ᠪᠦᠬᠦ᠌ ᠤᠯᠤᠰ᠎ᠤᠨ ᠬᠣᠶᠠᠷ ᠬᠤᠷᠠᠯ ᠰᠠᠶᠢᠬᠠᠨ ᠲᠡᠬᠦᠰᠦᠮᠡᠭᠴᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠳᠠᠷᠤᠢᠬᠠᠨ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠨᠢ᠂ ᠦᠨᠡᠨ᠎ᠳᠡᠭᠡᠨ ᠳᠠᠷᠤᠢ ᠴᠠᠭ ᠢ ᠠᠮᠵᠢᠨ ᠲᠦᠷᠭᠡᠨ ᠠᠵᠢᠯᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠨᠠᠮ᠎ᠤᠨ ᠲᠥᠪ ᠬᠤᠷᠢᠶ᠎ᠠ᠎ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠪᠦᠬᠦ᠌ ᠤᠯᠤᠰ᠎ᠤᠨ ᠬᠣᠶᠠᠷ ᠬᠤᠷᠠᠯ ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ᠌ ᠶᠠᠪᠤᠳᠠᠯ ᠪᠤᠯᠤᠨ᠎ᠠ᠃
ᠬᠠᠪᠤᠷ ᠤᠨ ᠦᠪᠡᠳᠡᠭᠰᠢ ᠬᠤᠷᠠᠯ᠂ ᠡᠷᠡᠯᠬᠡᠭ᠌ᠯᠡᠨ ᠤᠷᠤᠭ᠍ᠰᠢᠯᠠᠬᠤ᠎ᠶ᠋ᠢᠨ ᠡᠬᠢᠯᠡᠯᠲᠡ ᠪᠤᠯᠠᠢ᠃ ᠡᠨᠡ ᠤᠳᠠᠭᠠᠨ᠎ᠤ ᠪᠦᠭᠦ᠌ ᠤᠯᠤᠰ᠎ᠤᠨ ᠬᠣᠶᠠᠷ ᠬᠤᠷᠠᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠦᠶ᠎ᠡ ᠳ᠋ᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠪᠦᠳᠤᠭᠡᠨ ᠪᠠᠢᠭᠤᠯᠤᠯᠲᠠ᠎ᠶ᠋ᠢ ᠪᠦᠭᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭᠠᠨ᠎ᠤ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ ᠲᠠᠯᠪᠢᠭ᠍ᠰᠠᠨ ᠠᠯᠢ ᠤᠯᠠᠨ ᠴᠢᠬᠤᠯᠠ ᠶᠠᠷᠢᠶ᠎ᠠ ᠨᠢ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠪᠢᠳᠡᠨ᠎ᠦ 《ᠠᠷᠪᠠᠨ ᠲᠠᠪᠤᠳᠤᠭᠠᠷ ᠲᠠᠪᠤᠨ ᠵᠢᠯ》᠎ᠳ᠋ᠤ ᠡᠷᠡᠯᠬᠡᠭ᠌ᠯᠡᠨ ᠲᠡᠮᠡᠴᠡᠵᠦ᠍᠂ ᠱᠢᠨ᠎ᠡ ᠠᠶᠠᠨ᠎ᠳᠠᠭᠠᠨ ᠡᠷᠡᠮᠡᠬᠡᠢᠯᠡᠨ ᠤᠷᠤᠭ᠍ᠰᠢᠯᠠᠬᠤ᠎ᠳᠤ ᠴᠢᠬᠤᠯᠠ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠪᠠ᠃ ᠪᠦᠬᠦ᠌ ᠤᠯᠤᠰ᠎ᠤᠨ ᠬᠣᠶᠠᠷ ᠬᠤᠷᠠᠯ᠎ᠤᠨ ᠢᠯᠡᠳᠭᠡᠯ ᠮᠡᠳᠡᠭᠦᠯᠦᠯᠲᠡ᠂ ᠬᠥᠲᠥᠯᠪᠦᠷᠢ ᠵᠢᠴᠢ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠂ ᠦᠨᠳᠦᠰᠦᠲᠡᠨ ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠂ ᠤᠯᠤᠰ ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠵᠡᠷᠭᠡ᠎ᠶ᠋ᠢ ᠪᠠᠲᠤᠯᠠᠵᠤ᠂ ᠠᠯᠢ ᠤᠯᠠᠨ ᠴᠢᠬᠤᠯᠠ ᠶᠡᠬᠡ ᠦᠷ᠎ᠡ ᠪᠦᠲᠦᠭᠡᠯ ᠣᠯᠵᠠᠢ᠃ ᠣᠷᠣᠨ ᠳᠠᠶᠠᠭᠠᠷ᠎ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃
ᠪᠥᠬᠥ᠌ ᠤᠯᠤᠰ᠎ᠤᠨ ᠬᠣᠶᠠᠷ ᠬᠤᠷᠠᠯ᠎ᠡᠴᠡ ᠭᠠᠷᠭᠠᠭ᠍ᠰᠠᠨ ᠪᠠᠢᠷᠢᠯᠠᠭᠤᠯᠤᠯᠲᠠ ᠱᠠᠭᠠᠷᠳᠠᠯᠭ᠎ᠠ ᠨᠢ ᠡᠯ᠎ᠡ ᠬᠦᠷᠢᠶ᠎ᠡ᠎ᠶ᠋ᠢ ᠬᠠᠮᠤᠷᠴᠤ᠌᠂ ᠡᠯ᠎ᠡ ᠲᠠᠯ᠎ᠠ᠎ᠳᠤ ᠬᠣᠯᠪᠣᠭ᠍ᠳᠠᠨ᠎ᠠ᠃ ᠣᠳᠣᠬᠠᠨ ᠤ ᠪᠠᠴᠢᠮ ᠡᠭᠦᠷᠭᠡ ᠪᠣᠯ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠦᠬᠦ᠌ ᠲᠠᠯ᠎ᠠ᠎ᠪᠠᠷ ᠰᠠᠢᠲᠤᠷ ᠠᠳᠭᠤᠬᠤ ᠶᠠᠪᠤᠳᠠᠯ ᠪᠣᠯᠤᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ᠎ᠶᠢ ᠠᠬᠢᠭᠤᠯᠬᠤ᠎ᠲᠠᠢ ᠤᠶᠠᠯᠳᠤᠭᠤᠯᠵᠤ᠂ ᠠᠵᠢᠯ᠎ᠤᠨ ᠠᠷᠭ᠎ᠠ ᠪᠤᠳᠤᠯᠭ᠎ᠠ᠎ᠪᠡᠨ ᠨᠠᠷᠢᠯᠢᠭ᠍ᠵᠢᠭᠤᠯᠤᠨ ᠲᠡᠭᠦᠯᠳᠡᠷᠵᠢᠭᠦᠯᠵᠦ᠂ ᠬᠠᠤᠯᠢ ᠪᠡᠷ ᠵᠠᠰᠠᠬᠤ ᠵᠠᠮᠳᠡᠭᠡᠷᠡ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ᠎ᠶᠢᠨ ᠪᠠᠢᠭᠤᠯᠤᠯᠲᠠ ᠶᠢ ᠭᠦᠨᠵᠡᠭᠡᠢᠷᠡᠭᠦᠯᠦᠨ ᠠᠬᠢᠭᠤᠯᠵᠤ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠪᠦᠲᠦᠭᠡᠨ ᠪᠠᠢᠭᠤᠯᠤᠯᠲᠠ᠎ᠶᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂ ᠠᠷᠠᠳᠴᠢᠯᠠᠯ ᠬᠠᠤᠯᠢ ᠪᠠᠷ ᠵᠠᠰᠠᠬᠤ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠩ ᠶᠡᠬᠡ ᠡᠷᠴᠢᠮ ᠵᠢᠡᠷ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠴᠢᠬᠤᠯᠠ ᠶᠡᠬᠡ ᠬᠥᠭᠵᠢᠯᠲᠡ᠎ᠶᠢᠨ ᠲᠥᠯᠦᠪᠵᠢᠭᠦᠯᠭᠡ᠎ᠶᠢ ᠲᠦᠷᠭᠡᠳᠬᠡᠨ ᠲᠣᠭᠲᠠᠭᠠᠨ ᠬᠡᠷᠡᠭᠵᠢᠭᠦᠯᠵᠦ᠂ ᠨᠢᠭᠡᠳ ᠨᠢᠭᠡ᠎ᠪᠡᠷ ᠨᠠᠢᠳᠠᠪᠤᠷᠢᠵᠢᠭᠤᠯᠤᠯᠲᠠ᠎ᠶᠢ ᠠᠳᠬᠤᠨ᠂ ᠦᠷ᠎ᠡ ᠪᠦᠲᠦᠮᠵᠢ ᠭᠠᠷᠭᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ 《ᠠᠷᠪᠠᠨ ᠲᠠᠪᠤᠳᠤᠭᠠᠷ ᠲᠠᠪᠤᠨ ᠵᠢᠯ》 ᠦ᠋ᠨ ᠰᠠᠢᠨ ᠡᠬᠢᠯᠡᠯᠲᠡ ᠵᠢ ᠠᠬᠢᠭᠤᠯᠬᠤ ᠬᠡᠷᠡᠭᠳᠡᠢ᠃
ᠪᠥᠬᠥ ᠤᠯᠤᠰ ᠤᠨ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠮᠥᠨ᠃ ᠪᠢᠳᠡ ᠳᠡᠭᠡᠳᠦ ᠬᠡᠮᠵᠢᠶᠡᠨ ᠦ ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ᠎ᠪᠡᠷ᠂ ᠠᠭᠤᠰᠤᠯᠴᠠᠭᠤᠯᠤᠨ ᠤᠶᠠᠯᠳᠤᠭᠤᠯᠵᠤ ᠰᠤᠷᠤᠯᠴᠠᠯᠭ᠎ᠠ ᠶᠢ ᠠᠳᠬᠤᠵᠤ᠂ ᠲᠥᠪ ᠶᠤᠰᠤ ᠵᠢ ᠪᠠᠷᠢᠮᠲᠠᠯᠠᠨ ᠰᠢᠨ᠎ᠡ᠎ᠶᠢ ᠡᠭᠦᠳᠬᠦ᠎ᠪᠡᠷ ᠤᠬᠠᠭᠤᠯᠭ᠎ᠠ ᠶᠢ ᠠᠳᠬᠤᠨ᠂ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠬᠤ ᠪᠡᠷ ᠲᠤᠭᠤᠰᠢᠯᠠᠭᠤᠯᠤᠯᠳᠠ᠎ᠶᠢ ᠠᠳᠬᠤᠵᠤ᠂ ᠪᠦᠬᠦ ᠤᠯᠤᠰ ᠤᠨ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠬᠥᠮᠥᠰ ᠦᠨ ᠰᠡᠳᠬᠢᠯ ᠳ᠋ᠤ ᠬᠠᠳᠠᠩᠰᠢᠭᠤᠯᠬᠤ᠎ᠶᠢ ᠠᠬᠢᠭᠤᠯᠬᠤ ᠬᠡᠷᠡᠭᠲᠡᠢ; ᠨᠠᠮ ᠤᠨ ᠤᠯᠤᠰ ᠲᠦᠷᠦ ᠶᠢᠨ ᠪᠠᠢᠭᠤᠯᠤᠯᠲᠠ ᠪᠠᠷ ᠶᠡᠷᠦᠩᠬᠡᠢᠯᠡᠨ ᠵᠢᠯᠣᠭᠣᠳᠤᠭᠤᠯᠵᠤ ᠨᠠᠮ ᠤᠨ ᠡᠯ᠎ᠡ ᠵᠦᠢᠯ᠎ᠦᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠴᠢᠩᠭᠠᠳᠬᠠᠵᠤ᠂ ᠰᠤᠷᠤᠯᠴᠠᠯᠭ᠎ᠠ᠎ᠶᠢ ᠶᠡᠬᠡ ᠪᠡᠷ ᠡᠷᠬᠢᠮᠯᠡᠨ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠨ᠂ ᠲᠥᠪ ᠭᠣᠣᠯᠴᠢ ᠠᠷᠢᠭᠤᠨ ᠴᠢᠬᠡᠴᠢ ᠪᠠᠢᠵᠤ᠂ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ; ᠵᠠᠰᠠᠭ ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠥᠷᠨᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠯᠠᠪᠳᠠᠭᠤᠨ ᠪᠠᠳᠤᠳᠠᠢ ᠪᠡᠷ ᠠᠵᠢᠯ ᠬᠢᠵᠦ ᠦᠢᠯᠡᠰ ᠪᠤᠰᠬᠠᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠴᠢᠳᠠᠬᠤ ᠪᠣᠳᠠᠲᠤ ᠠᠮᠵᠢᠯᠲᠠ᠎ᠶᠢ ᠴᠢᠷᠮᠠᠢᠨ ᠡᠭᠦᠳᠬᠦ ᠬᠡᠷᠡᠭᠲᠡᠢ᠃
ᠵᠢᠯ᠎ᠦᠨ ᠠᠵᠢᠯ ᠬᠠᠪᠤᠷ᠎ᠲᠠᠭᠠᠨ᠃ ᠰᠢᠨ᠎ᠡ ᠬᠠᠷᠠᠯᠲᠠ ᠵᠢᠨ ᠵᠦᠭ ᠵᠢᠯᠤᠭᠤ ᠪᠠᠷᠢᠨ ᠮᠤᠷᠳᠠᠵᠤ᠂ ᠬᠠᠪᠤᠷ᠎ᠤᠨ ᠤᠷᠢ᠎ᠨᠢ ᠤᠭᠲᠤᠨ ᠡᠷᠡᠯᠬᠡᠭᠯᠡᠨ ᠤᠷᠤᠭᠰᠢᠯᠠᠵᠤ᠂ ᠴᠠᠭ ᠮᠥᠴᠡ ᠪᠢᠳᠡᠨ᠎ᠢ ᠬᠦᠯᠢᠶᠡᠬᠦ ᠦᠭᠡᠢ᠂ ᠥᠷᠯᠥᠭᠡ ᠦᠳᠡᠰᠢ᠎ᠶᠢ ᠲᠡᠮᠡᠴᠡᠬᠦ ᠲᠤᠯᠭᠠᠮ ᠰᠡᠳᠬᠢᠯᠭᠡ᠎ᠪᠡᠷ᠂ ᠠᠷᠭ᠎ᠠ ᠪᠦᠬᠦᠨ᠎ᠢ ᠰᠦᠪᠡᠭᠴᠢᠯᠡᠨ ᠪᠦᠬᠦ ᠤᠯᠤᠰ ᠤᠨ ᠬᠣᠶᠠᠷ ᠬᠤᠷᠠᠯ ᠤᠨ ᠵᠣᠷᠢᠭ᠋ ᠰᠠᠨᠠᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠵᠤ᠂ ᠡᠯ᠎ᠡ ᠵᠦᠢᠯ᠎ᠦᠨ ᠠᠵᠢᠯ᠎ᠢᠶᠠᠨ ᠨᠠᠷᠢᠨ ᠨᠢᠮᠪᠠᠢ᠂ ᠦᠨᠡᠨ ᠪᠣᠳᠠᠲᠠᠢ᠎ᠪᠠᠷ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠠᠯᠬᠤᠮ ᠪᠦᠷᠢ᠎ᠶᠢ ᠯᠠᠪᠳᠠᠭᠤᠨ ᠪᠠᠲᠤᠲᠠᠢ ᠰᠠᠢᠲᠤᠷ ᠠᠯᠬᠤᠪᠠᠯ᠂ ᠬᠠᠪᠤᠷ᠎ᠡᠴᠡ ᠡᠬᠢᠯᠡᠭᠰᠡᠨ ᠡᠨᠡ ᠬᠦ᠌ ᠠᠶᠠᠨ ᠵᠠᠮ ᠠᠯᠬᠤᠭ᠎ᠠ ᠪᠠᠲᠦ ᠢᠳᠡᠭᠡᠯ ᠲᠡᠭᠦᠯᠳᠡᠷ ᠪᠤᠯᠬᠤ ᠨᠢ ᠯᠠᠪᠲᠠᠢ ᠶᠤᠮ᠃