢᠯᠡᠳᠤᠯ ᠴᠢᠳᠠᠪᠤᠷᠢ᠎ᠶ᠋ᠢ ᠳᠡᠭᠡᠭ᠌ᠰᠢᠯᠡᠭᠦᠯᠵᠤ᠂ ᠲᠠᠷᠢᠶᠠᠯᠠᠩ ᠬᠥᠳᠡᠭᠡ ᠲᠣᠰᠭᠤᠨ᠎ᠤ ᠰᠠᠭᠤᠷᠢ᠎ᠶ᠋ᠢ ᠤᠯᠠᠮ ᠨᠢᠭᠡ ᠠᠯᠬᠤᠮ ᠪᠠᠲᠤᠳᠭᠠᠵᠤ᠂ ᠬᠥᠭ᠌ᠵᠢᠯᠲᠡ᠎ᠶ᠋ᠢᠨ ᠶᠠᠰᠤ ᠴᠢᠨᠠᠷ ᠦᠷ᠎ᠡ ᠠᠱᠢᠭ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃    

ᠠᠮᠤ ᠪᠤᠳᠠᠭᠠᠨ᠎ᠤ ᠦᠢᠯᠡᠳᠪᠦᠷᠢᠯᠡᠯ᠎ᠢ ᠦᠴᠦᠭᠡᠨ ᠴᠤ᠌ ᠰᠤᠯᠠᠷᠠᠭᠤᠯᠤᠯ ᠦᠭᠡᠢ ᠰᠠᠢᠲᠤᠷ ᠠᠳᠭᠤᠨ᠎ᠠ᠃ ᠤᠨᠠᠯᠳᠠ ᠪᠠ ᠦᠢᠯᠡᠳᠪᠦᠷᠢᠯᠡᠯ᠎ᠤᠨ ᠴᠢᠳᠠᠪᠤᠷᠢ᠂ ᠦᠢᠯᠡᠳᠪᠦᠷᠢᠯᠡᠯ ᠪᠠ ᠠᠮᠢ ᠠᠬᠤᠶ᠂ ᠤᠨᠠᠯᠳᠠ᠎ᠶ᠋ᠢ ᠨᠡᠮᠡᠭ᠌ᠳᠡᠭᠦᠯᠬᠦ᠌ ᠪᠠ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠵᠡᠷᠭᠡ᠎ᠪᠠᠷ ᠠᠳᠭᠤᠬᠤ᠎ᠶ᠋ᠢ ᠪᠠᠷᠢᠮᠳᠠᠯᠠᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶ᠋ᠢ ᠮᠢᠩᠭᠠᠨ ᠳ᠋ᠦᠩᠱᠢᠭᠤᠷ ᠵᠢᠩ ᠨᠡᠮᠡᠭ᠌ᠳᠡᠬᠦᠯᠬᠦ᠌ ᠱᠢᠨ᠎ᠡ ᠨᠢᠭᠡ ᠡᠭᠡᠯᠵᠢ᠎ᠶ᠋ᠢᠨ ᠠᠵᠢᠯᠯᠠᠭ᠎ᠠ᠎ᠶ᠋ᠢ ᠡᠷᠴᠢᠮᠵᠢᠭᠦᠯᠦᠨ ᠬᠡᠷᠡᠭ᠌ᠵᠢᠭᠦᠯᠦᠨ᠎ᠡ᠃ ᠠᠮᠤ ᠪᠤᠳᠠᠭ᠎ᠠ ᠢᠳᠡᠱᠢᠨ ᠲᠣᠰᠣᠨ᠎ᠤ ᠦᠢᠯᠡᠳᠪᠦᠷᠢᠯᠡᠯ᠎ᠢ ᠲᠣᠭ᠍ᠲᠠᠪᠤᠷᠢᠵᠢᠭᠤᠯᠵᠤ᠂ ᠰᠠᠢᠨ ᠲᠠᠷᠢᠶᠠᠨ ᠭᠠᠵᠠᠷ ᠰᠠᠢᠨ ᠥᠷ᠎ᠡ ᠡᠭᠦᠯᠳᠡᠷ ᠰᠠᠢᠨ ᠮᠠᠱᠢᠨ ᠲᠤᠨᠤᠭ᠍ᠯᠠᠯ ᠰᠠᠢᠨ ᠠᠷᠭ᠎ᠠ ᠬᠡᠮᠵᠢᠶ᠎ᠠ᠎ᠶ᠋ᠢ ᠬᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠶᠡᠭᠡ ᠬᠡᠪᠴᠢᠶ᠎ᠡ᠎ᠪᠠᠷ ᠲᠠᠯᠠᠪᠠᠢ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠂ ᠡᠭᠦᠯᠳᠡᠷ᠎ᠢ ᠱᠢᠯᠢᠳᠡᠭ᠌ᠵᠢᠭᠦᠯᠬᠦ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠱᠢᠷ᠎ᠠ ᠪᠤᠷᠴᠠᠭ ᠪᠠ ᠲᠣᠰᠣᠯᠢᠭ ᠲᠠᠷᠢᠮᠠᠯ ᠦᠢᠯᠡᠳᠪᠦᠷᠢᠯᠡᠬᠦ᠌ ᠴᠢᠳᠠᠪᠤᠷᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠵᠦ᠍᠂ ᠬᠥᠪᠥᠩ ᠱᠢᠬᠢᠷ ᠭᠤᠮ ᠵᠡᠷᠭᠡ᠎ᠶ᠋ᠢᠨ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠶᠠᠰᠤ ᠴᠢᠨᠠᠷ᠎ᠢ᠎ᠨᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠲᠠᠷᠢᠶᠠᠯᠠᠩ ᠤᠢ ᠱᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠤᠯᠠᠨ ᠡᠱᠢᠵᠢᠭ᠌ᠰᠡᠨ ᠢᠳᠡᠭᠡᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠡᠵᠡᠯᠡᠬᠦ᠌ ᠨᠥᠬᠦᠪᠥᠷᠢᠯᠡᠬᠦ᠌᠎ᠶ᠋ᠢ ᠲᠡᠩᠴᠡᠭᠦᠷᠢᠳᠠᠢ ᠪᠠᠢᠯᠭᠠᠬᠤ ᠬᠠᠮᠢᠶᠠᠷᠤᠯᠲᠠ᠎ᠶ᠋ᠢ ᠴᠢᠩᠳᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠴᠢᠨᠠᠷ ᠰᠠᠢᠲᠠᠢ ᠠᠬᠢᠭᠤᠯᠤᠨ᠂ ᠬᠠᠷ᠎ᠠ ᠬᠦᠷᠦᠰᠦᠲᠦ ᠭᠠᠵᠠᠷ᠎ᠢ ᠬᠠᠮᠠᠭᠠᠯᠠᠬᠤ ᠪᠠ ᠬᠤᠵᠢᠷᠯᠢᠬ ᠭᠠᠵᠠᠷ᠎ᠢ ᠶᠡᠷᠦᠩᠬᠡᠢᠯᠡᠨ ᠠᠱᠢᠭ᠍ᠯᠠᠬᠤ᠎ᠶ᠋ᠢ ᠴᠢᠩᠭᠠᠳᠭᠠᠨ᠎ᠠ᠃ ᠲᠠᠷᠢᠶᠠᠯᠠᠩ᠎ᠤᠨ ᠳᠠᠭᠠᠳᠭᠠᠯ᠎ᠤᠨ ᠬᠥᠭ᠌ᠵᠢᠯᠲᠡ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠶ᠋ᠢ ᠲᠣᠭ᠍ᠲᠠᠭᠠᠨ᠎ᠠ᠃ ᠲᠠᠷᠢᠶᠠᠯᠠᠩ᠎ᠤᠨ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠶᠡᠷᠦᠩᠬᠡᠢᠯᠡᠭ᠌ᠰᠡᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠱᠢᠪᠲᠤᠯᠤᠯᠲᠠ᠎ᠶ᠋ᠢᠨ ᠴᠢᠨᠠᠷᠲᠠᠶ ᠡᠭᠦᠯᠳᠡᠷ᠎ᠢ ᠰᠣᠩᠭᠤᠨ ᠪᠤᠢᠵᠢᠭᠤᠯᠵᠤ ᠳᠡᠯᠭᠡᠷᠡᠭᠦᠯᠬᠦ᠌᠎ᠶ᠋ᠢ ᠲᠦᠷᠭᠡᠳᠭᠡᠨ᠂ ᠲᠡᠷᠢᠭᠦᠨ᠎ᠤ ᠪᠥᠭᠡᠳ ᠬᠡᠷᠡᠭ᠌ᠯᠡᠬᠦ᠌᠎ᠳᠤ ᠲᠣᠬᠢᠷᠡᠮᠵᠢᠲᠠᠢ ᠲᠠᠷᠢᠶᠠᠯᠠᠩ᠎ᠤᠨ ᠮᠠᠱᠢᠨ ᠲᠣᠨᠣᠭ᠍ᠯᠠᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠠᠬᠢᠭᠤᠯᠵᠤ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠳᠡᠯᠭᠡᠷᠡᠭᠦᠯᠬᠦ᠌ 《ᠡᠴᠤᠰ᠎ᠤᠨ ᠨᠢᠭᠡ ᠺᠢᠯᠣᠮᠧᠲᠷ》 ᠎ᠢ ᠨᠡᠪᠳᠡᠷᠡᠬᠦᠯᠤᠨ᠎ᠠ᠃ ᠦᠢᠯᠡᠳᠪᠦᠷᠢᠯᠡᠬᠦ᠂ ᠬᠤᠳᠠᠯᠳᠤᠨ ᠠᠪᠴᠤ᠌ ᠨᠦᠭᠡᠴᠡᠯᠡᠬᠦ᠌ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠨᠢᠭᠡᠳᠦᠯᠲᠡᠶ ᠲᠥᠯᠥᠪᠯᠡᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠨ᠎ᠡ ᠬᠠᠩᠰᠢ᠎ᠶ᠋ᠢ ᠵᠦᠢ ᠵᠣᠬᠢᠰᠲᠠᠶ ᠲᠦᠪᠱᠢᠨ᠎ᠳᠤ ᠪᠠᠢᠯᠭᠠᠬᠤ᠎ᠶ᠋ᠢ ᠠᠬᠢᠭᠤᠯᠵᠤ᠂ ᠠᠮᠤ ᠪᠤᠳᠠᠭᠠᠨ᠎ᠤ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠣᠷᠣᠨ᠎ᠤ ᠮᠤᠵᠢ᠎ᠶ᠋ᠢᠨ ᠬᠤᠭᠤᠷᠣᠨᠳᠣᠬᠢ ᠠᠱᠢᠭ ᠲᠤᠰᠠ᠎ᠶ᠋ᠢ ᠬᠦᠨᠳᠡᠯᠡᠨ᠎ᠢᠶᠠᠷ ᠨᠥᠬᠦᠪᠥᠷᠢᠯᠡᠬᠦ᠌᠎ᠶ᠋ᠢ ᠬᠡᠷᠡᠭ᠌ᠵᠢᠭᠦᠯᠵᠦ᠍᠂ ᠭᠤᠤᠯ ᠭᠠᠷᠤᠯᠲᠠ᠎ᠶ᠋ᠢᠨ ᠣᠷᠣᠨ ᠪᠠ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠲᠠᠢᠴᠢᠯᠠᠨ᠎ᠠ᠃ ᠡᠯ᠎ᠡ ᠭᠠᠵᠠᠷ ᠣᠷᠣᠨ ᠴᠥᠮ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠍᠂ ᠲᠤᠮᠳᠠᠳᠤ ᠤᠯᠤᠰ᠎ᠤᠨ ᠬᠦᠮᠦᠨ᠎ᠤ ᠬᠤᠭᠤᠯᠠ ᠬᠦᠨᠡᠰᠦ᠎ᠶ᠋ᠢ ᠬᠠᠮᠳᠤ᠎ᠶ᠋ᠢᠨ ᠬᠦᠴᠦᠨ᠎ᠳᠡᠭᠡᠨ ᠪᠠᠲᠤ ᠲᠦᠱᠢᠭ᠌ᠯᠡᠨ ᠱᠢᠢᠳᠪᠦᠷᠢᠯᠡᠬᠦ᠌ ᠬᠡᠷᠡᠭ᠌ᠲᠡᠢ᠃    

ᠪᠠᠢᠡᠭ᠌ᠭᠤ᠎ᠶ᠋ᠢᠨ ᠴᠢᠨᠠᠷᠲᠠᠢ᠎ᠪᠠᠷ ᠨᠠᠷᠢᠯᠢᠬ ᠣᠨᠣᠴᠠᠲᠠᠶ ᠬᠠᠪᠰᠤᠷᠤᠨ ᠲᠡᠳᠬᠦᠬᠦ᠌᠎ᠶ᠋ᠢ ᠬᠡᠷᠡᠭ᠌ᠵᠢᠭᠦᠯᠦᠨ᠎ᠡ᠃ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠤᠪ᠎ᠢ ᠱᠢᠢᠳᠪᠤᠷᠢᠯᠡᠭ᠌ᠰᠡᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠬᠦᠯᠦᠨ ᠥᠷᠭᠡᠳᠭᠡᠵᠤ᠂ ᠪᠠᠢᠡᠭ᠌ᠭᠤ᠎ᠶ᠋ᠢᠨ ᠴᠢᠨᠠᠷᠲᠠᠢ ᠬᠠᠪᠰᠤᠷᠤᠨ ᠲᠡᠳᠬᠦᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠳᠤ ᠣᠷᠣᠭᠤᠯᠤᠨ ᠨᠢᠭᠡᠳᠦᠯᠲᠡᠶ ᠲᠥᠯᠥᠪᠯᠡᠨ ᠬᠡᠷᠡᠭ᠌ᠵᠢᠭᠦᠯᠵᠦ᠍᠂ ᠬᠡᠪᠴᠢᠶᠡᠵᠢᠯ᠎ᠤᠨ ᠴᠢᠨᠠᠷᠲᠠᠶ᠎ᠪᠠᠷ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠢᠳᠠᠯ ᠡᠭᠦᠰᠭᠦ ᠥᠬᠡᠶ ᠪᠠᠢᠬᠤ ᠬᠢᠵᠠᠭᠠᠷ ᠱᠤᠭᠤᠮ᠎ᠢ ᠪᠠᠲᠤ ᠰᠠᠬᠢᠨ᠎ᠠ᠃ ᠬᠠᠪᠰᠤᠷᠤᠨ ᠲᠡᠳᠬᠦᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠳᠤᠯᠠᠨ᠎ᠠ᠃ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠠᠴᠠ ᠰᠡᠷᠭᠡᠢᠯᠡᠬᠦ᠌ ᠡᠲᠡᠭᠡᠳ᠎ᠢ ᠮᠠᠭᠠᠳᠯᠠᠨ ᠲᠣᠭ᠍ᠲᠠᠭᠠᠬᠤ ᠪᠠᠷᠢᠮᠵᠢᠶ᠎ᠠ᠎ᠶ᠋ᠢ ᠵᠦᠶ ᠵᠣᠬᠢᠰᠲᠠᠶ ᠲᠣᠭ᠍ᠲᠠᠭᠠᠵᠤ᠂ ᠬᠢᠨᠠᠨ ᠬᠡᠮᠵᠢᠬᠦ᠌ ᠢᠯᠭᠠᠨ ᠲᠠᠨᠢᠬᠤ ᠠᠵᠢᠯ᠎ᠢ ᠰᠠᠢᠲᠤᠷ ᠬᠢᠵᠦ᠍᠂ ᠡᠷᠲᠡᠬᠡᠨ ᠢᠯᠡᠷᠡᠭᠦᠯᠬᠦ᠂ ᠡᠷᠲᠡᠬᠡᠨ ᠬᠠᠮᠢᠶᠠᠷᠬᠤ᠂ ᠡᠷᠲᠡᠬᠡᠨ ᠬᠠᠪᠰᠤᠷᠤᠨ ᠲᠡᠳᠬᠦᠬᠦ᠌᠎ᠶ᠋ᠢ ᠦᠨᠡᠨ ᠬᠦ᠌ ᠪᠠᠲᠤᠯᠠᠨ᠎ᠠ᠃ ᠠᠵᠤ ᠦᠢᠯᠡᠰ᠂ ᠠᠵᠢᠯ ᠣᠯᠭᠤᠯᠲᠠ ᠵᠡᠷᠭᠡ ᠨᠡᠭᠡᠭᠡᠨ ᠬᠥᠭ᠌ᠵᠢᠭᠦᠯᠬᠦ᠌ ᠮᠠᠶᠢᠭ᠎ᠤᠨ ᠬᠠᠪᠰᠤᠷᠤᠨ ᠲᠡᠳᠬᠦᠬᠦ᠌᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠨᠡᠢᠭᠡᠮ᠎ᠤᠨ ᠠᠪᠤᠷᠠᠨ ᠲᠤᠰᠠᠯᠠᠯᠲᠠ᠎ᠶ᠋ᠢᠨ ᠦᠨᠳᠦᠰᠦᠨ ᠵᠦᠢᠯ᠎ᠢ ᠪᠠᠲᠤᠯᠠᠬᠤ ᠪᠠᠲᠤᠯᠠᠭ᠎ᠠ᠎ᠶ᠋ᠢᠨ ᠦᠢᠯᠡᠳᠦᠯ᠎ᠢ ᠪᠠᠳᠠᠷᠠᠭᠤᠯᠤᠨ᠎ᠠ᠃ ᠣᠨᠳᠣᠥ ᠭᠠᠵᠠᠷ᠎ᠲᠤ ᠨᠡᠭᠦᠯᠭᠡᠭ᠌ᠰᠡᠨ᠎ᠤ ᠳᠠᠷᠠᠭᠠᠬᠢ ᠲᠡᠳᠬᠦᠨ ᠳᠡᠮᠵᠢᠬᠦ᠌ ᠠᠵᠢᠯ᠎ᠢ ᠦᠷᠭᠦᠯᠵᠢᠯᠡᠨ ᠰᠠᠢᠲᠤᠷ ᠬᠢᠨ᠎ᠠ᠃ ᠵᠡᠭᠦᠨ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ ᠬᠠᠮᠵᠢᠯᠴᠠᠬᠤ᠂ ᠴᠡᠭ ᠲᠣᠭ᠍ᠲᠠᠭᠠᠨ ᠬᠠᠪᠰᠤᠷᠤᠨ ᠲᠡᠳᠬᠦᠬᠦ᠂ ᠲᠣᠰᠭᠤᠨ᠎ᠳᠤ ᠰᠠᠭᠤᠵᠤ ᠬᠠᠪᠰᠤᠷᠤᠨ ᠲᠡᠳᠬᠦᠬᠦ᠌ ᠪᠠ ᠬᠡᠷᠡᠭ᠌ᠯᠡᠭᠡ᠎ᠪᠠᠷ ᠬᠠᠪᠰᠤᠷᠤᠨ ᠲᠡᠳᠬᠦᠬᠦ᠌ ᠵᠡᠷᠭᠡ᠎ᠶ᠋ᠢ ᠲᠡᠭᠦᠯᠳᠡᠷᠵᠢᠭᠦᠯᠦᠨ᠎ᠡ᠃ ᠬᠥᠭ᠌ᠵᠢᠯᠲᠡ ᠪᠠᠭᠤᠷᠠᠢ ᠭᠠᠵᠠᠷ ᠣᠷᠣᠨ᠎ᠢ ᠱᠠᠳᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠣᠯᠳᠠᠯᠭ᠎ᠠ᠎ᠲᠠᠢ ᠬᠠᠪᠰᠤᠷᠤᠨ ᠲᠡᠳᠬᠦᠬᠦ᠌ ᠱᠢᠶᠠᠨ᠎ᠤ ᠲᠦᠷᠭᠡᠯᠡᠨ ᠬᠦᠭ᠌ᠵᠢᠬᠦ᠌᠎ᠶ᠋ᠢ ᠳᠡᠮᠵᠢᠵᠦ᠍᠂ ᠳᠣᠲᠣᠭᠠᠳᠤ ᠬᠥᠳᠡᠯᠭᠡᠭ᠌ᠴᠢ ᠬᠦᠴᠦᠨ᠎ᠢ᠎ᠨᠢ ᠴᠢᠩᠭᠠᠷᠠᠭᠤᠯᠤᠨ᠎ᠠ᠃    

ᠬᠥᠳᠡᠭᠡ ᠲᠣᠰᠭᠤᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠤᠨ᠎ᠠ᠃ ᠬᠤᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢ ᠬᠤᠭᠤᠴᠠᠭ᠎ᠠ᠎ᠨᠢ ᠲᠤᠯᠤᠭ᠍ᠰᠠᠨ᠎ᠤ ᠳᠠᠷᠠᠭ᠎ᠠ ᠳᠠᠬᠢᠭᠠᠳ 30 ᠵᠢᠯ ᠤᠷᠲᠤᠳᠭᠠᠬᠤ ᠪᠦᠬᠦᠯᠢ ᠮᠤᠵᠢ᠎ᠶ᠋ᠢᠨ ᠲᠤᠷᠱᠢᠯᠲᠠ᠎ᠶ᠋ᠢ ᠪᠦᠬᠦ᠌ ᠲᠠᠯ᠎ᠠ᠎ᠪᠠᠷ ᠦᠷᠨᠢᠬᠦᠯᠵᠤ᠂ ᠲᠠᠷᠢᠶᠠᠯᠠᠩ᠎ᠤᠨ ᠵᠣᠬᠢᠰᠲᠠᠶ ᠬᠡᠪᠴᠢᠶᠡᠲᠦ ᠡᠵᠡᠩᠨᠡᠯᠲᠡ᠎ᠶ᠋ᠢ ᠬᠥᠭ᠌ᠵᠢᠭᠦᠯᠵᠦ᠍᠂ ᠤᠳᠤ ᠦᠶ᠎ᠡ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠱᠢᠰᠲ᠋ᠧᠮ ᠪᠠ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠬᠦᠯᠤᠨ᠎ᠠ᠃ ᠬᠥᠳᠡᠭᠡ ᠲᠤᠰᠭᠤᠨ᠎ᠤ ᠱᠢᠨ᠎ᠠ ᠬᠡᠯᠪᠡᠷᠢ᠎ᠶ᠋ᠢᠨ ᠬᠠᠮᠲᠤ᠎ᠶ᠋ᠢᠨ ᠠᠵᠤ ᠠᠬᠤᠢ᠎ᠶ᠋ᠢ ᠬᠥᠭ᠌ᠵᠢᠭᠦᠯᠬᠦ᠌᠎ᠶ᠋ᠢ ᠳᠡᠮᠵᠢᠨ᠎ᠡ᠃ ᠬᠠᠮᠲᠤ᠎ᠶ᠋ᠢᠨ ᠥᠮᠴᠢᠯᠡᠯ᠎ᠤᠨ ᠡᠷᠬᠡ᠂ ᠬᠠᠮᠲᠤ᠎ᠶ᠋ᠢᠨ ᠣᠢ ᠱᠢᠭᠤᠢ᠎ᠶ᠋ᠢᠨ ᠡᠷᠬᠡ᠂ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠱᠢᠶ᠎ᠠ ᠵᠡᠷᠭᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠳᠥᠷᠪᠡᠳᠦᠭᠡᠷ ᠤᠳᠠᠭᠠᠨ᠎ᠤ ᠪᠦᠬᠦ᠌ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶ᠋ᠢ ᠥᠷᠨᠢᠭᠦᠯᠦᠨ᠎ᠡ᠃ ᠬᠤᠳᠠ ᠬᠥᠳᠡᠭᠡ᠎ᠶ᠋ᠢᠨ ᠡᠯᠧᠮᠧᠨ᠋ᠲ᠎ᠤᠨ ᠬᠤᠥᠰ ᠴᠢᠭ᠌ᠯᠡᠯ᠎ᠢᠶᠠᠷ ᠱᠢᠯᠵᠢᠬᠦ᠌᠎ᠶ᠋ᠢ ᠠᠬᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠵᠡᠷᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠤᠨ᠂ ᠬᠥᠳᠡᠭᠡ ᠲᠣᠰᠭᠤᠨ᠎ᠤ ᠣᠨᠴᠠᠯᠢᠭ᠍ᠲᠤ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠪᠣᠯᠪᠠᠰᠤᠷᠠᠭᠤᠯᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠠᠭᠤᠯᠠ ᠬᠦᠳᠡᠭᠡ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠲᠠᠷᠢᠶᠠᠴᠢᠨ᠎ᠲᠠᠢ ᠬᠤᠯᠪᠣᠭᠠᠯᠠᠵᠥ᠍ ᠲᠠᠷᠢᠶᠠᠴᠢᠨ᠎ᠢ ᠳᠠᠢᠴᠢᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠲᠠᠷᠢᠶᠠᠴᠢᠳ᠎ᠤᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠬᠥᠳᠡᠭᠡ ᠲᠣᠰᠭᠤᠨ᠎ᠤ ᠴᠢᠳᠠᠪᠤᠷᠢᠲᠠᠨ᠎ᠤ ᠡᠩᠨᠡᠭᠡ᠎ᠶ᠋ᠢ ᠬᠥᠭ᠌ᠵᠢᠭᠦᠯᠦᠨ ᠪᠤᠵᠠᠭᠠᠢᠷᠠᠭᠤᠯᠤᠨ᠎ᠠ᠃ ᠬᠦᠳᠡᠭᠡ ᠲᠤᠰᠭᠤᠨ᠎ᠤ ᠬᠠᠭᠤᠴᠢᠨ ᠬᠡᠪ ᠵᠠᠩᠱᠢᠯ᠎ᠢ ᠦᠭᠡᠷᠡᠴᠢᠯᠡᠬᠦ᠌᠎ᠶ᠋ᠢ ᠭᠦᠨᠵᠡᠭᠡᠢᠷᠡᠭᠦᠯᠵᠦ᠍᠂ ᠬᠥᠳᠡᠭᠡ ᠲᠣᠰᠭᠤᠨ᠎ᠤ ᠵᠠᠰᠠᠯᠲᠠ ᠪᠠ ᠨᠤᠲᠤᠭ᠎ᠤᠨ ᠪᠣᠯᠪᠠᠰᠤᠨ ᠵᠠᠩ ᠰᠤᠷᠲᠠᠯ᠎ᠤᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠬᠥᠳᠡᠭᠡ ᠲᠣᠰᠭᠤᠨ᠎ᠤ ᠣᠷᠣᠱᠢᠨ ᠰᠠᠭᠤᠬᠤ ᠣᠷᠴᠢᠨ ᠨᠥᠬᠦᠴᠡᠯ᠎ᠢ ᠦᠷᠭᠦᠯᠵᠢᠯᠡᠨ ᠴᠡᠭ᠌ᠴᠡᠯᠡᠨ ᠵᠠᠰᠠᠵᠤ ᠲᠡᠭᠡᠭ᠌ᠰᠢᠯᠡᠬᠦᠯᠥᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠬᠥᠳᠡᠭᠡ ᠲᠣᠰᠭᠤᠨ᠎ᠤ ᠵᠣᠷᠯᠣᠩ᠎ᠢ ᠥᠭᠡᠷᠡᠴᠢᠯᠡᠬᠦ᠂ ᠬᠤᠭ ᠨᠣᠪᠰᠢ ᠲᠣᠰᠭᠤᠨ᠎ᠢ ᠬᠦᠷᠢᠶᠡᠯᠡᠵᠦ᠍ ᠪᠠᠢᠭ᠎ᠠ ᠵᠡᠷᠭᠡ ᠠᠰᠠᠭᠤᠳᠠᠯ᠎ᠢ ᠰᠠᠢᠲᠤᠷ ᠱᠢᠢᠳᠪᠦᠷᠢᠯᠡᠨ᠎ᠡ᠃ ᠪᠦᠬᠦ᠌ ᠪᠥᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠯᠠᠪᠳᠠᠭᠤᠨ ᠪᠠᠳᠤᠳᠠᠢ ᠠᠬᠢᠭᠤᠯᠤᠨ᠎ᠠ᠃ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠥ᠍᠂ ᠬᠥᠳᠡᠭᠡ ᠲᠣᠰᠭᠤᠨ᠎ᠤ ᠣᠳᠣ ᠦᠶ᠎ᠡ᠎ᠶ᠋ᠢᠨ ᠠᠮᠢᠳᠤᠷᠠᠯ᠎ᠤᠨ ᠨᠥᠬᠦᠴᠡᠯ᠎ᠤᠨ ᠳᠤᠲᠠᠭᠤᠳᠠᠯ᠎ᠢ ᠲᠥᠷᠭᠡᠯᠡᠨ ᠨᠥᠬᠦᠪᠥᠷᠢᠯᠡᠵᠦ᠍᠂ ᠤᠷᠤᠱᠢᠨ ᠰᠠᠭᠤᠬᠤ᠎ᠳᠤ ᠲᠣᠬᠢᠷᠠᠮᠵᠢᠲᠠᠢ ᠦᠢᠯᠡᠰ ᠡᠷᠬᠢᠯᠡᠬᠦ᠌᠎ᠳᠤ ᠲᠣᠬᠢᠷᠠᠮᠵᠢᠲᠠᠢ ᠡᠶ᠎ᠡ ᠨᠠᠢᠷᠠᠮᠳᠠᠭᠤ ᠦᠵᠡᠰᠭᠦᠯᠡᠩᠳᠦ ᠰᠠᠢᠬᠠᠨ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ 

(ᠳᠣᠯᠤᠭ᠎ᠠ) ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ ᠪᠠ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠂ ᠣᠷᠣᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠣᠳᠣᠯᠭ᠎ᠠ᠂ ᠪᠡᠶᠡᠴᠢ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ ᠪᠠ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠦᠪᠥᠷᠢᠯᠡᠭ᠌ᠰᠡᠨ᠂ ᠴᠢᠨᠠᠷ ᠰᠠᠢᠲᠠᠶ ᠬᠥᠭ᠌ᠵᠢᠭ᠌ᠰᠡᠨ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠯᠠᠭᠤᠯᠤᠯᠳᠠ ᠪᠠ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠱᠢᠰᠲ᠋ᠧᠮ᠎ᠢ ᠪᠠᠢᠭᠤᠯᠤᠨ᠎ᠠ᠃    

ᠬᠥᠮᠦᠨ᠎ᠢᠶᠠᠷ ᠦᠨᠳᠦᠰᠦ ᠪᠣᠯᠭᠠᠭ᠍ᠰᠠᠨ ᠱᠢᠨ᠎ᠡ ᠭᠡᠯᠪᠡᠷᠢ᠎ᠶ᠋ᠢᠨ ᠬᠤᠳᠠ ᠪᠠᠯᠭᠠᠰᠤᠵᠢᠯᠳᠠ᠎ᠶ᠋ᠢ ᠭᠦᠨᠵᠡᠭᠡᠢᠷᠡᠬᠦᠯᠦᠨ ᠠᠬᠢᠭᠤᠯᠤᠨ᠎ᠠ᠃ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ᠎ᠶ᠋ᠢ ᠬᠤᠲᠠ᠎ᠶ᠋ᠢᠨ ᠠᠷᠠᠳ ᠪᠣᠯᠭᠠᠬᠤ᠎ᠶ᠋ᠢ ᠱᠢᠨᠵᠢᠯᠡᠬᠦ᠌ ᠤᠬᠠᠭᠠᠨᠴᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠨᠡᠬᠦᠵᠦ᠍ ᠤᠷᠤᠭ᠍ᠰᠠᠨ ᠭᠠᠵᠠᠷ᠎ᠲᠤ ᠠᠩᠬ᠎ᠠ ᠳᠤᠮᠳᠠᠳᠤ᠎ᠠᠴᠠ ᠦᠨᠳᠦᠷ ᠳᠤᠮᠳᠠᠳᠤ᠎ᠳᠤ ᠳᠠᠪᠱᠢᠨ ᠣᠷᠤᠬᠤ ᠱᠢᠯᠭᠠᠯᠳᠠ᠎ᠳᠤ ᠤᠷᠤᠯᠴᠠᠬᠤ ᠨᠡᠷ᠎ᠡ ᠮᠡᠳᠡᠭᠦᠯᠬᠦ᠌ ᠨᠥᠬᠦᠴᠡᠯ᠎ᠢ᠎ᠨᠢ ᠠᠭᠤᠵᠢᠭᠤ ᠲᠠᠯᠪᠢᠵᠤ᠂ 《ᠬᠦᠮᠦᠨ ᠭᠠᠵᠠᠷ ᠵᠤᠭᠤᠰ》᠎ᠢ ᠬᠤᠯᠪᠤᠭ᠍ᠳᠠᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠬᠦᠯᠤᠨ᠎ᠠ᠃ ᠱᠢᠶᠠᠨ᠎ᠤ ᠪᠥᠰᠡ᠎ᠶ᠋ᠢᠨ ᠰᠠᠭᠤᠷᠢ ᠲᠥᠭᠦᠭᠡᠷᠥᠮᠵᠢ᠎ᠶ᠋ᠢᠨ ᠪᠠᠢᠷᠢᠯᠠᠭᠤᠯᠤᠯᠲᠠ ᠪᠠ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠱᠢᠶᠠᠨ᠎ᠤ ᠪᠦᠰᠠ᠎ᠶ᠋ᠢᠨ ᠣᠨᠴᠠᠯᠢᠭ᠍ᠲᠤ ᠠᠵᠤ ᠦᠢᠯᠡᠰ᠎ᠢ ᠬᠥᠭ᠌ᠵᠢᠭᠦᠯᠵᠤ᠂ ᠱᠢᠶᠠᠨ᠎ᠤ ᠪᠥᠰᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠬᠤᠳᠠ᠎ᠶ᠋ᠢᠨ ᠠᠭᠤᠯᠤᠭ᠍ᠳᠠᠬᠤᠨ᠎ᠤ ᠬᠡᠯᠪᠡᠷᠢᠲᠤ ᠬᠥᠭ᠌ᠵᠢᠯᠲᠡ᠎ᠶ᠋ᠢ ᠪᠠᠷᠢᠮᠲᠠᠯᠠᠵᠤ᠂ ᠣᠳᠣᠬᠢᠴᠢᠯᠠᠭ᠍ᠰᠠᠨ ᠬᠤᠳᠠ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠦᠨ᠎ᠡ᠃ ᠬᠤᠲᠠ᠎ᠶ᠋ᠢᠨ ᠱᠢᠨᠡᠴᠢᠯᠡᠯᠲᠡ᠎ᠶ᠋ᠢ ᠴᠢᠨᠠᠷ ᠰᠠᠢᠲᠠᠶ᠎ᠪᠠᠷ ᠠᠬᠢᠭᠤᠯᠵᠤ᠂ ᠬᠤᠲᠠ ᠪᠠᠯᠭᠠᠰᠤ᠎ᠶ᠋ᠢᠨ ᠬᠠᠭᠤᠴᠢᠨ ᠰᠠᠭᠤᠭᠠᠯᠢ ᠲᠣᠭᠤᠷᠢᠭ᠂ ᠬᠤᠳᠠ᠎ᠶ᠋ᠢᠨ ᠲᠤᠳᠤᠷᠠᠬᠢ ᠲᠤᠰᠭᠤᠨ ᠵᠡᠷᠭᠡ᠎ᠶ᠋ᠢᠨ ᠥᠭᠡᠷᠡᠴᠢᠯᠡᠯᠲᠡ᠎ᠶ᠋ᠢ ᠯᠠᠪᠳᠠᠭᠤᠨ᠎ᠢᠶᠠᠷ ᠬᠡᠷᠡᠭ᠌ᠵᠢᠭᠦᠯᠦᠨ᠎ᠡ᠃ ᠬᠠᠳᠠᠭᠠᠯᠠᠯᠲᠠ ᠭᠠᠵᠠᠷ ᠱᠢᠷᠣᠢ ᠪᠠ ᠰᠤᠯᠠ ᠪᠠᠢᠭ᠎ᠠ ᠭᠡᠷ ᠪᠠᠢᠱᠢᠩ ᠲᠦᠬᠦᠭᠡᠷᠤᠮᠵᠢ᠎ᠶ᠋ᠢ ᠠᠮᠢᠳᠤᠯᠢᠭ ᠪᠣᠯᠭᠠᠨ ᠠᠱᠢᠭ᠍ᠯᠠᠨ᠎ᠠ᠃ ᠬᠤᠲᠠ᠎ᠶ᠋ᠢᠨ ᠰᠠᠭᠤᠷᠢ ᠲᠦᠬᠦᠭᠡᠷᠤᠮᠵᠢ᠎ᠶ᠋ᠢᠨ ᠠᠮᠢᠨ ᠰᠤᠳᠠᠰᠤᠨ᠎ᠤ ᠠᠮᠤᠷ ᠲᠦᠪᠱᠢᠨ᠎ᠤ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠥᠨᠳᠥᠷ ᠪᠠᠷᠢᠯᠭ᠎ᠠ᠎ᠶ᠋ᠢᠨ ᠭᠠᠯ᠎ᠤᠨ ᠠᠶᠤᠯ᠎ᠢ ᠰᠡᠷᠭᠡᠢᠯᠡᠬᠦ᠌ ᠪᠠ ᠠᠪᠤᠷᠠᠨ ᠲᠤᠰᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ᠨᠠᠰᠤᠳᠠᠢᠴᠤᠳ ᠲᠸ᠋ ᠲᠤᠬᠢᠷᠠᠬᠤ ᠪᠠ ᠰᠠᠭᠠᠳ ᠦᠭᠡᠢ ᠪᠤᠯᠭᠠᠨ ᠦᠭᠡᠷᠡᠴᠢᠯᠡᠬᠦ ᠵᠢ ᠴᠢᠨᠭᠭᠠᠳᠬᠠᠨ᠎ᠠ᠃ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠦᠢᠯᠡᠰ᠎ᠤᠨ ᠨᠡᠢᠭᠡᠮ ᠲᠣᠭᠤᠷᠢᠭ᠂ ᠬᠤᠳᠠᠯᠳᠤᠭᠠᠨ᠎ᠤ ᠶᠠᠪᠤᠳᠠᠯ᠎ᠤᠨ ᠨᠡᠢᠭᠡᠮ ᠲᠣᠭᠤᠷᠢᠭ᠎ᠢ ᠪᠠᠢᠭᠤᠯᠵᠤ᠂ ᠬᠤᠳᠠ᠎ᠶ᠋ᠢᠨ ᠵᠠᠰᠠᠯᠲᠠ᠎ᠶ᠋ᠢᠨ ᠤᠶᠤᠨᠴᠢᠯᠠᠯᠲᠠ ᠨᠠᠷᠢᠯᠢᠬ᠍ᠵᠢᠭᠤᠯᠤᠯᠲᠠ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠠᠷᠠᠳ ᠲᠦᠮᠡᠨ᠎ᠤ ᠬᠤᠳᠠ᠎ᠶ᠋ᠢ ᠪᠦᠳᠦᠭᠡᠨ ᠪᠠᠢᠭᠤᠯᠤᠨ᠎ᠠ᠃

ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠵᠣᠬᠢᠴᠠᠯᠳᠤ ᠴᠢᠨᠠᠷ᠎ᠢ ᠲᠠᠰᠣᠷᠠᠯᠳᠠ ᠥᠭᠡᠢ ᠴᠢᠩᠭᠠᠷᠠᠭᠤᠯᠤᠨ᠎ᠠ᠃ ᠪᠡᠶᠡᠴᠢ ᠴᠣᠭ᠍ᠴᠠ᠎ᠶ᠋ᠢᠨ ᠴᠢᠳᠠᠮᠵᠢᠲᠦ ᠣᠷᠣᠨ᠎ᠤ ᠬᠤᠪᠢᠶᠠᠷᠢᠯᠠᠯ᠎ᠢ ᠱᠢᠯᠢᠳᠡᠭ᠌ᠵᠢᠭᠦᠯᠵᠦ᠍᠂ ᠡᠯ᠎ᠡ ᠭᠠᠵᠠᠷ ᠣᠷᠣᠨ᠎ᠤ ᠪᠡᠶᠡᠴᠢ ᠴᠣᠭ᠍ᠴᠠ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠲᠠᠢ ᠤᠶᠠᠯᠳᠤᠭᠤᠯᠤᠨ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠨᠠᠩ ᠰᠠᠢᠨ ᠪᠠᠳᠠᠷᠠᠭᠤᠯᠬᠤ᠎ᠶ᠋ᠢ ᠬᠥᠲᠥᠯᠥᠨ ᠵᠢᠯᠤᠭᠤᠳᠤᠨ᠎ᠠ᠃ ᠪᠠᠷᠠᠭᠤᠨ ᠭᠡᠰᠡᠭ᠎ᠤᠨ ᠭᠠᠵᠠᠷ ᠣᠷᠣᠨ᠎ᠢ ᠶᠡᠭᠡ᠎ᠪᠠᠷ ᠨᠡᠭᠡᠭᠡᠨ ᠬᠥᠭ᠌ᠵᠢᠭᠦᠯᠬᠦ᠌ ᠠᠵᠢᠯ᠎ᠤᠨ ᠱᠢᠨ᠎ᠡ ᠪᠠᠢᠷᠢᠱᠢᠯ᠎ᠢ ᠪᠣᠶ ᠪᠣᠯᠭᠠᠬᠤ᠂ ᠵᠡᠭᠦᠨ ᠬᠤᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠥᠢᠯᠡᠰ᠎ᠢ ᠱᠢᠨ᠎ᠡ ᠱᠢᠪᠲᠤᠯᠤᠯᠲᠠ᠎ᠲᠠᠢ ᠪᠤᠯᠭᠠᠬᠤ᠂ ᠳᠤᠮᠳᠠ ᠬᠡᠰᠡᠭ᠎ᠤᠨ ᠭᠠᠵᠠᠷ ᠣᠷᠣᠨ᠎ᠢ ᠲᠦᠷᠭᠡᠯᠡᠨ ᠮᠠᠨᠳᠤᠭᠤᠯᠵᠤ ᠬᠥᠭ᠌ᠵᠢᠬᠦᠯᠬᠦ᠂ ᠵᠡᠭᠦᠨ ᠬᠡᠰᠡᠭ᠎ᠤᠨ ᠭᠠᠵᠠᠷ ᠣᠷᠣᠨ᠎ᠤ ᠣᠳᠣᠬᠢᠴᠢᠯᠠᠯᠲᠠ᠎ᠶ᠋ᠢ ᠲᠦᠷᠭᠡᠯᠡᠨ ᠤᠷᠤᠭ᠍ᠰᠢᠯᠠᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠭᠡᠷᠡᠴᠢᠯᠡᠯᠲᠡ᠎ᠶ᠋ᠢᠨ ᠪᠡᠷᠬᠡ ᠰᠡᠳᠦᠪ᠎ᠢ ᠱᠢᠢᠳᠪᠦᠷᠢᠯᠡᠬᠦ᠂ ᠲᠦᠷᠦ᠍᠎ᠶ᠋ᠢᠨ ᠪᠤᠳᠤᠯᠭ᠎ᠠ᠎ᠪᠠᠷ ᠡᠨᠧᠷᠬᠢ ᠣᠯᠭᠤᠬᠤ ᠪᠠ ᠡᠯᠧᠮᠧᠨ᠋ᠲ᠎ᠤᠨ ᠪᠠᠲᠤᠯᠠᠭ᠎ᠠ ᠬᠠᠨᠭ᠌ᠭᠠᠬᠤ᠎ᠶ᠋ᠢ ᠴᠢᠩᠭᠠᠳᠭᠠᠵᠤ᠂ ᠠᠵᠤ ᠠᠬᠤᠶ᠎ᠶ᠋ᠢᠨ ᠲᠤᠮᠤ ᠮᠤᠵᠢ᠎ᠶ᠋ᠢᠨ ᠬᠦᠨᠳᠦ ᠡᠭᠦᠷᠭᠡ ᠡᠭᠦᠷᠭᠡᠯᠡᠬᠦ᠌᠎ᠶ᠋ᠢ ᠲᠡᠮᠵᠢᠨ᠎ᠠ᠃ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ ᠳᠡᠯᠡᠬᠡᠢ᠎ᠶ᠋ᠢᠨ ᠳᠡᠰ᠎ᠤᠨ ᠬᠤᠲᠠ᠎ᠶ᠋ᠢᠨ ᠪᠦᠭᠡᠭᠡᠨᠡᠷᠡᠯ᠎ᠢ ᠪᠤᠢ ᠪᠣᠯᠭᠠᠬᠤ᠎ᠶ᠋ᠢ ᠲᠡᠮᠵᠢᠨ᠎ᠠ᠃ ᠱᠢᠶᠦ᠋ᠩ ᠠᠨ ᠱᠢᠨ᠎ᠡ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠶ ᠠᠬᠢᠭᠤᠯᠤᠨ᠎ᠠ᠃ ᠬᠥᠬᠡᠮᠥ᠋ᠷᠡᠨ᠎ᠤ ᠠᠵᠤ ᠠᠬᠤᠶ᠎ᠶ᠋ᠢᠨ ᠪᠦᠰᠡ᠎ᠶ᠋ᠢᠨ ᠬᠥᠭ᠌ᠵᠢᠯᠲᠡ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠤᠨ᠎ᠠ᠃ ᠴᠧᠩᠳᠦ᠍ ᠴᠦᠩᠴᠢᠩ ᠣᠷᠣᠨ᠎ᠤ ᠬᠤᠣᠰ ᠬᠤᠲᠠ᠎ᠶ᠋ᠢᠨ ᠠᠵᠤ ᠠᠬᠤᠢ᠎ᠶ᠋ᠢᠨ ᠬᠥᠷᠢᠶ᠎ᠠ᠎ᠶ᠋ᠢᠨ ᠬᠥᠭ᠌ᠵᠢᠯᠲᠡ᠎ᠶ᠋ᠢᠨ ᠡᠨᠧᠷᠬᠢ᠎ᠶ᠋ᠢᠨ ᠳᠡᠰ᠎ᠢ ᠳᠡᠭᠡᠭ᠌ᠰᠢᠯᠡᠭᠦᠯᠦᠨ᠎ᠡ᠃ ᠬᠥᠬᠡᠮᠥ᠋ᠷᠡᠨ᠎ᠤ ᠳᠤᠮᠳᠠᠳᠤ ᠤᠷᠤᠰᠭᠠᠯ᠎ᠤᠨ ᠬᠤᠳᠠ᠎ᠶ᠋ᠢᠨ ᠪᠥᠭᠡᠭᠡᠨᠡᠷᠡᠯ ᠵᠡᠷᠭᠡ᠎ᠶ᠋ᠢᠨ ᠬᠥᠭ᠌ᠵᠢᠯᠲᠡ᠎ᠪᠠᠨ ᠲᠦᠷᠭᠡᠳᠭᠡᠬᠦ᠌᠎ᠶ᠋ᠢ ᠠᠬᠢᠭᠤᠯᠤᠨ᠎ᠠ᠃ ᠭᠤᠣᠯᠳᠠᠯᠭ᠎ᠠ᠎ᠲᠠᠢ ᠬᠤᠲᠠ᠎ᠶ᠋ᠢᠨ ᠪᠥᠭᠡᠭᠡᠨᠡᠷᠡᠯ᠎ᠤᠨ ᠵᠣᠬᠢᠴᠠᠯᠳᠤᠨ ᠬᠤᠯᠪᠣᠯᠳᠤᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠲᠥᠯᠥᠪᠵᠢᠭᠦᠯᠭᠡ᠎ᠶ᠋ᠢ ᠨᠢᠭᠡᠳᠦᠯᠲᠡᠶ ᠲᠥᠯᠥᠪᠯᠡᠬᠦ᠂ ᠠᠵᠤ ᠦᠢᠯᠡᠰ᠎ᠤᠨ ᠬᠠᠮᠵᠢᠯᠴᠠᠭ᠎ᠠ ᠬᠢᠬᠦ᠂ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠬᠦ᠌ ᠵᠡᠷᠭᠡ ᠲᠣᠭ᠍ᠲᠠᠴᠠ᠎ᠶ᠋ᠢ ᠪᠦᠷᠢᠨᠱᠢᠭᠦᠯᠤᠨ᠂ ᠤᠯᠤᠰ᠎ᠤᠨ ᠠᠵᠤ ᠦᠢᠯᠡᠰ᠎ᠢ ᠱᠢᠯᠵᠢᠭᠦᠯᠦᠨ ᠬᠥᠭ᠌ᠵᠢᠭᠦᠯᠵᠦ᠍ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠤ᠂ ᠵᠠᠰᠠᠭ ᠵᠠᠬᠢᠷᠭᠠᠨ᠎ᠤ ᠣᠷᠣᠨ ᠠᠯᠤᠰᠯᠠᠭ᠍ᠰᠠᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃ ᠢᠯᠭᠠᠭᠠᠵᠢᠭᠤᠯᠤᠭ᠍ᠰᠠᠨ ᠲᠥᠷᠥ᠎ᠶ᠋ᠢᠨ ᠪᠣᠳᠣᠯᠭ᠎ᠠ᠎ᠪᠠᠷ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠤᠷᠤᠨ᠂ ᠬᠢᠯᠢ ᠬᠢᠵᠠᠭᠠᠷ ᠤᠷᠤᠨ᠂ ᠡᠬᠢ ᠪᠠᠶᠠᠯᠢᠭ ᠱᠢᠪᠬᠠᠷᠤᠭ᠍ᠰᠠᠨ ᠬᠤᠲᠠ ᠵᠡᠷᠭᠡ᠎ᠶ᠋ᠢ ᠮᠠᠨᠳᠤᠭᠤᠯᠤᠨ ᠬᠦᠭ᠌ᠵᠢᠬᠦᠯᠬᠦ᠌᠎ᠶ᠋ᠢ ᠠᠬᠢᠭᠤᠯᠤᠨ᠎ᠠ᠃ ᠭᠤᠤᠯ ᠪᠣᠯᠬᠤ ᠲᠠᠯᠠᠢ᠎ᠶ᠋ᠢᠨ ᠪᠤᠯᠤᠩ᠎ᠤᠨ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠶ᠋ᠢ ᠴᠢᠩᠭᠠᠳᠭᠠᠵᠤ᠂ ᠲᠠᠯᠠᠢ ᠲᠠᠩᠭᠢᠰ᠎ᠤᠨ ᠠᠵᠤ ᠦᠢᠯᠡᠰ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠤᠨ᠎ᠠ᠃

(ᠨᠠᠢ᠍ᠮᠠ) ᠠᠷᠠᠳ᠎ᠤᠨ ᠠᠮᠢᠳᠤᠷᠠᠯ᠎ᠢ ᠨᠡᠩ ᠶᠡᠭᠡ ᠡᠷᠴᠢᠮ᠎ᠢᠶᠠᠷ ᠪᠠᠲᠤᠯᠠᠨ ᠰᠠᠢᠵᠢᠷᠠᠭᠤᠯᠤᠨ᠎ᠠ᠃ ᠠᠷᠠᠳ᠎ᠤᠨ ᠠᠮᠢᠳᠤᠷᠠᠯ ᠪᠣᠯ ᠬᠠᠮᠤᠭ᠎ᠤᠨ ᠶᠡᠭᠡ ᠶᠠᠪᠤᠳᠠᠯ ᠪᠣᠯᠬᠤ᠎ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠳᠤ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ ᠤᠯᠠᠨ᠎ᠳᠤ ᠪᠤᠳᠠᠳᠠᠢ ᠶᠠᠪᠤᠳᠠᠯ ᠢᠯᠡᠬᠦᠭᠡᠨ ᠬᠢᠵᠤ ᠦᠭ᠌ᠬᠦ᠎ᠪᠠᠷ ᠴᠢᠷᠮᠠᠢᠨ᠎ᠠ᠃

ᠴᠢᠨᠠᠷ ᠰᠠᠢᠲᠠᠶ ᠭᠦᠢᠴᠡᠳ ᠠᠵᠢᠯ ᠣᠯᠭᠤᠯᠲᠠ᠎ᠶ᠋ᠢ ᠠᠬᠢᠭᠤᠯᠤᠨ᠎ᠠ᠃ ᠡᠯ᠎ᠡ ᠲᠥᠷᠥᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠠᠵᠢᠯ ᠣᠯᠭᠤᠯᠲᠠ᠎ᠳᠤ ᠦᠵᠡᠬᠦᠯᠬᠦ᠌ ᠲᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠵᠤ᠂ ᠠᠵᠢᠯ ᠣᠯᠭᠤᠯᠲᠠ᠎ᠳᠤ ᠨᠥᠬᠦᠷᠰᠡᠭ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠪᠠᠢᠭᠤᠯᠤᠨ᠎ᠠ᠃ ᠠᠵᠢᠯ᠎ᠤᠨ ᠪᠠᠢᠷᠢ᠎ᠶ᠋ᠢ ᠲᠤᠬ᠍ᠳᠠᠪᠤᠷᠢᠵᠢᠭᠤᠯᠤᠨ ᠠᠵᠢᠯ ᠠᠯᠳᠠᠯᠲᠠ᠎ᠶ᠋ᠢᠨ ᠳᠠᠭᠠᠳᠭᠠᠯ᠎ᠢ ᠪᠤᠴᠠᠭᠠᠬᠤ᠂ ᠨᠡᠢᠭᠡᠮ᠎ᠤᠨ ᠳᠠᠭᠠᠳᠭᠠᠯ᠎ᠤᠨ ᠨᠥᠬᠦᠪᠥᠷᠢ ᠥᠭ᠌ᠬᠦ᠂ ᠲᠤᠰᠭᠠᠶ ᠵᠢᠭᠡᠯᠡᠯᠭᠡ ᠥᠭ᠌ᠬᠦ ᠵᠡᠷᠭᠡ ᠱᠠᠲᠤ ᠦᠶᠡᠴᠢ ᠴᠢᠨᠠᠷᠲᠠᠶ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠠᠵᠢᠯ ᠣᠯᠭᠤᠯᠳᠠ᠎ᠪᠠᠷ ᠲᠡᠳᠬᠦᠮᠵᠢ᠎ᠶ᠋ᠢ ᠣᠷᠣᠯᠠᠭᠤᠯᠬᠤ ᠪᠡᠯᠡ ᠣᠷᠣᠭᠤᠯᠤᠯᠲᠠ᠎ᠶ᠋ᠢᠨ ᠬᠡᠪᠴᠢᠶ᠎ᠡ᠎ᠶ᠋ᠢ ᠤᠯᠠᠮ ᠨᠢᠭᠡ ᠠᠯᠬᠤᠮ ᠨᠡᠮᠡᠭ᠌ᠳᠡᠭᠦᠯᠦᠨ᠎ᠡ᠃ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠬᠥᠳᠡᠯᠮᠦᠷᠢ ᠬᠤᠷᠠᠭ᠍ᠰᠠᠨ ᠬᠡᠯᠪᠡᠷᠢ᠎ᠶ᠋ᠢᠨ ᠠᠵᠢᠯ ᠲᠥᠷᠥᠯ᠎ᠤᠨ ᠠᠵᠤ ᠠᠬᠤᠢᠯᠠᠯ᠎ᠤᠨ ᠠᠵᠢᠯ᠎ᠤᠨ ᠪᠠᠢᠷᠢ᠎ᠪᠠᠨ ᠲᠤᠬ᠍ᠳᠠᠪᠤᠷᠢᠵᠢᠭᠤᠯᠬᠤ᠎ᠳᠤ ᠲᠡᠮᠵᠢᠯᠭᠡ ᠦᠵᠡᠬᠦᠯᠵᠤ᠂ ᠱᠢᠨ᠎ᠡ᠎ᠪᠠᠷ ᠬᠦᠭ᠌ᠵᠢᠭ᠌ᠰᠡᠨ ᠠᠵᠤ ᠦᠢᠯᠡᠰ᠂ ᠢᠷᠡᠭᠡᠳᠦᠶ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌᠎ᠲᠠᠢ ᠤᠶᠠᠯᠳᠤᠭᠤᠯᠤᠨ ᠱᠢᠨ᠎ᠡ ᠠᠵᠢᠯ ᠮᠡᠷᠭᠡᠵᠢᠯ ᠱᠢᠨ᠎ᠡ ᠠᠵᠢᠯ᠎ᠤᠨ ᠪᠠᠢᠷᠢ᠎ᠶ᠋ᠢ ᠪᠤᠢᠵᠢᠭᠤᠯᠵᠤ᠂ ᠦᠢᠯᠡᠴᠢᠯᠡᠭᠡᠨ᠎ᠤ ᠦᠢᠯᠡᠰ᠎ᠢᠶᠠᠷ ᠠᠵᠢᠯ ᠣᠯᠭᠤᠯᠲᠠ᠎ᠶ᠋ᠢ ᠳᠠᠢᠴᠢᠯᠠᠬᠤ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ᠎ᠤᠨ ᠠᠵᠢᠯ ᠣᠯᠬᠤ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠵᠤ᠂ ᠬᠥᠯᠥᠰᠥᠨ ᠠᠵᠢᠯᠴᠢᠳ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠴᠡᠷᠢᠭ᠎ᠤᠨ ᠠᠯᠪᠠ᠎ᠠᠴᠠ ᠪᠠᠭᠤᠭ᠍ᠰᠠᠳ᠎ᠢ ᠲᠥᠪᠬᠢᠨᠡᠭᠦᠯᠬᠦ᠌ ᠪᠠ ᠠᠵᠢᠯ ᠣᠯᠭᠤᠬᠤ ᠦᠢᠯᠡᠴᠢᠯᠡᠭᠡ᠎ᠶ᠋ᠢ ᠰᠠᠢᠲᠤᠷ ᠬᠢᠵᠦ᠍᠂ ᠬᠦᠴᠢᠷᠳᠡᠯᠲᠡᠶ ᠬᠥᠮᠦᠰ᠎ᠤᠨ ᠠᠵᠢᠯ ᠣᠯᠭᠤᠯᠲᠠ᠎ᠶ᠋ᠢᠨ ᠲᠤᠰᠠᠯᠠᠮᠵᠢ᠎ᠶ᠋ᠢ ᠴᠢᠩᠭᠠᠳᠭᠠᠨ᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠣᠭ᠍ᠰᠠᠳ᠎ᠤᠨ ᠠᠵᠢᠯᠳᠠᠨ ᠠᠵᠢᠯᠴᠢᠨ᠎ᠤ ᠳᠠᠭᠠᠳᠭᠠᠯ᠎ᠳᠤ ᠣᠷᠣᠯᠴᠠᠬᠤ᠎ᠶ᠋ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢ ᠨᠡᠢᠲᠡᠯᠡᠨ᠎ᠡ᠃ ᠠᠳᠠᠯ ᠦᠢᠯᠡᠰ ᠴᠣᠭ᠍ᠴᠠᠯᠠᠬᠤ ᠲᠠᠭᠠᠭᠠᠯᠲᠠᠲᠤ ᠵᠢᠭᠡᠯᠡᠯᠭᠡ᠎ᠶ᠋ᠢᠨ ᠳᠡᠮ ᠬᠦᠤ ᠮᠦᠩᠬᠦ᠌ ᠦᠭ᠌ᠬᠦ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠠᠳᠠᠯ ᠦᠢᠯᠡᠰ ᠴᠣᠭ᠍ᠴᠠᠯᠠᠬᠤ᠎ᠶ᠋ᠢ ᠳᠡᠮᠵᠢᠬᠦ᠌ ᠪᠠ ᠬᠥᠲᠥᠯᠦᠨ ᠵᠢᠯᠣᠭᠤᠳᠭᠤ᠎ᠪᠠᠨ ᠴᠢᠩᠭᠠᠳᠭᠠᠨ᠎ᠠ᠃ ᠵᠣᠬᠢᠶᠠᠮᠠᠯ ᠤᠶᠤᠯᠢᠭ᠎ᠤᠨ ᠮᠡᠷᠭᠡᠵᠢᠯ᠎ᠤᠨ ᠬᠥᠭ᠌ᠵᠢᠯᠲᠡ᠎ᠳᠤ ᠵᠣᠬᠢᠴᠠᠭᠤᠯᠤᠨ ᠠᠵᠢᠯ ᠣᠯᠭᠤᠬᠤ ᠪᠠ ᠠᠳᠠᠯ ᠦᠢᠯᠡᠰ ᠴᠤᠬ᠍ᠴᠠᠯᠠᠬᠤ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ᠎ᠠ᠃ ᠬᠥᠯᠥᠰᠥᠨ ᠠᠵᠢᠯᠴᠢᠳ᠎ᠤᠨ ᠴᠠᠯᠢᠩ᠎ᠢ ᠥᠭ᠌ᠬᠦ ᠪᠠᠲᠤᠯᠠᠭ᠎ᠠ᠎ᠶ᠋ᠢᠨ ᠳᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠢᠯ ᠣᠯᠭᠤᠯᠲᠠ᠎ᠶ᠋ᠢᠨ ᠭᠠᠳᠠᠭᠤᠷᠴᠢᠯᠠᠯ᠎ᠤᠨ ᠵᠠᠰᠠᠯᠲᠠ᠎ᠶ᠋ᠢ ᠴᠢᠩᠭᠠᠳᠭᠠᠵᠤ᠂ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠡᠷᠡᠰ ᠬᠠᠮᠠᠭᠠᠯᠠᠨ᠎ᠠ᠃ ᠶᠡᠭᠡ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠭᠤᠯᠤᠯ᠎ᠢ ᠦᠷᠭᠦᠯᠵᠢᠯᠡᠨ ᠥᠷᠨᠢᠭᠦᠯᠬᠦ᠌᠎ᠶ᠋ᠢᠨ ᠤᠯᠠᠮ᠎ᠢᠶᠠᠷ ᠨᠠᠩ ᠣᠯᠠᠨ ᠬᠥᠳᠡᠯᠮᠦᠷᠢᠴᠢᠨ᠎ᠳᠤ ᠤᠷ᠎ᠠ ᠮᠡᠷᠭᠡᠵᠢᠯ ᠡᠵᠡᠮᠱᠢᠭᠦᠯᠦᠨ᠂ ᠨᠠᠩ ᠰᠠᠢᠨ᠎ᠢᠶᠠᠷ ᠠᠵᠢᠯ ᠣᠯᠭᠤᠵᠤ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ᠎ᠡ᠃

ᠰᠤᠷᠭᠠᠨ ᠬᠥᠮᠦᠵᠢᠯ᠎ᠤᠨ ᠭᠤᠤᠯᠴᠢ ᠲᠡᠭ᠌ᠰᠢ ᠪᠠᠢᠬᠤ ᠪᠠ ᠶᠠᠰᠤ ᠴᠢᠨᠠᠷ᠎ᠢ ᠳᠡᠭᠡᠭ᠌ᠰᠢᠯᠡᠬᠦᠯᠬᠦ᠌᠎ᠶ᠋ᠢ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠶᠣᠰᠣ ᠰᠤᠷᠲᠠᠬᠤᠨ᠎ᠢ ᠪᠤᠢ ᠪᠤᠯᠭᠠᠵᠤ ᠬᠥᠮᠤᠨ ᠬᠥᠮᠦᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠲᠠᠩᠬᠢᠮ ᠪᠠ ᠨᠡᠢᠭᠡᠮ᠎ᠤᠨ ᠬᠢᠴᠢᠶᠡᠯ᠎ᠤᠨ ᠲᠠᠩᠬᠢᠮ᠎ᠢ ᠪᠦᠲᠦᠮᠵᠢᠲᠡᠶ ᠠᠭᠤᠰᠤᠯᠴᠠᠭᠤᠯᠬᠤ᠎ᠶ᠋ᠢ ᠠᠬᠢᠭᠤᠯᠤᠨ᠎ᠠ᠃ ᠰᠤᠷᠭᠠᠭᠤᠯᠢ᠎ᠳᠤ ᠤᠷᠤᠬᠤ ᠨᠠᠰᠤᠨ᠎ᠤ ᠬᠥᠮᠦᠨ ᠠᠮᠠ᠎ᠶ᠋ᠢᠨ ᠪᠦᠲᠦᠴᠡ᠎ᠶ᠋ᠢᠨ ᠬᠤᠪᠢᠷᠠᠯᠲᠠ᠎ᠳᠤ ᠵᠣᠬᠢᠴᠠᠭᠤᠯᠵᠤ᠂ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠪᠠᠢᠷᠢᠯᠠᠭᠤᠯᠤᠯᠲᠠ᠎ᠶ᠋ᠢᠨ ᠪᠦᠲᠦᠴᠡ᠎ᠶ᠋ᠢᠨ ᠲᠤᠬᠢᠷᠠᠭᠤᠯᠤᠯᠳᠠ᠎ᠶ᠋ᠢ ᠠᠬᠢᠭᠤᠯᠤᠨ᠎ᠠ᠃ ᠰᠠᠭᠤᠷᠢ ᠰᠤᠷᠭᠠᠨ ᠬᠦᠮᠦᠵᠢᠯ᠎ᠤᠨ ᠱᠢᠯᠢᠳᠡᠭ᠎ᠢ᠎ᠨᠢ ᠥᠷᠭᠡᠳᠭᠡᠨ ᠴᠢᠨᠠᠷ᠎ᠢ᠎ᠨᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠯᠲᠡ᠂ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠴᠢᠨᠠᠷ ᠰᠠᠢᠲᠠᠶ ᠲᠦᠭᠡᠮᠡᠯ ᠬᠠᠷᠠᠭᠠᠯᠵᠠᠯᠲᠤ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ᠂ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠦᠢᠳᠭᠡᠯ ᠦᠯᠤ ᠬᠤᠷᠢᠶᠠᠬᠤ ᠰᠤᠷᠭᠠᠨ ᠬᠦᠮᠦᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠭᠤᠯᠢ᠎ᠳᠤ ᠤᠷᠤᠬᠤ ᠤᠷᠤᠨ ᠲᠤᠭ᠎ᠠ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ᠃ ᠴᠢᠨᠡᠷ ᠰᠠᠢᠳᠠᠢ ᠵᠢᠩᠬᠢᠨᠢ ᠠᠩᠭᠢ᠎ᠶ᠋ᠢᠨ ᠰᠤᠷᠭᠠᠨ ᠬᠥᠮᠦᠵᠢᠯ᠎ᠤᠨ ᠰᠤᠷᠤᠭ᠍ᠴᠢ ᠡᠯᠰᠡᠬᠦ᠌ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠨ᠎ᠡ᠃ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠢᠯᠡ ᠲᠣᠳᠣ ᠤᠨᠴᠠᠯᠢᠭ ᠪᠦᠬᠦᠢ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢ ᠪᠠᠢᠭᠤᠯᠤᠨ᠎ᠠ᠃ ᠣᠨᠴᠠᠭᠠᠶ ᠰᠤᠷᠭᠠᠨ ᠬᠥᠮᠦᠵᠢᠯ᠂ ᠲᠤᠰᠭᠠᠶ ᠰᠤᠷᠭᠠᠨ ᠬᠥᠮᠦᠵᠢᠯ᠎ᠢ ᠰᠠᠢᠲᠤᠷ ᠡᠷᠭᠢᠯᠡᠵᠦ᠍᠂ ᠨᠠᠰᠤᠨ ᠲᠤᠷᠱᠢᠳᠠ᠎ᠶ᠋ᠢᠨ ᠰᠤᠷᠤᠯᠴᠠᠯᠭ᠎ᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢ ᠬᠥᠲᠥᠯᠥᠨ ᠵᠢᠯᠣᠭᠤᠳᠴᠤ᠌ ᠵᠢᠷᠤᠮᠵᠢᠭᠤᠯᠤᠨ᠎ᠠ᠃ᠰᠤᠷᠭᠠᠨ ᠬᠦᠮᠦᠵᠢᠯᠳᠠᠨ᠎ᠦ ᠵᠤᠷᠢᠭ ᠰᠠᠨᠠᠭ᠎ᠠ ᠵᠢ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠲᠤᠰᠭᠠᠢᠵᠢᠭ᠍ᠰᠠᠨ ᠪᠠᠭ᠍ᠰᠢ᠎ᠶ᠋ᠢᠨ ᠡᠩᠨᠡᠭᠡ᠎ᠶ᠋ᠢ ᠪᠠᠢᠭᠤᠯᠵᠤ᠂ ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠠᠭ᠍ᠰᠢ᠎ᠶ᠋ᠢᠨ ᠬᠠᠷᠠᠭᠠᠯᠵᠠᠯ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃ ᠡᠷᠡᠭᠦᠯ ᠮᠠᠨᠳᠤ ᠰᠤᠷᠭᠠᠭᠤᠯᠢ ᠵᠢᠨ ᠪᠦᠳᠦᠭᠡᠨ ᠪᠠᠢᠭᠤᠯᠤᠯᠳᠠ ᠵᠢ ᠪᠦᠬᠦ ᠲᠠᠯ᠎ᠠ ᠪᠠᠷ ᠠᠬᠢᠭᠤᠯᠵᠤ᠂ ᠪᠡᠶ᠎ᠡ᠎ᠶ᠋ᠢᠨ ᠲᠠᠮᠢᠷ᠂ ᠭᠤᠸ᠎ᠠ ᠰᠠᠢᠬᠠᠨ᠎ᠤ ᠬᠥᠮᠦᠵᠢᠯ᠂ ᠬᠥᠳᠡᠯᠮᠦᠷᠢ᠎ᠶ᠋ᠢᠨ ᠬᠥᠮᠦᠵᠢᠯ ᠪᠠ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠬᠥᠮᠦᠵᠢᠯ᠎ᠢ ᠴᠢᠩᠭᠠᠳᠭᠠᠵᠤ᠂ ᠰᠤᠷᠭᠠᠭᠤᠯᠢ ᠭᠡᠷ ᠪᠦᠯᠢ ᠨᠡᠢᠭᠡᠮ ᠬᠠᠮᠵᠢᠯᠴᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠵᠤ᠂ ᠰᠤᠷᠤᠭ᠍ᠴᠢᠳ᠎ᠤᠨ ᠪᠡᠶ᠎ᠡ ᠰᠡᠳᠭᠢᠯ᠎ᠤᠨ ᠡᠷᠡᠭᠦᠯ ᠮᠡᠨᠳᠦ᠂ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ᠃

ᠦᠨᠳᠦᠰᠦᠨ ᠡᠮᠨᠡᠯᠭᠡ ᠡᠷᠡᠭᠦᠯ ᠬᠠᠮᠠᠭᠠᠯᠠᠯ᠎ᠤᠨ ᠤᠢ᠍ᠢᠯᠡᠴᠢᠯᠡᠭᠡ᠎ᠶ᠋ᠢ ᠴᠢᠩᠭᠠᠳᠭᠠᠨ᠎ᠠ᠃ ᠡᠷᠡᠭᠦᠯ ᠮᠡᠨᠳᠦ᠍᠎ᠶ᠋ᠢ ᠲᠡᠷᠢᠬᠦᠨ᠎ᠳᠤ ᠳᠠᠯᠪᠢᠬᠤ ᠬᠦᠭ᠌ᠵᠢᠯᠳᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠡᠷᠡᠭᠦᠯ ᠮᠡᠨᠳᠦ᠍᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠳᠦᠷᠢᠮ᠎ᠤᠨ ᠱᠢᠰᠲ᠋ᠧᠮ᠎ᠢ ᠪᠦᠷᠢᠨᠱᠢᠭᠦᠯᠤᠨ᠂ ᠡᠬᠡ ᠤᠷᠤᠨᠴᠢ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠴᠢᠳᠠᠪᠤᠷᠢ᠎ᠶ᠋ᠢ ᠴᠢᠩᠭᠠᠳᠭᠠᠨ᠎ᠠ᠃ ᠡᠮᠨᠡᠯᠭᠡ᠂ ᠡᠮᠨᠡᠯᠭᠡ᠎ᠶ᠋ᠢᠨ ᠳᠠᠭᠠᠳᠭᠠᠯ᠂ ᠡᠮ ᠡᠮᠨᠡᠯᠭᠡ᠎ᠶ᠋ᠢ ᠬᠠᠮᠵᠢᠯᠴᠠᠨ ᠬᠥᠭ᠌ᠵᠢᠬᠦᠯᠭᠦ᠌ ᠪᠠ ᠵᠠᠰᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ᠎ᠢᠶᠠᠷ ᠤᠳᠤᠷᠢᠳᠤᠮᠵᠢ ᠪᠣᠯᠭᠠᠭ᠍ᠰᠠᠨ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠤᠨ᠂ ᠱᠢᠶᠠᠨ ᠲᠣᠭᠤᠷᠢᠭ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠠᠵᠢᠯᠯᠠᠭᠠᠨ᠎ᠤ ᠪᠠᠲᠤᠯᠠᠭ᠎ᠠ᠎ᠶ᠋ᠢ ᠴᠢᠩᠭᠠᠳᠭᠠᠵᠤ᠂ ᠪᠠᠭᠤᠷᠠᠶ ᠲᠤᠰᠭᠠᠶ ᠰᠠᠯᠠᠭᠠᠨ᠎ᠤ ᠪᠠᠢᠭᠤᠯᠤᠯᠲᠠ᠎ᠶ᠋ᠢ ᠴᠢᠩᠭᠠᠳᠭᠠᠨ᠂ᠤᠳᠠᠭᠠᠨ ᠴᠢᠨᠠᠷᠳᠠᠢ ᠡᠪᠡᠳᠴᠢᠨ᠂ ᠬᠤᠪᠤᠷ ᠲᠤᠬᠢᠶᠠᠯᠳᠤᠬᠤ ᠡᠪᠡᠳᠴᠢᠨ᠎ᠦ ᠶᠠᠷᠦᠨᠭᠭᠡᠢᠯᠡᠭᠰᠡᠨ ᠴᠢᠨᠠᠷᠳᠠᠢ ᠰᠡᠷᠭᠡᠢᠯᠠᠨ ᠵᠠᠰᠠᠯᠳᠠ ᠵᠢ ᠴᠢᠨᠭᠭᠠᠳᠬᠠᠵᠦ᠂ ᠲᠦᠷᠭᠡᠨ ᠡᠮᠴᠢᠯᠡᠭᠡ ᠲᠦᠷᠭᠡᠨ ᠠᠪᠤᠷᠠᠯᠲᠠ᠂ ᠴᠢᠰᠤᠨ᠎ᠤ ᠪᠠᠲᠤᠯᠠᠭ᠎ᠠ ᠪᠠ ᠪᠠᠴᠢᠮ ᠪᠠᠢᠳᠠᠯ᠎ᠢ ᠠᠷᠭᠠᠴᠠᠬᠤ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠡᠮᠴᠢᠯᠡᠭᠡᠨ᠎ᠤ ᠪᠠᠢᠭᠤᠯᠤᠮᠵᠢ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠪᠠᠢᠷᠢᠯᠠᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠦᠨᠳᠦᠰᠦᠨ ᠱᠠᠲᠤᠨ᠎ᠤ ᠡᠮ ᠬᠡᠷᠡᠭ᠌ᠯᠡᠬᠦ᠌ ᠵᠣᠯᠭᠠᠯᠳᠤᠯ᠎ᠢ ᠴᠢᠩᠭᠠᠳᠭᠠᠨ᠂ ᠭᠡᠷ ᠪᠦᠯᠢ᠎ᠶ᠋ᠢᠨ ᠡᠮᠴᠢ᠎ᠶ᠋ᠢᠨ ᠭᠡᠷ᠎ᠡ ᠲᠣᠭ᠍ᠲᠠᠬᠤ ᠦᠢᠯᠡᠴᠢᠯᠡᠭᠡ᠎ᠶ᠋ᠢ ᠪᠤᠳᠠᠳᠠᠢᠵᠢᠭᠤᠯᠵᠤ᠂ ᠱᠠᠲᠤ ᠬᠤᠪᠢᠶᠠᠨ ᠣᠨᠣᠱᠢᠯᠠᠨ ᠡᠮᠨᠡᠬᠦ᠌᠎ᠶ᠋ᠢ ᠠᠬᠢᠭᠤᠯᠤᠨ᠎ᠠ᠃ ᠬᠢᠲᠠᠳ ᠡᠮ ᠡᠮᠨᠡᠯᠭᠡ᠎ᠶ᠋ᠢ ᠤᠯᠠᠮᠵᠢᠯᠠᠨ ᠵᠠᠯᠭᠠᠮᠵᠢᠯᠠᠬᠤ ᠪᠠ ᠬᠢᠲᠠᠳ ᠡᠮ ᠡᠮᠨᠡᠯᠭᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠬᠢᠲᠠᠳ ᠡᠮᠨᠡᠯᠭᠡ ᠪᠠ ᠧᠦ᠋ᠷᠣᠫᠠ ᠡᠮᠨᠡᠯᠭᠡ᠎ᠶ᠋ᠢ ᠤᠶᠠᠯᠳᠤᠭᠤᠯᠬᠤ᠎ᠶ᠋ᠢ ᠠᠬᠢᠭᠤᠯᠤᠨ᠎ᠠ᠃ ᠰᠠᠭᠤᠭᠠᠯᠢ ᠠᠷᠠᠳ᠎ᠤᠨ ᠡᠮᠨᠡᠯᠭᠡ᠎ᠶ᠋ᠢᠨ ᠳᠠᠭᠠᠳᠭᠠᠯ᠎ᠤᠨ ᠬᠦᠮᠦᠨ ᠲᠤᠮᠳᠠᠴᠢ᠎ᠶ᠋ᠢᠨ ᠡᠳ᠋᠎ᠤᠨ ᠵᠠᠰᠠᠭ᠎ᠤᠨ ᠨᠦᠬᠦᠪᠦᠷᠢ᠎ᠶ᠋ᠢᠨ ᠪᠠᠷᠢᠮᠵᠢᠶ᠎ᠠ᠎ᠶ᠋ᠢ 24ᠲᠥᠭᠦᠷᠢᠭ ᠳᠡᠭᠡᠭ᠌ᠰᠢᠯᠡᠭᠦᠯᠦᠨ᠎ᠡ᠃ ᠤᠯᠠᠨ ᠲᠡᠰ ᠳᠠᠪᠬᠤᠷᠭᠠᠲᠤ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠦᠨᠳᠦᠰᠦᠨ ᠡᠮᠨᠡᠯᠭᠡ᠎ᠶ᠋ᠢᠨ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠯᠠᠪᠳᠠᠭᠤᠨ᠎ᠢᠶᠠᠷ ᠠᠬᠢᠭᠤᠯᠤᠨ᠂ ᠡᠮ ᠡᠮᠨᠡᠯᠭᠡ᠎ᠶ᠋ᠢᠨ ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠬᠠᠩᠰᠢ᠎ᠶ᠋ᠢᠨ ᠵᠠᠰᠠᠯᠲᠠ᠎ᠶ᠋ᠢ ᠱᠢᠯᠢᠳᠡᠭ᠌ᠵᠢᠭᠦᠯᠵᠦ᠍᠂ ᠡᠮᠨᠡᠯᠭᠡ᠎ᠶ᠋ᠢᠨ ᠳᠠᠭᠠᠳᠭᠠᠯ᠎ᠤᠨ ᠵᠣᠭᠤᠰ ᠲᠦᠯᠦᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠤ᠂ ᠦᠯᠡᠳᠡᠪᠦᠷᠢ ᠪᠡᠯᠡ ᠮᠥᠩᠭᠦ᠎ᠶ᠋ᠢ ᠬᠡᠷᠡᠭ᠌ᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠎ᠡ᠃ ᠳᠠᠭᠠᠳᠭᠠᠯ ᠮᠡᠬᠡᠯᠡᠬᠦ᠌ ᠠᠵᠢᠯᠯᠠᠭ᠎ᠠ᠎ᠳᠤ ᠡᠷᠡᠰ ᠴᠣᠬᠢᠯᠲᠠ ᠥᠭ᠌ᠭᠦᠨ᠎ᠡ᠃ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠢ ᠲᠦᠷᠭᠡᠯᠡᠨ ᠬᠥᠭ᠌ᠵᠢᠭᠦᠯᠵᠦ᠍᠂ ᠱᠢᠨ᠎ᠡ᠎ᠪᠠᠷ ᠡᠭᠦᠳᠦᠭ᠌ᠰᠡᠨ ᠡᠮ ᠪᠠ ᠡᠮᠴᠢᠯᠡᠭᠡᠨ᠎ᠤ ᠪᠠᠭᠠᠵᠢ ᠬᠡᠷᠡᠭ᠌ᠰᠡᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠠᠷᠠᠳ ᠣᠯᠠᠨ᠎ᠤ ᠡᠪᠡᠳᠴᠢᠨ ᠦᠵᠡᠭᠦᠯᠵᠤ ᠡᠮ ᠬᠡᠷᠡᠭ᠌ᠯᠡᠬᠦ᠌ ᠤᠯᠠᠨ ᠡᠱᠢᠵᠢᠭ᠌ᠰᠡᠨ ᠬᠡᠷᠡᠭ᠌ᠴᠡᠭᠡ᠎ᠶ᠋ᠢ ᠨᠠᠩ ᠰᠠᠢᠨ ᠬᠠᠩᠭᠠᠨ᠎ᠠ᠃

ᠨᠡᠢᠭᠡᠮ᠎ᠤᠨ ᠪᠠᠲᠤᠯᠠᠭ᠎ᠠ ᠪᠠ ᠦᠢᠯᠡᠴᠢᠯᠡᠭᠡ᠎ᠶ᠋ᠢ ᠴᠢᠩᠭᠠᠳᠭᠠᠨ᠎ᠠ᠃ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠰᠠᠭᠤᠷᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢᠨ ᠰᠠᠷ᠎ᠠ᠎ᠶ᠋ᠢᠨ ᠨᠠᠭᠠᠲᠤ ᠵᠠᠬ᠎ᠠ᠎ᠶ᠋ᠢᠨ ᠪᠠᠷᠢᠮᠵᠢᠶ᠎ᠠ᠎ᠶ᠋ᠢ ᠲᠠᠬᠢᠭᠠᠳ 20 ᠲᠦᠭᠦᠷᠢᠭ ᠳᠡᠭᠡᠭ᠌ᠰᠢᠯᠡᠭᠦᠯᠦᠨ᠎ᠡ᠃ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠪᠦᠬᠦ᠌ ᠤᠯᠤᠰ᠎ᠲᠤ ᠨᠢᠭᠡᠳᠦᠯᠲᠡᠶ ᠲᠥᠯᠥᠪᠯᠡᠬᠦ᠌ ᠳᠦᠷᠢᠮ᠎ᠢ ᠲᠡᠭᠦᠯᠳᠡᠷᠵᠢᠭᠦᠯᠤᠨ ᠨᠠᠢᠳᠠᠪᠤᠷᠢᠵᠢᠭᠤᠯᠵᠤ᠂ ᠠᠵᠢᠯ ᠠᠯᠳᠠᠯᠳᠠ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠂ ᠠᠵᠢᠯ ᠮᠡᠷᠭᠡᠵᠢᠯ᠎ᠤᠨ ᠬᠦᠨᠦᠭᠡᠯ᠎ᠤᠨ ᠳᠤᠬᠠᠢ ᠪᠠᠲᠤᠯᠠᠭ᠎ᠠ᠎ᠶ᠋ᠢᠨ ᠲᠤᠷᠱᠢᠯᠲᠠ᠎ᠶ᠋ᠢᠨ ᠭᠡᠪᠴᠢᠶ᠎ᠠ᠎ᠶ᠋ᠢ ᠥᠷᠭᠡᠳᠭᠡᠬᠦ᠌᠎ᠶ᠋ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠵᠤ᠂ ᠨᠡᠢᠭᠡᠮ᠎ᠤᠨ ᠳᠠᠭᠠᠳᠭᠠᠯ᠎ᠤᠨ ᠬᠠᠷᠢᠴᠠᠭ᠎ᠠ᠎ᠶ᠋ᠢ ᠱᠢᠯᠵᠢᠭᠦᠯᠦᠨ ᠵᠠᠯᠭᠠᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠪᠦᠷᠢᠨᠱᠢᠬᠦᠯᠤᠨ᠎ᠠ᠃ ᠬᠥᠮᠦᠨ ᠠᠮᠠ᠎ᠶ᠋ᠢᠨ ᠨᠠᠰᠤᠵᠢᠯᠲᠠ᠎ᠶ᠋ᠢ ᠢᠳᠡᠪᠬᠢᠲᠡᠶ ᠠᠷᠭᠠᠴᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠤ᠂ ᠲᠦᠭᠡᠮᠡᠯ ᠬᠠᠷᠠᠭᠠᠯᠵᠠᠯᠲᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠬᠠᠨᠭ᠌ᠭᠠᠯᠭ᠎ᠠ᠎ᠶ᠋ᠢ ᠥᠷᠭᠡᠳᠭᠡᠨ᠂ᠬᠤᠳᠠ ᠵᠢᠨ ᠨᠡᠢᠭᠡᠮ ᠲᠤᠭᠤᠷᠢᠭ  ᠎ᠤᠨ ᠨᠠᠰᠤᠳᠠᠢᠴᠤᠳ᠎ᠢ ᠠᠰᠠᠷᠠᠬᠤ ᠦᠢᠯᠡᠴᠢᠯᠡᠭᠡᠨ᠎ᠦ ᠲᠤᠤᠷ᠎ᠢ ᠪᠦᠷᠢᠨᠰᠢᠬᠦᠯᠵᠦ᠂ ᠬᠥᠳᠡᠭᠡ ᠲᠣᠰᠭᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠢᠳᠡᠪᠬᠢᠲᠡᠢ ᠬᠥᠭ᠌ᠵᠢᠭᠦᠯᠵᠦ᠍᠂ ᠳᠤᠮᠳᠠ ᠵᠡᠷᠭᠡ᠎ᠠᠴᠠ ᠳᠡᠭᠡᠭ᠌ᠰᠢᠬᠢ ᠴᠢᠳᠠᠪᠤᠷᠢ᠎ᠪᠠᠨ ᠠᠯᠳᠠᠬ᠍ᠰᠠᠨ ᠨᠠᠰᠤᠲᠠᠢᠴᠤᠳ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠬᠡᠷᠡᠭ᠌ᠯᠡᠭᠡᠨ᠎ᠤ ᠨᠥᠬᠦᠪᠥᠷᠢ᠎ᠶ᠋ᠢᠨ ᠲᠦᠰᠦᠯ᠎ᠢ ᠬᠡᠷᠡᠭ᠌ᠵᠢᠭᠦᠯᠦᠨ᠎ᠡ᠃ᠡᠮᠨᠡᠬᠦ ᠰᠤᠪᠢᠯᠠᠬᠤ ᠵᠢ ᠤᠶᠠᠯᠳᠤᠭᠤᠯᠤᠭᠰᠠᠨ ᠦᠢᠯᠡᠴᠢᠯᠡᠭᠡ ᠵᠢ ᠬᠦᠭᠵᠢᠬᠦᠯᠦᠨ᠎ᠠ᠃ ᠨᠠᠰᠤᠲᠠᠢᠴᠤᠳ᠎ᠤᠨ ᠬᠦᠮᠦᠨ᠎ᠤ ᠬᠦᠴᠦᠨ᠎ᠤ ᠡᠬᠢ ᠪᠠᠶᠠᠯᠢᠭ᠎ᠢ ᠢᠳᠡᠪᠬᠢᠲᠡᠢ ᠨᠡᠭᠡᠭᠡᠨ ᠠᠱᠢᠭ᠍ᠯᠠᠵᠦ᠍᠂ ᠪᠤᠭᠤᠷᠤᠯᠴᠤᠳ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠨᠠᠰᠤᠲᠠᠢᠴᠤᠳ᠎ᠤᠨ ᠬᠡᠷᠡᠭ᠌ᠯᠡᠭᠡᠨ᠎ᠤ ᠵᠦᠢᠯ ᠪᠠ ᠦᠢᠯᠡᠳᠬᠦᠨ᠂ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦᠨ ᠭᠦᠢᠯᠭᠡᠭᠡ᠂ ᠵᠢᠭᠤᠯᠴᠢᠯᠠᠯ᠎ᠤᠨ ᠨᠠᠰᠤᠵᠢᠯ᠎ᠤᠨ ᠠᠰᠠᠷᠠᠮᠵᠢ ᠵᠡᠷᠭᠡ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃ ᠡᠷᠡᠭᠦᠯᠵᠢᠭᠦᠯᠬᠦ᠌ ᠪᠠ ᠰᠤᠪᠢᠯᠠᠬᠤ᠎ᠶ᠋ᠢᠨ ᠪᠠᠭ᠍ᠲᠠᠭᠠᠮᠵᠢ᠎ᠶ᠋ᠢ᠎ᠨᠢ ᠥᠷᠭᠡᠳᠭᠡᠨ ᠲᠡᠭᠡᠭ᠌ᠰᠢᠯᠡᠬᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠳᠦᠷᠢᠮ᠎ᠢ ᠬᠡᠷᠡᠭ᠌ᠵᠢᠭᠦᠯᠦᠨ᠎ᠡ᠃ ᠭᠠᠨᠢ ᠨᠠᠰᠤᠲᠠᠢᠴᠤᠳ᠂ ᠴᠢᠳᠠᠪᠤᠷᠢ᠎ᠪᠠᠨ ᠠᠯᠳᠠᠭ᠍ᠰᠠᠨ ᠪᠠ ᠤᠶᠤᠨ ᠴᠢᠳᠡᠪᠤᠷᠢ᠎ᠪᠠᠨ ᠠᠯᠳᠠᠭ᠍ᠰᠠᠨ ᠵᠡᠷᠭᠡ ᠬᠦᠴᠢᠷᠳᠡᠯᠲᠡᠶ ᠬᠠᠮᠲᠤᠯᠢᠭ᠎ᠢ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠨ᠎ᠡ᠃ ᠤᠷᠤᠭ᠍ᠯᠠᠬᠤ ᠦᠷᠡᠵᠢᠬᠦ᠌ ᠢᠳᠡᠪᠬᠢᠲᠡᠢ ᠦᠵᠡᠯᠲᠡ᠎ᠶ᠋ᠢ ᠰᠠᠨᠠᠭᠠᠴᠢᠯᠠᠵᠦ᠂ᠦᠷᠡᠵᠢᠯ᠎ᠤᠨ ᠨᠦᠬᠦᠷᠰᠡᠭ ᠬᠡᠯᠪᠡᠷᠢ ᠵᠢᠨ ᠨᠠᠢᠭᠡᠮ᠎ᠢ ᠪᠦᠳᠦᠭᠡᠨ ᠪᠠᠢᠭᠤᠯᠤᠨ᠎ᠠ᠃ ᠠᠩᠬ᠎ᠠ ᠤᠷᠤᠭ᠍ᠯᠠᠵᠤ ᠠᠩᠬ᠎ᠠ ᠬᠡᠤᠬᠡᠳ ᠠᠪᠤᠭ᠍ᠰᠠᠨ ᠭᠡᠷ ᠪᠦᠯᠢ᠎ᠶ᠋ᠢᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ᠂ ᠣᠯᠠᠨ ᠦᠷ᠎ᠡ ᠬᠡᠤᠬᠡᠳ᠎ᠲᠠᠢ ᠭᠡᠷ ᠪᠦᠯᠢ᠎ᠶ᠋ᠢᠨ ᠰᠠᠢᠵᠢᠷᠠᠭᠤᠯᠬᠤ ᠴᠢᠨᠠᠷᠲᠠᠶ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠳᠠᠮᠵᠢᠨ᠎ᠠ᠃ ᠦᠷᠡᠵᠢᠯ᠎ᠤᠨ ᠳᠠᠭᠠᠳᠭᠠᠯ᠎ᠤᠨ ᠲᠦᠷᠢᠮ ᠪᠠ ᠦᠷᠡᠵᠢᠯ᠎ᠤᠨ ᠠᠮᠠᠷᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠨᠡᠢᠳᠡᠨ ᠰᠠᠭᠠᠲᠠᠭᠤᠯᠬᠤ ᠦᠢᠯᠡᠴᠢᠯᠡᠭᠡᠨ᠎ᠤ ᠨᠥᠬᠦᠪᠥᠷᠢ᠎ᠶ᠋ᠢᠨ ᠵᠢᠱ᠌ᠢᠶ᠎ᠡ ᠦᠵᠡᠭᠦᠯᠬᠦ᠌ ᠲᠤᠷᠱᠢᠯᠲᠠ᠎ᠶ᠋ᠢ ᠭᠦᠨᠵᠡᠭᠡᠢᠷᠡᠬᠦᠯᠦᠨ ᠥᠷᠨᠢᠭᠦᠯᠵᠦ᠍᠂ ᠨᠡᠢᠳᠡᠨ ᠰᠠᠭᠠᠳᠠᠭᠤᠯᠬᠤ ᠪᠠ ᠬᠡᠦᠬᠡᠳ ᠰᠠᠭᠠᠳᠠᠭᠤᠯᠬᠤ᠎ᠶ᠋ᠢ ᠨᠢᠭᠡ ᠴᠤᠬ᠍ᠴᠠᠵᠢᠭᠤᠯᠤᠬ᠍ᠰᠠᠨ ᠲᠦᠭᠡᠮᠡᠯ ᠬᠠᠷᠠᠭᠠᠯᠵᠠᠯᠳᠤ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃ ᠵᠡᠮᠳᠡᠭ᠌ᠷᠡᠬᠦ᠌᠎ᠶ᠋ᠢ ᠤᠷᠢᠳᠴᠢᠯᠠᠨ ᠰᠡᠷᠭᠡᠢᠯᠡᠬᠦ᠂ ᠵᠡᠮᠲᠡᠭ᠌ᠴᠦᠳ᠎ᠢ ᠡᠷᠡᠭᠦᠯᠵᠢᠭᠦᠯᠬᠦ᠌ ᠪᠠ ᠨᠠᠢᠳᠠᠨ ᠠᠰᠠᠷᠠᠭᠤᠯᠬᠤ ᠬᠠᠷᠠᠭᠠᠯᠵᠠᠨ ᠰᠣᠪᠢᠯᠠᠬᠤ ᠦᠢᠯᠡᠴᠢᠯᠡᠭᠡ᠎ᠶ᠋ᠢ ᠴᠢᠩᠭᠠᠳᠭᠠᠵᠤ᠂ ᠨᠠᠰᠤᠲᠡᠢᠴᠤᠳ᠎ᠢ ᠠᠰᠠᠷᠠᠬᠤ ᠪᠠ ᠵᠡᠮᠳᠡᠭ᠌ᠴᠦᠳ᠎ᠢ ᠲᠤᠰᠠᠯᠠᠬᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠠᠱᠢᠭ᠍ᠯᠠᠬᠤ᠎ᠶ᠋ᠢ ᠠᠬᠢᠭᠤᠯᠤᠨ᠎ᠠ᠃ ᠬᠦᠴᠢᠷᠳᠡᠯ᠎ᠳᠤ ᠳᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠢᠯᠡᠴᠢᠯᠡᠭᠡ᠎ᠶ᠋ᠢ ᠰᠠᠢᠲᠤᠷ ᠬᠢᠵᠦ᠍᠂ ᠡᠮᠡᠭ᠌ᠲᠡᠢᠴᠦᠳ ᠪᠠ ᠬᠡᠦᠬᠡᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃ ᠴᠡᠷᠢᠭ᠎ᠤᠨ ᠬᠦᠮᠦᠨ ᠪᠠ ᠴᠡᠷᠢᠭ᠎ᠤᠨ ᠭᠡᠷ ᠪᠦᠯᠢ᠂ ᠴᠡᠷᠢᠭ᠎ᠤᠨ ᠠᠯᠪᠠ᠎ᠠᠴᠠ ᠪᠠᠭᠤᠭ᠍ᠰᠠᠳ ᠪᠠ ᠪᠤᠰᠤᠳ ᠠᠰᠠᠷᠠᠭ᠍ᠳᠠᠨ ᠬᠠᠷᠠᠭᠠᠯᠵᠠᠬ᠍ᠳᠠᠬᠤ ᠡᠲᠡᠭᠡᠳ᠎ᠲᠤ ᠬᠠᠨᠳᠤᠭᠤᠯᠤᠭ᠍ᠰᠠᠨ ᠦᠢᠯᠡᠴᠢᠯᠡᠭᠡ ᠪᠠᠲᠤᠯᠠᠭ᠎ᠠ᠎ᠶ᠋ᠢ ᠴᠢᠩᠭᠠᠳᠭᠠᠨ᠎ᠠ᠃ ᠣᠷᠣᠱᠢᠭᠤᠯᠭ᠎ᠠ᠎ᠶ᠋ᠢᠨ ᠦᠨᠳᠦᠰᠦᠨ ᠦᠢᠯᠡᠴᠢᠯᠡᠭᠡᠨ᠎ᠤ ᠲᠦᠷᠢᠮ᠎ᠢ ᠪᠠᠢᠭᠤᠯᠤᠨ ᠪᠦᠷᠢᠨᠱᠢᠭᠦᠯᠦᠨ᠎ᠠ᠃ ᠨᠡᠢᠭᠡᠮ᠎ᠤᠨ ᠠᠪᠤᠷᠠᠨ ᠲᠤᠰᠠᠯᠠᠬᠤ ᠠᠵᠢᠯ᠎ᠢ ᠱᠠᠲᠤ ᠬᠤᠪᠢᠶᠠᠨ ᠲᠥᠷᠥᠯ ᠬᠤᠪᠢᠶᠠᠨ ᠰᠠᠢᠲᠤᠷ ᠬᠢᠵᠦ᠍᠂ ᠠᠷᠠᠳ᠎ᠤᠨ ᠠᠮᠢᠳᠤᠷᠠᠯ᠎ᠢ ᠪᠠᠲᠤᠯᠠᠬᠤ ᠬᠢᠵᠠᠭᠠᠷ ᠱᠤᠭᠤᠮ᠎ᠢ ᠪᠠᠲᠤ ᠰᠠᠬᠢᠨ᠎ᠠ᠃

ᠠᠷᠠᠳ ᠤᠯᠠᠨ᠎ᠤ ᠣᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠨᠡᠩ ᠰᠠᠢᠨ ᠬᠠᠩᠭᠠᠨ᠎ᠠ᠃ ᠨᠡᠢᠭᠡᠮ ᠵᠢᠷᠤᠮ᠎ᠤᠨ ᠭᠤᠣᠯᠯᠠᠬᠤ ᠦᠷᠳᠡᠭ᠎ᠤᠨ ᠦᠵᠡᠯᠲᠡ᠎ᠪᠠᠷ ᠰᠣᠶᠣᠯ᠎ᠤᠨ ᠪᠠᠢᠭᠤᠯᠤᠯᠲᠠ᠎ᠶ᠋ᠢ ᠬᠥᠲᠥᠯᠥᠨ ᠳᠠᠭᠠᠭᠤᠯᠤᠨ᠎ᠠ᠃ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠦᠢᠯᠡᠰ᠎ᠢ ᠬᠥᠭ᠌ᠵᠢᠭᠦᠯᠵᠦ᠍᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠭ᠎ᠠ ᠵᠣᠬᠢᠶᠠᠯ ᠤᠷᠠᠯᠢᠭ ᠵᠡᠷᠭᠡ ᠬᠦᠷᠢᠶᠡᠨ᠎ᠳᠠᠬᠢ ᠰᠣᠳᠣᠨ ᠪᠦᠲᠦᠭᠡᠯ᠎ᠤᠨ ᠵᠣᠬᠢᠶᠠᠨ ᠪᠦᠲᠦᠭᠡᠯᠭᠡ᠎ᠶ᠋ᠢ ᠠᠬᠢᠭᠤᠯᠵᠦ᠂ ᠬᠡᠪᠯᠡᠯ᠎ᠤᠨ ᠦᠢᠯᠡᠰ᠎ᠤᠨ ᠦᠷᠨᠢᠨᠭᠭᠦᠢ ᠦᠢᠯᠡᠰ᠎ᠢ ᠲᠠᠮᠵᠢᠨ᠎ᠠ᠃ ᠰᠦᠯᠵᠢᠶᠡᠨ᠎ᠤ ᠠᠭᠤᠯᠭ᠎ᠠ᠎ᠶ᠋ᠢᠨ ᠪᠠᠢᠭᠤᠯᠤᠯᠲᠠ ᠪᠠ ᠬᠠᠮᠢᠶᠠᠷᠤᠯᠲᠠ᠎ᠶ᠋ᠢ ᠴᠢᠩᠭᠠᠳᠭᠠᠵᠤ᠂ ᠰᠦᠯᠵᠢᠶᠡᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢ ᠭᠦᠨᠵᠡᠭᠡᠢᠷᠡᠭᠦᠯᠵᠦ᠍᠂ ᠨᠠᠰᠤᠨ᠎ᠳᠤ ᠦᠯᠤ ᠬᠥᠷᠦᠭ᠌ᠰᠡᠳ᠂ᠨᠠᠰᠤᠳᠠᠢᠴᠤᠳ᠎ᠤᠨ ᠰᠦᠯᠵᠢᠶᠡᠨ᠎ᠤ ᠬᠠᠮᠠᠭᠠᠯᠠᠯᠲᠠ᠎ᠶ᠋ᠢ ᠠᠬᠢᠭᠤᠯᠤᠨ᠎ᠠ᠃ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠣᠯᠠᠨ ᠨᠡᠢᠲᠡ᠎ᠶ᠋ᠢᠨ ᠨᠣᠮ᠎ᠤᠨ ᠰᠠᠩ᠂ ᠮᠦᠽᠧᠶ᠂ ᠰᠣᠶᠣᠯ᠎ᠤᠨ ᠣᠷᠳᠣᠨ ᠵᠡᠷᠭᠡ᠎ᠶ᠋ᠢ ᠠᠷᠠᠳ᠎ᠲᠤ ᠠᠱᠢᠭ ᠬᠦᠷᠲᠡᠭᠡᠨ ᠨᠡᠭᠡᠭᠡᠬᠦ᠌ ᠠᠵᠢᠯ᠎ᠢ ᠰᠠᠢᠲᠤᠷ ᠬᠢᠵᠦ᠍᠂ ᠠᠷᠠᠳ ᠨᠡᠢᠲᠠ᠎ᠪᠠᠷ᠎ᠢᠶᠠᠨ ᠨᠣᠮ ᠤᠩᠱᠢᠬᠤ᠎ᠶ᠋ᠢ ᠳᠡᠯᠭᠡᠷᠡᠭᠦᠯᠬᠦ᠌ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ᠪᠤᠳᠠᠳᠤ ᠨᠤᠮ᠎ᠤᠨ ᠲᠡᠯᠭᠡᠬᠦᠷ᠎ᠤᠨ ᠬᠦᠭᠵᠢᠯᠳᠠ ᠵᠢ ᠲᠠᠮᠵᠢᠨ᠂ ᠤᠯᠠᠨ ᠲᠦᠮᠡᠨᠴᠢ ᠴᠢᠨᠠᠷᠲᠠᠶ ᠰᠣᠶᠣᠯ᠎ᠤᠨ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠢᠨᠲ᠋ᠧᠷ ᠰᠦᠯᠵᠢᠶᠡᠨ᠎ᠤ ᠨᠥᠬᠦᠴᠡᠯ ᠳᠣᠣᠷᠠᠬᠢ ᠱᠢᠨ᠎ᠡ ᠣᠯᠠᠨ ᠲᠥᠮᠡᠨᠴᠢ ᠣᠳᠭ᠎ᠠ ᠤᠷᠠᠯᠢᠭ᠎ᠢ ᠴᠡᠴᠡᠭ᠌ᠯᠡᠭᠦᠯᠦᠨ᠎ᠡ᠃ ᠳᠠᠩᠰᠠ ᠡᠪᠬᠡᠮᠡᠯ᠎ᠤᠨ ᠦᠢᠯᠡᠰ᠎ᠢ ᠬᠥᠭ᠌ᠵᠢᠭᠦᠯᠦᠨ᠎ᠡ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠵᠤ ᠬᠥᠭ᠌ᠵᠢᠭᠦᠯᠬᠦ᠌ ᠢᠨᠵᠧᠨᠧᠷᠢᠩ᠎ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠳᠥᠷᠪᠡᠳᠦᠭᠡᠷ ᠤᠳᠠᠭᠠᠨ᠎ᠤ ᠪᠦᠬᠦ᠌ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯ᠎ᠤᠨ ᠨᠡᠢᠳᠡᠮ ᠪᠠᠢᠴᠠᠭᠠᠯᠲᠠ᠎ᠶ᠋ᠢ ᠪᠡᠶᠡᠯᠡᠭᠦᠯᠵᠦ᠍᠂ ᠰᠣᠶᠣᠯ᠎ᠤᠨ ᠥᠪ᠎ᠢ ᠱᠢᠰᠲ᠋ᠧᠮᠲᠤ ᠴᠢᠨᠠᠷᠲᠠᠢ ᠬᠠᠮᠠᠭᠠᠯᠠᠬᠤ᠂ ᠬᠢᠨᠠᠨ ᠬᠠᠮᠢᠶᠠᠷᠬᠤ ᠪᠣᠯᠤᠨ ᠵᠦᠶ ᠵᠣᠬᠢᠰ᠎ᠲᠠᠢ ᠠᠱᠢᠭ᠍ᠯᠠᠬᠤ᠎ᠶ᠋ᠢ ᠴᠢᠩᠭᠠᠳᠭᠠᠨ᠎ᠠ᠃ ᠰᠣᠶᠣᠯ ᠵᠢᠭᠤᠯᠴᠢᠯᠠᠯ᠎ᠤᠨ ᠦᠢᠯᠡᠰ᠎ᠢ ᠴᠢᠨᠠᠷ ᠰᠠᠢᠲᠠᠶ ᠬᠥᠭ᠌ᠵᠢᠭᠦᠯᠵᠦ᠍᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ ᠵᠡᠷᠭᠡ ᠠᠭᠤᠰᠤᠯᠴᠠᠭ᠍ᠰᠠᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠪᠠᠶᠠᠯᠢᠬ᠍ᠵᠢᠭᠤᠯᠤᠨ᠎ᠠ᠃ ᠨᠡᠩ ᠤᠯᠠᠨ ᠰᠣᠶᠣᠯ᠎ᠤᠨ ᠠᠵᠤ ᠠᠬᠤᠢᠯᠠᠯ ᠪᠠ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠤ ᠳᠡᠯᠡᠬᠡᠶ᠎ᠳᠤ ᠭᠠᠷᠴᠤ᠌ ᠤᠴᠢᠬᠤ᠎ᠶ᠋ᠢ ᠵᠣᠷᠢᠬ᠍ᠵᠢᠭᠤᠯᠵᠤ᠂ ᠭᠤᠣᠯ ᠤᠷᠤᠰᠭᠠᠯ᠎ᠤᠨ ᠵᠠᠭᠤᠴᠢᠯᠠᠭᠤᠷ᠎ᠤᠨ ᠣᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠴᠢᠳᠠᠪᠤᠷᠢ᠎ᠶ᠋ᠢ ᠴᠢᠩᠭᠠᠳᠭᠠᠨ᠎ᠠ᠃ 2026 ᠣᠨ᠎ᠤ ᠠᠽᠢᠶ᠎ᠠ ᠲᠢᠪ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ᠠᠽᠢᠶ᠎ᠠ ᠲᠢᠪ᠎ᠤᠨ ᠵᠡᠮᠳᠡᠭᠴᠤᠳ᠎ᠤᠨ ᠪᠠᠶ᠎ᠠ ᠵᠢᠨ ᠲᠠᠮᠢᠷ᠎ᠤᠨ ᠴᠤᠭᠯᠠᠭᠠᠨ᠎ᠤ ᠤᠷᠤᠯᠳᠤᠭᠠᠨ᠎ᠳᠤ ᠪᠡᠯᠡᠳᠭᠡᠬᠦ᠌ ᠪᠠ ᠣᠷᠣᠯᠴᠠᠬᠤ ᠠᠵᠢᠯ᠎ᠢ ᠰᠠᠢᠲᠤᠷ ᠬᠢᠨ᠎ᠠ᠃ ᠬᠥᠯ ᠪᠥᠮᠪᠦᠭᠡ᠎ᠶ᠋ᠢᠨ ᠵᠠᠯᠠᠭᠤᠴᠤᠳ᠎ᠤᠨ ᠪᠣᠯᠪᠠᠰᠤᠷᠠᠯ᠎ᠤᠨ ᠱᠢᠰᠲ᠋ᠧᠮ᠎ᠢ ᠲᠦᠷᠭᠡᠯᠡᠨ ᠲᠠᠬᠢᠨ ᠴᠣᠭ᠍ᠴᠠᠯᠠᠨ᠎ᠠ᠃ ᠤᠷᠤᠯᠳᠤᠭᠠᠨ᠎ᠤ ᠠᠵᠤ ᠠᠬᠤᠶ᠂ ᠮᠥᠰᠥ᠍ ᠴᠠᠰᠤᠨ᠎ᠤ ᠠᠵᠤ ᠠᠬᠤᠶ᠂ ᠭᠡᠷ᠎ᠤᠨ ᠭᠠᠳᠠᠨᠠᠬᠢ ᠲᠠᠮᠢᠷ᠎ᠤᠨ ᠬᠥᠳᠡᠯᠭᠡᠭᠡᠨ᠎ᠢ ᠢᠳᠡᠪᠬᠢᠲᠡᠢ ᠬᠥᠭ᠌ᠵᠢᠭᠦᠯᠵᠦ᠍᠂ ᠤᠯᠠᠨ ᠲᠦᠮᠡᠨ᠎ᠤ ᠳᠡᠷᠭᠡᠳᠡᠬᠢ ᠲᠠᠮᠢᠷ᠎ᠤᠨ ᠲᠠᠯᠠᠪᠤᠷ ᠲᠥᠬᠦᠭᠡᠷᠦᠮᠵᠢ᠎ᠶ᠋ᠢ ᠰᠠᠢᠲᠤᠷ ᠪᠠᠢᠭᠤᠯᠤᠨ ᠰᠠᠢᠲᠤᠷ ᠬᠡᠷᠡᠭ᠌ᠯᠡᠵᠦ᠍᠂ ᠨᠡᠩ ᠤᠯᠠᠨ ᠣᠨᠴᠠᠯᠢᠭ᠍ᠳᠤ ᠤᠯᠠᠨ ᠲᠦᠮᠡᠨ᠎ᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ᠎ᠶ᠋ᠢ ᠪᠤᠢᠵᠢᠭᠤᠯᠤᠨ᠎ᠠ᠃

(ᠶᠢᠰᠦ) ᠪᠦᠬᠦ᠌ ᠲᠠᠯ᠎ᠠ᠎ᠶ᠋ᠢᠨ ᠨᠤᠭᠤᠭᠠᠨ ᠬᠤᠪᠢᠷᠠᠭᠤᠯᠤᠯᠳᠠ᠎ᠶ᠋ᠢ ᠲᠦᠷᠭᠡᠯᠡᠨ ᠠᠬᠢᠭᠤᠯᠤᠨ᠎ᠠ᠃ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ᠎ᠪᠠᠷ ᠬᠦᠳᠦᠯᠦᠮᠵᠢ ᠪᠣᠯᠭᠠᠵᠤ᠂ ᠨᠡᠬᠦᠷᠡᠰᠤᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠡ᠎ᠶ᠋ᠢ ᠪᠠᠭᠤᠷᠠᠭᠤᠯᠬᠤ᠂ ᠪᠤᠬᠢᠷᠳᠤᠯ᠎ᠢ ᠪᠠᠭᠠᠰᠭᠠᠬᠤ᠂ ᠨᠤᠭᠤᠭᠠᠷᠠᠭᠤᠯᠤᠯᠳᠠ᠎ᠶ᠋ᠢ ᠦᠷᠭᠡᠳᠭᠡᠬᠦ᠂ ᠠᠵᠤ ᠠᠬᠤᠢ᠎ᠶ᠋ᠢ ᠨᠡᠮᠡᠭ᠌ᠳᠡᠬᠦᠯᠬᠦ᠌᠎ᠶ᠋ᠢ ᠬᠠᠮᠵᠢᠯᠴᠠᠭᠤᠯᠤᠨ ᠠᠬᠢᠭᠤᠯᠵᠦ᠍᠂ ᠨᠤᠭᠤᠭᠠᠨ ᠬᠥᠭ᠌ᠵᠢᠯᠲᠡ᠎ᠶ᠋ᠢᠨ ᠬᠥᠳᠡᠯᠭᠡᠭ᠌ᠴᠢ ᠡᠨᠧᠷᠭᠢ᠎ᠶ᠋ᠢ ᠨᠡᠮᠡᠭ᠌ᠳᠡᠭᠦᠯᠦᠨ᠎ᠡ᠃

ᠠᠮᠢ ᠠᠬᠤᠶ᠎ᠶ᠋ᠢᠨ ᠣᠷᠴᠢᠨ ᠨᠥᠬᠦᠴᠡᠯ᠎ᠢ ᠶᠡᠷᠦᠩᠬᠡᠢᠯᠡᠨ ᠵᠠᠰᠠᠬᠤ ᠠᠵᠢᠯ᠎ᠢ ᠴᠢᠩᠭᠠᠳᠭᠠᠨ᠎ᠠ᠃ ᠴᠡᠯᠮᠡᠭ ᠲᠡᠭ᠌ᠷᠢ᠂ ᠲᠤᠩᠭᠠᠯᠠᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠨ᠎ᠢ ᠭᠦᠨᠵᠡᠭᠡᠢᠷᠡᠬᠦᠯᠦᠨ ᠰᠠᠢᠲᠤᠷ ᠬᠢᠵᠦ᠍᠂ ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠠᠵᠢᠯᠯᠠᠭ᠎ᠠ᠎ᠶ᠋ᠢᠨ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠱᠢᠶᠠᠨ᠎ᠤ ᠬᠤᠲᠠ ᠪᠣᠯᠤᠨ ᠬᠥᠳᠡᠭᠡ ᠲᠣᠰᠭᠤᠨ᠎ᠤ ᠪᠣᠬᠢᠷ ᠦᠮᠡᠬᠡᠶ ᠤᠰᠤᠨ ᠴᠣᠭ᠍ᠴᠠ᠎ᠶ᠋ᠢ ᠵᠠᠰᠠᠬᠤ᠎ᠶ᠋ᠢ ᠠᠬᠢᠭᠤᠯᠵᠤ᠂ ᠭᠤᠣᠯᠳᠠᠯᠭ᠎ᠠ᠎ᠲᠠᠢ ᠠᠵᠢᠯ ᠲᠥᠷᠥᠯ᠎ᠤᠨ ᠪᠣᠬᠢᠷᠲᠤᠭ᠍ᠰᠠᠨ ᠭᠠᠵᠠᠷ᠎ᠤᠨ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠨ᠎ᠠ᠃ ᠱᠢᠨ᠎ᠡ ᠪᠣᠬᠢᠷᠲᠤᠭᠤᠯᠬᠤ ᠪᠣᠳᠠᠰ᠎ᠢ ᠵᠠᠰᠠᠬᠤ᠎ᠶ᠋ᠢ ᠴᠢᠩᠭᠠᠳᠭᠠᠵᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠣᠯᠠᠨ ᠡᠱᠢᠵᠢᠭ᠌ᠰᠡᠨ ᠠᠮᠢ ᠠᠬᠤᠢ᠎ᠶ᠋ᠢᠨ ᠨᠥᠬᠦᠪᠥᠷᠢ ᠥᠭ᠌ᠬᠦ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠮᠢ ᠠᠬᠤᠢ᠎ᠶ᠋ᠢᠨ ᠪᠦᠲᠦᠭᠡᠭ᠌ᠳᠡᠬᠦᠨ᠎ᠤ ᠥᠷᠲᠡᠭ᠎ᠢ ᠪᠡᠶᠡᠯᠡᠭᠦᠯᠬᠦ᠌ ᠠᠷᠭ᠎ᠠ ᠵᠠᠮ᠎ᠢ ᠥᠷᠭᠡᠳᠭᠡᠨ᠎ᠡ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠬᠥᠬᠡᠮᠥ᠋ᠷᠡᠨ᠎ᠳᠤ ᠵᠢᠭᠠᠰᠤ ᠠᠩᠨᠠᠬᠤ᠎ᠶ᠋ᠢ ᠠᠷᠪᠠᠨ ᠵᠢᠯ ᠴᠠᠭᠠᠵᠠᠯᠠᠬᠤ᠎ᠶ᠋ᠢ ᠰᠠᠢᠲᠤᠷ ᠬᠡᠷᠡᠭ᠌ᠵᠢᠭᠦᠯᠦᠨ᠎ᠡ᠃ ᠠᠭᠤᠯᠠ ᠤᠰᠤ ᠣᠶ ᠱᠢᠭᠤᠶ ᠲᠠᠷᠢᠶᠡᠨ ᠭᠠᠵᠠᠷ ᠨᠠᠭᠤᠷ ᠲᠤᠭᠤᠷᠢᠮ ᠡᠪᠡᠰᠦ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠠᠢ᠎ᠪᠠᠷ ᠵᠠᠰᠠᠬᠤ᠎ᠶ᠋ᠢ ᠪᠠᠷᠢᠮᠲᠠᠯᠠᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠢ ᠡᠮᠬᠢᠯᠡᠨ ᠨᠡᠢᠯᠡᠭᠦᠯᠵᠦ᠍ ᠱᠢᠯᠢᠳᠡᠭ᠌ᠵᠢᠭᠦᠯᠬᠦ᠌᠎ᠶ᠋ᠢ ᠬᠡᠷᠡᠭ᠌ᠵᠢᠭᠦᠯᠵᠦ᠍᠂ ᠤᠯᠤᠰ᠎ᠤᠨ ᠴᠡᠴᠡᠷᠯᠢᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ 《ᠭᠤᠷᠪᠠᠨ ᠤᠮᠠᠷᠠᠲᠦ》 ᠎ᠶ᠋ᠢᠨ ᠢᠨᠵᠧᠨᠧᠷᠢᠩ᠎ᠤᠨ ᠪᠡᠷᠭᠡ ᠰᠡᠳᠦᠪ᠎ᠢ ᠱᠢᠢᠳᠪᠤᠷᠢᠯᠡᠭᠦ᠌ ᠳᠠᠢᠨ᠎ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠣᠯᠠᠨ᠎ᠤ ᠳᠡᠷᠭᠡᠳᠡᠬᠢ ᠠᠭᠤᠯᠠ᠎ᠶ᠋ᠢ ᠨᠠᠩ ᠨᠣᠭᠤᠭᠠᠨ᠂ ᠤᠰᠤ᠎ᠶ᠋ᠢ ᠨᠠᠩ ᠲᠤᠩᠭᠠᠯᠠᠭ ᠪᠣᠯᠭᠠᠨ᠎ᠠ᠃

ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠠᠵᠤ ᠠᠬᠤᠶ᠎ᠶ᠋ᠢ ᠶᠡᠭᠡ᠎ᠪᠠᠷ ᠬᠥᠭ᠌ᠵᠢᠭᠦᠯᠦᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠭᠤᠣᠯᠳᠠᠯᠭ᠎ᠠ᠎ᠲᠠᠢ ᠠᠵᠢᠯ ᠲᠥᠷᠥᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠥᠪᠡᠷ᠎ᠤᠨ ᠥᠷᠲᠡᠭ᠎ᠢ ᠪᠠᠭᠤᠷᠠᠭᠤᠯᠤᠨ ᠨᠡᠭᠦᠷᠡᠰᠦᠲᠥ᠋ᠷᠥᠭ᠌ᠴᠢ᠎ᠶ᠋ᠢ ᠪᠠᠭᠤᠷᠠᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠲᠡᠭ ᠨᠡᠬᠦᠷᠡᠰᠦᠳᠦ᠋ᠷᠦᠭ᠌ᠴᠢᠲᠦ ᠬᠦᠷᠢᠶᠡᠯᠡᠩ ᠲᠤᠭᠤᠷᠢᠭ ᠪᠠ ᠦᠢᠯᠡᠳᠪᠦᠷᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠬᠤᠪᠢᠷᠠᠭᠤᠯᠤᠯᠲᠠ᠎ᠶ᠋ᠢᠨ ᠰᠠᠭᠤᠷᠢ ᠮᠥᠩᠭᠦ᠎ᠶ᠋ᠢ ᠪᠠᠢᠭᠤᠯᠵᠤ᠂ ᠤᠰᠤᠲᠥ᠋ᠷᠥᠭ᠌ᠴᠢ ᠡᠨᠧᠷᠭᠢ᠂ ᠨᠣᠭᠤᠭᠠᠨ ᠲᠦᠯᠡᠰᠢ ᠵᠡᠷᠭᠡ ᠱᠢᠨ᠎ᠡ ᠨᠡᠮᠡᠭ᠌ᠳᠡᠯ᠎ᠤᠨ ᠴᠡᠭ᠎ᠢ ᠪᠤᠢᠵᠢᠭᠤᠯᠤᠨ᠎ᠠ᠃ ᠡᠨᠧᠷᠭᠢ᠎ᠶ᠋ᠢᠨ ᠬᠤᠷᠣᠭ᠍ᠳᠠᠭᠤᠯᠤᠯ ᠶᠡᠬᠡᠲᠡᠶ ᠭᠠᠳᠠᠭ᠍ᠰᠢᠯᠠᠭᠤᠯᠤᠯᠲᠠ ᠶᠡᠬᠡᠲᠡᠶ ᠲᠥᠰᠣᠯ᠎ᠢ ᠬᠦᠴᠦᠲᠡᠶ ᠪᠥᠭᠡᠳ ᠪᠦᠲᠦᠮᠵᠢᠲᠡᠶ ᠬᠠᠮᠢᠶᠠᠷᠤᠨ ᠡᠵᠡᠮᠳᠡᠵᠦ᠍᠂ ᠬᠤᠴᠣᠷᠤᠩᠭᠤᠶ ᠦᠢᠯᠡᠳᠪᠦᠷᠢᠯᠡᠬᠦ᠌ ᠴᠢᠳᠠᠪᠤᠷᠢ᠎ᠶ᠋ᠢ ᠲᠦᠷᠭᠡᠯᠡᠨ ᠱᠢᠭ᠌ᠰᠢᠭ᠌ᠳᠡᠭᠦᠯᠵᠦ᠍᠂ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠮᠡᠷᠭᠡᠵᠢᠯ ᠲᠣᠨᠣᠭ᠍ᠯᠠᠯ᠎ᠤᠨ ᠱᠢᠨ᠎ᠡ ᠡᠭᠦᠳᠦᠯᠲᠡ᠎ᠶ᠋ᠢᠨ ᠬᠡᠷᠡᠭ᠌ᠯᠡᠯᠲᠡ᠎ᠶ᠋ᠢ ᠳᠡᠮᠵᠢᠨ᠎ᠡ᠃ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ᠎ᠶ᠋ᠢ ᠬᠠᠮᠢᠶᠠᠷᠬᠤ ᠪᠠ ᠪᠦᠬᠦ᠌ ᠲᠠᠯ᠎ᠠ᠎ᠪᠠᠷ ᠠᠷᠪᠢᠯᠠᠬᠤ ᠳᠦᠷᠢᠮ᠎ᠢ ᠲᠡᠭᠦᠯᠳᠡᠷᠵᠢᠭᠦᠯᠵᠦ᠍᠂ ᠳᠠᠬᠢᠨ ᠡᠬᠦᠰᠭᠦ ᠡᠬᠢ ᠪᠠᠶᠠᠯᠢᠭ᠎ᠢ ᠣᠷᠴᠢᠯᠳᠤᠭᠤᠯᠤᠨ ᠠᠱᠢᠭ᠍ᠯᠠᠬᠤ᠎ᠶ᠋ᠢ ᠴᠢᠩᠭᠠᠳᠭᠠᠨ᠎ᠠ᠃

ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠢ ᠪᠦᠭᠡᠳ ᠯᠠᠪᠳᠠᠭᠤᠨ᠎ᠢᠶᠠᠷ ᠠᠬᠢᠭᠤᠯᠤᠨ᠎ᠠ᠃ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ ᠪᠠ ᠬᠦᠴᠦᠯᠡᠴᠡ᠎ᠶ᠋ᠢᠨ ᠬᠤᠣᠰ ᠬᠢᠵᠠᠭᠠᠷᠯᠠᠯ᠎ᠤᠨ ᠳᠦᠷᠢᠮ᠎ᠢ ᠬᠡᠷᠡᠭ᠌ᠵᠢᠭᠦᠯᠵᠦ᠍᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠦᠷᠢᠳᠭᠡᠵᠦ᠍ ᠲᠣᠭᠠᠴᠠᠭ᠎ᠠ ᠬᠢᠬᠦ᠂ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠤᠨ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠠᠮᠤᠷᠬᠤ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠨ᠎ᠡ᠃ ᠡᠨᠧᠷᠭᠢ᠎ᠶ᠋ᠢᠨ ᠰᠤᠷᠪᠤᠯᠵᠢ᠎ᠶ᠋ᠢᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠲᠥᠯᠥᠪᠵᠢᠭᠦᠯᠭᠡ᠎ᠶ᠋ᠢᠨ ᠲᠣᠪᠴᠢ᠎ᠶ᠋ᠢ ᠲᠣᠭ᠍ᠲᠠᠭᠠᠨ᠎ᠡ᠃ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠤ ᠱᠢᠰᠲ᠋ᠧᠮ᠎ᠢ ᠬᠦᠴᠦᠯᠡᠨ ᠪᠠᠢᠭᠤᠯᠵᠤ᠂ ᠤᠶᠤᠨᠴᠢ ᠴᠠᠬᠢᠯᠭᠠᠨ ᠲᠣᠤᠷ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠱᠢᠨ᠎ᠡ ᠬᠡᠯᠪᠡᠷᠢ᠎ᠶ᠋ᠢᠨ ᠨᠦᠭᠡᠴᠡ ᠡᠨᠧᠷᠭᠢ᠎ᠶ᠋ᠢ ᠬᠥᠭ᠌ᠵᠢᠭᠦᠯᠵᠦ᠍᠂ ᠨᠣᠭᠤᠭᠠᠨ ᠴᠠᠬᠢᠯᠭᠠᠨ᠎ᠤ ᠬᠡᠷᠡᠭ᠌ᠯᠡᠯᠲᠡ᠎ᠶ᠋ᠢ ᠥᠷᠭᠡᠳᠭᠡᠨ᠎ᠡ᠃ ᠴᠢᠯᠠᠭᠤᠵᠢᠮᠠᠯ ᠡᠨᠧᠷᠭᠢ᠎ᠶ᠋ᠢᠨ ᠰᠤᠷᠪᠤᠯᠵᠢ᠎ᠶ᠋ᠢ ᠠᠷᠢᠭᠤᠨ ᠴᠡᠪᠡᠷ ᠪᠦᠬᠡᠳ ᠥᠨᠳᠥᠷ ᠪᠦᠲᠦᠮᠵᠢᠲᠡᠶ᠎ᠪᠠᠷ ᠠᠱᠢᠭ᠍ᠯᠠᠬᠤ᠎ᠶ᠋ᠢ ᠴᠢᠩᠭᠠᠳᠭᠠᠨ᠎ᠠ᠃

(ᠠᠷᠪᠠ) ᠭᠤᠣᠯᠳᠠᠯᠭ᠎ᠠ᠎ᠲᠠᠢ ᠬᠦᠷᠢᠶᠡᠨ᠎ᠳᠠᠬᠢ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠪᠠ ᠠᠮᠤᠷ ᠲᠦᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠲᠦᠭ᠌ᠰᠢᠭᠦᠷᠢ᠎ᠶ᠋ᠢ ᠰᠡᠷᠭᠡᠢᠯᠡᠬᠦ᠌ ᠪᠠ ᠬᠥᠭ᠌ᠵᠢᠯᠲᠡ᠎ᠶ᠋ᠢ ᠠᠬᠢᠭᠤᠯᠬᠤ ᠶᠠᠪᠤᠳᠠᠯ᠎ᠢ ᠨᠢᠭᠡᠳᠦᠯᠲᠡᠶ ᠲᠥᠯᠥᠪᠯᠡᠵᠦ᠍᠂ ᠬᠥᠭ᠌ᠵᠢᠯᠲᠡ᠎ᠶ᠋ᠢᠨ ᠤᠶᠠᠨ ᠬᠠᠳᠠᠨ ᠴᠢᠨᠠᠷ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠤᠷ ᠲᠦᠪᠱᠢᠨ᠎ᠤ ᠬᠢᠵᠠᠭᠠᠷ ᠱᠤᠭᠤᠮ᠎ᠢ ᠡᠷᠡᠰ ᠪᠠᠲᠤ ᠰᠠᠬᠢᠵᠤ᠂ ᠨᠡᠢᠭᠡᠮ᠎ᠤᠨ ᠡᠶ᠎ᠡ ᠵᠣᠬᠢᠴᠠᠯ ᠲᠣᠭ᠍ᠲᠠᠭᠤᠨ ᠪᠠᠢᠳᠠᠯ᠎ᠢ ᠠᠬᠢᠭᠤᠯᠤᠨ᠎ᠠ᠃

ᠭᠡᠷ ᠪᠠᠢᠱᠢᠩ ᠭᠠᠵᠠᠷ ᠱᠢᠷᠣᠶ᠎ᠶ᠋ᠢᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠲᠣᠭ᠍ᠲᠠᠪᠤᠷᠢᠵᠢᠭᠤᠯᠤᠨ᠎ᠠ᠃ ᠬᠤᠲᠠ᠎ᠶ᠋ᠢᠨ ᠪᠠᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠨᠡᠮᠡᠭ᠌ᠳᠡᠯ ᠬᠡᠮᠵᠢᠶ᠎ᠡ᠎ᠶ᠋ᠢ ᠡᠵᠡᠮᠳᠡᠨ᠂ ᠬᠥᠮᠥᠷᠭᠡ᠎ᠶ᠋ᠢᠨ ᠬᠠᠳᠠᠭᠠᠯᠠᠯᠲᠠ᠎ᠶ᠋ᠢ ᠪᠠᠭᠠᠰᠭᠠᠵᠤ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠂ ᠬᠠᠳᠠᠭᠠᠯᠠᠯᠲᠠ ᠲᠠᠸᠠᠷ᠎ᠤᠨ ᠭᠡᠷ ᠪᠠᠢᠱᠢᠩ᠎ᠢ ᠣᠯᠠᠨ ᠠᠷᠭ᠎ᠠ ᠵᠠᠮ᠎ᠢᠶᠠᠷ ᠠᠮᠢᠳᠤᠯᠢᠭ ᠪᠣᠯᠭᠠᠬᠤ᠎ᠶ᠋ᠢ ᠰᠦᠪᠡᠭ᠌ᠴᠢᠯᠡᠵᠦ᠍᠂ ᠬᠠᠳᠠᠭᠠᠯᠠᠯᠲᠠ ᠲᠠᠸᠠᠷ᠎ᠤᠨ ᠭᠡᠷ ᠪᠠᠢᠱᠢᠩ᠎ᠢ ᠬᠤᠳᠠᠯᠳᠤᠨ ᠠᠪᠴᠤ᠌ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ ᠵᠡᠷᠭᠡ᠎ᠳᠤ ᠭᠤᠣᠯᠳᠠᠯᠭ᠎ᠠ᠎ᠲᠠᠢ ᠬᠡᠷᠡᠭ᠌ᠯᠡᠬᠦ᠌᠎ᠶ᠋ᠢ ᠵᠣᠷᠢᠬ᠍ᠵᠢᠭᠤᠯᠤᠨ᠎ᠠ᠃ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠨᠤᠷᠠᠬᠤ ᠠᠶᠤᠯᠲᠠᠶ ᠬᠠᠭᠤᠴᠢᠨ ᠭᠡᠷ ᠪᠠᠢᠱᠢᠩ᠎ᠤᠨ ᠥᠭᠡᠷᠡᠴᠢᠯᠡᠯᠲᠡ᠎ᠶ᠋ᠢ ᠲᠦᠷᠭᠡᠳᠭᠡᠨ᠎ᠡ᠃ ᠠᠮᠤᠷ ᠲᠦᠪᠱᠢᠨ ᠲᠠᠭᠠᠯᠠᠮᠵᠢᠲᠠᠶ ᠨᠣᠭᠤᠭᠠᠨ ᠣᠶᠤᠨᠴᠢ 《ᠰᠠᠢᠨ ᠪᠠᠢᠱᠢᠩ》 ᠎ᠤᠨ ᠪᠥᠲᠥᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠢ ᠠᠬᠢᠭᠤᠯᠵᠤ᠂ ᠬᠡᠷ ᠪᠠᠢᠱᠢᠩ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ ᠪᠠ ᠠᠳᠠᠯ ᠠᠬᠤᠶ᠎ᠶ᠋ᠢᠨ ᠦᠢᠯᠡᠴᠢᠯᠡᠭᠡᠨ᠎ᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ 《ᠬᠡᠷ ᠪᠠᠢᠱᠢᠩ᠎ᠢ ᠪᠠᠲᠤᠲᠠᠢ ᠲᠤᠱᠢᠶᠠᠬᠤ》 ᠨᠡᠷᠡᠰ᠎ᠤᠨ ᠴᠠᠭᠠᠨ ᠲᠠᠩᠰᠠ᠎ᠶ᠋ᠢᠨ ᠲᠦᠷᠢᠮ᠎ᠤᠨ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠥᠷᠢ ᠥᠭ᠌ᠴᠡᠭᠡ᠎ᠶ᠋ᠢᠨ ᠭᠡᠷ᠎ᠡ᠎ᠠᠴᠠ ᠵᠥᠷᠢᠴᠡᠬᠦ᠌ ᠠᠶᠤᠯ ᠲᠦᠭ᠌ᠰᠢᠭᠦᠷᠢ᠎ᠶ᠋ᠢ ᠰᠡᠷᠭᠡᠢᠯᠡᠨ᠎ᠡ᠃ ᠭᠡᠷ ᠪᠠᠢᠱᠢᠩ ᠭᠠᠵᠠᠷ ᠱᠢᠷᠤᠢ᠎ᠶ᠋ᠢᠨ ᠬᠥᠷᠥᠩᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠤᠨ ᠰᠠᠭᠤᠷᠢ ᠳᠦᠷᠢᠮ ᠪᠣᠯᠤᠨ ᠢᠵᠢ ᠪᠦᠷᠢᠳᠦᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃

ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠠᠶᠤᠯ ᠲᠦᠭ᠌ᠰᠢᠭᠦᠷᠢ᠎ᠶ᠋ᠢ ᠢᠳᠡᠪᠬᠢᠲᠡᠶ ᠪᠥᠭᠡᠳ ᠡᠮᠬᠢ ᠵᠢᠷᠤᠮ᠎ᠲᠠᠢ᠎ᠪᠠᠷ ᠠᠷᠢᠯᠭᠠᠨ᠎ᠠ᠃ ᠡᠯ᠎ᠡ ᠭᠠᠵᠠᠷ᠎ᠤᠨ᠎ᠬᠢᠨ᠎ᠤ ᠲᠥᠷᠥ᠎ᠶ᠋ᠢᠨ ᠪᠣᠳᠣᠯᠭ᠎ᠠ᠎ᠶ᠋ᠢ ᠭᠦᠢᠴᠡᠳ ᠰᠠᠢᠨ ᠬᠡᠷᠡᠭ᠌ᠯᠡᠬᠦ᠌᠎ᠶ᠋ᠢ ᠳᠡᠮᠵᠢᠵᠦ᠍᠂ ᠳᠠᠯᠳᠠ ᠥᠷᠢ ᠥᠭ᠌ᠴᠡᠭᠡ᠎ᠶ᠋ᠢᠨ ᠠᠶᠤᠯ ᠲᠦᠭ᠌ᠰᠢᠭᠦᠷᠢ᠎ᠶ᠋ᠢ ᠲᠦᠷᠭᠡᠯᠡᠨ ᠠᠷᠢᠯᠭᠠᠵᠤ᠂ ᠬᠤᠳᠠᠯ ᠬᠠᠭᠤᠷᠮᠠᠭ᠎ᠢᠶᠠᠷ ᠥᠷᠢ ᠱᠢᠢᠳᠪᠦᠷᠢᠯᠡᠬᠦ᠌᠎ᠶ᠋ᠢ ᠴᠢᠩᠭ᠎ᠠ ᠰᠡᠷᠭᠡᠢᠯᠡᠵᠦ᠍᠂ ᠲᠣᠭ᠍ᠲᠠᠭᠠᠯ᠎ᠠᠴᠠ ᠵᠥᠷᠢᠴᠡᠨ ᠳᠠᠯᠳᠠ ᠥᠷᠢ ᠥᠭ᠌ᠴᠡᠭᠡ᠎ᠶ᠋ᠢ ᠱᠢᠨ᠎ᠡ᠎ᠪᠠᠷ ᠨᠡᠮᠡᠭ᠌ᠳᠡᠭᠦᠯᠬᠦ᠌᠎ᠶ᠋ᠢ ᠬᠤᠷᠢᠭ᠍ᠯᠠᠬᠤ᠎ᠶ᠋ᠢ ᠡᠷᠡᠰ᠎ᠢᠶᠠᠷ ᠲᠡᠮᠦᠷ ᠮᠡᠲᠦ ᠰᠠᠬᠢᠯᠭ᠎ᠠ ᠪᠠᠲᠤ ᠪᠣᠯᠭᠠᠨ᠎ᠠ᠃ ᠮᠥᠩᠭᠦᠨ ᠭᠦᠢᠯᠭᠡᠭᠡ᠂ ᠡᠳ᠋᠎ᠤᠨ ᠵᠠᠰᠠᠭ᠎ᠤᠨ ᠳᠡᠮᠵᠢᠯᠭᠡ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠥᠷᠢ ᠥᠭ᠌ᠴᠡᠭᠡ᠎ᠶ᠋ᠢ ᠳᠠᠬᠢᠨ ᠵᠣᠬᠢᠶᠠᠨ ᠪᠠᠢᠭᠤᠯᠬᠤ ᠪᠠ ᠰᠣᠯᠢᠬᠤ ᠠᠷᠭ᠎ᠠ᠎ᠶ᠋ᠢ ᠱᠢᠯᠢᠳᠡᠭ᠌ᠵᠢᠭᠦᠯᠵᠦ᠍᠂ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠡᠯᠡ ᠲᠣᠬᠢᠷᠠᠭᠤᠯᠬᠤ ᠲᠠᠪᠴᠠᠩ᠎ᠤᠨ ᠡᠵᠡᠩᠨᠡᠯᠲᠡ᠎ᠶ᠋ᠢᠨ ᠴᠢᠨᠠᠷᠲᠠᠶ ᠥᠷᠢ ᠥᠭ᠌ᠴᠡᠭᠡ᠎ᠶ᠋ᠢᠨ ᠠᠶᠤᠯ ᠲᠦᠭ᠌ᠰᠢᠭᠦᠷᠢ᠎ᠶ᠋ᠢ ᠠᠷᠢᠯᠭᠠᠵᠤ᠂ ᠥᠭᠡᠷᠡᠴᠢᠯᠡᠯᠲᠡ ᠬᠢᠵᠦ᠍ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠦᠯ ᠬᠤᠪᠢᠶᠠᠨ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠥᠷᠢ ᠥᠭ᠌ᠴᠡᠭᠡ᠎ᠶ᠋ᠢ ᠬᠢᠨᠠᠨ ᠬᠡᠮᠵᠢᠵᠦ᠍ ᠬᠢᠨᠠᠨ ᠱᠢᠯᠭᠠᠬᠤ ᠭᠦᠢᠴᠡᠳᠭᠡᠯ ᠲᠤᠭ᠎ᠠ᠎ᠶ᠋ᠢ ᠱᠢᠯᠢᠳᠡᠭ᠌ᠵᠢᠭᠦᠯᠵᠦ᠍᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠨᠢᠭᠡᠳᠦᠯᠲᠡᠶ ᠤᠷᠳᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ᠎ᠠ᠃

ᠮᠥᠩᠭᠦᠨ ᠭᠦᠢᠯᠭᠡᠭᠡᠨ᠎ᠤ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠢᠳᠡᠪᠬᠢᠲᠡᠶ ᠪᠦᠭᠡᠳ ᠯᠠᠪᠳᠠᠭᠤᠨ᠎ᠢᠶᠠᠷ ᠠᠷᠢᠯᠭᠠᠨ᠎ᠠ᠃ ᠣᠷᠣᠨ ᠨᠤᠲᠤᠭ᠎ᠤᠨ ᠳᠤᠮᠳᠠ ᠵᠢᠵᠢᠭ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠠᠶᠤᠯ ᠲᠦᠭ᠌ᠰᠢᠭᠦᠷᠢ᠎ᠶ᠋ᠢ ᠱᠢᠢᠳᠪᠦᠷᠢᠯᠡᠬᠦ᠌ ᠡᠬᠢ ᠪᠠᠶᠠᠯᠢᠭ ᠪᠠ ᠠᠷᠭ᠎ᠠ ᠪᠠᠷᠢᠯ᠎ᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷᠴᠢᠯᠡᠬᠦ᠌ ᠬᠠᠤᠯᠢ᠎ᠪᠠᠷ ᠵᠠᠰᠠᠬᠤ ᠵᠠᠷᠴᠢᠮ᠎ᠢ ᠪᠠᠷᠢᠮᠲᠠᠯᠠᠵᠤ᠂ ᠲᠦᠭ᠌ᠰᠢᠭᠦᠷᠢ ᠶᠡᠬᠡᠲᠡᠶ ᠪᠠᠢᠭᠤᠯᠤᠮᠵᠢ᠎ᠶ᠋ᠢ ᠱᠢᠢᠳᠪᠦᠷᠢᠯᠡᠬᠦ᠌᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠣᠯᠠᠨ ᠠᠷᠭ᠎ᠠ ᠵᠠᠮ᠎ᠢᠶᠠᠷ ᠬᠥᠷᠥᠩᠭᠡ᠎ᠶ᠋ᠢ ᠨᠥᠬᠦᠪᠥᠷᠢᠯᠡᠬᠦ᠌ ᠡᠷᠴᠢᠮ᠎ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠡᠷᠡᠭᠦᠯ ᠪᠤᠰᠤ ᠡᠳ᠋ ᠬᠥᠷᠥᠩᠭᠡ᠎ᠶ᠋ᠢ ᠯᠠᠪᠳᠠᠭᠤᠨ ᠲᠣᠬᠢᠲᠠᠢ ᠱᠢᠢᠳᠪᠦᠷᠢᠯᠡᠨ᠎ᠡ᠃ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠠᠤᠯᠢ ᠪᠤᠰᠤ ᠮᠥᠩᠭᠦᠨ ᠭᠦᠢᠯᠭᠡᠭᠡᠨ᠎ᠤ ᠠᠵᠢᠯᠯᠠᠭ᠎ᠠ᠎ᠶ᠋ᠢ ᠰᠡᠷᠭᠡᠢᠯᠡᠨ ᠲᠡᠭᠦᠨ᠎ᠳᠤ ᠴᠣᠬᠢᠯᠲᠠ ᠥᠭ᠌ᠭᠦᠨ᠎ᠡ᠃ ᠮᠥᠩᠭᠦᠨ ᠭᠦᠢᠯᠭᠡᠭᠡᠨ᠎ᠤ ᠠᠶᠤᠯ ᠲᠦᠭ᠌ᠰᠢᠭᠦᠷᠢ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠡᠷᠳᠡ᠎ᠠᠴᠠ ᠵᠠᠯᠠᠷᠠᠭᠤᠯᠬᠤ᠎ᠶ᠋ᠢ ᠴᠢᠩᠭᠠᠳᠭᠠᠵᠤ᠂ ᠠᠶᠤᠯ ᠲᠦᠭ᠌ᠰᠢᠭᠦᠷᠢ᠎ᠶ᠋ᠢ ᠡᠬᠢ ᠡᠭᠦᠰᠦᠯ᠎ᠠᠴᠠ᠎ᠨᠢ ᠰᠡᠷᠭᠡᠢᠯᠡᠨ ᠡᠵᠡᠮᠳᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

ᠤᠯᠤᠰ᠎ᠤᠨ ᠠᠮᠤᠷ ᠲᠦᠪᠱᠢᠨ ᠪᠠ ᠨᠡᠢᠭᠡᠮ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠨ᠎ᠠ᠃ ᠤᠯᠤᠰ᠎ᠤᠨ ᠶᠡᠷᠦᠩᠬᠡᠶ ᠴᠤᠭ᠍ᠴᠠ᠎ᠶ᠋ᠢᠨ ᠠᠮᠤᠷ ᠲᠦᠪᠱᠢᠨ᠎ᠤ ᠦᠵᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ᠎ᠤᠨ ᠠᠮᠤᠷ ᠲᠦᠪᠱᠢᠨ᠎ᠤ ᠱᠢᠰᠲ᠋ᠧᠮ᠎ᠢ ᠪᠦᠷᠢᠨᠱᠢᠭᠦᠯᠵᠦ᠍᠂ ᠭᠤᠣᠯᠳᠠᠯᠭ᠎ᠠ᠎ᠲᠠᠢ ᠬᠦᠷᠢᠶᠡᠨ᠎ᠳᠠᠬᠢ ᠤᠯᠤᠰ᠎ᠤᠨ ᠠᠮᠤᠷ ᠲᠥᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠣᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢ ᠴᠢᠩᠭᠠᠷᠠᠭᠤᠯᠵᠤ᠂ ᠴᠢᠬᠤᠯᠠ ᠰᠠᠭᠤᠷᠢ ᠲᠥᠬᠦᠭᠡᠷᠦᠮᠵᠢ᠎ᠶ᠋ᠢᠨ ᠮᠥᠨ ᠴᠢᠨᠠᠷ᠎ᠤᠨ ᠠᠮᠤᠷ ᠲᠦᠪᠱᠢᠨ᠎ᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠠᠶᠤᠯ ᠦᠭᠡᠶ ᠦᠢᠯᠡᠳᠪᠦᠷᠢᠯᠡᠯ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠦᠨᠳᠦᠰᠦᠨ ᠱᠠᠲᠤᠨ᠎ᠤ ᠰᠠᠭᠤᠷᠢ᠎ᠶ᠋ᠢ ᠦᠷᠭᠦᠯᠵᠢᠯᠡᠨ ᠪᠠᠬᠢᠵᠢᠭᠦᠯᠵᠦ᠍᠂ ᠠᠶᠤᠯ ᠦᠭᠡᠢ ᠦᠢᠯᠡᠳᠪᠦᠷᠢᠯᠡᠯ᠎ᠤᠨ ᠦᠨᠳᠦᠰᠦ ᠰᠤᠷᠪᠤᠯᠵᠢ᠎ᠠᠴᠠ᠎ᠨᠢ ᠵᠠᠰᠠᠬᠤ ᠪᠡᠷᠭᠡ ᠰᠡᠳᠥᠪ᠎ᠢ ᠱᠢᠢᠳᠪᠤᠷᠢᠯᠡᠬᠦ᠌ ᠭᠤᠷᠪᠠᠨ ᠵᠢᠯ᠎ᠤᠨ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠦᠨ᠎ᠡ᠃ ᠴᠠᠭ ᠠᠭᠤᠷ᠂ ᠤᠰᠤᠨ ᠵᠦᠶ᠂ ᠭᠠᠵᠠᠷ᠎ᠤᠨ ᠭᠠᠢ ᠭᠠᠮᠱᠢᠭ᠂ ᠣᠢ ᠱᠢᠭᠤᠶ ᠨᠤᠲᠤᠭ ᠪᠡᠯᠴᠢᠭᠡᠷ᠎ᠤᠨ ᠲᠦᠢᠮᠠᠷ᠂ ᠭᠠᠵᠠᠷ ᠬᠦᠳᠡᠯᠦᠯᠲᠡ᠎ᠶ᠋ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠨ᠎ᠠ᠃ ᠤᠮᠠᠷᠠᠲᠤ ᠣᠷᠣᠨ᠎ᠤ ᠦᠶᠡᠷ᠎ᠢ ᠰᠡᠷᠭᠡᠢᠯᠡᠬᠦ᠌ ᠤᠰᠤᠲᠤᠯ᠎ᠢ ᠠᠷᠢᠯᠭᠠᠬᠤ ᠭᠠᠮᠱᠢᠭ᠎ᠢ ᠡᠰᠡᠷᠭᠦᠴᠡᠬᠦ᠌ ᠰᠠᠭᠤᠷᠢ ᠲᠥᠬᠦᠭᠡᠷᠦᠮᠵᠢ᠂ ᠪᠠᠴᠢᠮ ᠪᠠᠢᠳᠠᠯ᠎ᠢ ᠠᠷᠭᠠᠴᠠᠨ ᠱᠢᠢᠳᠪᠦᠷᠢᠯᠡᠬᠦ᠌ ᠵᠡᠷᠭᠡ᠎ᠶ᠋ᠢᠨ ᠳᠤᠲᠠᠭᠤᠳᠠᠯ᠎ᠢ ᠲᠦᠷᠭᠡᠯᠡᠨ ᠨᠥᠬᠦᠪᠥᠷᠢᠯᠡᠨ᠎ᠡ᠃ ᠣᠳᠣᠬᠢᠴᠢᠯᠠᠭ᠍ᠰᠠᠨ ᠤᠰᠤᠨ ᠲᠣᠣᠷ᠎ᠢ ᠲᠦᠷᠭᠡᠯᠡᠨ ᠪᠦᠲᠦᠭᠡᠨ ᠪᠠᠢᠭᠤᠯᠤᠨ᠎ᠠ᠃ ᠬᠦᠨᠳᠦ ᠭᠠᠮᠱᠢᠭ᠎ᠤᠨ ᠳᠠᠭᠠᠳᠭᠠᠯ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠦᠨ᠎ᠠ᠃ ᠢᠳᠡᠭᠡᠨ᠎ᠤ ᠵᠦᠢᠯ᠂ ᠡᠮ᠎ᠤᠨ ᠵᠦᠢᠯ᠂ ᠭᠤᠣᠯᠳᠠᠯᠭ᠎ᠠ᠎ᠲᠠᠢ ᠠᠵᠤ ᠦᠢᠯᠡᠳᠪᠦᠷᠢ᠎ᠶ᠋ᠢᠨ ᠦᠢᠯᠡᠳᠬᠦᠨ᠂ ᠣᠨᠴᠠ ᠲᠦᠷᠦᠯ᠎ᠤᠨ ᠪᠡᠯᠡᠳᠭᠡᠮᠵᠢ ᠵᠡᠷᠭᠡ᠎ᠶ᠋ᠢᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠳᠠᠯᠠᠨ᠎ᠠ᠃ ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂  ᠨᠠᠢᠭᠡᠮ᠎ᠤᠨ ᠠᠵᠢᠯᠳᠠᠨ᠎ᠦ ᠡᠨᠭᠨᠡᠭᠡ ᠵᠢᠨ ᠪᠠᠢᠭᠤᠯᠤᠯᠳᠠ ᠵᠢ ᠴᠢᠨᠭᠭᠠᠳᠬᠠᠵᠦ᠂ᠨᠡᠢᠭᠡᠮ᠎ᠤᠨ ᠵᠣᠬᠢᠶᠠᠨ ᠪᠠᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠳᠠ᠂ ᠰᠠᠢᠨ ᠳᠤᠷ᠎ᠡ᠎ᠶ᠋ᠢᠨ ᠦᠢᠯᠡᠴᠢᠯᠡᠭᠡ᠂ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠢ᠎ᠶ᠋ᠢᠨ ᠦᠢᠯᠡᠰ ᠵᠡᠷᠭᠡ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠬᠥᠲᠥᠯᠥᠨ ᠵᠢᠯᠣᠭᠤᠳᠭᠤ ᠪᠠ ᠳᠡᠮᠵᠢᠵᠦ᠍᠂ ᠠᠵᠢᠯ ᠲᠥᠷᠥᠯ᠎ᠤᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ 《ᠹᠧᠩᠴᠢᠶᠣᠤ᠎ᠶ᠋ᠢᠨ ᠲᠤᠷᠱᠢᠯᠭ᠎ᠠ》 ᠎ᠶ᠋ᠢ ᠪᠠᠷᠢᠮᠲᠠᠯᠠᠨ ᠬᠥᠭ᠌ᠵᠢᠭᠦᠯᠵᠦ᠍᠂ ᠶᠠᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠬᠤ ᠪᠠᠢᠭᠤᠯᠤᠯᠲᠠ᠎ᠶ᠋ᠢ ᠠᠬᠢᠭᠤᠯᠵᠤ᠂ ᠨᠡᠢᠭᠡᠮ ᠲᠣᠭᠤᠷᠢᠭ᠎ᠤᠨ ᠵᠠᠰᠠᠯᠲᠠ᠎ᠶ᠋ᠢ ᠲᠡᠭᠦᠯᠳᠡᠷᠵᠢᠭᠦᠯᠦᠨ᠂ ᠵᠥᠷᠢᠴᠡᠯ ᠵᠠᠭᠤᠷᠠᠯᠳᠤᠭᠠᠨ᠎ᠢ ᠰᠡᠷᠭᠡᠢᠯᠡᠬᠦ᠌ ᠪᠠ ᠣᠯᠠᠨ ᠡᠱᠢᠴᠢᠯᠡᠨ ᠠᠷᠢᠯᠭᠠᠬᠤ᠎ᠶ᠋ᠢ ᠠᠬᠢᠭᠤᠯᠤᠨ᠎ᠠ᠃ ᠨᠡᠢᠭᠡᠮ᠎ᠤᠨ ᠰᠡᠳᠭᠢᠴᠡ᠎ᠶ᠋ᠢᠨ ᠵᠢᠯᠣᠭᠤᠳᠤᠯᠭ᠎ᠠ᠎ᠶ᠋ᠢ ᠴᠢᠩᠭᠠᠳᠭᠠᠨ᠎ᠠ᠃ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠢ ᠬᠠᠤᠯᠢ᠎ᠪᠠᠷ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ᠎ᠶ᠋ᠢᠨ ᠠᠰᠠᠭᠤᠳᠠᠯ᠎ᠢ ᠲᠥᠪᠯᠡᠷᠡᠭᠦᠯᠦᠨ ᠱᠢᠢᠳᠪᠦᠷᠢᠯᠡᠨ᠎ᠡ᠃ ᠨᠡᠢᠭᠡᠮ᠎ᠤᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ᠎ᠨᠢ ᠰᠡᠷᠭᠡᠢᠯᠡᠨ ᠡᠵᠡᠮᠳᠡᠬᠦ᠌ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠬᠠᠷ᠎ᠠ ᠬᠠᠷᠭᠢᠰ ᠬᠦᠴᠦᠨ᠎ᠢ ᠠᠷᠢᠯᠭᠠᠬᠤ ᠪᠠᠢᠩᠭᠤᠵᠢᠬ᠍ᠰᠠᠨ ᠲᠣᠭ᠍ᠲᠠᠴᠠ᠎ᠶ᠋ᠢ ᠪᠦᠷᠢᠨᠱᠢᠬᠦᠯᠵᠦ᠍᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠂ ᠬᠤᠤᠷᠳᠤ ᠡᠳ᠋᠎ᠤᠨ ᠶᠠᠯᠠᠳᠤ ᠠᠵᠢᠯᠯᠠᠭ᠎ᠠ ᠵᠡᠷᠬᠡ᠎ᠶ᠋ᠢ ᠰᠡᠷᠭᠡᠢᠯᠡᠬᠦ᠌ ᠪᠠ ᠲᠡᠬᠦᠨ᠎ᠳᠤ ᠴᠣᠬᠢᠯᠲᠠ ᠥᠭ᠌ᠬᠦ ᠡᠷᠴᠢᠮ᠎ᠢᠶᠠᠨ ᠴᠢᠩᠭᠠᠷᠠᠭᠤᠯᠵᠤ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠳᠦᠭᠡᠨ ᠪᠠᠢᠭᠤᠯᠤᠨ᠎ᠠ᠃

ᠱᠢᠨ᠎ᠡ ᠪᠠᠢᠳᠠᠯ ᠪᠠ ᠡᠭᠦᠷᠭᠡ᠎ᠨᠢ ᠵᠠᠰᠠᠭ᠎ᠤᠨ ᠣᠷᠳᠣᠨ᠎ᠤ ᠠᠵᠢᠯ᠎ᠳᠤ ᠨᠡᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠲᠡᠭᠦᠨ᠎ᠤ ᠠᠵᠢᠯᠲᠠᠳ 《ᠬᠤᠶᠠᠷ᠎ᠢ ᠲᠣᠭ᠍ᠲᠠᠭᠠᠭ᠍ᠰᠠᠨ》 ᠎ᠤ ᠱᠢᠢᠳᠪᠦᠷᠢᠯᠡᠭ᠌ᠴᠢ ᠴᠢᠨᠠᠷᠲᠠᠶ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠦ᠍᠂ 《ᠳᠥᠷᠪᠡᠨ ᠤᠬᠠᠮᠰᠠᠷ》 ᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠎ᠢᠶᠠᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠥᠷᠥ᠍ ᠦᠢᠯᠡ ᠠᠵᠢᠯᠯᠠᠭ᠎ᠠ ᠳᠡᠭᠡᠷ᠎ᠡ᠎ᠪᠠᠨ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠬᠤ ᠬᠡᠷᠡᠭ᠌ᠲᠡᠢ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠡᠷᠬᠡ᠎ᠶ᠋ᠢᠨ ᠲᠣᠬᠢᠷᠠᠭᠤᠯᠤᠯᠲᠠ᠂ ᠠᠵᠢᠯᠯᠠᠭᠠᠨ᠎ᠢ ᠵᠢᠷᠤᠮᠵᠢᠭᠤᠯᠬᠤ ᠪᠠ ᠲᠡᠭᠦᠨ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠵᠠᠰᠠᠭ᠎ᠤᠨ ᠣᠷᠳᠣᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠭᠦᠯᠦᠨ ᠠᠬᠢᠭᠤᠯᠵᠤ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠭᠦᠨᠵᠡᠭᠡᠢ ᠴᠡᠭ᠌ᠴᠡᠯᠡᠨ ᠵᠠᠰᠠᠨ᠎ᠠ᠃ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠲᠤᠬᠠᠶ ᠵᠥᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠠᠷᠠᠳ ᠲᠦᠮᠡᠨ᠎ᠤ ᠲᠥᠯᠥᠭᠡ ᠵᠠᠰᠠᠭ᠎ᠤᠨ ᠠᠵᠢᠯ᠎ᠤᠨ ᠠᠮᠵᠢᠯᠲᠠ ᠭᠠᠷᠭᠠᠬᠤ᠂ ᠪᠣᠳᠠᠲᠠᠶ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠠᠮᠵᠢᠯᠲᠠ ᠭᠠᠷᠭᠠᠬᠤ᠎ᠶ᠋ᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠵᠢᠮ᠎ᠡ ᠶᠣᠰᠣ᠎ᠪᠠᠷ ᠠᠵᠢᠯᠯᠠᠨ᠎ᠠ᠃

ᠪᠢᠳᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ᠎ᠶ᠋ᠢ ᠴᠢᠩᠭ᠎ᠠ ᠵᠢᠷᠤᠮᠯᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠲᠡᠢ᠃ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠭ᠍ᠰᠠᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠨᠡᠢᠭᠡᠮ᠎ᠤᠨ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠨ᠎ᠡ᠃ ᠬᠢᠨᠠᠨ ᠪᠤᠳᠤᠯᠳᠠ᠎ᠶ᠋ᠢᠨ ᠬᠢᠨᠠᠯᠲᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠱᠢᠨᠵᠢᠯᠡᠬᠦ᠌ ᠤᠬᠠᠭᠠᠨᠴᠢ᠎ᠪᠠᠷ᠂ ᠠᠷᠠᠳᠴᠢᠯᠠᠯ᠎ᠢᠶᠠᠷ᠂ ᠬᠠᠤᠯᠢ ᠶᠣᠰᠣᠭᠠᠷ ᠪᠤᠳᠤᠯᠭ᠎ᠠ ᠲᠣᠭ᠍ᠲᠠᠭᠠᠬᠤ᠎ᠶ᠋ᠢ ᠪᠠᠷᠢᠮᠲᠠᠯᠠᠵᠦ᠂ᠡᠳ᠋᠎ᠤᠨ ᠶᠠᠪᠤᠳᠠᠯ᠎ᠤᠨ ᠬᠢᠨᠠᠯᠳᠠ ᠪᠤᠯᠤᠨ ᠲᠤᠭ᠎ᠠ ᠪᠦᠷᠢᠳᠭᠡᠯ᠎ᠤᠨ ᠬᠢᠨᠠᠯᠳᠠ ᠵᠢ ᠴᠢᠨᠭᠭᠠᠳᠬᠠᠨ᠎ᠠ᠃ ᠵᠠᠰᠠᠭ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠲᠠᠢᠯᠤᠮᠵᠢ᠎ᠶ᠋ᠢ ᠴᠢᠩᠭᠠᠳᠭᠠᠨ᠎ᠠ᠃ᠵᠠᠰᠠᠭ ᠵᠠᠬᠢᠷᠭᠠᠨ᠎ᠦ ᠲᠠᠬᠢᠨ ᠵᠦᠪᠯᠡᠬᠦ ᠪᠠᠢᠭᠤᠯᠤᠯ ᠲᠤᠭᠳᠠᠴᠠ ᠵᠢ ᠪᠦᠷᠢᠨᠰᠢᠬᠦᠯᠦᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ᠎ᠤ ᠡᠪᠯᠡᠯ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠶ᠋ᠢ ᠳᠡᠮᠵᠢᠨ᠎ᠡ᠃ ᠠᠵᠢᠯ ᠦᠢᠯᠡᠰ᠎ᠤᠨ ᠨᠢᠭᠡᠴᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠠᠵᠤ ᠠᠬᠤᠢᠯᠠᠯ᠎ᠳᠤ ᠬᠤᠯᠪᠣᠭ᠍ᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠦᠨ᠎ᠡ᠃ 《ᠥᠨᠳᠥᠷ ᠪᠦᠲᠦᠮᠵᠢᠲᠡᠶ᠎ᠪᠠᠷ ᠨᠢᠭᠡ ᠤᠴᠢᠷ ᠶᠠᠪᠤᠳᠠᠯ᠎ᠢ ᠪᠦᠲᠦᠭᠡᠬᠦ᠌》 ᠎ᠪᠠᠷ ᠬᠦᠳᠦᠯᠦᠮᠵᠢ ᠪᠣᠯᠭᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠲᠦᠷᠭᠡᠳᠭᠡᠨ᠎ᠡ᠃ ᠵᠠᠰᠠᠭ ᠵᠠᠬᠢᠷᠭᠠᠨ᠎ᠤ ᠦᠢᠯᠡᠳᠦᠯ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠰᠡᠳᠭᠢᠯ ᠱᠢᠭᠤᠳᠤᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠠᠰᠠᠭᠤᠳᠠᠯ᠎ᠢ ᠨᠠᠷᠢᠨ ᠬᠢᠨᠠᠮᠠᠭᠠᠢ ᠱᠢᠢᠳᠪᠦᠷᠢᠯᠡᠵᠦ᠍᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠴᠦᠰ᠎ᠲᠤᠨᠢ ᠲᠤᠯᠲᠠᠯ᠎ᠠ ᠲᠤᠭᠤᠱᠢᠯᠠᠭᠤᠯᠬᠤ᠎ᠶ᠋ᠢᠨ ᠭᠦᠢᠴᠡᠳᠭᠡᠬᠦ᠌ ᠴᠢᠳᠠᠪᠤᠷᠢ ᠨᠥᠯᠥᠭᠡᠯᠡᠬᠦ᠌ ᠬᠦᠴᠦᠨ᠎ᠢᠶᠠᠨ ᠳᠡᠭᠡᠭ᠌ᠰᠢᠯᠡᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ ᠶᠡᠭᠡ ᠲᠠᠯ᠎ᠠ᠎ᠶ᠋ᠢᠨ ᠦᠵᠡᠯᠲᠡ᠎ᠶ᠋ᠢ ᠪᠠᠲᠤ ᠪᠤᠢ ᠪᠣᠯᠭᠠᠵᠤ᠂ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠠᠬᠢ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠡᠵᠡᠮᠱᠢᠨ᠂ ᠤᠯᠤᠰ᠎ᠤᠨ ᠪᠠᠢᠯᠳᠤᠬᠤ ᠪᠣᠳᠣᠯᠭ᠎ᠠ᠂ ᠵᠠᠬ᠎ᠠ ᠳᠡᠯᠭᠡᠭᠦᠷ᠎ᠤᠨ ᠬᠡᠷᠡᠭ᠌ᠴᠡᠭᠡ ᠪᠣᠯᠤᠨ ᠭᠠᠵᠠᠷ ᠣᠷᠣᠨ᠎ᠤ ᠳᠠᠪᠠᠭᠤᠯᠢᠭ᠎ᠢ ᠤᠶᠠᠯᠳᠤᠭᠤᠯᠬᠤ᠎ᠳᠠᠭᠠᠨ ᠴᠢᠳᠠᠮᠠᠭᠠᠢ ᠪᠠᠢᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠰᠦᠪᠡᠭ᠌ᠴᠢᠯᠡᠬᠦ᠌ ᠬᠡᠷᠡᠭ᠌ᠲᠡᠢ᠃ ᠢᠯᠭᠠᠭᠠᠵᠢᠭᠤᠯᠤᠭ᠍ᠰᠠᠨ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠬᠡᠯᠪᠡᠷᠢ᠎ᠶ᠋ᠢᠨ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠷᠭᠡᠨ ᠤᠯᠠᠨ ᠺᠠᠳ᠋ᠷᠴᠤᠳ᠎ᠢ ᠰᠡᠳᠭᠢᠯ ᠠᠯᠭᠠᠰᠠᠯ ᠦᠭᠡᠢ᠎ᠪᠠᠷ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠪᠣᠳᠠᠲᠠᠢ ᠠᠵᠢᠯ ᠬᠢᠬᠦ᠌ ᠪᠣᠯᠭᠠᠨ᠎ᠡ᠃ ᠰᠠᠢᠨ ᠰᠠᠢᠬᠠᠨ ᠤᠯᠤᠰ ᠲᠦᠷᠦ᠍᠎ᠶ᠋ᠢᠨ ᠣᠷᠴᠢᠨ ᠨᠥᠬᠦᠴᠡᠯ᠂ ᠴᠢᠳᠠᠪᠤᠷᠢᠲᠠᠨ᠎ᠤ ᠣᠷᠴᠢᠨ ᠨᠥᠬᠦᠴᠡᠯ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠂ ᠶᠠᠷᠢᠶ᠎ᠠ ᠬᠡᠯᠡᠯᠴᠡᠭᠡᠨ᠎ᠤ ᠣᠷᠴᠢᠨ ᠨᠥᠬᠦᠴᠡᠯ᠎ᠢ ᠪᠤᠢ ᠪᠣᠯᠭᠠᠵᠤ᠂ ᠨᠡᠢᠭᠡᠮ ᠳᠠᠶᠠᠭᠠᠷ᠎ᠲᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠭᠡ ᠨᠡᠢᠯᠡᠯ ᠬᠦᠴᠦᠨ᠎ᠢ ᠨᠢᠭ᠍ᠲᠠᠷᠠᠭᠤᠯᠤᠨ᠎ᠠ᠃

ᠪᠢᠳᠡ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠠᠯᠬᠤᠭ᠎ᠠ᠎ᠶ᠋ᠢ ᠲᠦᠷᠭᠡᠳᠭᠡᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠱᠠᠱᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭ᠌ᠯᠡᠯᠲᠡ᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠵᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢ ᠬᠠᠤᠯᠢ᠎ᠪᠠᠷ ᠵᠠᠰᠠᠬᠤ᠎ᠶ᠋ᠢ ᠴᠢᠩᠭᠠᠳᠭᠠᠨ᠎ᠠ᠃ ᠬᠠᠷᠢᠶᠠᠲᠤ ᠨᠠᠷ᠎ᠤᠨ ᠶᠠᠪᠤᠳᠠᠯ᠎ᠤᠨ ᠲᠤᠬᠠᠢ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠪᠠ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠲᠤ ᠨᠠᠷ ᠵᠢᠴᠢ ᠬᠠᠷᠢᠶᠠᠲᠤ ᠨᠠᠷ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠬᠠᠷᠢᠶᠠᠲᠤ ᠨᠠᠷ᠎ᠤᠨ ᠰᠡᠳᠭᠢᠯ ᠬᠠᠷᠢᠶᠠᠲᠤ ᠨᠠᠷ᠎ᠤᠨ ᠬᠦᠴᠦᠨ᠎ᠢ ᠨᠡᠩ ᠰᠠᠢᠨ ᠨᠢᠭ᠍ᠲᠠᠷᠠᠭᠤᠯᠤᠨ᠎ᠠ᠃

ᠥᠩᠭᠡᠷᠡᠭ᠌ᠰᠡᠨ ᠨᠢᠭᠡ ᠵᠢᠯ᠎ᠳᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠣᠳᠣᠬᠢᠴᠢᠯᠠᠬᠤ ᠪᠦᠳᠦᠭᠡᠨ ᠪᠠᠢᠭᠤᠯᠤᠯᠲᠠ ᠱᠢᠨ᠎ᠡ ᠠᠮᠵᠢᠯᠲᠠ ᠪᠦᠲᠦᠮᠵᠢ ᠤᠯᠪᠠ᠃ ᠱᠢᠨ᠎ᠡ ᠨᠢᠭᠡᠨ ᠵᠢᠯ᠎ᠳᠤ᠂ ᠪᠢᠳᠡ ᠰᠢ᠎ᠶ᠋ᠢᠨ ᠫᠢᠩ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠠᠷᠠᠳ᠎ᠤᠨ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠬᠠᠷᠢᠭᠤᠴᠠᠬᠤ ᠳᠦᠷᠢᠮ᠎ᠢ ᠪᠦᠬᠦ᠌ ᠲᠠᠯ᠎ᠠ᠎ᠪᠠᠷ ᠭᠦᠨᠵᠡᠭᠡᠶ ᠲᠤᠭᠤᠱᠢᠯᠠᠭᠤᠯᠵᠤ᠂ ᠤᠯᠤᠰ ᠲᠦᠷᠦ᠍᠎ᠪᠠᠷ ᠴᠡᠷᠢᠭ᠎ᠢ ᠪᠠᠢᠭᠤᠯᠬᠤ᠎ᠪᠠᠷ ᠵᠢᠯᠤᠭᠤᠳᠤᠯᠭ᠎ᠠ ᠪᠣᠯᠭᠠᠵᠤ᠂ ᠤᠯᠤᠰ ᠲᠦᠷᠦ᠍᠎ᠶ᠋ᠢᠨ ᠴᠡᠭ᠌ᠴᠡᠯᠡᠯᠲᠡ ᠪᠣᠯᠪᠠᠰᠤᠷᠠᠭᠤᠯᠤᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠬᠦ᠌ ᠪᠡᠷᠭᠡ ᠰᠡᠳᠦᠪ᠎ᠢ ᠱᠢᠢᠳᠪᠤᠷᠢᠯᠡᠭᠦ᠌ ᠳᠠᠢᠨ᠎ᠢ ᠦᠷᠭᠦᠯᠵᠢᠯᠡᠨ ᠰᠠᠢᠲᠤᠷ ᠬᠢᠬᠦ᠌ ᠬᠡᠷᠡᠭ᠌ᠲᠡᠢ᠃ ᠴᠡᠷᠢᠭ ᠪᠣᠯᠪᠠᠰᠤᠷᠠᠭᠤᠯᠵᠤ ᠳᠠᠢᠨ᠎ᠳᠤ ᠪᠡᠯᠡᠳᠭᠡᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠲᠡᠷᠢᠭᠦᠨ᠎ᠤ ᠳᠠᠢᠴᠢᠨ ᠬᠦᠴᠦᠨ᠎ᠤ ᠪᠠᠢᠭᠤᠯᠤᠯᠲᠠ᠎ᠶ᠋ᠢ ᠲᠦᠷᠭᠡᠳᠭᠡᠨ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠪᠠᠢᠯᠳᠤᠬᠤ ᠪᠣᠳᠣᠯᠭ᠎ᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃ ᠴᠡᠷᠢᠭ ᠠᠩᠭᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠰᠠᠢᠲᠤᠷ ᠠᠳᠭᠤᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠭ᠌ᠵᠢᠯᠲᠡ᠎ᠶ᠋ᠢᠨ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠵᠦ᠍᠂ ᠴᠡᠷᠢᠭ᠎ᠤᠨ ᠶᠠᠪᠤᠳᠠᠯ᠎ᠤᠨ ᠤᠨᠤᠯ᠎ᠤᠨ ᠣᠳᠣᠬᠢᠴᠢᠯᠠᠯᠲᠠ᠎ᠶ᠋ᠢ ᠠᠬᠢᠭᠤᠯᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠴᠡᠷᠢᠭ ᠠᠩᠭᠢ ᠪᠠ ᠣᠷᠣᠨ ᠨᠤᠲᠤᠭ ᠠᠯᠤᠰᠯᠠᠭ᠍ᠰᠠᠨ ᠥᠭᠡᠷᠡᠴᠢᠯᠡᠯᠲᠡ᠎ᠶ᠋ᠢ ᠬᠦᠴᠦ᠍᠎ᠪᠠᠨ ᠬᠠᠮᠲᠤᠳᠭᠠᠨ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠠᠵᠤ ᠦᠢᠯᠡᠳᠪᠦᠷᠢ᠎ᠶ᠋ᠢᠨ ᠱᠢᠰᠲ᠋ᠧᠮ ᠪᠠ ᠪᠠᠢᠷᠢᠯᠠᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠤᠯᠤᠰ᠎ᠤᠨ ᠨᠢᠭᠡ ᠴᠣᠭ᠍ᠴᠠᠵᠢᠭ᠍ᠰᠠᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠦᠨ᠎ᠡ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢᠴᠢᠯᠠᠯᠳᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠠᠷᠠᠳ ᠨᠡᠢᠲᠡ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠶᠡᠭᠡ᠎ᠪᠠᠷ ᠳᠠᠮᠵᠢᠵᠤ᠂ 《ᠬᠤᠶᠠᠷ᠎ᠢ ᠬᠦᠷᠢᠶᠡᠯᠡᠬᠦ᠌》 ᠠᠵᠢᠯ᠎ᠢ ᠭᠦᠨᠵᠡᠭᠡᠢᠷᠡᠭᠦᠯᠦᠨ ᠥᠷᠨᠢᠭᠦᠯᠵᠦ᠍᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠠᠬᠢᠵᠢᠭᠦᠯᠬᠦ᠌ ᠬᠡᠷᠡᠭ᠌ᠲᠡᠢ᠃

ᠪᠢᠳᠡ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》᠂ 《ᠱᠢᠶᠠᠩᠭᠠᠩ᠎ᠤᠨ ᠬᠥᠮᠦᠨ᠎ᠢᠶᠠᠷ ᠱᠢᠶᠠᠩᠭᠠᠩ᠎ᠢ ᠵᠠᠰᠠᠭᠤᠯᠬᠤ》᠂ 《ᠣᠣᠮᠧᠨ᠎ᠤ ᠬᠥᠮᠦᠨ᠎ᠢᠶᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ 《ᠡᠬᠡ ᠤᠷᠤᠨᠴᠢ ᠬᠦᠮᠦᠰ᠎ᠢᠶᠠᠷ ᠱᠢᠶᠠᠩᠭᠠᠩ᠎ᠢ ᠵᠠᠰᠠᠭᠤᠯᠬᠤ》᠂ 《ᠡᠬᠡ ᠤᠷᠤᠨᠴᠢ ᠬᠦᠮᠦᠰ᠎ᠢᠶᠠᠷ ᠣᠣᠮᠧᠨ᠎ᠢ ᠵᠠᠰᠠᠭᠤᠯᠬᠤ》 ᠵᠠᠷᠴᠢᠮ᠎ᠢ ᠨᠠᠢᠳᠠᠪᠤᠷᠢᠵᠢᠭᠤᠯᠵᠤ᠂ ᠱᠢᠶᠠᠩᠭᠠᠩ ᠣᠣᠮᠧᠨ᠎ᠢ ᠬᠠᠤᠯᠢ ᠶᠣᠰᠣᠭᠠᠷ ᠵᠠᠰᠠᠬᠤ ᠦᠢᠯᠡᠳᠦᠯ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠱᠢᠶᠠᠩᠭᠠᠩ ᠣᠣᠮᠧᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠱᠢᠶᠠᠩᠭᠠᠩ ᠣᠣᠮᠧᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠠᠩ ᠰᠠᠢᠨ ᠠᠭᠤᠰᠤᠨ ᠤᠷᠤᠬᠤ ᠪᠠ ᠦᠢᠯᠡᠴᠢᠯᠡᠬᠦ᠌᠎ᠶ᠋ᠢ ᠳᠠᠮᠵᠢᠵᠤ᠂ ᠱᠢᠶᠠᠩᠭᠠᠩ ᠣᠣᠮᠧᠨ᠎ᠤ ᠡᠬᠡ ᠤᠯᠤᠰ᠎ᠢᠶᠠᠨ ᠲᠦᠱᠢᠵᠦ᠍᠂ ᠳᠡᠯᠡᠬᠡᠢ ᠳ᠋ᠠᠬᠢᠨ᠎ᠲᠠᠢ ᠨᠡᠪᠲᠡᠷᠡᠯᠴᠡᠬᠦ᠌ ᠥᠪᠡᠷᠮᠢᠴᠡ ᠳᠠᠪᠠᠭᠤᠯᠢᠭ ᠪᠠ ᠴᠢᠬᠤᠯᠠ ᠦᠢᠯᠡᠳᠦᠯ᠎ᠢ ᠪᠠᠳᠠᠷᠠᠭᠤᠯᠤᠨ᠂ ᠱᠢᠶᠠᠩᠭᠠᠩ᠂ ᠣᠣᠮᠧᠨ᠎ᠤ ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠠᠬᠢᠭᠤᠯᠤᠨ᠎ᠠ᠃

ᠪᠢᠳᠡ ᠱᠢᠨ᠎ᠡ ᠴᠠᠭ ᠦᠶ᠎ᠡ᠎ᠶ᠋ᠢᠨ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠶ ᠠᠷᠭ᠎ᠠ ᠪᠣᠳᠣᠯᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠠ 《ᠶᠡᠷᠡᠨ ᠬᠤᠶᠠᠷ ᠣᠨ᠎ᠤ ᠬᠠᠮᠲᠤ᠎ᠶ᠋ᠢᠨ ᠲᠠᠨᠢᠯᠲᠠ》 ᠎ᠶ᠋ᠢ ᠪᠠᠷᠢᠮᠲᠠᠯᠠᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠬᠦᠴᠦᠨ᠎ᠳᠤ ᠡᠷᠡᠰ ᠴᠣᠬᠢᠯᠲᠠ ᠥᠭ᠌ᠴᠦ᠂ ᠭᠠᠳᠠᠭᠠᠳᠤ ᠬᠦᠴᠦᠨ᠎ᠤ ᠭᠠᠷ ᠲᠦᠷᠦᠭᠦ᠎ᠶ᠋ᠢ ᠡᠰᠡᠷᠭᠦᠴᠡᠵᠦ᠍᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭᠠᠨ᠎ᠤ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠡᠬᠡ ᠤᠯᠤᠰ᠎ᠢᠶᠠᠨ ᠨᠢᠭᠡᠳᠭᠡᠬᠦ᠌ ᠶᠡᠭᠡ ᠦᠢᠯᠡᠰ᠎ᠢ ᠠᠬᠢᠭᠤᠯᠬᠤ ᠬᠡᠷᠡᠭ᠌ᠲᠡᠢ᠃ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠪᠠ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠰᠣᠶᠣᠯ᠎ᠢ ᠬᠠᠮᠲᠤ᠎ᠪᠠᠷ ᠤᠯᠠᠮᠵᠢᠯᠠᠨ ᠪᠠᠳᠠᠷᠠᠭᠤᠯᠵᠤ᠂ ᠲᠠᠢᠸᠠᠨ᠎ᠤ ᠠᠬ᠎ᠠ ᠳᠡᠭᠦᠦ ᠨᠡᠷ᠎ᠤᠨ ᠠᠳᠠᠯᠢ ᠲᠡᠭ᠌ᠰᠢ ᠬᠠᠷᠠᠭᠠᠯᠵᠠᠯ ᠬᠦᠷᠲᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠬ᠎ᠠ ᠳᠡᠭᠦᠦ ᠨᠡᠷ᠎ᠤᠨ ᠠᠵᠠ ᠵᠢᠷᠭᠠᠯ᠎ᠢ ᠨᠡᠮᠡᠭ᠌ᠳᠡᠭᠦᠯᠵᠦ᠍᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠬᠠᠮᠲᠤ᠎ᠪᠠᠷ ᠡᠭᠦᠳᠦᠨ ᠨᠡᠭᠡᠭᠡᠨ᠎ᠡ᠃

ᠪᠢᠳᠡ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠥᠷᠥ᠎ᠶ᠋ᠢᠨ ᠪᠣᠳᠣᠯᠭ᠎ᠠ᠎ᠶ᠋ᠢ ᠪᠠᠷᠢᠮᠲᠠᠯᠠᠵᠤ᠂ ᠡᠩᠭᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠪᠦᠬᠦ᠌ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ᠎ᠶ᠋ᠢᠨ ᠲᠣᠣᠷ᠎ᠢ ᠥᠷᠭᠡᠳᠭᠡᠵᠦ᠍᠂ ᠡᠵᠡᠷᠬᠡᠬᠦ᠌ ᠦᠵᠡᠯ ᠪᠠ ᠬᠦᠴᠦᠷᠬᠡᠭ᠌ᠯᠡᠯ᠎ᠤᠨ ᠤᠯᠤᠰ ᠲᠦᠷᠦ᠍᠎ᠶ᠋ᠢ ᠡᠷᠡᠰ ᠡᠰᠡᠷᠭᠦᠴᠡᠵᠦ᠍᠂ ᠤᠯᠠᠨ ᠤᠯᠤᠰ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠬᠡᠷᠡᠭ᠌ᠲᠡᠢ᠃ ᠳᠤᠮᠳᠠᠳᠤ ᠤᠯᠤᠰ ᠳᠤᠷᠠᠲᠠᠶ᠎ᠠ ᠳᠡᠯᠡᠬᠡᠶ ᠨᠡᠢᠲᠡ᠎ᠲᠠᠢ ᠬᠠᠮᠲᠤ᠎ᠪᠠᠷ ᠡᠷᠬᠡ ᠲᠡᠭ᠌ᠰᠢ ᠡᠮᠬᠢ ᠵᠢᠷᠤᠮ᠎ᠲᠠᠢ ᠳᠡᠯᠡᠬᠡᠶ᠎ᠶ᠋ᠢᠨ ᠣᠯᠠᠨ ᠲᠦᠢᠯᠱᠢᠷᠠᠯᠲᠠ᠂ ᠲᠦᠭᠡᠮᠡᠯ ᠬᠠᠷᠠᠭᠠᠯᠵᠠᠯ᠎ᠲᠠᠢ ᠪᠠᠭ᠍ᠲᠠᠭᠠᠮᠵᠢᠲᠠᠶ ᠪᠠᠢᠬᠤ ᠠᠵᠤ ᠠᠬᠤᠶ᠎ᠶ᠋ᠢᠨ ᠳᠡᠯᠡᠬᠡᠢᠴᠢᠯᠡᠯᠲᠡ᠎ᠶ᠋ᠢ ᠰᠠᠨᠠᠭᠠᠴᠢᠯᠠᠨ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠠᠮᠤᠷ ᠲᠦᠪᠱᠢᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠱᠢᠰᠲ᠋ᠧᠮ᠎ᠤᠨ ᠥᠭᠡᠷᠡᠴᠢᠯᠡᠯᠲᠡ ᠪᠣᠯᠣᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠣᠯᠠᠨ ᠤᠯᠤᠰ᠎ᠤᠨ ᠡᠮᠬᠢ ᠵᠢᠷᠤᠮ᠎ᠤᠨ ᠨᠡᠩ ᠲᠥᠪ ᠭᠤᠣᠯᠴᠢ ᠵᠦᠶ ᠵᠣᠬᠢᠰᠲᠠᠶ ᠴᠢᠭ᠌ᠯᠡᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠤᠯᠪᠤᠯᠴᠠᠨ ᠪᠠᠢᠭᠤᠯᠵᠤ᠂ ᠳᠡᠯᠡᠬᠡᠶ᠎ᠶ᠋ᠢᠨ ᠡᠩᠬᠡ ᠲᠠᠢᠪᠤᠩ ᠬᠥᠭ᠌ᠵᠢᠯᠲᠡ᠎ᠶ᠋ᠢᠨ ᠰᠠᠢᠨ ᠰᠠᠢᠬᠠᠨ ᠢᠷᠡᠭᠡᠳᠦᠶ᠎ᠶ᠋ᠢ ᠬᠠᠮᠲᠤ᠎ᠪᠠᠷ ᠴᠣᠭ᠍ᠴᠠᠯᠠᠨ᠎ᠠ᠃

ᠲᠥᠯᠥᠭᠡᠯᠡᠭ᠌ᠴᠢᠳ ᠡ! ᠵᠢᠷᠤᠭ ᠲᠥᠰᠦᠪ᠎ᠢ ᠨᠢᠭᠡᠨᠲᠡ ᠵᠢᠷᠤᠭ᠍ᠯᠠᠪᠠ᠂ ᠡᠷᠡᠯᠬᠡᠭ᠌ᠯᠡᠨ ᠤᠷᠤᠭ᠍ᠰᠢᠯᠠᠬᠤ ᠡᠷᠢᠨ ᠪᠤᠯᠤᠭᠠᠳ ᠪᠤᠢ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠥᠨ᠂ ᠰᠢ᠎ᠶ᠋ᠢᠨ ᠫᠢᠩ᠎ᠤᠨ ᠱᠢᠨ᠎ᠡ ᠴᠠᠭ ᠥᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠲᠦᠮᠡᠨ ᠣᠯᠠᠨ᠎ᠢᠶᠠᠷ᠎ᠢᠶᠠᠨ ᠰᠡᠳᠭᠢᠯ ᠨᠢᠭᠡᠳᠴᠦ᠍᠂ ᠡᠷᠡᠮᠡᠭᠡᠢᠯᠡᠨ ᠤᠷᠤᠭ᠍ᠰᠢᠯᠠᠵᠥ᠍᠂ ᠪᠦᠬᠦ᠌ ᠵᠢᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠪᠠᠨ ᠴᠢᠷᠮᠠᠢᠨ ᠪᠡᠶᠡᠯᠡᠭᠦᠯᠵᠥ᠍᠂ ᠠᠷᠪᠠᠨ ᠳᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠦᠨᠡᠨ ᠬᠦ᠌ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ!   

(ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 13 ᠎ᠤ᠋ ᠴᠡᠬᠢᠯᠭᠠᠨ ᠮᠡᠳᠡᠭᠡ᠂ ᠲᠤᠮᠳᠠᠳᠤ ᠤᠯᠤᠰ᠎ᠤᠨ ᠦᠨᠳᠦᠰᠦᠳᠡᠨ᠎ᠦ ᠬᠡᠯᠡᠨ᠎ᠦ ᠤᠷᠴᠢᠭᠤᠯᠭ᠎ᠠ ᠵᠢᠨ ᠲᠤᠪᠴᠢᠶ᠎ᠠ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号