ᠵᠠᠩ ᠶᠠᠨ ᠺᠦᠨ ᠬᠤᠷᠠᠯ ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ
3 ᠰᠠᠷ᠎ᠠ᠎ᠶ᠋ᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶ᠋ᠢᠨ ᠵᠥᠪᠯᠡᠯᠭᠡᠨ ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠦ ᠳᠡᠳ᠋ ᠲᠡᠷᠢᠭᠦᠯᠡᠭ᠌ᠴᠢ ᠴᠡᠴᠡᠭ᠂ ᠸᠧᠶ ᠭᠦᠸᠧ ᠨᠠᠨ᠂ ᠵᠠᠩ ᠯᠸᠢ᠂ ᠶᠠᠩ ᠵᠢᠶᠸ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃
ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠦᠨᠡᠨ ᠬᠦ᠌ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠨᠡᠩ ᠤᠬᠠᠮᠰᠠᠷ ᠡᠴᠡ᠎ᠪᠠᠨ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠠᠵᠢᠯ᠎ᠢᠶᠠᠨ ᠥᠷᠨᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠠᠷᠠᠯᠲᠠ ᠡᠭᠦᠷᠭᠡ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠷᠬᠡᠭ ᠶᠡᠬᠡ ᠢᠳᠡᠪᠬᠢ ᠬᠦᠴᠦᠨ᠎ᠢ ᠬᠤᠷᠠᠮᠳᠤᠭᠤᠯᠬᠤ ᠬᠡᠷᠡᠭ᠌ᠲᠡᠢ ᠭᠡᠵᠦ᠍ ᠳᠤᠷᠠᠳᠪᠠ᠃
ᠬᠥᠬᠡᠬᠣᠲᠠ᠎ᠳᠤ ᠰᠠᠭᠤᠭ᠎ᠠ ᠬᠡᠰᠡᠭ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠬᠤᠷᠠᠯ᠎ᠳᠤ ᠣᠷᠣᠯᠴᠠᠵᠠᠢ᠃