— ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠳᠥᠷᠪᠡᠳᠦᠭᠡᠷ ᠬᠤᠷᠠᠯ ᠳᠡᠭᠡᠷ᠎ᠡ
(2026 ᠤᠨ᠎ᠤ 3 ᠰᠠᠷ᠎ᠠ᠎ᠶ᠋ᠢᠨ 4 ᠤ᠋ ᠡᠳᠦᠷ)
ᠸᠠᠩ ᠬᠤ᠌ ᠨᠢᠩ
ᠭᠡᠱᠢᠭᠦᠳ ᠡ᠄
ᠪᠢ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ᠂ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠃
ᠨᠢᠭᠡ᠂ 2025 ᠤᠨ᠎ᠤ ᠭᠤᠣᠯ ᠠᠵᠢᠯ
2025 ᠣᠨ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠᠬᠢ ᠴᠢᠬᠤᠯᠠ ᠠᠴᠢ ᠬᠤᠯᠪᠣᠭ᠍ᠳᠠᠯ ᠪᠦᠬᠦᠢ ᠨᠢᠭᠡ ᠵᠢᠯ ᠮᠥᠨ᠃ ᠡᠭᠡᠳᠡᠷᠡᠭᠡᠨ ᠪᠤᠳᠤᠯᠢᠶᠠᠨᠲᠠᠶ ᠳᠡᠯᠡᠬᠡᠶ᠎ᠶ᠋ᠢᠨ ᠪᠠᠢᠳᠠᠯ ᠪᠠ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ ᠬᠠᠳᠠᠭᠤ ᠪᠡᠷᠬᠡ ᠬᠥᠨᠳᠤ ᠨᠦᠰᠡᠷ ᠡᠭᠦᠷᠭᠡ᠎ᠶ᠋ᠢᠨ ᠡᠮᠦᠨ᠎ᠡ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ᠎ᠢ ᠰᠥᠷᠦᠨ᠂ ᠡᠷᠡᠯᠬᠡᠭ᠌ᠯᠡᠨ ᠲᠡᠮᠡᠴᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠶᠠᠷ ᠶᠡᠭᠡ ᠲᠠᠯ᠎ᠠ᠎ᠶ᠋ᠢ ᠨᠢᠭᠡᠳᠦᠯᠲᠡᠶ ᠲᠥᠯᠥᠪᠯᠡᠵᠦ᠍᠂ ᠪᠦᠬᠦ᠌ ᠵᠢᠯ᠎ᠤᠨ ᠠᠵᠤ ᠠᠬᠤᠶ ᠨᠡᠢᠭᠡᠮ ᠤᠨ ᠬᠥᠭ᠌ᠵᠢᠯᠲᠡ᠎ᠶ᠋ᠢᠨ ᠭᠤᠣᠯ ᠭᠤᠣᠯ ᠬᠠᠷᠠᠯᠲᠠ ᠶ᠋ᠢ ᠤᠷᠤᠭ᠍ᠰᠢᠲᠠᠶ ᠪᠡᠶᠡᠯᠡᠭᠦᠯᠵᠦ᠍᠂ ᠮᠠᠨ᠎ᠤ ᠤᠯᠤᠰ ᠤᠨ ᠠᠵᠤ ᠠᠬᠤᠶ ᠳᠠᠷᠤᠯᠲᠠ᠎ᠶ᠋ᠢ ᠲᠤᠯᠤᠨ ᠤᠷᠤᠭ᠍ᠰᠢᠯᠠᠵᠤ᠂ ᠱᠢᠨ᠎ᠡ ᠲᠡᠢᠰᠢ ᠱᠢᠯᠢᠳᠡᠭ ᠲᠡᠢᠰᠢ ᠬᠥᠭ᠌ᠵᠢᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠯᠠᠪᠳᠠᠭᠤᠨ᠎ᠢᠶᠠᠷ ᠬᠥᠭ᠌ᠵᠢᠭᠦᠯᠵᠦ᠍᠂ ᠥᠭᠡᠷᠡᠴᠢᠯᠡᠯᠲᠡ ᠨᠡᠭᠡᠭᠡᠯᠲᠡ᠎ᠶ᠋ᠢ ᠱᠢᠨ᠎ᠡ ᠠᠯᠬᠤᠮ ᠤᠷᠤᠭ᠍ᠰᠢᠯᠠᠭᠤᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠨᠡᠩ ᠬᠦᠴᠦᠲᠡᠶ ᠪᠤᠯᠭᠠᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠢ ᠳᠠᠭᠤᠰᠭᠠᠵᠤ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠶ ᠬᠦᠴᠦᠨ ᠱᠢᠨ᠎ᠡ ᠳᠡᠭ᠌ᠲᠡᠷ᠎ᠲᠤ ᠭᠠᠷᠴᠤ᠌᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠱᠢᠨ᠎ᠡ ᠠᠯᠬᠤᠮ ᠢ ᠠᠯᠬᠤᠪᠠ᠃ ᠳᠤᠮᠳᠠᠳᠤ ᠤᠯᠤᠰ ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠢ ᠢᠯᠠᠯᠲᠠ᠎ᠲᠠᠢ᠎ᠪᠠᠷ ᠬᠤᠷᠠᠯᠳᠤᠭᠤᠯᠵᠤ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠥᠭ᠌ᠵᠢᠯᠲᠡ᠎ᠶ᠋ᠢᠨ ᠵᠢᠷᠤᠭ ᠲᠥᠰᠥᠪ ᠢ ᠵᠢᠷᠤᠭ᠍ᠯᠠᠪᠠ᠃ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠭ᠌ᠰᠡᠨ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠭ᠌ᠰᠡᠨ ᠳᠠᠢᠨ ᠢᠯᠠᠯᠲᠠ ᠣᠯᠤᠭ᠍ᠰᠠᠨ 80 ᠵᠢᠯ᠎ᠤᠨ ᠣᠶ᠎ᠶ᠋ᠢ ᠥᠪᠡᠳᠡᠭ᠌ᠰᠢ ᠶᠡᠭᠡ᠎ᠪᠠᠷ ᠳᠤᠷᠠᠰᠭᠠᠭ᠍ᠰᠠᠨᠨᠢ ᠦᠨᠳᠦᠰᠦᠲᠡᠨ᠎ᠤ ᠵᠤᠷᠢᠭ ᠰᠠᠨᠠᠭ᠎ᠠ᠎ᠶ᠋ᠢ ᠲᠦᠢᠯ᠎ᠤᠨ ᠶᠡᠭᠡ᠎ᠪᠠᠷ ᠬᠦᠭ᠌ᠵᠢᠭᠡᠵᠦ᠍᠂ ᠡᠬᠡ ᠤᠷᠤᠨᠴᠢ ᠬᠠᠯᠠᠭᠤᠨ ᠰᠡᠳᠭᠢᠯᠭᠡ᠎ᠶ᠋ᠢ ᠤᠷᠬᠢᠯᠤᠭᠤᠯᠵᠦ᠍᠂ ᠲᠡᠮᠡᠴᠡᠯ᠎ᠤᠨ ᠬᠦᠴᠦᠨ᠎ᠢ ᠨᠢᠭ᠍ᠲᠠᠷᠠᠭᠤᠯᠪᠠ᠃
ᠤᠯᠤᠰ ᠲᠥᠷᠥ᠎ᠶ᠋ᠢᠨ ᠵᠥᠪᠯᠡᠯᠭᠡᠨ᠎ᠤ ᠪᠦᠬᠦ᠌ ᠤᠯᠤᠰ᠎ᠤᠨ ᠬᠤᠷᠢᠶ᠎ᠠ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠨ᠂ 《ᠬᠤᠶᠠᠷ ᠢ ᠲᠣᠭ᠍ᠲᠠᠭᠠᠭ᠍ᠰᠠᠨ》 ᠤ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠨ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠤᠯᠤᠰ ᠲᠥᠷᠥ ᠶ᠋ᠢᠨ ᠵᠥᠪᠯᠡᠯᠭᠡᠨ ᠤ ᠠᠵᠢᠯ ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠷᠠᠳ ᠤᠨ ᠤᠯᠤᠰ ᠲᠥᠷᠥ᠎ᠶ᠋ᠢᠨ ᠵᠥᠪᠯᠡᠯᠭᠡᠨ ᠤ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠭᠤᠣᠯ ᠠᠵᠢᠯ᠎ᠲᠠᠢ ᠤᠶᠠᠯᠳᠤᠭᠤᠯᠬᠤ᠂ ᠶᠡᠭᠡ ᠲᠠᠯ᠎ᠠ ᠳᠤ ᠦᠢᠯᠡᠴᠢᠯᠡᠬᠦ᠌ ᠶ᠋ᠢ ᠪᠠᠷᠢᠮᠲᠠᠯᠠᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ᠎ᠤᠨ ᠠᠵᠢᠯ ᠱᠢᠨ᠎ᠡ ᠦᠷ᠎ᠡ ᠪᠦᠲᠦᠮᠵᠢ ᠤᠯᠪᠠ᠃
ᠨᠢᠭᠡ ᠵᠢᠯ᠎ᠤᠨ ᠲᠤᠷᠰᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠡᠯ᠎ᠡ ᠲᠦᠷᠦᠯ᠎ᠤᠨ ᠵᠥᠪᠯᠡᠯᠭᠡ ᠬᠢᠵᠦ᠍ ᠲᠦᠷᠦ᠍᠎ᠶ᠋ᠢᠨ ᠬᠡᠷᠡᠭ᠎ᠢ ᠵᠥᠪᠯᠡᠬᠦ᠌ ᠠᠵᠢᠯᠯᠠᠭ᠎ᠠ᠎ᠶ᠋ᠢ ᠨᠡᠢᠳᠡ 98 ᠲᠠᠯᠠᠪᠤᠷ ᠤᠳᠠᠭ᠎ᠠ ᠡᠷᠬᠢᠯᠡᠪᠡ; 5992 ᠬᠤᠪᠢ ᠰᠠᠨᠠᠯ ᠳᠤᠷᠠᠳᠤᠯᠭ᠎ᠠ᠎ᠶ᠋ᠢ ᠬᠦᠯᠢᠶᠡᠨ ᠠᠪᠴᠤ᠌᠂5061 ᠬᠤᠪᠢ ᠶ᠋ᠢ ᠨᠢ ᠬᠡᠷᠡᠭ ᠪᠣᠯᠭᠠᠨ ᠳᠠᠩᠰᠠᠯᠠᠵᠤ᠂ ᠱᠢᠢᠳᠪᠦᠷᠢᠯᠡᠵᠦ᠍ ᠬᠠᠷᠢᠭᠤᠯᠲᠠ ᠥᠭ᠌ᠭᠦᠭ᠌ᠰᠡᠨ ᠨᠤᠷᠮ᠎ᠠ 99.9% ᠳᠤ ᠬᠦᠷᠪᠡ; ᠮᠡᠳᠡᠭᠡ ᠵᠠᠩᠭᠢ᠎ᠶ᠋ᠢᠨ ᠡᠬᠡ ᠪᠢᠴᠢᠭ᠎ᠢ 75648 ᠬᠤᠪᠢ ᠣᠯᠵᠤ᠂17223 ᠬᠤᠪᠢ ᠶ᠋ᠢ᠎ᠨᠢ ᠬᠡᠷᠡᠭ᠌ᠯᠡᠵᠦ᠍᠂ ᠮᠡᠳᠡᠭᠡ ᠵᠠᠩᠭᠢ᠎ᠶ᠋ᠢᠨ ᠰᠡᠳᠬᠦᠯ᠎ᠢ 2118 ᠬᠤᠭᠤᠴᠠᠭ᠎ᠠ ᠨᠠᠢᠷᠠᠭᠤᠯᠤᠨ ᠮᠡᠳᠡᠭᠦᠯᠵᠦ᠍᠂ ᠡᠯ᠎ᠡ ᠲᠥᠷᠥᠯ᠎ᠤᠨ ᠲᠦᠷᠦ᠍᠎ᠶ᠋ᠢᠨ ᠬᠡᠷᠡᠭ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠤᠭ᠍ᠰᠠᠨ ᠦᠷ᠎ᠡ ᠪᠦᠲᠦᠭᠡᠯ᠎ᠤᠨ ᠲᠤᠬᠠᠢ ᠤᠳᠤᠷᠢᠳᠭᠤ ᠨᠥᠬᠦᠳ᠎ᠤᠨ ᠴᠣᠬᠤᠯᠠᠪᠤᠷᠢ᠎ᠶ᠋ᠢ 1057 ᠬᠥᠮᠦᠨ ᠤᠳᠠᠭ᠎ᠠ᠂ ᠣᠷᠣᠨ ᠨᠤᠲᠤᠭ ᠪᠠ ᠰᠠᠯᠠᠭ᠎ᠠ ᠮᠥᠴᠢᠷ᠎ᠤᠨ ᠬᠠᠷᠢᠭᠤ ᠲᠤᠰᠭᠠᠭ᠍ᠰᠠᠨ ᠮᠡᠳᠡᠭᠦᠯᠦᠯᠲᠡ᠎ᠶ᠋ᠢ 201 ᠬᠤᠪᠢ ᠬᠤᠷᠢᠶᠠᠨ ᠣᠯᠪᠠ᠃ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ 《ᠠᠷᠠᠳ᠎ᠲᠤ ᠦᠢᠯᠡᠴᠢᠯᠡᠬᠦ᠌》 ᠠᠵᠢᠯᠯᠠᠭ᠎ᠠ ᠶ᠋ᠢ 6778 ᠵᠦᠢᠯ᠂ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠲᠠᠢ ᠬᠠᠷᠢᠯᠴᠠᠬᠤ ᠠᠵᠢᠯᠯᠠᠭ᠎ᠠ᠎ᠶ᠋ᠢ 11115 ᠵᠦᠢᠯ ᠥᠷᠨᠢᠭᠦᠯᠵᠦ᠍᠂ ᠭᠡᠱᠢᠭᠦᠳ 21113 ᠬᠥᠮᠦᠨ ᠤᠳᠠᠭ᠎ᠠ ᠣᠷᠤᠯᠴᠠᠵᠤ᠂ ᠤᠯᠠᠨ ᠲᠦᠮᠡᠨ ᠳᠤ 400 ᠭᠠᠷᠤᠶ ᠲᠦᠮᠡᠨ ᠬᠥᠮᠦᠨ ᠤᠳᠠᠭ᠎ᠠ ᠦᠢᠯᠡᠴᠢᠯᠡᠪᠠ; ᠪᠦᠬᠦ᠌ ᠵᠢᠯ᠎ᠳᠤ ᠭᠡᠱᠢᠭᠦᠳ ᠵᠥᠪᠯᠡᠯᠭᠡ ᠬᠢᠵᠦ᠍ ᠲᠥᠷᠥ᠎ᠶ᠋ᠢᠨ ᠬᠡᠷᠡᠭ᠎ᠢ ᠵᠥᠪᠯᠡᠬᠦ᠌ ᠬᠤᠷᠠᠯᠳᠤᠭᠠᠨ᠎ᠳᠤ ᠨᠡᠢᠲᠡ 7043 ᠬᠥᠮᠦᠨ ᠤᠳᠠᠭ᠎ᠠ ᠣᠷᠣᠯᠴᠠᠵᠤ᠂ ᠪᠠᠢᠴᠠᠭᠠᠨ ᠦᠵᠡᠬᠦ᠌ ᠪᠠᠢᠴᠠᠭᠠᠨ ᠱᠢᠨᠵᠢᠯᠡᠬᠦ᠌ ᠪᠠᠢᠴᠠᠭᠠᠨ ᠰᠤᠳᠤᠯᠬᠤ ᠠᠵᠢᠯ ᠳᠤ 1290 ᠬᠥᠮᠦᠨ ᠤᠳᠠᠭ᠎ᠠ ᠣᠷᠣᠯᠴᠠᠵᠤ᠂ ᠣᠨᠣᠯ ᠤᠨ ᠰᠤᠳᠤᠯᠭᠠᠨ᠎ᠳᠤ 506 ᠬᠥᠮᠦᠨ ᠤᠳᠠᠭ᠎ᠠ ᠣᠷᠣᠯᠴᠠᠵᠤ᠂ 1965 ᠭᠡᠱᠢᠭᠦᠨ ᠰᠠᠨᠠᠯ ᠳᠤᠷᠠᠳᠤᠯᠭ᠎ᠠ ᠳᠤᠷᠠᠳᠭᠤ᠎ᠳᠤ ᠣᠷᠣᠯᠴᠠᠵᠤ᠂1443 ᠭᠡᠱᠢᠭᠦᠨ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠲᠤᠰᠭᠠᠵᠤ᠂ 365 ᠭᠡᠱᠢᠭᠦᠨ ᠶᠡᠭᠡ ᠬᠤᠷᠠᠯ ᠳᠡᠭᠡᠷᠡᠬᠢ ᠶᠠᠷᠢᠶ᠎ᠠ ᠳᠡᠪᠱᠢᠭᠦᠯᠵᠦ᠍᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠠᠳᠠᠭᠠᠳᠤ ᠬᠠᠷᠢᠯᠴᠠᠭᠠᠨ ᠤ ᠠᠵᠢᠯᠯᠠᠭ᠎ᠠ᠎ᠳᠤ 343 ᠬᠥᠮᠦᠨ ᠤᠳᠠᠭ᠎ᠠ ᠣᠷᠣᠯᠴᠠᠵᠤ᠂ 33 ᠭᠡᠱᠢᠭᠦᠨ ᠲᠤᠱᠢᠶᠠᠯ ᠬᠠᠷᠢᠭᠤᠴᠠᠯᠭ᠎ᠠ ᠪᠠᠨ ᠱᠢᠯᠢᠳᠡᠭ ᠭᠦᠢᠴᠡᠳᠭᠡᠭ᠌ᠰᠡᠨ ᠣᠨ᠎ᠤ ᠱᠠᠩᠨᠠᠯ ᠬᠦᠷᠲᠡᠪᠡ᠃
ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠥᠷᠪᠡᠨ ᠲᠠᠯ᠎ᠠ᠎ᠪᠠᠷ ᠬᠦᠴᠦ᠍ ᠣᠷᠣᠭᠤᠯᠵᠤ᠂ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠠᠵᠢᠯ ᠤᠨ ᠱᠢᠨ᠎ᠡ ᠳᠡᠭ᠌ᠲᠡᠷ᠎ᠲᠤ ᠭᠠᠷᠬᠤ᠎ᠶ᠋ᠢ ᠠᠬᠢᠭᠤᠯᠪᠠ᠃
ᠨᠢᠭᠡ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ 《ᠬᠤᠶᠠᠷ ᠢ ᠬᠠᠮᠠᠭᠠᠯᠠᠬᠤ》 ᠶ᠋ᠢ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠪᠡ᠃ ᠪᠢᠳᠡ 《ᠨᠢᠭᠡᠳᠦᠭᠡᠷ ᠵᠥᠪᠯᠡᠬᠦ᠌ ᠰᠡᠳᠦᠪ》 ᠤᠨ ᠳᠦᠷᠢᠮ᠎ᠢ ᠪᠠᠷᠢᠮᠲᠠᠯᠠᠵᠤ᠂ ᠪᠦᠬᠦ᠌ ᠤᠯᠤᠰ ᠤᠨ ᠤᠯᠤᠰ ᠲᠥᠷᠥ᠎ᠶ᠋ᠢᠨ ᠵᠥᠪᠯᠡᠯᠭᠡᠨ ᠵᠢᠴᠢ ᠤᠯᠤᠰ ᠲᠥᠷᠥ᠎ᠶ᠋ᠢᠨ ᠵᠥᠪᠯᠡᠯᠭᠡᠨ᠎ᠤ ᠪᠠᠢᠭᠤᠯᠭ᠎ᠠ᠂ ᠡᠯ᠎ᠡ ᠲᠤᠰᠭᠠᠶ ᠵᠥᠪᠯᠡᠯ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠤᠯᠠᠮᠵᠢᠯᠠᠨ ᠰᠤᠷᠤᠯᠴᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠲᠤᠱᠢᠶᠠᠯ ᠬᠠᠷᠢᠭᠤᠴᠠᠯᠭ᠎ᠠ ᠡᠭᠦᠷᠭᠡ ᠲᠠᠢ ᠤᠶᠠᠯᠳᠤᠭᠤᠯᠵᠤ ᠪᠠᠢᠭᠠᠳ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠪᠠᠢᠩᠭᠤ᠎ᠶ᠋ᠢᠨ ᠪᠦᠭᠡᠳ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠢᠭᠡᠳ ᠨᠢᠭᠡ ᠪᠠᠷ ᠱᠢᠪᠠᠳᠠᠨ ᠱᠢᠢᠳᠪᠦᠷᠢᠯᠡᠭᠦᠯᠵᠦ᠍ ᠨᠠᠢᠳᠠᠪᠤᠷᠢᠵᠢᠭᠤᠯᠪᠠ᠃ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠬᠤ ᠪᠠ ᠮᠡᠳᠡᠭᠦᠯᠬᠦ᠌ ᠲᠦᠷᠢᠮ ᠢ ᠴᠢᠩᠭ᠎ᠠ ᠬᠡᠷᠡᠭ᠌ᠵᠢᠭᠦᠯᠪᠡ᠃
ᠬᠤᠶᠠᠷ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠵᠤ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠱᠢᠭᠦᠯᠪᠡ᠃ ᠪᠢᠳᠡ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠬᠤ᠎ᠳᠤ ᠬᠦᠴᠦᠨ ᠨᠡᠮᠡᠷᠢᠯᠡᠬᠦ᠌᠎ᠶ᠋ᠢ 2025 ᠣᠨ ᠤ ᠴᠢᠬᠤᠯᠠ ᠡᠭᠦᠷᠭᠡ ᠪᠣᠯᠭᠠᠪᠠ᠃ 《ᠤᠯᠤᠰ ᠠᠷᠠᠳ᠎ᠤᠨ ᠠᠵᠤ ᠠᠬᠤᠶ ᠪᠣᠯᠣᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ》 ᠳᠤᠰᠭᠠᠢ ᠰᠡᠳᠦᠪᠳᠦ ᠲᠦᠷᠦ᠍᠎ᠶ᠋ᠢᠨ ᠬᠡᠷᠡᠭ᠎ᠢ ᠵᠦᠪᠯᠡᠬᠦ᠌ ᠴᠢᠨᠠᠷᠳᠠᠢ ᠪᠠᠢᠡᠭ᠌ᠭᠤ᠎ᠶ᠋ᠢᠨ ᠬᠤᠷᠢᠶᠡᠨ᠎ᠤ ᠬᠤᠷᠠᠯᠳᠤᠭᠠᠨ᠎ᠢ ᠬᠤᠷᠠᠯᠳᠤᠭᠤᠯᠪᠠ᠃ ᠲᠡᠷᠢᠭᠦᠯᠡᠭ᠌ᠴᠢᠳ᠎ᠤᠨ ᠬᠤᠷᠠᠯᠳᠤᠭᠠᠨ ᠤ ᠪᠦᠷᠢᠯᠳᠦᠬᠦᠨ ᠨᠠᠷ ᠲᠦᠷᠦᠭᠦᠯᠡᠨ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠤᠯᠠᠨ ᠤᠯᠤᠰ᠎ᠤᠨ ᠶᠡᠭᠡ ᠣᠷᠴᠢᠯ ᠳᠤᠮᠳᠠᠬᠢ ᠤᠶᠠᠨ ᠬᠠᠳᠠᠨ ᠴᠢᠨᠠᠷ ᠪᠠ ᠠᠮᠤᠷ ᠲᠦᠪᠱᠢᠨ᠎ᠤ ᠬᠢᠷᠢ ᠬᠡᠮᠵᠢᠶ᠎ᠡ᠎ᠶ᠋ᠢ ᠴᠢᠩᠭᠠᠳᠭᠠᠬᠤ ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠪᠠᠷᠠᠯᠠᠬᠢᠯᠠᠯᠲᠤ ᠴᠢᠨᠠᠷᠲᠠᠶ ᠴᠢᠬᠤᠯᠠ ᠶᠡᠭᠡ ᠠᠰᠠᠭᠤᠳᠠᠯ᠎ᠤᠨ ᠲᠣᠭᠤᠷᠢᠨ᠎ᠳᠤ 54 ᠵᠦᠢᠯ᠎ᠤᠨ ᠲᠤᠰᠭᠠᠶ ᠰᠡᠳᠦᠪᠲᠦ ᠰᠤᠳᠤᠯᠭᠠᠨ ᠥᠷᠨᠢᠭᠦᠯᠵᠦ᠍᠂ ᠨᠢᠭᠡ ᠪᠦᠯᠦᠭ ᠴᠢᠨᠠᠷ ᠰᠠᠢᠲᠠᠶ ᠦᠷ᠎ᠡ ᠪᠦᠲᠦᠭᠡᠯ᠎ᠢ ᠪᠤᠢ ᠪᠣᠯᠭᠠᠪᠠ᠃ 《ᠤᠯᠤᠰ ᠲᠥᠷᠥ᠎ᠶ᠋ᠢᠨ ᠵᠥᠪᠯᠡᠯᠭᠡᠨ᠎ᠤ ᠪᠠᠢᠴᠠᠭᠠᠨ ᠰᠤᠳᠤᠯᠤᠯᠲᠠ (ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠳᠤ ᠰᠠᠨᠠᠯ ᠰᠠᠨᠠᠭᠤᠯᠭ᠎ᠠ ᠳᠤᠷᠠᠳᠭᠤ ᠲᠤᠰᠭᠠᠶ ᠰᠡᠳᠦᠪ)》 ᠶ᠋ᠢ ᠨᠡᠭᠡᠭᠡᠵᠤ᠂ 55 ᠬᠤᠭᠤᠴᠠᠭ᠎ᠠ ᠨᠡᠢᠲᠡᠯᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠬᠤᠷᠠᠯᠳᠤᠭ᠍ᠰᠠᠨᠤ ᠳᠠᠷᠠᠭ᠎ᠠ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠲᠡᠷᠢᠭᠦᠯᠡᠭ᠌ᠴᠢᠳ᠎ᠤᠨ ᠬᠤᠷᠠᠯᠳᠤᠭᠠᠨ᠂ ᠪᠠᠢᠩᠭᠤ᠎ᠶ᠋ᠢᠨ ᠬᠤᠷᠢᠶᠠᠨ᠎ᠤ ᠬᠤᠷᠠᠯᠳᠤᠭᠠᠨ᠎ᠠᠴᠠ ᠲᠤᠰᠭᠠᠶ ᠰᠡᠳᠦᠪ᠎ᠢᠶᠠᠷ ᠰᠤᠷᠤᠯᠴᠠᠨ ᠲᠤᠭᠤᠱᠢᠯᠠᠭᠤᠯᠵᠤ᠂ ᠲᠥᠪ ᠬᠤᠷᠢᠶᠠᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠮᠡᠳᠡᠭᠦᠯᠦᠯᠲᠡ᠎ᠶ᠋ᠢᠨ ᠬᠤᠷᠠᠯ᠂ ᠣᠨᠣᠯ᠎ᠤᠨ ᠰᠤᠳᠤᠯᠤᠨ ᠶᠠᠷᠢᠯᠴᠠᠬᠤ ᠬᠤᠷᠠᠯ᠂ ᠪᠠᠢᠭᠤᠯᠭ᠎ᠠ᠎ᠶ᠋ᠢᠨ ᠲᠥᠪᠯᠡᠷᠡᠭᠦᠯᠦᠭ᠌ᠰᠡᠨ ᠡᠭᠡᠯᠵᠢᠲᠦ ᠪᠣᠯᠪᠠᠰᠤᠷᠠᠭᠤᠯᠤᠯ ᠵᠡᠷᠭᠡ᠎ᠶ᠋ᠢ ᠵᠣᠬᠢᠶᠠᠨ ᠪᠠᠢᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ ᠪᠠ ᠪᠠᠢᠭᠤᠯᠭ᠎ᠠ᠎ᠶ᠋ᠢᠨ ᠺᠠᠳ᠋ᠷᠴᠤᠳ᠎ᠤᠨ ᠲᠥᠪ ᠬᠤᠷᠢᠶᠠᠨ᠎ᠤ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠨᠡᠢᠳᠡᠮ ᠪᠡᠶᠡᠯᠡᠭᠦᠯᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠬᠠᠷᠢᠶ᠎ᠠ ᠰᠣᠨᠢᠨ ᠮᠡᠳᠡᠭᠡᠨ᠎ᠤ ᠵᠠᠭᠤᠴᠢᠯᠠᠭᠤᠷ ᠲᠤᠰᠭᠠᠶ ᠪᠤᠯᠤᠩ ᠭᠠᠷᠭᠠᠵᠤ᠂ ᠭᠡᠱᠢᠭᠦᠳ᠎ᠤᠨ ᠰᠤᠷᠤᠯᠴᠠᠭ᠍ᠰᠠᠨ ᠲᠦᠷᠦᠭ᠌ᠳᠡᠯ᠎ᠢᠶᠠᠨ ᠬᠤᠪᠢᠶᠠᠯᠴᠠᠭ᠍ᠰᠠᠨ ᠵᠣᠬᠢᠶᠠᠯ ᠢ 100 ᠭᠠᠷᠤᠶ ᠬᠤᠪᠢ ᠨᠡᠢᠲᠡᠯᠡᠪᠡ᠃
ᠭᠤᠷᠪᠠ᠎ᠳᠤ ᠲᠤᠰᠭᠠᠶ ᠵᠥᠪᠯᠡᠯ ᠤᠨ ᠰᠠᠭᠤᠷᠢᠯᠠᠬᠤ ᠴᠢᠨᠠᠷᠲᠠᠶ ᠦᠢᠯᠡᠳᠦᠯ ᠪᠠ ᠡᠲᠡᠭᠡᠳ᠎ᠤᠨ ᠢᠯᠭᠠᠯ᠎ᠤᠨ ᠥᠪᠡᠷᠮᠢᠴᠡ ᠦᠢᠯᠡᠳᠦᠯ᠎ᠢ ᠪᠠᠳᠠᠷᠠᠭᠤᠯᠬᠤ᠎ᠶ᠋ᠢ ᠴᠢᠬᠤᠯᠠᠴᠢᠯᠠᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠪᠢᠳᠡ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠲᠤᠰᠭᠠᠶ ᠵᠥᠪᠯᠡᠯ᠎ᠤᠨ ᠶᠡᠷᠦᠩᠬᠡᠶ ᠲᠦᠷᠢᠮ᠂ ᠡᠯ᠎ᠡ ᠲᠤᠰᠭᠠᠶ ᠵᠥᠪᠯᠡᠯ᠎ᠤᠨ ᠠᠵᠢᠯ᠎ᠤᠨ ᠵᠦᠭ᠌ᠯᠡᠭᠦᠷ᠎ᠢ ᠵᠠᠰᠠᠨ ᠲᠣᠭ᠍ᠲᠠᠭᠠᠵᠤ᠂ ᠰᠠᠭᠤᠷᠢᠯᠠᠬᠤ ᠴᠢᠨᠠᠷᠲᠠᠶ ᠦᠢᠯᠡᠳᠦᠯ᠎ᠤᠨ ᠠᠭᠤᠯᠤᠭ᠍ᠳᠠᠬᠤᠨ ᠪᠠ ᠠᠭᠤᠯᠬᠤᠨ᠂ ᠡᠯ᠎ᠡ ᠲᠤᠰᠭᠠᠶ ᠵᠥᠪᠯᠡᠯ᠎ᠤᠨ ᠲᠤᠱᠢᠶᠠᠯ ᠬᠠᠷᠢᠭᠤᠴᠠᠯᠭ᠎ᠠ ᠡᠭᠦᠷᠭᠡ ᠵᠡᠷᠭᠡ᠎ᠶ᠋ᠢ ᠤᠯᠠᠮ ᠨᠢᠭᠡ ᠠᠯᠬᠤᠮ ᠲᠣᠳᠣᠷᠬᠠᠢ ᠪᠣᠯᠭᠠᠪᠠ᠃ 20 ᠲᠠᠯᠠᠪᠤᠷ ᠡᠲᠡᠭᠡᠳ᠎ᠤᠨ ᠢᠯᠭᠠᠯ᠎ᠤᠨ ᠭᠡᠱᠢᠭᠦᠳ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ 34 ᠡᠲᠡᠭᠡᠳ ᠤᠨ ᠢᠯᠭᠠᠯ᠎ᠤᠨ 538 ᠭᠡᠱᠢᠭᠦᠨ ᠬᠠᠷᠢᠯᠴᠠᠬᠤ ᠰᠠᠨᠠᠯ ᠪᠣᠳᠣᠯ᠎ᠢᠶᠠᠨ ᠰᠣᠯᠢᠯᠴᠠᠬᠤ᠎ᠳᠤ ᠣᠷᠤᠯᠴᠠᠵᠤ᠂ ᠪᠥᠷᠢᠯᠳᠦᠭᠦᠯᠦᠭ᠌ᠰᠡᠨ 72 ᠬᠤᠪᠢ ᠲᠤᠱᠢᠶᠠᠨ ᠱᠢᠢᠳᠪᠦᠷᠢᠯᠡᠭᠦᠯᠬᠦ᠌ ᠵᠦᠢᠯᠡᠰ᠎ᠢ ᠪᠦᠬᠦᠨ᠎ᠢ ᠨᠠᠢᠳᠠᠪᠤᠷᠢᠵᠢᠭᠤᠯᠪᠠ᠃ ᠲᠡᠷᠢᠭᠦᠯᠡᠭ᠌ᠴᠢᠳ᠎ᠤᠨ ᠬᠤᠷᠠᠯᠳᠤᠭᠠᠨ᠎ᠤ ᠪᠦᠷᠢᠯᠳᠦᠬᠦᠨ᠎ᠤ ᠤᠯᠤᠰ ᠲᠦᠷᠦ᠍ ᠶ᠋ᠢ ᠶᠠᠷᠢᠯᠴᠠᠬᠤ ᠬᠤᠷᠠᠯ ᠬᠤᠷᠠᠯᠳᠤᠭᠤᠯᠵᠤ᠂ ᠡᠲᠡᠭᠡᠳ᠎ᠤᠨ ᠢᠯᠭᠠᠯ᠎ᠤᠨ ᠦᠢᠯᠡᠳᠦᠯ᠎ᠢ ᠪᠠᠳᠠᠷᠠᠭᠤᠯᠬᠤ᠎ᠶ᠋ᠢᠨ ᠲᠣᠭᠤᠷᠢᠨ᠎ᠳᠤ ᠰᠠᠨᠠᠯ ᠪᠣᠳᠣᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠡᠲᠡᠭᠡᠳ᠎ᠤᠨ ᠢᠯᠭᠠᠯ᠎ᠤᠨ ᠰᠠᠭᠤᠷᠢ ᠤᠨᠤᠯ᠎ᠤᠨ ᠰᠤᠳᠤᠯᠭᠠᠨ᠎ᠢ ᠥᠷᠨᠢᠭᠦᠯᠪᠡ᠃ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠡᠲᠡᠭᠡᠳ᠎ᠤᠨ ᠢᠯᠭᠠᠯ᠎ᠤᠨ ᠦᠢᠯᠡᠳᠦᠯ᠎ᠢ ᠪᠠᠳᠠᠷᠠᠭᠤᠯᠬᠤ ᠲᠤᠬᠠᠢ ᠰᠠᠨᠠᠯ᠎ᠢ ᠲᠣᠭ᠍ᠲᠠᠭᠠᠵᠤ᠂ ᠠᠯᠪᠠᠨ ᠲᠢᠩᠬᠢᠮ ᠪᠠ ᠲᠤᠰᠭᠠᠶ ᠵᠥᠪᠯᠡᠯ᠎ᠠᠴᠠ ᠠᠵᠢᠯ᠎ᠤᠨ ᠬᠤᠪᠢᠶᠠᠷᠢᠯᠠᠯ ᠶᠣᠰᠣᠭᠠᠷ ᠡᠲᠡᠭᠡᠳ᠎ᠤᠨ ᠢᠯᠭᠠᠯ ᠤᠨ᠎ᠬᠢᠨ᠎ᠤ ᠠᠵᠢᠯᠯᠠᠭ᠎ᠠ ᠥᠷᠨᠢᠭᠦᠯᠬᠦ᠌᠎ᠶ᠋ᠢ ᠵᠣᠬᠢᠶᠠᠨ ᠪᠠᠢᠭᠤᠯᠬᠤ᠎ᠶ᠋ᠢ ᠲᠣᠳᠣᠷᠬᠠᠢ᠌ᠯᠠᠵᠤ᠂ ᠡᠲᠡᠭᠡᠳ ᠤᠨ ᠢᠯᠭᠠᠯ᠎ᠤᠨ ᠵᠥᠪᠯᠡᠯᠭᠡ᠂ ᠡᠲᠡᠭᠡᠳ᠎ᠤᠨ ᠢᠯᠭᠠᠯ᠎ᠤᠨ ᠰᠠᠨᠠᠯ ᠳᠤᠷᠠᠳᠤᠯᠭ᠎ᠠ᠂ ᠡᠲᠡᠭᠡᠳ᠎ᠤᠨ ᠢᠯᠭᠠᠯ᠎ᠤᠨ ᠶᠡᠭᠡ ᠬᠤᠷᠠᠯ ᠳᠡᠭᠡᠷᠡᠬᠢ ᠶᠠᠷᠢᠶ᠎ᠠ ᠵᠡᠷᠭᠡ᠎ᠶ᠋ᠢ ᠡᠮᠬᠢ ᠵᠢᠷᠤᠮ᠎ᠲᠠᠢ ᠪᠦᠲᠦᠮᠵᠢᠲᠡᠶ ᠬᠡᠷᠡᠭ᠌ᠵᠢᠭᠦᠯᠬᠦ᠌᠎ᠶ᠋ᠢ ᠠᠬᠢᠭᠤᠯᠪᠠ᠃
ᠲᠦᠷᠪᠡ᠎ᠳᠤ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠦᠮᠦᠵᠢᠯ᠎ᠢ ᠥᠷᠨᠢᠭᠦᠯᠵᠦ᠍᠂ ᠴᠡᠪᠡᠷ ᠠᠷᠢᠭᠤᠨ ᠲᠥᠪ ᠴᠢᠬᠡᠴᠢ᠂ ᠠᠵᠢᠯ ᠬᠢᠵᠦ᠍ ᠦᠢᠯᠡᠰ ᠴᠣᠭ᠍ᠴᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠪᠠ᠃ ᠪᠢᠳᠡ ᠰᠤᠷᠤᠯᠴᠠᠯᠭ᠎ᠠ ᠬᠥᠮᠦᠵᠢᠯ᠎ᠢ ᠨᠢᠭᠡᠳᠦᠯᠲᠡᠶ ᠲᠥᠯᠥᠪᠯᠡᠨ ᠥᠷᠨᠢᠭᠦᠯᠵᠦ᠍᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ 84 ᠵᠦᠢᠯ ᠤᠨ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠲᠣᠳᠣᠷᠬᠠᠶ ᠪᠣᠯᠭᠠᠵᠤ᠂ ᠵᠦᠢᠯ ᠳᠠᠷᠠᠭᠠᠯᠠᠨ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠪᠢᠴᠢᠭ ᠮᠠᠲ᠋ᠧᠷᠢᠶᠠᠯ᠎ᠢ ᠴᠣᠮᠬᠠᠳᠭᠠᠬᠤ ᠬᠤᠷᠠᠯ᠎ᠢ ᠴᠥᠭᠡᠳᠭᠡᠬᠦ᠌ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠲᠠᠷᠬᠠᠭᠠᠬᠤ ᠪᠠ ᠬᠤᠷᠠᠯ᠎ᠤᠨ ᠠᠵᠢᠯᠯᠠᠭ᠎ᠠ᠎ᠶ᠋ᠢᠨ ᠲᠥᠯᠥᠪᠯᠡᠭᠡ᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠪᠡ᠃ ᠪᠠᠢᠴᠠᠭᠠᠨ ᠰᠤᠳᠤᠯᠤᠯᠲᠠ᠎ᠶ᠋ᠢᠨ ᠠᠵᠢᠯ᠎ᠢ ᠨᠢᠭᠡᠳᠦᠯᠲᠡᠶ ᠲᠥᠯᠥᠪᠵᠢᠭᠦᠯᠬᠦ᠌᠎ᠪᠠᠨ ᠴᠢᠩᠭᠠᠳᠭᠠᠵᠤ᠂ ᠪᠦᠯᠬᠦᠮ ᠳᠤᠭᠤᠢᠯᠠᠩ᠎ᠤᠨ ᠬᠡᠪᠴᠢᠶ᠎ᠡ᠎ᠶ᠋ᠢ ᠴᠢᠩᠭ᠎ᠠ ᠬᠢᠵᠠᠭᠠᠷᠯᠠᠵᠤ᠂ ᠶᠠᠪᠤᠵᠤ ᠰᠠᠭᠤᠬᠤ ᠲᠤᠬᠢᠷᠠᠭᠤᠯᠤᠯᠳᠠ᠎ᠶ᠋ᠢ ᠴᠣᠮᠬᠠᠳᠭᠠᠵᠤ᠂ ᠣᠷᠣᠨ ᠨᠤᠲᠤᠭ ᠪᠠ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠪᠡ᠃ ᠰᠤᠷᠲᠠᠯ ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠪᠠ ᠤᠷᠲᠤ ᠬᠤᠭᠤᠴᠠᠭ᠎ᠠ᠎ᠪᠠᠷ ᠪᠦᠲᠦᠮᠵᠢᠲᠡᠶ ᠪᠠᠢᠯᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ 《ᠲᠦᠷᠪᠡᠨ ᠰᠤᠷᠲᠠᠯ》 ᠢ ᠵᠠᠯᠠᠷᠠᠭᠤᠯᠤᠨ ᠵᠠᠰᠠᠬᠤ᠂ ᠤᠪᠤᠷ ᠰᠤᠷᠲᠠᠯ᠎ᠢᠶᠠᠨ ᠬᠤᠪᠢᠷᠠᠭᠤᠯᠬᠤ᠂ ᠱᠢᠨ᠎ᠡ ᠬᠡᠪ ᠰᠤᠷᠲᠠᠯ᠎ᠢ ᠪᠣᠶ ᠪᠣᠯᠭᠠᠬᠤ᠎ᠶ᠋ᠢ ᠱᠢᠨᠳᠠᠷᠠᠰᠢ ᠦᠭᠡᠢ ᠪᠠᠷᠢᠮᠲᠠᠯᠠᠪᠠ᠃
ᠨᠢᠭᠡ ᠵᠢᠯ᠎ᠤᠨ ᠲᠤᠷᠰᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠪᠠᠢᠩᠭᠤ᠎ᠶ᠋ᠢᠨ ᠬᠤᠷᠢᠶ᠎ᠠ ᠡᠯ᠎ᠡ ᠵᠦᠢᠯ᠎ᠤᠨ ᠡᠭᠦᠷᠭᠡ ᠴᠢᠳᠠᠪᠤᠷᠢ᠎ᠪᠠᠨ ᠪᠦᠬᠦ᠌ ᠲᠠᠯ᠎ᠠ᠎ᠪᠠᠷ ᠭᠦᠢᠴᠡᠳᠭᠡᠵᠦ᠍᠂ ᠭᠤᠣᠯᠳᠠᠭᠤ ᠳᠣᠣᠷᠠᠬᠢ ᠠᠵᠢᠯ᠎ᠤᠳ᠎ᠢ ᠬᠢᠪᠡ᠃
(ᠨᠢᠭᠡ) ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ᠎ᠶ᠋ᠢ ᠪᠠᠢᠩᠭᠤᠵᠢᠭᠤᠯᠤᠨ ᠰᠤᠷᠤᠯᠴᠠᠬᠤ᠂ ᠳᠤᠭ᠍ᠳᠠᠴᠠᠵᠢᠭᠤᠯᠤᠨ ᠰᠤᠳᠤᠯᠬᠤ᠎ᠶ᠋ᠢ ᠭᠦᠨᠵᠡᠭᠡᠶ ᠠᠬᠢᠭᠤᠯᠵᠤ᠂ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠎ᠢᠶᠠᠷ ᠦᠵᠡᠯ ᠰᠠᠨᠠᠭ᠎ᠠ᠎ᠪᠠᠨ ᠨᠢᠭᠡᠳᠭᠡᠵᠦ᠍᠂ ᠵᠣᠷᠢᠭ ᠰᠠᠨᠠᠭ᠎ᠠ᠎ᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠪᠡ᠃ ᠪᠢᠳᠡ ᠪᠦᠬᠦ᠌ ᠤᠯᠤᠰ ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠤᠨ ᠰᠤᠷᠤᠯᠴᠠᠯᠭ᠎ᠠ᠎ᠶ᠋ᠢᠨ ᠭᠤᠣᠯ ᠳᠤᠭᠤᠢᠯᠠᠩ᠎ᠤᠨ ᠬᠠᠮᠲᠤ ᠶ᠋ᠢᠨ ᠰᠤᠷᠤᠯᠴᠠᠯᠭ᠎ᠠ᠎ᠶ᠋ᠢ 5 ᠤᠳᠠᠭ᠎ᠠ᠂ ᠲᠡᠷᠢᠭᠦᠯᠡᠭ᠌ᠴᠢᠳ᠎ᠤᠨ ᠬᠤᠷᠠᠯᠳᠤᠭᠠᠨ᠎ᠤ ᠬᠠᠮᠲᠤ ᠶ᠋ᠢᠨ ᠰᠤᠷᠤᠯᠴᠠᠯᠭ᠎ᠠ᠎ᠶ᠋ᠢ 3 ᠤᠳᠠᠭ᠎ᠠ᠂ ᠪᠠᠢᠩᠭᠤ᠎ᠶ᠋ᠢᠨ ᠬᠤᠷᠢᠶᠠᠨ᠎ᠤ ᠰᠤᠷᠤᠯᠴᠠᠯᠭ᠎ᠠ᠎ᠶ᠋ᠢᠨ ᠲᠠᠢᠯᠤᠮᠵᠢ᠎ᠶ᠋ᠢ 4 ᠤᠳᠠᠭ᠎ᠠ ᠡᠷᠬᠢᠯᠡᠪᠡ᠃ ᠰᠤᠷᠤᠯᠴᠠᠨ ᠶᠠᠷᠢᠯᠴᠠᠬᠤ ᠬᠤᠷᠠᠯ᠎ᠢ 44 ᠲᠠᠯᠠᠪᠤᠷ ᠬᠤᠷᠠᠯᠳᠤᠭᠤᠯᠵᠤ᠂ ᠭᠡᠱᠢᠭᠦᠳ 2165 ᠬᠥᠮᠦᠨ ᠤᠳᠠᠭ᠎ᠠ ᠣᠷᠣᠯᠴᠠᠪᠠ᠃ ᠰᠤᠷᠤᠯᠴᠠᠯᠭ᠎ᠠ ᠪᠠ ᠪᠠᠢᠴᠠᠭᠠᠨ ᠰᠤᠳᠤᠯᠤᠯᠲᠠ᠎ᠶ᠋ᠢᠨ ᠲᠦᠷᠢᠮ ᠢ ᠪᠠᠷᠢᠮᠲᠠᠯᠠᠵᠤ᠂ ᠲᠡᠷᠢᠭᠦᠯᠡᠭ᠌ᠴᠢᠳ᠎ᠤᠨ ᠬᠤᠷᠠᠯᠳᠤᠭᠠᠨ᠎ᠤ ᠪᠦᠷᠢᠯᠳᠦᠬᠦᠨ ᠰᠤᠷᠤᠯᠴᠠᠯᠭ᠎ᠠ ᠪᠠ ᠪᠠᠢᠴᠠᠭᠠᠨ ᠰᠤᠳᠤᠯᠤᠯᠲᠠ᠎ᠶ᠋ᠢ 69 ᠤᠳᠠᠭ᠎ᠠ ᠥᠷᠨᠢᠭᠦᠯᠵᠦ᠍᠂ ᠭᠡᠱᠢᠭᠦᠳ 823 ᠬᠥᠮᠦᠨ ᠤᠳᠠᠭ᠎ᠠ ᠣᠷᠣᠯᠴᠠᠪᠠ᠃ ᠭᠡᠱᠢᠭᠦᠳ᠎ᠤᠨ ᠨᠣᠮ ᠤᠩᠱᠢᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠤᠳᠤᠯᠤᠨ ᠰᠤᠷᠤᠯᠴᠠᠬᠤ᠎ᠶ᠋ᠢ 75 ᠤᠳᠠᠭ᠎ᠠ ᠵᠣᠬᠢᠶᠠᠨ ᠪᠠᠢᠭᠤᠯᠵᠤ᠂ ᠭᠡᠱᠢᠭᠦᠳ 3322 ᠬᠥᠮᠦᠨ ᠤᠳᠠᠭ᠎ᠠ ᠣᠷᠣᠯᠴᠠᠪᠠ᠃ 《ᠰᠢ᠎ᠶ᠋ᠢᠨ ᠫᠢᠩ ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠤ ᠠᠵᠢᠯ ᠤᠨ ᠲᠤᠬᠠᠢ ᠥᠭᠦᠯᠡᠯᠲᠡ᠎ᠶ᠋ᠢᠨ ᠲᠡᠭᠦᠪᠦᠷᠢ》 ᠶ᠋ᠢ ᠵᠠᠰᠠᠨ ᠲᠣᠭ᠍ᠲᠠᠭᠠᠵᠤ᠂ ᠤᠨᠤᠯ ᠤᠨ ᠰᠤᠷᠤᠯᠴᠠᠯᠭ᠎ᠠ ᠪᠣᠯᠪᠠᠰᠤᠷᠠᠭᠤᠯᠤᠯ᠎ᠤᠨ ᠵᠢᠭᠠᠬᠤ ᠮᠠᠲ᠋ᠧᠷᠢᠶᠠᠯ ᠪᠣᠯᠭᠠᠪᠠ᠃ ᠶᠡᠷᠦᠩᠬᠡᠶ ᠱᠦᠵᠢ ᠰᠢ᠎ᠶ᠋ᠢᠨ ᠫᠢᠩ ᠤᠨ ᠶᠠᠳᠠᠭᠤ᠎ᠶ᠋ᠢ ᠲᠡᠳᠬᠦᠵᠦ᠍ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠤᠬᠠᠶ ᠴᠢᠬᠤᠯᠠ ᠥᠭᠦᠯᠡᠯᠲᠡ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠲᠤᠬᠠᠢ ᠶᠤᠰᠤ ᠵᠦᠶ᠎ᠶ᠋ᠢᠨ ᠰᠤᠳᠤᠯᠭᠠᠨ ᠵᠡᠷᠭᠡ ᠰᠡᠳᠦᠪ᠎ᠢ 94 ᠵᠦᠢᠯ ᠵᠣᠬᠢᠶᠠᠨ ᠪᠠᠢᠭᠤᠯᠤᠨ ᠥᠷᠨᠢᠭᠦᠯᠵᠦ᠍᠂ ᠭᠡᠱᠢᠭᠦᠳ ᠪᠠ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍ ᠶ᠋ᠢᠨ ᠵᠥᠪᠯᠡᠯᠭᠡᠨ ᠤ ᠤᠨᠤᠯ᠎ᠤᠨ ᠰᠤᠳᠤᠯᠭᠠᠨ᠎ᠤ ᠨᠡᠢᠭᠡᠮᠯᠢᠭ᠎ᠤᠨ ᠬᠡᠷᠡᠭ ᠡᠷᠬᠢᠯᠡᠭ᠌ᠴᠢᠳ᠂ ᠪᠠᠢᠭᠤᠯᠭ᠎ᠠ᠎ᠶ᠋ᠢᠨ ᠺᠠᠳ᠋ᠷᠴᠤᠳ᠎ᠤᠨ ᠤᠨᠤᠯ᠎ᠤᠨ ᠰᠤᠳᠤᠯᠭᠠᠨ ᠦᠷᠨᠢᠭᠦᠯᠬᠦ᠌᠎ᠶ᠋ᠢ 153 ᠵᠦᠢᠯ ᠳᠡᠮᠵᠢᠪᠡ᠃ ᠰᠢ᠎ᠶ᠋ᠢᠨ ᠫᠢᠩ ᠤᠨ ᠠᠵᠤ ᠠᠬᠤᠶ᠎ᠶ᠋ᠢᠨ ᠦᠵᠡᠯ ᠰᠠᠨᠠᠭᠠᠨ ᠤ ᠡᠯᠪᠡᠭ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ ᠵᠡᠷᠭᠡ ᠭᠤᠣᠯ ᠰᠡᠳᠦᠪ᠎ᠤᠨ ᠲᠣᠭᠤᠷᠢᠨ᠎ᠳᠤ᠂ ᠤᠨᠤᠯ᠎ᠤᠨ ᠰᠤᠳᠤᠯᠤᠨ ᠶᠠᠷᠢᠯᠴᠠᠬᠤ ᠤᠯᠠᠷᠢᠯ ᠤᠨ ᠬᠤᠷᠠᠯ᠎ᠢ 4 ᠤᠳᠠᠭ᠎ᠠ ᠡᠷᠬᠢᠯᠡᠪᠡ᠃ 《ᠠᠷᠠᠳ᠎ᠤᠨ ᠡᠳᠦᠷ᠎ᠤᠨ ᠰᠣᠨᠢᠨ》᠂ 《ᠦᠨᠡᠨ》 ᠰᠡᠳᠬᠦᠯ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠤᠨᠤᠯ᠎ᠤᠨ ᠰᠤᠳᠤᠯᠭᠠᠨ᠎ᠤ ᠦᠷ᠎ᠡ ᠪᠦᠲᠦᠭᠡᠯ ᠢ 18 ᠬᠤᠪᠢ ᠨᠡᠢᠲᠡᠯᠡᠵᠦ᠍᠂ 《ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠰᠣᠨᠢᠨ》᠂ 《ᠳᠤᠮᠳᠠᠳᠤ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ》 ᠰᠡᠳᠬᠦᠯ ᠤᠨᠤᠯ᠎ᠤᠨ ᠰᠤᠳᠤᠯᠭᠠᠨ ᠤ ᠲᠤᠰᠭᠠᠶ ᠬᠡᠪᠯᠡᠯ᠂ ᠲᠤᠰᠭᠠᠶ ᠪᠤᠯᠤᠩ᠂ ᠲᠤᠰᠭᠠᠶ ᠰᠡᠳᠬᠦᠯ ᠵᠡᠷᠭᠡ ᠬᠡᠯᠪᠡᠷᠢ᠎ᠪᠠᠷ ᠳᠠᠮᠵᠢᠭᠤᠯᠤᠨ ᠤᠨᠤᠯ᠎ᠤᠨ ᠵᠣᠬᠢᠶᠠᠯ᠎ᠢ 401 ᠬᠤᠪᠢ ᠨᠡᠢᠲᠡᠯᠡᠪᠡ᠃
(ᠬᠤᠶᠠᠷ) ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠲᠣᠭᠤᠷᠢᠨ᠎ᠳᠤ ᠵᠥᠪᠯᠡᠯᠭᠡ ᠬᠢᠵᠦ᠍ ᠰᠠᠨᠠᠯ ᠰᠠᠨᠠᠭᠤᠯᠭ᠎ᠠ ᠳᠤᠷᠠᠳᠭᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠪᠤᠳᠤᠯᠭ᠎ᠠ ᠲᠣᠭ᠍ᠲᠠᠭᠠᠬᠤ᠂ ᠪᠦᠲᠦᠮᠵᠢᠲᠡᠶ᠎ᠪᠠᠷ ᠪᠤᠳᠤᠯᠭ᠎ᠠ ᠬᠡᠷᠡᠭ᠌ᠵᠢᠭᠦᠯᠬᠦ᠌᠎ᠳᠤ ᠨᠡᠩ ᠰᠠᠢᠨ ᠦᠢᠯᠡᠴᠢᠯᠡᠪᠡ᠃ ᠪᠢᠳᠡ ᠲᠤᠰᠭᠠᠶ ᠰᠡᠳᠦᠪᠲᠦ ᠲᠦᠷᠦ᠍᠎ᠶ᠋ᠢᠨ ᠬᠡᠷᠡᠭ᠎ᠢ ᠵᠥᠪᠯᠡᠬᠦ᠌ ᠴᠢᠨᠠᠷᠲᠠᠶ ᠪᠠᠢᠩᠭᠤ᠎ᠶ᠋ᠢᠨ ᠬᠤᠷᠢᠶᠠᠨ᠎ᠤ ᠬᠤᠷᠠᠯᠳᠤᠭᠠᠨ᠎ᠢ 2 ᠲᠠᠯᠠᠪᠤᠷ᠂ ᠲᠤᠰᠭᠠᠶ ᠰᠡᠳᠦᠪᠲᠦ ᠵᠥᠪᠯᠡᠬᠦ᠌ ᠬᠤᠷᠠᠯ ᠢ 2 ᠲᠠᠯᠠᠪᠤᠷ᠂ ᠬᠤᠣᠰ ᠭᠠᠷᠠᠭ᠎ᠤᠨ ᠵᠦᠪᠳᠡᠯᠴᠡᠨ ᠶᠠᠷᠢᠯᠴᠠᠬᠤ ᠬᠤᠷᠠᠯ᠎ᠢ 13 ᠲᠠᠯᠠᠪᠤᠷ᠂ ᠠᠯᠤᠰ᠎ᠠᠴᠠ ᠵᠥᠪᠯᠡᠬᠦ᠌ ᠬᠤᠷᠠᠯ᠎ᠢ 4 ᠲᠠᠯᠠᠪᠤᠷ᠂ ᠲᠤᠰᠭᠠᠶ ᠮᠡᠷᠭᠡᠵᠢᠯᠲᠡᠨ᠎ᠤ ᠵᠥᠪᠯᠡᠬᠦ᠌ ᠬᠤᠷᠠᠯ᠎ᠢ 18 ᠲᠠᠯᠠᠪᠤᠷ᠂ ᠡᠲᠡᠭᠡᠳ᠎ᠤᠨ ᠢᠯᠭᠠᠯ᠎ᠤᠨ ᠵᠥᠪᠯᠡᠬᠦ᠌ ᠬᠤᠷᠠᠯ᠎ᠢ 16 ᠲᠠᠯᠠᠪᠤᠷ ᠂ ᠠᠵᠢᠯ ᠲᠦᠷᠦᠯ᠎ᠤᠨ ᠱᠢᠰᠲ᠋ᠧᠮ᠎ᠤᠨ ᠵᠥᠪᠯᠡᠬᠦ᠌ ᠬᠤᠷᠠᠯ᠎ᠢ 10 ᠲᠠᠯᠠᠪᠤᠷ ᠂ ᠰᠠᠨᠠᠯ ᠲᠣᠷᠠᠳᠣᠯᠭ᠎ᠠ᠎ᠶ᠋ᠢ ᠱᠢᠢᠳᠪᠦᠷᠢᠯᠡᠬᠦ᠌ ᠠᠵᠢᠯ᠎ᠤᠨ ᠵᠥᠪᠯᠡᠬᠦ᠌ ᠬᠤᠷᠠᠯ᠎ᠢ 19 ᠲᠠᠯᠠᠪᠤᠷ᠂ ᠭᠤᠣᠯᠳᠠᠯᠭ᠎ᠠ᠎ᠲᠠᠢ ᠠᠩᠬᠠᠷᠴᠤ᠌ ᠪᠠᠢᠭ᠎ᠠ ᠠᠰᠠᠭᠤᠳᠠᠯ᠎ᠤᠨ ᠲᠤᠬᠠᠢ ᠪᠠᠢᠳᠠᠯ᠎ᠢ ᠮᠡᠳᠡᠭ᠌ᠳᠡᠬᠦ᠌ ᠬᠤᠷᠠᠯ᠎ᠢ 10 ᠲᠠᠯᠠᠪᠤᠷ᠂ ᠬᠤᠷᠸ᠎ᠠ ᠠᠵᠤ ᠠᠬᠤᠶ᠎ᠶ᠋ᠢᠨ ᠪᠠᠢᠳᠠᠯ᠎ᠤᠨ ᠲᠤᠬᠠᠢ ᠵᠠᠳᠠᠯᠤᠨ ᠶᠠᠷᠢᠯᠴᠠᠬᠤ ᠬᠤᠷᠠᠯ᠎ᠢ 4 ᠲᠠᠯᠠᠪᠤᠷ ᠡᠷᠬᠢᠯᠡᠪᠡ᠃ ᠠᠵᠤ ᠠᠬᠤᠶ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠤ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ᠂ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠤᠢ ᠪᠣᠯᠭᠠᠬᠤ᠂ ᠬᠥᠳᠡᠭᠡ ᠲᠣᠰᠭᠤᠨ ᠤ ᠦᠨᠳᠦᠰᠦᠨ ᠡᠵᠡᠩᠨᠡᠯᠲᠡ᠎ᠶ᠋ᠢᠨ ᠲᠦᠷᠢᠮ᠎ᠢ ᠪᠠᠬᠢᠵᠢᠭᠦᠯᠦᠨ ᠲᠡᠭᠦᠯᠳᠡᠷᠵᠢᠭᠦᠯᠬᠦ᠂ ᠡᠨᠧᠷᠭᠢ ᠶ᠋ᠢᠨ ᠬᠤᠷᠣᠭ᠍ᠳᠠᠭᠤᠯᠤᠯ ᠤᠨ ᠬᠤᠤᠰ ᠬᠢᠵᠠᠭᠠᠷᠯᠠᠯ᠎ᠠᠴᠠ ᠨᠡᠭᠦᠷᠡᠰᠦᠲᠥ᠋ᠷᠥᠭ᠌ᠴᠢ ᠶ᠋ᠢᠨ ᠭᠠᠳᠠᠭ᠍ᠰᠢᠯᠠᠭᠤᠯᠥᠯᠳᠡᠶ᠋ᠢᠨ ᠬᠤᠤᠰ ᠬᠢᠵᠠᠭᠠᠷᠯᠠᠯ ᠲᠡᠢᠰᠢ ᠪᠦᠬᠦ᠌ ᠲᠠᠯ᠎ᠠ᠎ᠪᠠᠷ ᠬᠡᠯᠪᠡᠷᠢ ᠪᠠᠨ ᠬᠤᠪᠢᠷᠠᠭᠤᠯᠬᠤ ᠱᠢᠨ᠎ᠡ ᠲᠣᠭ᠍ᠲᠠᠴᠠ᠎ᠶ᠋ᠢ ᠪᠠᠢᠭᠤᠯᠬᠤ᠂ ᠰᠣᠶᠣᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠭᠦᠨ ᠠᠭᠤᠰᠤᠯᠴᠠᠯ᠎ᠢ ᠠᠬᠢᠭᠤᠯᠬᠤ᠂ ᠣᠷᠣᠨ ᠪᠦᠰᠡ᠎ᠶ᠋ᠢᠨ ᠰᠤᠷᠭᠠᠨ ᠬᠥᠮᠦᠵᠢᠯ ᠡᠮᠨᠡᠯᠭᠡ᠎ᠶ᠋ᠢᠨ ᠡᠬᠢ ᠪᠠᠶᠠᠯᠢᠭ᠎ᠤᠨ ᠲᠤᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠂ ᠨᠡᠢᠭᠡᠮ᠎ᠤᠨ ᠵᠠᠰᠠᠯᠲᠠ᠎ᠶ᠋ᠢ ᠲᠡᠭᠦᠯᠳᠡᠷᠵᠢᠭᠦᠯᠬᠦ᠌ ᠪᠠ ᠨᠡᠢᠭᠡᠮ᠎ᠤᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠂ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠢ᠎ᠶ᠋ᠢᠨ ᠦᠢᠯᠡᠰ᠎ᠢ ᠬᠦᠭ᠌ᠵᠢᠭᠦᠯᠬᠦ᠌᠎ᠶ᠋ᠢ ᠳᠡᠮᠵᠢᠬᠦ᠂ ᠲᠡᠤᠭᠡ᠎ᠶ᠋ᠢᠨ ᠳᠤᠷᠠᠰᠭᠠᠯᠳᠤ ᠵᠦᠢᠯ ᠮᠦᠽᠸᠢ᠎ᠶ᠋ᠢᠨ ᠦᠢᠯᠡᠰ᠎ᠤᠨ ᠬᠦᠴᠦᠨ᠎ᠢ ᠪᠠᠳᠠᠷᠠᠭᠤᠯᠵᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠳᠦᠷᠢᠮᠯᠡᠯ᠎ᠤᠨ ᠵᠣᠯᠭᠠᠯᠳᠤᠯ ᠪᠠ ᠲᠣᠭ᠍ᠲᠠᠴᠠ᠎ᠶ᠋ᠢᠨ ᠵᠠᠯᠭᠠᠯᠳᠤᠯᠢ ᠴᠢᠩᠭᠠᠳᠭᠠᠬᠤ᠂ ᠳᠤᠮᠳᠠᠳᠤ᠎ᠶ᠋ᠢᠨ ᠬᠠᠷᠢᠶᠠᠲᠤ ᠨᠠᠷ᠎ᠢ ᠬᠥᠲᠥᠯᠥᠨ ᠵᠢᠯᠣᠭᠤᠳᠴᠤ᠌ ᠪᠠᠢᠭᠠᠳ ᠳᠤᠮᠳᠠᠳᠤ ᠤᠯᠤᠰ᠎ᠤᠨ ᠲᠠᠭᠤᠨ᠎ᠢ ᠰᠠᠢᠲᠤᠷ ᠳᠠᠮᠵᠢᠭᠤᠯᠬᠤ ᠵᠡᠷᠭᠡ ᠲᠤᠬᠠᠢ ᠵᠦᠪᠯᠡᠯᠭᠡ ᠬᠢᠵᠤ ᠲᠦᠷᠤ᠎ᠶ᠋ᠢᠨ ᠬᠡᠷᠡᠭ᠎ᠢ ᠵᠦᠪᠯᠡᠪᠡ᠃ ᠪᠠᠢᠴᠠᠭᠠᠨ ᠰᠤᠳᠤᠯᠤᠯᠲᠠ᠎ᠶ᠋ᠢᠨ ᠰᠠᠭᠤᠷᠢᠯᠠᠬᠤ ᠴᠢᠨᠠᠷᠲᠠᠶ ᠦᠢᠯᠡᠳᠦᠯ᠎ᠢ ᠪᠠᠳᠠᠷᠠᠭᠤᠯᠵᠤ᠂ ᠪᠠᠢᠴᠠᠭᠠᠨ ᠦᠵᠡᠬᠦ᠌ ᠪᠠᠢᠴᠠᠭᠠᠨ ᠱᠢᠨᠵᠢᠯᠡᠬᠦ᠌ ᠪᠠᠢᠴᠠᠭᠠᠨ ᠰᠤᠳᠤᠯᠬᠤ ᠠᠵᠢᠯᠯᠠᠭ᠎ᠠ᠎ᠶ᠋ᠢ 104 ᠵᠦᠢᠯ ᠥᠷᠨᠢᠭᠦᠯᠪᠡ᠃ ᠣᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠵᠥᠪᠯᠡᠬᠦ᠌ ᠰᠡᠳᠦᠪ᠎ᠢ 20 ᠵᠦᠢᠯ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ 5 ᠵᠢᠯ ᠳᠠᠷᠠᠭᠠᠯᠠᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠶ᠋ᠢᠨ ᠲᠣᠭᠤᠷᠢᠨ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ ᠥᠷᠨᠢᠭᠦᠯᠬᠦ᠌ ᠡᠭᠦᠷᠭᠡ᠎ᠪᠠᠨ ᠪᠡᠶᠡᠯᠡᠭᠦᠯᠦᠭ᠌ᠰᠡᠨ ᠪᠥᠭᠡᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠳᠤ ᠬᠤᠯᠪᠤᠬ᠍ᠳᠠᠯ ᠪᠦᠬᠦᠢ ᠦᠷ᠎ᠡ ᠪᠥᠲᠦᠭᠡᠯ᠎ᠢ ᠮᠡᠳᠡᠭᠦᠯᠦᠨ ᠬᠦᠷᠭᠡᠪᠡ᠃ 5 ᠭᠡᠱᠢᠭᠦᠨ ᠢ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠣᠨᠴᠠ ᠤᠷᠢᠭ᠍ᠰᠠᠨ ᠵᠥᠪᠯᠡᠯᠭᠡ ᠥᠭ᠌ᠭᠦᠭ᠌ᠴᠢ᠎ᠶ᠋ᠢᠨ ᠲᠤᠱᠢᠶᠠᠯ ᠡᠭᠦᠷᠭᠡᠯᠡᠭᠦᠯᠬᠦ᠌᠎ᠪᠠᠷ᠂ 2 ᠭᠡᠱᠢᠭᠦᠨ ᠢ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠲᠤᠰᠭᠠᠶ ᠮᠡᠷᠭᠡᠵᠢᠯᠲᠡᠨ᠎ᠤ ᠵᠥᠪᠯᠡᠯᠭᠡ ᠥᠭ᠌ᠬᠦ ᠭᠡᠱᠢᠭᠦᠨ᠎ᠤ ᠲᠤᠱᠢᠶᠠᠯ ᠡᠭᠦᠷᠭᠡᠯᠡᠭᠦᠯᠬᠦ᠌᠎ᠪᠠᠷ ᠲᠠᠨᠢᠯᠴᠠᠭᠤᠯᠪᠠ᠃
(ᠭᠤᠷᠪᠠ) ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠪᠠᠷ ᠪᠠᠢᠩᠭᠤ᠎ᠶ᠋ᠢᠨ ᠴᠢᠨᠠᠷᠲᠠᠶ ᠠᠵᠢᠯ᠎ᠢ ᠰᠠᠢᠲᠤᠷ ᠬᠢᠬᠦ᠌ ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠲᠦᠷᠢᠮᠵᠢᠭᠦᠯᠦᠯᠳᠡ ᠵᠢᠷᠦᠮᠵᠢᠭᠤᠯᠤᠯᠳᠠ ᠳᠡᠰ ᠳᠠᠷᠠᠭᠠᠵᠢᠭᠤᠯᠤᠯᠳᠠᠶ᠋ᠢᠨ ᠲᠦᠪᠱᠢᠨ᠎ᠢ ᠳᠡᠭᠡᠭ᠌ᠰᠢᠯᠡᠭᠦᠯᠪᠡ᠃ ᠪᠢᠳᠡ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠭᠦᠳᠡ ᠬᠤᠷᠠᠯ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠤ ᠬᠤᠯᠪᠤᠬ᠍ᠳᠠᠬᠤ ᠥᠭᠡᠷᠡᠴᠢᠯᠡᠯᠲᠡ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠲᠦᠷᠦᠭᠦᠯᠡᠨ ᠬᠢᠭ᠌ᠰᠡᠨ ᠬᠠᠮᠢᠶ᠎ᠠ ᠪᠦᠬᠦᠢ ᠳᠦᠷᠢᠮ᠎ᠤᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠵᠥᠪᠯᠡᠬᠦ᠌ ᠠᠵᠢᠯ᠎ᠤᠨ ᠲᠦᠷᠢᠮ᠂ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠲᠦᠷᠢᠮ᠂ ᠭᠡᠱᠢᠭᠦᠳ᠎ᠤᠨ ᠪᠠᠢᠴᠠᠭᠠᠨ ᠦᠵᠡᠬᠦ᠌ ᠪᠠᠢᠴᠠᠭᠠᠨ ᠱᠢᠨᠵᠢᠯᠡᠬᠦ᠌ ᠠᠵᠢᠯ᠎ᠤᠨ ᠲᠦᠷᠢᠮ ᠵᠡᠷᠭᠡ ᠡᠯ᠎ᠡ ᠲᠥᠷᠥᠯ᠎ᠤᠨ ᠲᠦᠷᠢᠮ ᠲᠣᠭ᠍ᠲᠠᠭᠠᠯ᠎ᠢ 37 ᠵᠦᠢᠯ ᠲᠣᠭ᠍ᠲᠠᠭᠠᠭ᠍ᠰᠠᠨ ᠪᠠ ᠵᠠᠰᠠᠨ ᠲᠣᠭ᠍ᠲᠠᠭᠠᠪᠠ᠃ ᠰᠠᠨᠠᠯ ᠳᠤᠷᠠᠳᠤᠯᠭ᠎ᠠ᠎ᠨᠢ ᠲᠤᠭᠠᠨ᠎ᠤ ᠣᠯᠠᠨ᠎ᠳᠤ ᠪᠠᠢᠬᠤ ᠪᠢᠰᠢ ᠬᠠᠷᠢᠨ ᠴᠢᠨᠠᠷ᠎ᠤᠨ ᠱᠢᠯᠢᠳᠡᠭ᠎ᠲᠤ ᠪᠠᠢᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠬᠤ ᠡᠷᠴᠢᠮ᠎ᠢᠶᠠᠨ ᠴᠢᠩᠭᠠᠷᠠᠭᠤᠯᠵᠤ᠂ ᠠᠭᠤᠯᠭ᠎ᠠ᠎ᠨᠢ ᠣᠢᠷᠠᠯᠴᠠᠭ᠎ᠠ ᠰᠠᠨᠠᠯ ᠳᠤᠷᠠᠳᠤᠯᠭ᠎ᠠ᠎ᠶ᠋ᠢ ᠨᠡᠢᠯᠡᠭᠦᠯᠦᠨ ᠱᠢᠢᠳᠪᠦᠷᠢᠯᠡᠵᠦ᠍᠂ ᠨᠡᠢᠯᠡᠭᠦᠯᠦᠨ ᠬᠠᠷᠢᠭᠤᠯᠲᠠ ᠥᠭ᠌ᠴᠦ᠂ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠵᠦ᠍ ᠬᠠᠷᠢᠭᠤᠯᠲᠠ ᠥᠭ᠌ᠭᠦᠭ᠌ᠰᠡᠨ ᠦᠨᠡᠮᠯᠡᠯ᠎ᠢ 1831 ᠬᠤᠪᠢ ᠢᠯᠡᠭᠡᠪᠡ᠃ ᠲᠡᠷᠢᠭᠦᠯᠡᠭ᠌ᠴᠢᠳ᠎ᠤᠨ ᠬᠤᠷᠠᠯᠳᠤᠭᠠᠨ᠎ᠠᠴᠠ ᠣᠨ᠎ᠤ ᠭᠤᠣᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶ᠋ᠢᠨ ᠰᠡᠳᠦᠪ᠎ᠢ 76 ᠬᠤᠪᠢ ᠬᠢᠨᠠᠨ ᠲᠣᠭ᠍ᠲᠠᠭᠠᠵᠤ᠂ ᠲᠡᠷᠢᠭᠦᠯᠡᠭ᠌ᠴᠢᠳ᠎ᠤᠨ ᠬᠤᠷᠠᠯᠳᠤᠭᠠᠨ᠎ᠤ 22 ᠪᠦᠷᠢᠯᠳᠦᠬᠦᠨ ᠲᠦᠷᠦᠭᠦᠯᠡᠨ 29 ᠰᠡᠳᠦᠪ ᠢ ᠱᠢᠪᠠᠳᠠᠨ ᠱᠢᠢᠳᠪᠦᠷᠢᠯᠡᠬᠦᠯᠪᠡ᠃ ᠡᠯ᠎ᠡ ᠲᠤᠰᠭᠠᠶ ᠵᠥᠪᠯᠡᠯ 700 ᠬᠤᠪᠢ ᠭᠤᠤᠯᠳᠠᠯᠭᠠᠲᠤ ᠪᠤᠰᠤ ᠰᠠᠨᠠᠯ ᠳᠤᠷᠠᠳᠤᠯᠭ᠎ᠠ᠎ᠶ᠋ᠢ ᠱᠢᠪᠠᠳᠠᠨ ᠱᠢᠢᠳᠪᠦᠷᠢᠯᠡᠬᠦᠯᠬᠦ᠌ᠳᠤ ᠣᠷᠣᠯᠴᠠᠪᠠ᠃ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ ᠶ᠋ᠢ ᠲᠤᠰᠭᠠᠭ᠍ᠰᠠᠨ ᠮᠡᠳᠡᠭᠡ ᠵᠠᠩᠭᠢ᠎ᠶ᠋ᠢᠨ ᠠᠵᠢᠯ᠎ᠤᠨ ᠱᠢᠯᠭᠠᠷᠠᠭᠤᠯᠤᠨ ᠬᠥᠬᠢᠭᠦᠯᠬᠦ᠌ ᠠᠷᠭ᠎ᠠ ᠶ᠋ᠢ ᠵᠠᠰᠠᠨ ᠲᠣᠭ᠍ᠲᠠᠭᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠡᠯ᠎ᠡ ᠲᠦᠷᠦᠯ᠎ᠤᠨ ᠲᠦᠷᠦ᠍᠎ᠶ᠋ᠢᠨ ᠬᠡᠷᠡᠭ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠤᠭ᠍ᠰᠠᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠠᠷ ᠬᠤᠪᠢᠷᠠᠭᠤᠯᠪᠠ᠃ ᠤᠯᠤᠰ ᠲᠥᠷᠥ᠎ᠶ᠋ᠢᠨ ᠵᠥᠪᠯᠡᠯᠭᠡᠨ᠎ᠤ ᠵᠠᠭᠤᠴᠢᠯᠠᠭᠤᠷ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠵᠡᠷᠭᠡ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ᠎ᠶ᠋ᠢ ᠭᠤᠣᠯᠳᠠᠯᠭ᠎ᠠ᠎ᠲᠠᠢ᠎ᠪᠠᠷ ᠰᠠᠢᠲᠤᠷ ᠬᠢᠵᠦ᠍᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠬᠠᠷᠢᠶ᠎ᠠ ᠰᠣᠨᠢᠨ ᠮᠡᠳᠡᠭᠡᠨ᠎ᠤ ᠵᠠᠭᠤᠴᠢᠯᠠᠭᠤᠷ ᠨᠡᠢᠲᠡ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠴᠢᠬᠤᠯᠠ ᠠᠵᠢᠯᠯᠠᠭ᠎ᠠ᠎ᠶ᠋ᠢᠨ ᠮᠡᠳᠡᠭᠡᠯᠡᠯ᠎ᠢ 856 ᠬᠤᠪᠢ᠂ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠮᠡᠳᠡᠭᠡᠯᠡᠯ᠎ᠢ 5095 ᠬᠤᠪᠢ ᠨᠡᠢᠲᠡᠯᠡᠪᠡ᠃ 790 ᠬᠤᠪᠢ ᠶᠡᠭᠡ ᠬᠤᠷᠠᠯ ᠳᠡᠭᠡᠷᠡᠬᠢ ᠶᠠᠷᠢᠶ᠎ᠠ᠎ᠶ᠋ᠢ ᠨᠠᠢᠷᠠᠭᠤᠯᠤᠨ ᠲᠠᠷᠬᠠᠭᠠᠵᠤ᠂ 550 ᠬᠤᠪᠢ ᠶ᠋ᠢ᠎ᠨᠢ ᠬᠤᠷᠠᠯ᠎ᠤᠨ ᠲᠣᠪᠴᠢ ᠮᠡᠳᠡᠭᠡ᠂ ᠰᠣᠨᠢᠨ ᠮᠡᠳᠡᠭᠡᠨ᠎ᠤ ᠤᠬᠠᠭᠤᠯᠭ᠎ᠠ ᠵᠡᠷᠭᠡ ᠬᠡᠯᠪᠡᠷᠢ ᠪᠤᠯᠭᠠᠨ ᠬᠤᠪᠢᠷᠠᠭᠤᠯᠪᠠ᠃ ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ ᠢ ᠬᠠᠢᠬᠤ ᠢᠨᠵᠧᠨᠧᠷᠢᠩ᠎ᠢ ᠲᠠᠮᠳᠡᠭ᠌ᠯᠡᠭ᠌ᠰᠡᠨ ᠲᠡᠤᠬᠡ᠎ᠶ᠋ᠢᠨ ᠮᠠᠲ᠋ᠧᠷᠢᠶᠠᠯ᠎ᠢ ᠡᠯᠰᠡᠨ ᠴᠤᠭ᠍ᠯᠠᠭᠤᠯᠬᠤ ᠪᠠ ᠬᠡᠪᠯᠡᠭᠦᠯᠬᠦ᠌ ᠠᠵᠢᠯ᠎ᠢ ᠪᠡᠶᠡᠯᠡᠭᠦᠯᠪᠡ᠃ 《ᠭᠡᠱᠢᠭᠦᠳ᠎ᠤᠨ ᠱᠢᠨᠵᠢᠯᠡᠬᠦ᠌ ᠤᠬᠠᠭᠠᠨ᠎ᠤ ᠬᠢᠴᠢᠶᠡᠯ᠎ᠤᠨ ᠲᠠᠩᠬᠢᠮ》 ᠢ 5 ᠲᠠᠯᠠᠪᠤᠷ ᠂ 《ᠰᠣᠶᠣᠯ ᠲᠡᠦᠬᠡ᠎ᠶ᠋ᠢᠨ ᠬᠢᠴᠢᠶᠡᠯ᠎ᠤᠨ ᠲᠠᠩᠬᠢᠮ》 ᠢ 3 ᠲᠠᠯᠠᠪᠤᠷ᠂ 《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠦᠮᠡᠨ ᠭᠠᠵᠠᠷ ᠤᠨ ᠠᠶᠠᠯᠠᠯ》 ᠤᠨ ᠲᠠᠢᠯᠤᠮᠵᠢ᠎ᠶ᠋ᠢ 37 ᠲᠠᠯᠠᠪᠤᠷ ᠥᠷᠨᠢᠭᠦᠯᠵᠦ᠍᠂ 《ᠤᠯᠤᠰ ᠲᠦᠷᠦ᠍ ᠶ᠋ᠢᠨ ᠵᠥᠪᠯᠡᠯᠭᠡᠨ᠎ᠤ ᠭᠡᠱᠢᠭᠦᠳ᠎ᠤᠨ ᠪᠠᠢᠭ᠎ᠠ ᠠᠵᠤ ᠠᠬᠤᠢᠯᠠᠯ᠎ᠨᠢ ᠰᠤᠷᠭᠠᠭᠤᠯᠢ᠎ᠶ᠋ᠢᠨ ᠬᠦᠷᠢᠶᠡᠨ᠎ᠳᠤ ᠣᠷᠣᠵᠦ᠍ ᠠᠵᠢᠯ ᠣᠯᠭᠤᠯᠲᠠ᠎ᠶ᠋ᠢ ᠠᠬᠢᠭᠤᠯᠬᠤ》᠂ 《ᠦᠨᠳᠦᠰᠦᠨ ᠱᠠᠲᠤᠨ᠎ᠳᠤ ᠪᠠᠭᠤᠵᠦ᠍ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌》 ᠵᠡᠷᠭᠡ ᠠᠷᠠᠳ᠎ᠲᠤ ᠦᠢᠯᠡᠴᠢᠯᠡᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠪᠠ᠃ 61 ᠰᠠᠯᠠᠭ᠎ᠠ ᠮᠥᠴᠢᠷ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠴᠢᠬᠤᠯᠠ ᠪᠢᠴᠢᠭ ᠮᠠᠲ᠋ᠧᠷᠢᠶᠠᠯ᠎ᠤᠨ ᠰᠠᠨᠠᠯ ᠬᠤᠷᠢᠶᠠᠬᠤ ᠵᠦᠢᠯᠡᠰ᠎ᠢ 137 ᠵᠦᠢᠯ ᠱᠢᠢᠳᠪᠦᠷᠢᠯᠡᠵᠦ᠍᠂ ᠭᠡᠱᠢᠭᠦᠳ (ᠲᠤᠰᠭᠠᠶ ᠮᠡᠷᠭᠡᠵᠢᠯᠲᠡᠳ) ᠤᠨ ᠰᠠᠨᠠᠯ᠎ᠢ 502 ᠬᠥᠮᠦᠨ ᠤᠳᠠᠭ᠎ᠠ ᠬᠤᠷᠢᠶᠠᠵᠤ᠂ 728 ᠵᠤᠷᠪᠤᠰ ᠵᠠᠰᠠᠪᠤᠷᠢ ᠣᠷᠣᠭᠤᠯᠬᠤ ᠰᠠᠨᠠᠯ ᠳᠤᠷᠠᠳᠪᠠ᠃
(ᠲᠦᠷᠪᠡ) ᠶᠡᠭᠡ ᠪᠦᠯᠬᠦᠮᠳᠡᠯ ᠶᠡᠭᠡ ᠬᠤᠯᠪᠣᠭᠠᠯᠠᠯ᠎ᠢ ᠪᠠᠷᠢᠮᠲᠠᠯᠠᠵᠤ᠂ ᠲᠦᠷᠦ᠍᠎ᠶ᠋ᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠤ ᠬᠠᠷᠢᠴᠠᠭ᠎ᠠ᠂ ᠱᠠᠱᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶ᠋ᠢᠨ ᠬᠠᠷᠢᠴᠠᠭ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠬ᠎ᠠ ᠳᠡᠭᠦᠦ ᠨᠡᠷ᠎ᠤᠨ ᠬᠠᠷᠢᠴᠠᠭ᠎ᠠ᠎ᠶ᠋ᠢᠨ ᠡᠶ᠎ᠡ ᠵᠣᠬᠢᠴᠠᠯ ᠢ ᠠᠬᠢᠭᠤᠯᠪᠠ᠃ ᠪᠢᠳᠡ ᠨᠢᠭᠡᠳᠦᠮᠡᠯ ᠹᠷᠣᠨᠲ ᠤᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ ᠢ ᠨᠠᠢᠳᠠᠪᠤᠷᠢᠵᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ᠎ᠢ ᠲᠣᠭ᠍ᠲᠠᠭᠠᠪᠠ᠃ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠨᠠᠷ ᠨᠠᠮ᠎ᠤᠨ ᠭᠠᠳᠠᠨᠠᠬᠢ ᠭᠡᠱᠢᠭᠦᠳ᠎ᠲᠠᠢ 327 ᠬᠥᠮᠦᠨ ᠤᠳᠠᠭ᠎ᠠ ᠰᠡᠳᠭᠢᠯ᠎ᠤᠨ ᠦᠭᠡ᠎ᠪᠠᠨ ᠶᠠᠷᠢᠯᠴᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠪᠣᠯᠬᠤ 866 ᠭᠡᠱᠢᠭᠦᠨ ᠨᠠᠮ᠎ᠤᠨ ᠭᠠᠳᠠᠨᠠᠬᠢ 1244 ᠭᠡᠱᠢᠭᠦᠨᠯᠦᠭᠡ ᠬᠠᠷᠢᠯᠴᠠᠭ᠎ᠠ ᠪᠠᠢᠭᠤᠯᠵᠤ᠂ ᠨᠠᠮ᠎ᠤᠨ ᠭᠠᠳᠠᠨᠠᠬᠢ ᠭᠡᠱᠢᠭᠦᠳ᠎ᠢ ᠵᠣᠬᠢᠶᠠᠨ ᠪᠠᠢᠭᠤᠯᠤᠨ 18 ᠤᠳᠠᠭ᠎ᠠ ᠱᠢᠨᠵᠢᠯᠡᠨ ᠪᠠᠢᠴᠠᠭᠠᠪᠠ᠃ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠪᠠ ᠨᠠᠮ ᠪᠦᠯᠦᠭ᠎ᠤᠨ ᠪᠤᠰᠤ ᠬᠥᠮᠦᠰ ᠤᠨ ᠤᠯᠤᠰ ᠲᠥᠷᠥ᠎ᠶ᠋ᠢᠨ ᠵᠥᠪᠯᠡᠯᠭᠡᠨ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠳᠡᠮᠵᠢᠵᠦ᠍᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠤᠯᠪᠣᠭᠠᠲᠤ ᠡᠪᠯᠡᠯ ᠪᠠ ᠨᠠᠮ ᠪᠦᠯᠦᠭ᠎ᠤᠨ ᠪᠤᠰᠤ ᠬᠥᠮᠦᠰ 659 ᠬᠤᠪᠢ ᠰᠠᠨᠠᠯ ᠳᠤᠷᠠᠳᠤᠯᠭ᠎ᠠ᠂ 427 ᠬᠤᠪᠢ ᠶᠡᠭᠡ ᠬᠤᠷᠠᠯ ᠳᠡᠭᠡᠷᠡᠬᠢ ᠶᠠᠷᠢᠶ᠎ᠠ᠂ 17976 ᠬᠤᠪᠢ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠲᠤᠰᠭᠠᠭ᠍ᠰᠠᠨ ᠮᠡᠳᠡᠭᠡ ᠵᠠᠩᠭᠢ᠎ᠶ᠋ᠢ ᠳᠡᠪᠱᠢᠭᠦᠯᠵᠦ᠍᠂ ᠬᠤᠯᠪᠣᠭ᠍ᠳᠠᠯ ᠪᠦᠬᠦᠢ ᠲᠤᠰᠭᠠᠶ ᠵᠥᠪᠯᠡᠯ᠎ᠨᠢ ᠠᠷᠠᠳᠴᠢᠯᠠᠭ᠍ᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠤᠯᠪᠣᠭᠠᠲᠤ ᠡᠪᠯᠡᠯ᠎ᠲᠠᠢ ᠬᠠᠮᠲᠤᠷᠠᠭ᠍ᠰᠠᠨ ᠪᠠᠢᠴᠠᠭᠠᠨ ᠰᠤᠳᠤᠯᠤᠯᠲᠠ᠎ᠶ᠋ᠢ 10 ᠤᠳᠠᠭ᠎ᠠ ᠥᠷᠨᠢᠭᠦᠯᠵᠦ᠍᠂ ᠵᠥᠪᠯᠡᠬᠦ᠌ ᠠᠵᠢᠯᠯᠠᠭ᠎ᠠ᠎ᠶ᠋ᠢ 9 ᠲᠠᠯᠠᠪᠤᠷ ᠬᠠᠮᠲᠤᠷᠠᠨ ᠡᠷᠬᠢᠯᠡᠪᠡ᠃ 《ᠡᠶ᠎ᠡ ᠨᠠᠢᠷᠠᠮᠳᠠᠭᠤ ᠭᠤᠶᠣ ᠰᠠᠢᠬᠠᠨ ᠬᠢᠯᠢ ᠬᠢᠵᠠᠭᠠᠷ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠮᠠᠭ᠍ᠲᠠᠭᠠᠯ — ᠱᠢᠨᠵᠢᠶᠠᠩ ᠪᠠ ᠲᠥᠪᠡᠳ᠎ᠤᠨ ᠤᠷᠠᠨ ᠵᠢᠷᠤᠭ᠎ᠤᠨ ᠪᠦᠲᠦᠭᠡᠯ᠎ᠤᠨ ᠦᠵᠡᠭᠦᠯᠭᠡ》 ᠶ᠋ᠢ ᠡᠷᠬᠢᠯᠡᠪᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠬᠠᠤᠯᠢ᠎ᠪᠠᠷ ᠵᠠᠰᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠵᠡᠷᠭᠡ᠎ᠲᠠᠢ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠤ᠌᠂ ᠴᠥᠭᠡᠨ ᠲᠣᠭᠠᠲᠤ ᠦᠨᠳᠦᠰᠦᠲᠡᠨ᠎ᠤ ᠡᠲᠡᠭᠡᠳ᠂ ᠱᠠᠱᠢᠨ ᠰᠤᠷᠲᠠᠬᠤᠨ᠎ᠤ ᠡᠲᠡᠭᠡᠳ᠎ᠤᠨ ᠭᠡᠱᠢᠭᠦᠳ᠎ᠤᠨ 《ᠭᠡᠱᠢᠭᠦᠳ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠬᠤ》 ᠱᠢᠷᠢᠰ ᠠᠵᠢᠯᠯᠠᠭ᠎ᠠ ᠥᠷᠨᠢᠭᠦᠯᠬᠦ᠌᠎ᠶ᠋ᠢ ᠳᠡᠮᠵᠢᠵᠤ᠂ 《ᠲᠠᠪᠤᠨ ᠡᠨᠡᠭ᠌ᠰᠢᠯ》 ᠢ ᠭᠦᠨᠵᠡᠭᠡᠢᠷᠡᠭᠦᠯᠬᠦ᠌᠎ᠳᠤ ᠬᠦᠴᠦᠨ ᠨᠡᠮᠡᠷᠢᠯᠡᠪᠡ᠃ ᠭᠡᠱᠢᠭᠦᠳ᠎ᠤᠨ ᠲᠣᠲᠤᠷᠠᠬᠢ ᠨᠠᠮ ᠤᠨ ᠭᠠᠳᠠᠨᠠᠬᠢ ᠰᠡᠭᠡᠭᠡᠳᠡᠳ᠂ ᠨᠡᠢᠲᠡ᠎ᠶ᠋ᠢᠨ ᠥᠮᠴᠢᠯᠠᠯ᠎ᠤᠨ ᠪᠤᠰᠤ ᠠᠵᠤ ᠠᠬᠤᠢ᠎ᠶ᠋ᠢᠨ ᠬᠦᠮᠦᠰ᠂ ᠨᠡᠢᠭᠡᠮ᠎ᠤᠨ ᠱᠢᠨ᠎ᠡ ᠳᠠᠪᠬᠤᠷᠭ᠎ᠠ᠎ᠶ᠋ᠢᠨ ᠬᠦᠮᠦᠰᠯᠦᠭᠡᠶ᠋ᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭᠠᠳᠭᠠᠪᠠ᠃ ᠱᠢᠶᠠᠩᠭᠠᠩ ᠣᠣᠮᠧᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠡᠩ ᠰᠠᠢᠨ ᠠᠭᠤᠰᠤᠨ ᠣᠷᠣᠬᠤ ᠪᠠ ᠦᠢᠯᠡᠴᠢᠯᠡᠬᠦ᠌᠎ᠶ᠋ᠢ ᠳᠡᠮᠵᠢᠬᠦ᠌ ᠵᠡᠷᠭᠡ᠎ᠳᠤ ᠬᠠᠨᠳᠤᠭᠤᠯᠤᠨ ᠭᠡᠱᠢᠭᠦᠳ᠎ᠢ ᠵᠣᠬᠢᠶᠠᠨ ᠪᠠᠢᠭᠤᠯᠵᠤ ᠪᠠᠢᠴᠠᠭᠠᠨ ᠦᠵᠡᠵᠦ᠍ ᠪᠠᠢᠴᠠᠭᠠᠨ ᠱᠢᠨᠵᠢᠯᠡᠪᠡ᠃ ᠱᠢᠶᠠᠩᠭᠠᠩ ᠣᠣᠮᠧᠨ᠎ᠤ 66 ᠭᠡᠱᠢᠭᠦᠨ 107 ᠲᠠᠯᠠᠪᠤᠷ 《ᠰᠤᠷᠭᠠᠭᠤᠯᠢ᠎ᠶ᠋ᠢᠨ ᠬᠦᠷᠢᠶᠡᠨ᠎ᠳᠤ ᠣᠷᠣᠵᠤ ᠤᠯᠤᠰ᠎ᠤᠨ ᠪᠠᠢᠳᠠᠯ᠎ᠢ ᠶᠠᠷᠢᠬᠤ》 ᠠᠵᠢᠯᠯᠠᠭ᠎ᠠ ᠥᠷᠨᠢᠭᠦᠯᠪᠡ᠃ ᠨᠠᠢ᠍ᠮᠠᠳᠤᠭᠠᠷ ᠬᠤᠭᠤᠴᠠᠭᠠᠨ᠎ᠤ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠷᠢᠯᠴᠠᠭᠠᠨ᠎ᠤ ᠲᠠᠪᠴᠠᠩ᠎ᠢ ᠡᠷᠬᠢᠯᠡᠪᠡ᠃ 242 ᠨᠡᠷᠡᠰ ᠱᠢᠶᠠᠩᠭᠠᠩ ᠣᠣᠮᠧᠨ᠎ᠤ ᠭᠡᠱᠢᠭᠦᠨ ᠪᠣᠯᠤᠨ ᠬᠠᠷᠢᠶᠠᠲᠤ ᠠᠬ᠎ᠠ ᠳᠡᠭᠦᠦ ᠨᠡᠷ᠎ᠤᠨ ᠲᠥᠯᠥᠭᠡᠯᠡᠭ᠌ᠴᠢ᠎ᠶ᠋ᠢ ᠤᠷᠢᠵᠤ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠭ᠌ᠰᠡᠨ ᠳᠠᠢᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠭ᠌ᠰᠡᠨ ᠳᠠᠢᠨ ᠢᠯᠠᠯᠲᠠ ᠣᠯᠤᠭ᠍ᠰᠠᠨ 80 ᠵᠢᠯ᠎ᠤᠨ ᠤᠢ᠎ᠶ᠋ᠢ ᠳᠤᠷᠠᠰᠭᠠᠬᠤ ᠶᠡᠭᠡ ᠬᠤᠷᠠᠯ ᠪᠠ ᠴᠡᠷᠢᠭ᠎ᠤᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ᠎ᠳᠤ ᠣᠷᠣᠯᠴᠠᠭᠤᠯᠪᠠ᠃
(ᠲᠠᠪᠤ) ᠤᠯᠠᠨ ᠨᠡᠢᠲᠡ᠎ᠶ᠋ᠢᠨ ᠭᠠᠳᠠᠭᠠᠳᠤ ᠬᠠᠷᠢᠯᠴᠠᠭ᠎ᠠ᠂ ᠠᠷᠠᠳ᠎ᠤᠨ ᠬᠤᠭᠤᠷᠣᠨᠳᠣᠬᠢ ᠭᠠᠳᠠᠭᠠᠳᠤ ᠬᠠᠷᠢᠯᠴᠠᠭ᠎ᠠ᠂ ᠤᠶᠤᠨ᠎ᠤ ᠬᠥᠮᠥᠷᠭᠡ᠎ᠶ᠋ᠢᠨ ᠭᠠᠳᠠᠭᠠᠳᠤ ᠬᠠᠷᠢᠯᠴᠠᠭ᠎ᠠ᠎ᠶ᠋ᠢ ᠨᠢᠭᠡᠳᠦᠯᠲᠡᠶ ᠲᠥᠯᠥᠪᠯᠡᠨ ᠥᠷᠨᠢᠭᠦᠯᠵᠦ᠍᠂ ᠨᠠᠮ ᠪᠠ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠭᠡ ᠲᠠᠯ᠎ᠠ᠎ᠳᠤ ᠦᠢᠯᠡᠴᠢᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠵᠢᠴᠢ ᠬᠠᠷᠢᠶ᠎ᠠ ᠪᠠᠢᠭᠤᠯᠤᠮᠵᠢ ᠡᠯ᠎ᠡ ᠲᠦᠷᠦᠯ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶ᠋ᠢ 210 ᠲᠠᠯᠠᠪᠤᠷ ᠥᠷᠨᠢᠭᠦᠯᠵᠦ᠍᠂ 129 ᠤᠯᠤᠰ᠂ ᠤᠯᠠᠨ ᠤᠯᠤᠰ᠎ᠤᠨ ᠪᠠ ᠭᠠᠵᠠᠷ ᠣᠷᠣᠨ᠎ᠤ ᠵᠣᠬᠢᠶᠠᠨ ᠪᠠᠢᠭᠤᠯᠤᠯᠲᠠ᠎ᠠᠴᠠ ᠢᠷᠡᠭ᠌ᠰᠡᠨ ᠭᠠᠳᠠᠭᠠᠳᠤ᠎ᠶ᠋ᠢᠨ ᠲᠠᠯ᠎ᠠ᠎ᠶ᠋ᠢᠨ ᠬᠥᠮᠦᠰ 1781 ᠬᠥᠮᠦᠨ ᠤᠳᠠᠭ᠎ᠠ ᠣᠷᠣᠯᠴᠠᠪᠠ᠃ ᠲᠡᠷᠢᠭᠦᠯᠡᠭ᠌ᠴᠢᠳ᠎ᠤᠨ ᠬᠤᠷᠠᠯᠳᠤᠭᠠᠨ᠎ᠤ ᠪᠦᠷᠢᠯᠳᠦᠬᠦᠨ ᠲᠡᠷᠢᠭᠦᠯᠡᠭ᠌ᠴᠢ ᠰᠢ᠎ᠶ᠋ᠢᠨ ᠫᠢᠩ ᠤᠨ ᠣᠨᠴᠠ ᠡᠯᠴᠢ᠎ᠶ᠋ᠢᠨ ᠬᠤᠪᠢ᠎ᠪᠠᠷ ᠭᠠᠳᠠᠭᠠᠳᠤ᠎ᠳᠤ ᠬᠦᠷᠴᠦ᠍ ᠴᠢᠬᠤᠯᠠ ᠠᠵᠢᠯᠯᠠᠭ᠎ᠠ᠎ᠳᠤ 2 ᠬᠥᠮᠥᠨ ᠤᠳᠠᠭ᠎ᠠ ᠣᠷᠣᠯᠴᠠᠨ᠂ ᠤᠯᠤᠰ᠎ᠤᠨ ᠳᠣᠲᠣᠭᠠᠳᠤ᠎ᠳᠤ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠳᠤ 139 ᠬᠥᠮᠦᠨ ᠤᠳᠠᠭ᠎ᠠ ᠣᠷᠣᠯᠴᠠᠵᠤ᠂ ᠭᠠᠳᠠᠭᠠᠳᠤ᠎ᠳᠤ 15 ᠬᠥᠮᠦᠨ ᠤᠳᠠᠭ᠎ᠠ ᠠᠢᠯᠴᠢᠯᠠᠪᠠ᠃ 《ᠤᠯᠤᠰ ᠲᠦᠷᠦ᠍᠎ᠶ᠋ᠢᠨ ᠵᠥᠪᠯᠡᠯᠭᠡᠨ᠎ᠳᠤ ᠠᠢᠯᠴᠢᠯᠠᠭᠤᠯᠬᠤ》 ᠬᠤᠯᠪᠣᠭ᠍ᠳᠠᠯ ᠪᠦᠬᠦᠢ ᠠᠵᠢᠯᠯᠠᠭ᠎ᠠ᠎ᠶ᠋ᠢ ᠡᠷᠬᠢᠯᠡᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠤ ᠧᠦ᠋ᠷᠣᠫᠠ ᠲᠢᠪ᠎ᠤᠨ ᠤᠯᠤᠰ᠎ᠤᠳ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ᠂ ᠱᠢᠩᠭᠠᠫᠣᠷ᠎ᠤᠨ ᠭᠠᠳᠠᠭᠠᠳᠤ ᠬᠠᠷᠢᠯᠴᠠᠭᠠᠨ᠎ᠤ ᠵᠠᠯᠠᠭᠤ ᠲᠤᠱᠢᠶᠠᠯᠲᠠᠨ ᠵᠡᠷᠭᠡ᠎ᠶ᠋ᠢ 168 ᠬᠥᠮᠦᠨ ᠤᠳᠠᠭ᠎ᠠ ᠤᠷᠢᠵᠤ ᠲᠣᠭᠤᠷᠢᠨ ᠠᠢᠯᠴᠢᠯᠠᠭᠤᠯᠪᠠ᠃ ᠳᠤᠮᠳᠠᠳᠤ ᠤᠯᠤᠰ᠎ᠤᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ — ᠸᠢᠶᠧᠲᠨᠠᠮ᠎ᠤᠨ ᠡᠬᠡ ᠤᠯᠤᠰ᠎ᠤᠨ ᠹᠷᠣᠨᠲ᠎ᠤᠨ ᠲᠥᠪ ᠬᠤᠷᠢᠶ᠎ᠠ ᠵᠢᠴᠢ ᠬᠢᠯᠢ᠎ᠶ᠋ᠢᠨ ᠮᠤᠵᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠨᠥᠬᠦᠷᠰᠡᠭ ᠰᠣᠯᠢᠯᠴᠠᠭᠠᠨ᠎ᠤ ᠠᠵᠢᠯᠯᠠᠭ᠎ᠠ᠎ᠶ᠋ᠢ ᠡᠷᠬᠢᠯᠡᠪᠡ᠃ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠤᠨ ᠬᠡᠷᠡᠭ ᠡᠷᠬᠢᠯᠡᠭ᠌ᠴᠢᠳ᠎ᠤᠨ ᠬᠤᠷᠠᠯ᠎ᠤᠨ 《ᠪᠣᠯᠪᠠᠰᠤᠨ᠎ᠤ ᠰᠣᠯᠢᠯᠴᠠᠭ᠎ᠠ ᠲᠣᠯᠢᠳᠠᠯᠭᠠᠶ᠋ᠢ ᠭᠦᠨᠵᠡᠭᠡᠢᠷᠡᠭᠦᠯᠵᠦ᠍᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠤᠶ᠎ᠠ》 ᠭᠡᠬᠦ᠌ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠤᠨ ᠶᠠᠷᠢᠯᠴᠠᠭᠠᠨ᠎ᠤ ᠲᠠᠪᠴᠠᠩ᠎ᠢ ᠡᠷᠬᠢᠯᠡᠬᠦ᠂ ᠧᠦ᠋ᠷᠣᠫᠠ᠎ᠶ᠋ᠢᠨ ᠬᠤᠯᠪᠣᠭᠠᠨ᠎ᠤ ᠠᠵᠤ ᠠᠬᠤᠶ ᠨᠡᠢᠭᠡᠮ᠎ᠤᠨ ᠵᠥᠪᠯᠡᠯ᠎ᠲᠠᠢ ᠬᠠᠮᠲᠤ᠎ᠪᠠᠷ ᠳᠤᠮᠳᠠᠳᠤ ᠧᠦ᠋ᠷᠣᠫᠠ᠎ᠶ᠋ᠢᠨ ᠳᠤᠭᠤᠷᠢᠭ ᠱᠢᠷᠡᠭᠡᠨ᠎ᠤ ᠬᠤᠷᠠᠯᠳᠤᠭᠠᠨ᠎ᠢ ᠡᠷᠬᠢᠯᠡᠬᠦ᠌ ᠠᠵᠢᠯ᠎ᠢ ᠲᠡᠮᠵᠢᠪᠡ᠃ ᠳᠤᠮᠳᠠᠳᠤ ᠤᠯᠤᠰ᠎ᠤᠨ ᠱᠠᠱᠢᠨ ᠰᠤᠷᠲᠠᠬᠤᠨ᠎ᠤ ᠡᠲᠡᠭᠡᠳ᠎ᠤᠨ ᠨᠠᠢᠷᠠᠮᠳᠠᠯ᠎ᠤᠨ ᠵᠥᠪᠯᠡᠯ᠎ᠤᠨ ᠳᠡᠯᠡᠬᠡᠶ᠎ᠶ᠋ᠢᠨ ᠱᠠᠱᠢᠨ ᠰᠤᠷᠲᠠᠬᠤᠨ᠎ᠤ ᠨᠠᠢᠷᠠᠮᠳᠠᠯ᠎ᠤᠨ ᠵᠣᠬᠢᠶᠠᠨ ᠪᠠᠢᠭᠤᠯᠤᠯᠲᠠ᠂ ᠠᠽᠢᠶ᠎ᠠ ᠲᠢᠪ᠎ᠤᠨ ᠱᠠᠱᠢᠨ ᠰᠤᠷᠲᠠᠬᠤᠨ᠎ᠤ ᠨᠠᠢᠷᠠᠮᠳᠠᠯ᠎ᠤᠨ ᠬᠤᠷᠠᠯᠳᠤᠭᠠᠨ᠎ᠤ ᠬᠤᠯᠪᠣᠭ᠍ᠳᠠᠯ ᠪᠦᠬᠦᠢ ᠠᠵᠢᠯᠯᠠᠭ᠎ᠠ᠎ᠳᠤ ᠣᠷᠣᠯᠴᠠᠬᠤ᠎ᠶ᠋ᠢ ᠳᠡᠮᠵᠢᠵᠦ᠍᠂ ᠠᠽᠢᠶ᠎ᠠ ᠨᠣᠮᠣᠬᠠᠨ ᠳᠠᠯᠠᠶ ᠶ᠋ᠢᠨ ᠣᠷᠣᠨ ᠤ ᠤᠯᠤᠰ᠎ᠤᠳ ᠤᠨ ᠱᠠᠱᠢᠨ ᠰᠤᠷᠲᠠᠬᠤᠨ᠎ᠤ ᠡᠲᠡᠭᠡᠳ᠎ᠤᠨ ᠬᠥᠮᠦᠰ᠎ᠢ ᠤᠷᠢᠵᠤ ᠱᠢᠨᠵᠢᠶᠠᠩ᠎ᠳᠤ ᠠᠢᠯᠴᠢᠯᠠᠭᠤᠯᠪᠠ᠃
(ᠵᠢᠷᠭᠤᠭ᠎ᠠ) ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠠᠬᠢᠭᠤᠯᠪᠠ᠃ ᠪᠢᠳᠡ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠲᠣᠭᠤᠷᠢᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠲᠦᠷᠢᠮ᠂ ᠲᠤᠰᠭᠠᠢ ᠵᠥᠪᠯᠡᠯ᠎ᠤᠨ ᠨᠠᠮ᠎ᠤᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠢ ᠰᠠᠨᠠᠯ᠎ᠢ ᠲᠣᠭ᠍ᠲᠠᠭᠠᠪᠠ᠃ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠣᠷᠣᠯᠴᠠᠬᠤ ᠬᠡᠪᠴᠢᠶ᠎ᠡ᠎ᠶ᠋ᠢ ᠥᠷᠭᠡᠳᠭᠡᠵᠦ᠍᠂ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠭᠡᠱᠢᠭᠦᠳ᠎ᠤᠨ ᠡᠳᠦᠷ ᠲᠤᠳᠤᠮ᠎ᠤᠨ ᠬᠠᠷᠢᠯᠴᠠᠭ᠎ᠠ᠂ ᠦᠢᠯᠡᠴᠢᠯᠡᠭᠡ ᠬᠠᠮᠢᠶᠠᠷᠤᠯᠲᠠ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠦᠷᠢᠳᠭᠡᠯ ᠵᠡᠷᠭᠡ ᠠᠵᠢᠯ᠎ᠢ ᠰᠠᠢᠲᠤᠷ ᠬᠢᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠲᠤᠰᠭᠠᠶ ᠰᠡᠳᠦᠪᠲᠦ ᠰᠤᠷᠤᠯᠴᠠᠬᠤ ᠪᠠ ᠰᠤᠳᠤᠯᠣᠨ ᠶᠠᠷᠢᠯᠴᠠᠬᠤ ᠠᠩᠭᠢ᠂ ᠪᠠᠢᠭᠤᠯᠭ᠎ᠠ᠎ᠶ᠋ᠢᠨ ᠺᠠᠳ᠋ᠷ᠎ᠤᠨ ᠪᠣᠯᠪᠠᠰᠤᠷᠠᠭᠤᠯᠤᠯ᠎ᠤᠨ ᠠᠩᠬᠢ ᠵᠡᠷᠭᠡ᠎ᠶ᠋ᠢ ᠡᠷᠬᠢᠯᠡᠵᠦ᠍᠂ 6248 ᠬᠥᠮᠦᠨ ᠤᠳᠠᠭ᠎ᠠ ᠰᠤᠷᠤᠯᠴᠠᠯᠭ᠎ᠠ᠎ᠳᠤ ᠣᠷᠣᠯᠴᠠᠪᠠ᠃ ᠤᠯᠤᠰ ᠲᠦᠷᠦ᠍᠎ᠶ᠋ᠢᠨ ᠵᠥᠪᠯᠡᠯᠭᠡᠨ᠎ᠤ ᠲᠦᠷᠢᠮ᠎ᠤᠨ ᠶᠣᠰᠣᠭᠠᠷ 24 ᠬᠥᠮᠦᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠨ᠎ᠤ ᠬᠢᠷᠢ ᠬᠡᠮ᠎ᠢ ᠬᠠᠰᠤᠪᠠ᠃ 《ᠨᠠᠮ ᠵᠠᠰᠠᠭ᠎ᠤᠨ ᠪᠠᠢᠭᠤᠯᠭ᠎ᠠ᠎ᠶ᠋ᠢᠨ ᠠᠷᠪᠢᠯᠠᠨ ᠭᠠᠮᠨᠠᠬᠤ᠎ᠶ᠋ᠢ ᠴᠢᠩᠭ᠎ᠠ ᠭᠡᠷᠡᠭ᠌ᠵᠢᠭᠦᠯᠵᠦ᠍ ᠱᠠᠯᠢᠨ ᠪᠦᠷᠢᠯᠭᠡᠭᠦ᠎ᠶ᠋ᠢ ᠡᠰᠡᠷᠭᠦᠴᠡᠭᠦ᠌ ᠲᠦᠷᠢᠮ》 ᠢ ᠲᠤᠭᠤᠱᠢᠯᠠᠭᠤᠯᠬᠤ ᠲᠤᠬᠠᠢ ᠬᠡᠷᠡᠭ᠌ᠵᠢᠭᠦᠯᠬᠦ᠌ ᠰᠠᠨᠠᠯ᠎ᠢ ᠲᠣᠭ᠍ᠲᠠᠭᠠᠵᠤ᠂ 《ᠭᠤᠷᠪᠠᠨ ᠠᠯᠪᠠᠨ ᠶᠠᠪᠤᠳᠠᠯ》 ᠤᠨ ᠵᠠᠷᠤᠳᠠᠯ᠎ᠤᠨ ᠵᠠᠷᠤᠯᠭ᠎ᠠ᠎ᠶ᠋ᠢ ᠴᠢᠩᠭ᠎ᠠ ᠬᠢᠵᠠᠭᠠᠷᠯᠠᠵᠤ᠂ ᠪᠠᠶᠠᠷ ᠳᠤᠷᠠᠰᠭᠠᠯ᠂ ᠦᠵᠡᠰᠭᠦᠯᠡᠩ᠂ ᠶᠠᠷᠢᠯᠴᠠᠭᠠᠨ᠎ᠤ ᠲᠠᠪᠴᠠᠩ᠎ᠤᠨ ᠠᠵᠢᠯᠯᠠᠭ᠎ᠠ᠎ᠶ᠋ᠢᠨ ᠬᠠᠮᠢᠶᠠᠷᠤᠯᠲᠠ᠎ᠶ᠋ᠢ ᠵᠢᠷᠤᠮᠵᠢᠭᠤᠯᠪᠠ᠃ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠦᠵᠡᠯ ᠤᠬᠠᠮᠰᠠᠷ᠎ᠤᠨ ᠬᠥᠮᠦᠵᠢᠯ᠎ᠢ ᠴᠢᠩᠭᠠᠳᠭᠠᠵᠤ᠂ ᠠᠮᠤᠷ ᠠᠮᠤᠭᠤᠯᠠᠩ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠵᠢᠱ᠌ᠢᠶᠡᠴᠢ ᠪᠠᠢᠭᠤᠯᠭ᠎ᠠ ᠶ᠋ᠢ ᠴᠢᠷᠮᠠᠢᠨ ᠪᠠᠢᠭᠤᠯᠪᠠ᠃
ᠨᠢᠭᠡ ᠵᠢᠯ ᠤᠨ ᠲᠤᠷᠰᠢ ᠣᠯᠤᠭ᠍ᠰᠠᠨ ᠠᠵᠢᠯ᠎ᠤᠨ ᠠᠮᠵᠢᠯᠲᠠ ᠪᠦᠲᠦᠮᠵᠢ᠎ᠶ᠋ᠢᠨ ᠦᠨᠳᠦᠰᠦᠨ ᠱᠢᠯᠲᠠᠭᠠᠨ᠎ᠨᠢ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃ ᠡᠨᠡ᠎ᠨᠢ ᠪᠠᠰᠠ ᠴᠤ᠌ ᠡᠯ᠎ᠡ ᠲᠠᠯ᠎ᠠ᠎ᠶ᠋ᠢᠨ᠎ᠬᠢᠨ᠎ᠤ ᠬᠦᠴᠦᠲᠡᠶ ᠳᠡᠮᠵᠢᠯᠭᠡ ᠦᠵᠡᠭᠦᠯᠦᠭ᠌ᠰᠡᠨ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠡᠯ᠎ᠡ ᠣᠷᠣᠯᠴᠠᠭ᠍ᠴᠢ ᠨᠢᠭᠡᠴᠢ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠬᠠᠮᠲᠤ᠎ᠪᠠᠷ ᠴᠢᠷᠮᠠᠢᠭ᠍ᠰᠠᠨᠤ ᠦᠷ᠎ᠡ ᠳ᠋ᠦᠩ ᠮᠥᠨ᠃ ᠡᠭᠦᠨ᠎ᠳᠤ ᠪᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
ᠡᠭᠦᠨ᠎ᠤ ᠬᠠᠮᠲᠤ᠌᠂ ᠮᠠᠨ᠎ᠤ ᠠᠵᠢᠯ᠎ᠳᠤ ᠪᠠᠰᠠ ᠡᠳᠦᠶ ᠲᠡᠳᠦᠶ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠠᠢᠨ᠎ᠠ᠂ ᠭᠤᠣᠯᠳᠠᠭᠤ ᠵᠠᠰᠠᠭ᠎ᠤᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠬᠡᠷᠡᠭ᠎ᠢ ᠵᠥᠪᠯᠡᠬᠦ᠌ ᠲᠠᠯ᠎ᠠ᠎ᠪᠠᠷ ᠪᠠᠰᠠ ᠲᠡᠢᠮᠦ᠍ ᠭᠦᠨᠵᠡᠭᠡᠢ ᠪᠢᠰᠢ᠂ ᠭᠡᠱᠢᠭᠦᠨ᠎ᠤ ᠪᠡᠶᠡᠴᠢ ᠴᠣᠭ᠍ᠴᠠ᠎ᠶ᠋ᠢᠨ ᠦᠢᠯᠡᠳᠦᠯ ᠪᠣᠯᠤᠨ ᠡᠲᠡᠭᠡᠳ᠎ᠤᠨ ᠢᠯᠭᠠᠯ᠎ᠤᠨ ᠦᠢᠯᠡᠳᠦᠯ᠎ᠢ ᠪᠠᠳᠠᠷᠠᠭᠤᠯᠬᠤ ᠲᠠᠯ᠎ᠠ᠎ᠪᠠᠷ ᠪᠠᠰᠠ ᠲᠡᠢᠮᠦ᠍ ᠭᠦᠢᠴᠡᠳ ᠪᠢᠰᠢ᠂ ᠳᠦᠷᠢᠮ᠎ᠤᠨ ᠪᠠᠢᠭᠤᠯᠤᠯᠲᠠ ᠪᠠ ᠨᠠᠢᠳᠠᠪᠤᠷᠢᠵᠢᠭᠤᠯᠤᠯᠲᠠ᠎ᠳᠤ ᠪᠠᠭᠤᠷᠠᠶ ᠭᠤᠭ᠍ᠴᠤᠭ᠎ᠠ ᠣᠷᠣᠱᠢᠵᠤ ᠪᠠᠢᠬᠤ ᠵᠡᠷᠭᠡ ᠪᠣᠯᠤᠨ᠎ᠠ᠃ ᠡᠳᠡᠭᠡᠷ᠎ᠢ ᠬᠤᠢᠱᠢᠳᠠ᠎ᠶ᠋ᠢᠨ ᠠᠵᠢᠯ᠎ᠤᠨ ᠳᠤᠮᠳᠠ ᠬᠢᠨᠠᠮᠠᠭᠠᠶ ᠰᠠᠢᠵᠢᠷᠠᠭᠤᠯᠬᠤ ᠪᠣᠯᠣᠨ᠎ᠠ᠃
ᠬᠤᠶᠠᠷ ᠂ 2026 ᠣᠨ᠎ᠤ ᠭᠤᠣᠯ ᠡᠭᠦᠷᠭᠡ
2026 ᠣᠨ ᠪᠣᠯ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠤᠶᠠᠷ ᠢ ᠲᠣᠭ᠍ᠲᠠᠭᠠᠭ᠍ᠰᠠᠨ》 ᠤ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠦᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡ ᠬᠢᠬᠦ᠌ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠭᠡᠬᠦ᠌ ᠬᠤᠶᠠᠷ ᠶᠡᠭᠡ ᠭᠤᠣᠯ ᠰᠡᠳᠦᠪ᠎ᠢ ᠪᠠᠷᠢᠮᠲᠠᠯᠠᠵᠤ᠂ ᠨᠠᠮ ᠪᠣᠯᠤᠨ ᠤᠯᠤᠰ᠎ᠤᠨ ᠭᠤᠣᠯ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠳᠤ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠢ ᠵᠣᠬᠢᠶᠠᠨ ᠪᠠᠢᠭᠤᠯᠤᠨ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠢᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠬᠥᠮᠦᠰ᠎ᠤᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ᠃
(ᠨᠢᠭᠡ)ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠨ᠎ᠡ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ᠌ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠦᠢᠯᠡᠰ᠎ᠤᠨ ᠬᠥᠭ᠌ᠵᠢᠯᠲᠡ ᠲᠠᠪᠱᠢᠯᠳᠠ᠎ᠶ᠋ᠢᠨ ᠦᠨᠳᠦᠰᠦᠨ ᠪᠠᠲᠤᠯᠠᠭ᠎ᠠ ᠮᠥᠨ᠃ ᠪᠢᠳᠡ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠤᠯᠤᠰ ᠲᠥᠷᠥ᠎ᠶ᠋ᠢᠨ ᠵᠥᠪᠯᠡᠯᠭᠡ ᠬᠢᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠵᠠᠰᠠᠭ᠎ᠤᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠬᠡᠷᠡᠭ᠎ᠢ ᠵᠥᠪᠯᠡᠬᠦ᠌ ᠪᠦᠬᠦ᠌ ᠶᠠᠪᠤᠴᠠ ᠪᠠ ᠡᠯ᠎ᠡ ᠲᠠᠯ᠎ᠠ᠎ᠳᠤ ᠲᠤᠭᠤᠱᠢᠯᠠᠭᠤᠯᠵᠤ᠂ 《ᠬᠤᠶᠠᠷ᠎ᠢ ᠬᠠᠮᠠᠭᠠᠯᠠᠬᠤ》 ᠶ᠋ᠢ ᠪᠣᠳᠠᠲᠤ ᠠᠵᠢᠯᠯᠠᠭ᠎ᠠ᠎ᠳᠠᠭᠠᠨ ᠨᠠᠢᠳᠠᠪᠤᠷᠢᠵᠢᠭᠤᠯᠵᠤ᠂ ᠠᠵᠢᠯ᠎ᠤᠨ ᠦᠷ᠎ᠡ ᠪᠦᠲᠦᠮᠵᠢ ᠳᠡᠭᠡᠷ᠎ᠡ᠎ᠪᠠᠨ ᠢᠯᠡᠷᠡᠭᠦᠯᠬᠦ᠌ ᠬᠡᠷᠡᠭ᠌ᠲᠡᠶ᠃
(ᠬᠤᠶᠠᠷ)ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠎ᠢᠶᠠᠷ ᠵᠡᠪᠰᠡᠭ᠌ᠯᠡᠬᠦ᠌᠎ᠶ᠋ᠢ ᠡᠳᠦᠷ ᠲᠤᠳᠤᠮ᠎ᠤᠨ ᠠᠮᠢᠳᠤᠷᠠᠯ᠎ᠳᠤ ᠠᠭᠤᠰᠭᠠᠠ ᠣᠷᠤᠭᠤᠯᠵᠤ ᠪᠠᠢᠩᠭᠤ ᠠᠳᠭᠤᠬᠤ᠎ᠶ᠋ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠲᠥᠯᠥᠨ ᠳᠠᠭᠠᠭᠤᠯᠭ᠎ᠠ ᠪᠠ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠬᠤ ᠠᠵᠢᠯ᠎ᠤᠨ ᠪᠤᠳᠠᠲᠤ ᠦᠷ᠎ᠡ ᠪᠥᠲᠥᠮᠵᠢ᠎ᠶ᠋ᠢ ᠳᠡᠭᠡᠭ᠌ᠰᠢᠯᠡᠭᠦᠯᠦᠨ᠎ᠡ᠃ ᠦᠵᠡᠯ ᠰᠠᠨᠠᠭᠠᠨ᠎ᠤ ᠨᠢᠭᠡᠳᠦᠯ ᠪᠣᠯ ᠤᠯᠤᠰ ᠲᠦᠷᠦ᠍᠎ᠶ᠋ᠢᠨ ᠨᠢᠭᠡᠳᠦᠯ᠂ ᠦᠢᠯᠡ ᠠᠵᠢᠯᠯᠠᠭ᠎ᠠ᠎ᠶ᠋ᠢᠨ ᠨᠢᠭᠡᠳᠦᠯ᠎ᠤᠨ ᠰᠠᠭᠤᠷᠢ ᠮᠥᠨ᠂ ᠤᠨᠤᠯ᠎ᠤᠨ ᠰᠤᠷᠤᠯᠴᠠᠯᠭ᠎ᠠ᠎ᠶ᠋ᠢᠨ ᠭᠦᠨᠴᠡ᠎ᠨᠢ ᠦᠵᠡᠯ ᠰᠠᠨᠠᠭ᠎ᠠ ᠲᠠᠨᠢᠯᠲᠠ᠎ᠶ᠋ᠢᠨ ᠦᠨᠳᠦᠷᠴᠡ ᠪᠠ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠷᠴᠢᠮ᠎ᠢ ᠲᠣᠭ᠍ᠲᠠᠭᠠᠳᠠᠭ᠃ ᠨᠠᠮ ᠤᠨ ᠱᠢᠨ᠎ᠡ ᠡᠭᠦᠳᠦᠯᠲᠡ᠎ᠶ᠋ᠢᠨ ᠣᠨᠣᠯ᠎ᠢ ᠪᠠᠢᠩᠭᠤ᠎ᠶ᠋ᠢᠨ ᠴᠢᠨᠠᠷᠲᠠᠶ᠎ᠪᠠᠷ ᠰᠣᠷᠣᠯᠴᠠᠬᠤ᠂ ᠱᠢᠰᠲ᠋ᠧᠮᠵᠢᠭᠦᠯᠦᠨ ᠰᠤᠳᠤᠯᠬᠤ᠂ ᠵᠦᠢ ᠲᠣᠭ᠍ᠲᠠᠯᠵᠢᠭᠤᠯᠤᠨ ᠲᠠᠢᠯᠪᠤᠷᠢᠯᠠᠬᠤ᠎ᠶ᠋ᠢ ᠬᠠᠷᠢᠯᠴᠠᠨ ᠤᠶᠠᠯᠳᠤᠭᠤᠯᠤᠨ ᠨᠡᠪᠲᠡᠷᠡᠭᠦᠯᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠳᠤ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠤᠨ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠰᠠᠭᠤᠷᠢ᠎ᠶ᠋ᠢ ᠲᠠᠰᠤᠷᠠᠯᠲᠠ ᠤᠢ᠍ᠭᠡᠢ ᠪᠠᠬᠢᠵᠢᠭᠦᠯᠬᠦ᠌᠎ᠶ᠋ᠢ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ᠂ ᠡᠷᠡᠭᠡᠯᠵᠡᠭᠡ᠎ᠶ᠋ᠢ ᠠᠯᠳᠠᠷᠠᠭᠠᠨ ᠲᠥᠭᠡᠷᠢᠭ᠌ᠳᠡᠯ᠎ᠢ ᠲᠠᠢᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠢᠲᠡᠭᠡᠯ ᠵᠣᠷᠢᠭ᠎ᠢ ᠪᠠᠲᠤᠳᠭᠠᠬᠤ ᠠᠵᠢᠯ᠎ᠢ ᠢᠯᠡᠭᠦᠬᠡᠨ ᠬᠢᠵᠦ᠍᠂ ᠥᠭᠡᠷᠡᠴᠢᠯᠡᠯᠲᠡ ᠬᠥᠭ᠌ᠵᠢᠯᠲᠡ᠎ᠶ᠋ᠢᠨ ᠭᠤᠣᠯ ᠬᠦᠭ ᠠᠶᠠᠰ᠎ᠢ ᠴᠤᠤᠷᠢᠶᠠᠲᠤᠭᠤᠯᠤᠨ᠂ ᠪᠦᠯᠬᠦᠮᠳᠡᠨ ᠨᠢᠭ᠍ᠲᠠᠷᠠᠵᠤ ᠡᠷᠡᠯᠬᠡᠭ᠌ᠯᠡᠨ ᠤᠷᠤᠭ᠍ᠰᠢᠯᠠᠬᠤ ᠢᠳᠡᠪᠬᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠰᠦᠨ ᠵᠦᠩ ᠱᠠᠨ ᠠᠪᠤᠭᠠᠶ᠎ᠶ᠋ᠢᠨ ᠮᠡᠨᠳᠦᠯᠡᠭ᠌ᠰᠡᠨ 160 ᠵᠢᠯ᠎ᠤᠨ ᠤᠢ᠎ᠶ᠋ᠢ ᠳᠤᠷᠠᠰᠭᠠᠬᠤ ᠠᠵᠢᠯᠯᠠᠭ᠎ᠠ᠎ᠶ᠋ᠢ ᠰᠠᠢᠲᠤᠷ ᠡᠷᠬᠢᠯᠡᠬᠦ᠌ ᠬᠡᠷᠡᠭ᠌ᠲᠡᠶ᠃ ᠤᠯᠤᠰ ᠲᠦᠷᠦ᠍᠎ᠶ᠋ᠢᠨ ᠵᠥᠪᠯᠡᠯᠭᠡᠨ᠎ᠤ ᠭᠠᠳᠠᠭᠠᠳᠤ᠎ᠯᠤᠭ᠎ᠠ᠎ᠶ᠋ᠢᠨ ᠨᠥᠬᠦᠷᠰᠡᠭ ᠶᠠᠪᠤᠯᠴᠠᠭ᠎ᠠ᠎ᠶ᠋ᠢ ᠴᠢᠩᠭᠠᠳᠭᠠᠵᠤ᠂ ᠳᠤᠮᠳᠠᠳᠤ ᠤᠯᠤᠰ᠎ᠤᠨ ᠦᠯᠢᠭᠡᠷ᠂ ᠳᠤᠮᠳᠠᠳᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠦᠯᠢᠭᠡᠷ᠎ᠢ ᠰᠠᠢᠲᠤᠷ ᠶᠠᠷᠢᠬᠤ ᠬᠡᠷᠡᠭ᠌ᠲᠡᠢ᠃
(ᠭᠤᠷᠪᠠ) ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠲᠠᠢ ᠤᠶᠠᠯᠳᠤᠭᠤᠯᠤᠨ ᠲᠦᠷᠦ᠍᠎ᠶ᠋ᠢᠨ ᠬᠡᠷᠡᠭ ᠢ ᠵᠥᠪᠯᠡᠵᠤ ᠰᠠᠨᠠᠯ ᠰᠠᠨᠠᠭᠤᠯᠭ᠎ᠠ ᠳᠤᠷᠠᠳᠴᠤ᠌᠂ ᠲᠤᠱᠢᠶᠠᠯ ᠬᠠᠷᠢᠭᠤᠴᠠᠯᠭ᠎ᠠ᠎ᠪᠠᠨ ᠴᠢᠨᠠᠷ ᠰᠠᠢᠲᠠᠶ ᠭᠦᠢᠴᠡᠳᠭᠡᠭ᠌ᠰᠡᠨ ᠦᠷ᠎ᠡ ᠪᠦᠲᠦᠭᠡᠯ᠎ᠢᠶᠠᠷ ᠨᠠᠮ ᠪᠠ ᠤᠯᠤᠰ᠎ᠤᠨ ᠭᠤᠣᠯ ᠡᠭᠦᠷᠭᠡ᠎ᠳᠤ ᠦᠢᠯᠡᠴᠢᠯᠡᠨ᠎ᠡ᠃ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ 2026 ᠣᠨ᠎ᠤ ᠵᠥᠪᠯᠡᠬᠦ᠌ ᠲᠥᠯᠥᠪᠯᠡᠭᠡ᠎ᠶ᠋ᠢ ᠰᠠᠢᠲᠤᠷ ᠬᠡᠷᠡᠭ᠌ᠵᠢᠭᠦᠯᠵᠦ᠍᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠳᠤ ᠲᠣᠭ᠍ᠲᠠᠭᠠᠭ᠍ᠰᠠᠨ ᠴᠢᠬᠤᠯᠠ ᠶᠡᠭᠡ ᠡᠭᠦᠷᠭᠡ ᠪᠣᠯᠤᠨ ᠪᠠᠢᠯᠳᠤᠬᠤ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠲᠠᠢ ᠨᠢᠭ᠍ᠲᠠ ᠤᠶᠠᠯᠳᠤᠭᠤᠯᠤᠨ ᠭᠦᠨᠵᠡᠭᠡᠶ ᠪᠠᠢᠴᠠᠭᠠᠨ ᠰᠤᠳᠤᠯᠵᠤ᠂ ᠭᠦᠨᠵᠡᠭᠡᠶ ᠵᠥᠪᠯᠡᠯᠭᠡ ᠬᠢᠵᠦ᠍ ᠲᠥᠷᠥ᠎ᠶ᠋ᠢᠨ ᠬᠡᠷᠡᠭ᠎ᠢ ᠵᠥᠪᠯᠡᠵᠦ᠍᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠤ ᠰᠠᠭᠤᠷᠢ᠎ᠶ᠋ᠢ ᠪᠠᠬᠢᠵᠢᠭᠦᠯᠬᠦ᠂ ᠪᠦᠬᠦ᠌ ᠲᠠᠯ᠎ᠠ᠎ᠪᠠᠷ ᠬᠦᠴᠦᠯᠡᠬᠦ᠌ ᠳᠤᠮᠳᠠᠬᠢ ᠴᠢᠬᠤᠯᠠ ᠶᠡᠭᠡ ᠣᠨᠣᠯ ᠪᠣᠯᠤᠨ ᠦᠢᠯᠡᠳᠦᠯᠭᠡ᠎ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠢ ᠵᠥᠪᠯᠡᠯ ᠠᠯᠤᠰᠯᠠᠬ᠍ᠰᠠᠨ᠂ ᠡᠳᠡᠬᠡᠳ᠎ᠤᠨ ᠢᠯᠭᠠᠯ ᠠᠯᠤᠰᠯᠠᠭ᠍ᠰᠠᠨ᠂ ᠱᠢᠨᠵᠢᠯᠡᠭᠡᠨ᠎ᠤ ᠰᠠᠯᠠᠭ᠎ᠠ ᠠᠯᠤᠰᠯᠠᠭ᠍ᠰᠠᠨ ᠲᠤᠰᠭᠠᠶ ᠰᠡᠳᠦᠪᠲᠦ ᠰᠤᠳᠤᠯᠭᠠᠨ᠎ᠢ ᠥᠷᠨᠢᠭᠦᠯᠵᠦ᠍᠂ ᠪᠠᠷᠠᠯᠠᠬᠢᠯᠠᠯᠲᠤ ᠴᠢᠨᠠᠷᠲᠠᠶ᠂ ᠬᠠᠨᠳᠤᠯᠭᠠᠲᠤ ᠴᠢᠨᠠᠷᠲᠠᠶ᠂ ᠬᠡᠷᠡᠭ᠌ᠵᠢᠭᠦᠯᠵᠦ᠍ ᠪᠣᠯᠬᠤᠢᠴᠠ ᠠᠷᠭ᠎ᠠ ᠪᠣᠳᠣᠯᠭ᠎ᠠ ᠰᠠᠨᠠᠭᠤᠯᠭ᠎ᠠ᠎ᠶ᠋ᠢ ᠪᠦᠷᠢᠯᠳᠦᠭᠦᠯᠬᠦ᠌ ᠬᠡᠷᠡᠭ᠌ᠲᠡᠢ᠃ ᠠᠵᠤ ᠠᠬᠤᠢ᠎ᠶ᠋ᠢᠨ ᠬᠥᠭ᠌ᠵᠢᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠥᠭᠡᠷᠡᠴᠢᠯᠡᠯᠲᠡ ᠨᠡᠭᠡᠭᠡᠯᠲᠡ᠂ ᠨᠡᠢᠭᠡᠮ᠎ᠤᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠬᠦᠷᠢᠶᠡᠨ᠎ᠤ ᠭᠤᠣᠯᠳᠠᠯᠭ᠎ᠠ᠎ᠲᠠᠢ ᠠᠰᠠᠭᠤᠳᠠᠯ᠎ᠯᠤᠭ᠎ᠠ ᠤᠶᠠᠯᠳᠤᠭᠤᠯᠤᠨ᠂ ᠦᠨᠡᠨ᠎ᠠᠴᠠ ᠵᠥᠪ᠎ᠢ ᠡᠷᠢᠵᠦ᠍ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠲᠤᠰᠭᠠᠬᠤ ᠬᠡᠷᠡᠭ᠌ᠲᠡᠢ᠃ ᠵᠥᠪᠯᠡᠬᠦ᠌ ᠬᠡᠯᠪᠡᠷᠢ᠎ᠶ᠋ᠢᠨ ᠬᠢᠨᠠᠯᠲᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠡᠵᠡᠮᠳᠡᠵᠦ᠍᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠤᠨ ᠲᠥᠯᠥᠪᠯᠡᠭᠡ᠎ᠶ᠋ᠢ ᠰᠠᠢᠲᠤᠷ ᠬᠡᠷᠡᠭ᠌ᠵᠢᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠶ᠃
(ᠲᠦᠷᠪᠠ) ᠭᠡᠱᠢᠭᠦᠳ᠎ᠤᠨ ᠪᠡᠶᠡᠴᠢ ᠴᠣᠭ᠍ᠴᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ ᠤᠯᠤᠰ ᠲᠥᠷᠥ᠎ᠶ᠋ᠢᠨ ᠪᠡᠶ᠎ᠡ ᠭᠡᠮ ᠪᠠ ᠡᠷᠬᠢᠮ ᠳᠡᠭᠡᠳᠦ ᠢᠷᠠᠭᠤ ᠠᠯᠳᠠᠷ᠎ᠢᠶᠠᠨ ᠨᠠᠨᠳᠢᠩᠨᠠᠨ ᠦᠵᠡᠵᠦ᠍᠂ ᠤᠯᠤᠰ ᠣᠷᠣᠨ᠎ᠤ ᠲᠥᠯᠥᠭᠡ ᠲᠤᠱᠢᠶᠠᠯ᠎ᠢᠶᠠᠨ ᠭᠦᠢᠴᠡᠳᠭᠡᠬᠦ᠂ ᠠᠷᠠᠳ ᠲᠦᠮᠡᠨ᠎ᠤ ᠲᠥᠯᠥᠭᠡ ᠬᠠᠷᠢᠭᠤᠴᠠᠯᠭ᠎ᠠ᠎ᠪᠠᠨ ᠪᠡᠶᠡᠯᠡᠭᠦᠯᠬᠦ᠌ ᠡᠭᠦᠷᠭᠡ ᠬᠠᠷᠢᠭᠤᠴᠠᠯᠭ᠎ᠠ ᠬᠠᠢᠷ᠎ᠠ ᠰᠡᠳᠭᠢᠯᠭᠡ᠎ᠶ᠋ᠢ ᠪᠠᠲᠤ ᠰᠠᠬᠢᠵᠤ᠂ ᠨᠠᠮ ᠪᠣᠯᠤᠨ ᠤᠯᠤᠰ᠎ᠤᠨ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠰᠤᠷᠤᠯᠴᠠᠨ ᠡᠵᠡᠮᠱᠢᠵᠦ᠍᠂ ᠦᠵᠡᠯ ᠰᠠᠨᠠᠭ᠎ᠠ ᠲᠠᠨᠢᠯᠲᠠ᠎ᠶ᠋ᠢᠨ ᠬᠢᠷᠢ ᠬᠡᠮᠵᠢᠶ᠎ᠡ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠠᠤᠯᠢ᠎ᠶ᠋ᠢ ᠰᠠᠬᠢᠨ ᠳᠦᠷᠢᠮ᠎ᠢ ᠵᠢᠷᠤᠮᠯᠠᠵᠤ᠂ ᠰᠤᠷᠲᠠᠯ᠎ᠢ ᠴᠢᠩᠭᠠᠳᠭᠠᠨ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠵᠤ᠂ ᠴᠢᠩᠭ᠎ᠠ ᠠᠭᠤᠷ ᠠᠮᠢᠰᠭᠤᠯ᠂ ᠲᠥᠪ ᠬᠡᠪ ᠰᠤᠷᠲᠠᠯ ᠢ ᠪᠠᠲᠤ ᠪᠤᠢ ᠪᠣᠯᠭᠠᠵᠤ᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ᠃ ᠵᠠᠰᠠᠭ ᠤᠨ ᠠᠵᠢᠯ ᠤᠨ ᠠᠮᠵᠢᠯᠲᠠ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠪᠠ ᠤᠷᠲᠤ ᠬᠤᠭᠤᠴᠠᠭ᠎ᠠ᠎ᠪᠠᠷ ᠪᠦᠲᠦᠮᠵᠢᠲᠡᠶ ᠪᠠᠢᠯᠭᠠᠬᠤ᠎ᠶ᠋ᠢ ᠠᠬᠢᠭᠤᠯᠬᠤ ᠬᠡᠷᠡᠭ᠌ᠲᠡᠶ᠃
ᠭᠡᠱᠢᠭᠦᠳ ᠡ! ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠢᠭ᠍ᠲᠠᠷᠠᠨ ᠪᠥᠯᠬᠦᠮᠳᠡᠵᠦ᠍᠂ ᠬᠦᠴᠦ᠍᠎ᠪᠠᠨ ᠬᠠᠮᠲᠤᠳᠭᠠᠵᠤ ᠰᠡᠳᠭᠢᠯ᠎ᠢᠶᠠᠨ ᠨᠢᠭᠡᠳᠭᠡᠵᠦ᠍᠂ ᠡᠷᠡᠯᠬᠡᠭ ᠱᠢᠭᠤᠷᠬᠠᠢ᠎ᠪᠠᠷ ᠤᠷᠤᠭ᠍ᠰᠢᠯᠠᠵᠤ᠂ ᠱᠢᠨ᠎ᠡ ᠴᠠᠭ ᠦᠶ᠎ᠡ ᠱᠢᠨ᠎ᠡ ᠠᠶᠠᠨ ᠵᠠᠮ ᠳᠠᠬᠢ ᠠᠷᠠᠳ ᠤᠨ ᠤᠯᠤᠰ ᠲᠥᠷᠥ᠎ᠶ᠋ᠢᠨ ᠵᠥᠪᠯᠡᠯᠭᠡᠨ ᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ ᠳᠡᠭᠡᠷ᠎ᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠲᠦᠭᠡᠨ ᠪᠠᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠵᠡᠭᠡᠶ᠎ᠡ!
(ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 11 ᠤ᠋ ᠴᠡᠬᠢᠯᠭᠠᠨ ᠮᠡᠳᠡᠭᠡ᠂ ᠲᠤᠮᠳᠠᠳᠤ ᠤᠯᠤᠰ᠎ᠤᠨ ᠦᠨᠳᠦᠰᠦᠳᠠᠨᠦ ᠬᠡᠯᠡᠨ᠎ᠦ ᠤᠷᠴᠢᠭᠤᠯᠭ᠎ᠠ ᠵᠢᠨ ᠲᠤᠪᠴᠢᠶ᠎ᠠ ᠤᠷᠴᠢᠭᠤᠯᠪᠠ)