ᠣᠷᠳᠣᠰ ᠬᠤᠳᠠ ᠪᠥᠬᠥ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠶ᠋ᠢᠡᠷ ᠦᠨᠡᠯᠡᠭᠳᠡᠪᠡ
2026-03-16 17:08:50
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠳᠦᠷᠦᠭᠦᠭᠡᠨ ᠤᠷᠳᠤᠰ ᠬᠤᠳᠠ ᠬᠣᠶᠠᠳᠤᠭᠠᠷ ᠪᠦᠯᠦᠭ ᠪᠥᠬᠥ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠶ᠋ᠢᠡᠷ ᠦᠨᠡᠯᠡᠭᠳᠡᠭᠰᠡᠨ ᠪᠠᠶᠠᠷ ᠤ᠋ᠨ ᠴᠢᠮᠡᠭᠡ ᠵᠢ ᠤᠷᠳᠤᠰ ᠬᠤᠳᠠ ᠶ᠋ᠢᠨ ᠦᠨᠳᠦᠰᠦᠳᠡᠨ ᠨᠤᠬᠦᠳ᠎ᠤᠨ ᠤᠯᠠᠨ ᠳᠦᠮᠡᠨ ᠳ᠋ᠤ ᠳᠤᠭᠤᠯᠭᠠᠯ᠎ᠠ᠃ ᠣᠷᠳᠣᠰ ᠬᠤᠳᠠ ᠵᠢᠨ ᠬᠢᠨ ᠤᠯᠠᠨ ᠵᠢᠯ ᠤ᠋ᠨ ᠳᠤᠷᠰᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠦᠨᠳᠦᠰᠦᠲᠡᠨ ᠤ᠋ ᠠᠵᠢᠯ ᠤ᠋ᠨ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂  《ᠳᠤᠯᠠᠭᠠᠨ ᠬᠤᠳᠠ ᠵᠢᠨ ᠠᠨᠠᠷ ᠤ᠋ᠨ ᠦᠷ᠎ᠡ》 ᠲᠦᠷᠦᠯ ᠲᠡᠮᠳᠡᠭ ᠢ᠋ ᠰᠢᠨ᠎ᠡ ᠪᠡᠷ ᠪᠠᠢᠭᠤᠯᠤᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠵᠢ ᠠᠵᠤ ᠠᠬᠤᠢ ᠨᠡᠢᠭᠡᠮ ᠤ᠋ᠨ ᠬᠥᠭᠵᠢᠯᠲᠡ ᠵᠢᠨ ᠡᠯ᠎ᠡ ᠬᠦᠷᠢᠶ᠎ᠡ ᠴᠠᠷᠠᠭ᠎ᠠ᠂ ᠪᠦᠬᠦ ᠶᠠᠪᠤᠴᠠ ᠳ᠋ᠤ ᠠᠭᠤᠰᠤᠯᠴᠠᠭᠤᠯᠵᠤ᠂ ᠴᠠᠭ ᠦᠶ᠎ᠡ ᠵᠢᠨ ᠣᠨᠴᠠᠯᠢᠭ᠋ ᠲᠠᠢ᠂ ᠣᠷᠣᠨ ᠪᠦᠰᠡ ᠵᠢᠨ ᠣᠨᠴᠠᠯᠢᠭ᠋ ᠲᠠᠢ ᠦᠨᠳᠦᠰᠦᠲᠡᠨ ᠤ᠋ ᠪᠦᠯᠬᠦᠮᠳᠡᠯ ᠲᠠᠪᠰᠢᠯᠳᠠ ᠵᠢᠨ ᠬᠦᠭᠵᠢᠯᠳᠡ ᠶ᠋ᠢᠨ ᠰᠢᠨ᠎ᠡ ᠵᠠᠮ ᠢ᠋ ᠨᠡᠭᠡᠭᠡᠭᠰᠡᠨ ᠪᠠᠢᠨ᠎ᠠ᠃

《ᠡᠨᠡ ᠪᠣᠯ ᠮᠢᠨᠤ ᠬᠣᠶᠠᠳᠤᠭᠠᠷ ᠨᠤᠲᠤᠭ ᠪᠣᠯᠬᠤ ᠶᠤᠮ᠂ ᠦᠨᠳᠦᠰᠦᠲᠡᠨ ᠨᠤᠭᠦᠳ ᠤ᠋ᠨ ᠤᠯᠠᠨ ᠲᠦᠮᠡᠨ ᠬᠠᠷᠢᠯᠴᠠᠨ ᠬᠠᠪᠰᠤᠷᠤᠯᠴᠠᠵᠤ᠂ ᠨᠢᠭᠡ ᠭᠡᠷ ᠤ᠋ᠨ ᠬᠥᠮᠥᠰ ᠮᠡᠳᠦ ᠲᠤᠳᠤᠨᠤ》 ᠭᠡᠵᠦ ᠬᠢᠶ᠎ᠠ ᠪᠠᠭ᠍ᠰᠢ ᠲᠣᠭᠣᠷᠢᠭ᠋ ᠤ᠋ᠨ ᠱᠧᠨ ᠬᠤᠧᠠ ᠺᠠᠩ ᠴᠧᠩ ᠨᠡᠢᠭᠡᠮ ᠲᠣᠭᠣᠷᠢᠭ᠋ ᠲᠤ᠌ ᠢᠷᠡᠵᠦ ᠰᠠᠭᠤᠷᠢᠰᠢᠭᠠᠳ ᠠᠷᠪᠠᠨ ᠵᠢᠯ ᠤ᠋ᠨ ᠨᠢᠭᠤᠷ ᠢ᠋ ᠦᠵᠡᠭᠰᠡᠨ ᠢ ᠦᠨᠳᠦᠰᠦᠲᠡᠨ ᠤ᠋ ᠳᠤᠤᠷᠵᠢᠯ ᠤ᠋ᠨ ᠠᠵᠢᠯᠲᠠᠨ ᠵᠧᠦ ᠵᠢᠶᠠ ᠶᠠᠷᠢᠨ᠎ᠠ᠃ 2022 ᠣᠨ ᠳ᠋ᠤ ᠵᠧᠦ ᠵᠢᠶᠠ ᠳᠤᠤᠷᠵᠢᠯ ᠤ᠋ᠨ ᠠᠵᠢᠯᠲᠠᠨ ᠪᠣᠯᠤᠭᠰᠠᠨ ᠤ᠋ ᠳᠠᠷᠠᠭ᠎ᠠ᠂ ᠤᠷᠬᠢᠯᠤᠮ᠎ᠠ ᠬᠠᠯᠠᠭᠤᠨ ᠰᠡᠳᠬᠢᠯᠭᠡ ᠪᠡᠷ ᠨᠡᠢᠭᠡᠮ ᠲᠣᠭᠣᠷᠢᠭ᠋ ᠤ᠋ᠨ ᠠᠵᠢᠯ ᠳ᠋ᠤ ᠤᠷᠤᠯᠴᠠᠵᠤ᠂ 11 ᠦᠨᠳᠦᠰᠦᠲᠡᠨ ᠤ᠋ ᠰᠠᠭᠤᠭᠠᠯᠢ ᠠᠷᠠᠳ ᠤ᠋ᠨ 《ᠰᠡᠳᠬᠢᠯ ᠤ᠋ᠨ ᠬᠣᠯᠪᠣᠭᠠᠰᠤ》 ᠪᠣᠯᠤᠭᠰᠠᠨ ᠠᠵᠢ᠃

ᠲᠤᠰ ᠨᠡᠢᠭᠡᠮ ᠲᠣᠭᠣᠷᠢᠭ᠋ ᠨᠢ ᠦᠨᠳᠦᠰᠦᠲᠡᠨ ᠤ᠋ ᠪᠦᠯᠬᠦᠮᠳᠡᠯ ᠤ᠋ᠨ ᠬᠤᠸᠠᠷ ᠴᠡᠴᠡᠭᠡᠰ ᠤ᠋ᠨ ᠬᠦᠷᠢᠶᠡᠯᠡᠩ᠂ ᠤᠩᠰᠢᠯᠭ᠎ᠠ ᠵᠢᠨ ᠲᠠᠰᠤᠭ᠂ ᠬᠡᠷᠡᠭ ᠵᠥᠪᠯᠡᠬᠦ ᠭᠠᠵᠠᠷ ᠲᠠᠢ ᠪᠠᠢᠵᠤ᠂ 《ᠭᠠᠷᠠᠭ ᠤ᠋ᠨ ᠭᠤᠷᠪᠠᠨ ᠤ᠋ ᠵᠣᠯ ᠵᠢᠷᠭᠠᠯ ᠤ᠋ᠨ ᠬᠤᠸᠠᠷᠠᠨ》᠂ 《ᠳᠤᠯᠠᠭᠠᠨ ᠬᠤᠳᠠ ᠶ᠋ᠢᠨ ᠠᠭᠤᠷᠬᠠᠢ ᠵᠢᠨ ᠪᠡᠷᠭᠡᠨ ᠤ᠋ ᠬᠠᠪᠰᠤᠷᠤᠨ ᠳᠡᠳᠬᠦᠬᠦ ᠪᠦᠯᠬᠦᠮ》 ᠵᠡᠷᠭᠡ ᠠᠵᠢᠯᠯᠠᠭ᠎ᠠ ᠵᠢ ᠪᠠᠢᠩᠭᠤᠵᠢᠭᠤᠯᠤᠨ ᠥᠷᠨᠢᠭᠦᠯᠵᠦ᠂ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢᠯᠪᠤᠷᠢᠯᠠᠬᠤ ᠡᠴᠠ ᠡᠬᠢᠯᠡᠨ ᠬᠥᠷᠰᠢ ᠵᠡᠷᠭᠡᠯᠡᠳᠡᠭᠡ ᠠᠢᠯ ᠰᠠᠭᠠᠬᠠᠯᠳᠠ ᠪᠡᠷ ᠶ᠋ᠢᠡᠨ ᠬᠠᠷᠢᠯᠴᠠᠨ ᠬᠠᠪᠰᠤᠷᠤᠯᠴᠠᠬᠤ ᠬᠦᠷᠲᠡᠯ᠎ᠡ᠂ ᠰᠣᠶᠣᠯ ᠤ᠋ᠨ ᠰᠣᠯᠢᠯᠴᠠᠭ᠎ᠠ ᠡᠴᠠ ᠡᠬᠢᠯᠡᠨ ᠠᠷᠠᠳ ᠲᠤ᠌ ᠲᠦᠭᠦᠮ ᠦᠵᠡᠭᠦᠯᠬᠦ ᠦᠢᠯᠡᠴᠢᠯᠡᠭᠡ ᠬᠦᠷᠲᠡᠯ᠎ᠡ᠂ ᠦᠨᠳᠦᠰᠦᠲᠡᠨ ᠤ᠋ ᠪᠦᠯᠬᠦᠮᠳᠡᠯ ᠢ᠋ ᠦᠨᠡᠨ ᠪᠣᠳᠠᠲᠠᠢ ᠠᠴᠢᠶᠠᠯᠠᠪᠤᠷᠢ ᠲᠠᠢ ᠪᠣᠯᠭᠠᠭᠰᠠᠨ ᠪᠥᠭᠡᠳ ᠦᠨᠳᠦᠰᠦᠲᠡᠨ ᠨᠤᠭᠦᠳ ᠤ᠋ᠨ ᠰᠠᠭᠤᠭᠠᠯᠢ ᠠᠷᠠᠳ ᠬᠠᠮᠲᠤ ᠠᠮᠢᠳᠤᠷᠠᠨ ᠬᠠᠮᠲᠤ ᠪᠠᠷ ᠰᠤᠷᠤᠯᠴᠠᠵᠤ᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ ᠳᠤᠮᠳᠠ ᠬᠠᠢᠷ᠎ᠠ ᠰᠡᠳᠬᠢᠯᠭᠡ ᠪᠡᠨ ᠵᠤᠵᠠᠭᠠᠳᠬᠠᠭᠰᠠᠨ ᠪᠠᠢᠨ᠎ᠠ᠃

ᠲᠤᠰ ᠨᠡᠢᠭᠡᠮ ᠲᠣᠭᠣᠷᠢᠭ᠋ ᠤ᠋ᠨ ᠦᠯᠢᠭᠡᠷ ᠪᠣᠯ ᠣᠷᠳᠣᠰ ᠬᠤᠳᠠ ᠶ᠋ᠢᠨ ᠦᠨᠳᠦᠰᠦᠲᠡᠨ ᠤ᠋ ᠪᠦᠯᠬᠦᠮᠳᠡᠯ ᠳᠠᠪᠰᠢᠯᠳᠠ ᠶ᠋ᠢᠨ ᠦᠢᠯᠡᠳᠦᠯᠭᠡ ᠵᠢᠨ ᠬᠤᠷᠢᠶᠠᠩᠭᠤᠢ ᠳᠦᠷᠰᠦ ᠪᠣᠯᠬᠤ ᠶᠤᠮ᠃ ᠡᠨᠡ ᠬᠦ᠌ ᠬᠠᠢᠷ᠎ᠠ ᠬᠠᠯᠠᠮᠵᠢ ᠵᠢᠨ ᠠᠷᠤ ᠳ᠋ᠤ ᠪᠦᠬᠦ ᠬᠣᠲᠠ ᠵᠢᠨ ᠪᠦᠷᠢᠨ ᠲᠡᠭᠦᠯᠳᠡᠷ ᠦᠨᠳᠦᠰᠦᠲᠡᠨ ᠤ᠋ ᠠᠵᠢᠯ ᠤ᠋ᠨ ᠰᠢᠰᠲᠧᠮ ᠲᠤᠯᠭᠠᠭᠤᠷᠢᠯᠠᠵᠤ ᠪᠤᠢ᠃ ᠤᠯᠠᠨ ᠵᠢᠯ ᠤ᠋ᠨ ᠳᠤᠷᠰᠢ ᠣᠷᠳᠣᠰ ᠬᠤᠳᠠ 《ᠳᠤᠯᠠᠭᠠᠨ ᠬᠤᠳᠠ ᠵᠢᠨ ᠠᠨᠠᠷ ᠤ᠋ᠨ ᠦᠷ᠎ᠡ》 ᠣᠨᠴᠠᠯᠢᠭ᠍ᠲᠤ ᠲᠦᠷᠦᠯ ᠲᠡᠮᠳᠡᠭ ᠢ᠋ ᠪᠠᠢᠭᠤᠯᠵᠤ᠂ ᠪᠦᠬᠦ ᠨᠡᠢᠭᠡᠮ ᠶ᠋ᠢᠡᠷ ᠶ᠋ᠢᠡᠨ ᠣᠷᠣᠯᠴᠠᠭᠰᠠᠨ ᠡᠭᠦᠳᠦᠨ ᠪᠠᠶ᠋ᠢᠭᠤᠯᠬᠤ ᠪᠠᠢᠷᠢᠰᠢᠯ ᠢ᠋ ᠪᠤᠢ ᠪᠤᠯᠭᠠᠨ᠂ ᠦᠨᠳᠦᠰᠦᠲᠡᠨ ᠤ᠋ ᠪᠦᠯᠬᠦᠮᠳᠡᠯ ᠤ᠋ᠨ ᠴᠡᠴᠡᠭᠡᠰ ᠢ᠋ ᠡᠯ᠎ᠡ ᠠᠵᠢᠯ ᠲᠦᠷᠦᠯ ᠤ᠋ᠨ ᠬᠢᠨ ᠳ᠋ᠤ ᠳᠡᠯᠭᠡᠷᠡᠭᠦᠯᠵᠠᠢ᠃

ᠣᠷᠳᠣᠰ ᠬᠤᠳᠠ ᠶ᠋ᠢᠨ ᠮᠦᠽᠧᠢ ᠳ᠋ᠤ ᠳᠡᠯᠭᠡᠨ ᠦᠵᠡᠬᠦᠯᠵᠦ ᠪᠠᠢᠭ᠎ᠠ ᠵᠦ᠍ ᠺᠠᠢ ᠭᠧᠦ ᠵᠢᠨ ᠪᠠᠭᠤᠷᠢ ᠡᠴᠠ ᠣᠯᠳᠠᠭᠰᠠᠨ ᠬᠦᠷᠡᠯ ᠵᠡᠪᠰᠡᠭ ᠨᠢ ᠵᠦᠩᠶᠤᠸᠠᠨ ᠣᠷᠣᠨ ᠤ᠋ ᠶᠣᠰᠣᠯᠠᠯ ᠤ᠋ᠨ ᠡᠳ᠋ᠯᠡᠯ ᠬᠡᠷᠡᠭᠰᠡᠯ ᠤ᠋ᠨ ᠤᠯᠠ ᠮᠦᠷ ᠪᠠᠢᠬᠤ ᠪᠥᠭᠡᠳ ᠲᠠᠯ᠎ᠠ ᠨᠤᠲᠤᠭ ᠤ᠋ᠨ ᠦᠨᠳᠦᠰᠦᠲᠡᠨ ᠤ᠋ ᠣᠨᠴᠠᠯᠢᠭ᠋ ᠲᠠᠢ ᠪᠠᠢᠵᠤ᠂ ᠲᠦᠷᠪᠡᠨ ᠮᠢᠩᠭ᠎ᠠ ᠭᠠᠷᠤᠢ ᠵᠢᠯ ᠤ᠋ᠨ ᠲᠤᠷᠰᠢᠬᠢ ᠡᠯ᠎ᠡ ᠦᠨᠳᠦᠰᠦᠲᠡᠨ ᠨᠤᠬᠦᠳ ᠤ᠋ᠨ ᠰᠤᠶᠤᠯ ᠪᠣᠯᠪᠠᠰᠤᠨ ᠶ᠋ᠢᠡᠨ ᠬᠠᠷᠢᠯᠴᠠᠨ ᠲᠣᠯᠢᠳᠠᠵᠤ ᠪᠠᠢᠭᠰᠠᠨ ᠳᠡᠦᠬᠡ ᠵᠢ ᠴᠢᠮᠡᠭᠡ ᠦᠭᠡᠢ ᠬᠦᠦᠷᠨᠢᠨ᠎ᠠ᠃ ᠡᠳᠦᠭᠡ ᠣᠷᠳᠣᠰ ᠬᠤᠳᠠ ᠵᠢᠨ ᠬᠢᠨ ᠲᠡᠦᠬᠡ ᠰᠣᠶᠣᠯ ᠤ᠋ᠨ ᠰᠤᠳᠠᠰᠤ ᠵᠢ ᠭᠦᠨ ᠠᠭᠤᠳᠠᠯᠵᠤ᠂ ᠣᠨᠴᠠᠯᠢᠭ᠍ᠲᠤ ᠰᠣᠶᠣᠯ ᠤ᠋ᠨ ᠵᠢᠭ᠍ᠰᠠᠭᠠᠯ ᠤ᠋ᠨ ᠭᠠᠵᠠᠷ ᠢ᠋ ᠪᠠᠢᠭᠤᠯᠤᠨ᠂ ᠮᠠᠩᠬᠠᠨ ᠠᠶᠠᠯᠭᠤ ᠵᠢᠨ ᠤᠯᠠᠮᠵᠢᠯᠠᠭ᠍ᠴᠢ ᠶᠤᠸᠠᠢ ᠸᠸᠨ ᠰᠢᠶᠠᠩ ᠢ᠋ ᠬᠦᠮᠦᠵᠢᠬᠦᠯᠵᠦ᠂ ᠡᠨᠡ ᠬᠦ᠌ ᠤᠯᠠᠨ ᠦᠨᠳᠦᠰᠦᠲᠡᠨ ᠤ᠋ ᠬᠦᠭ ᠠᠶᠠᠯᠭᠤ ᠵᠢ ᠠᠭᠤᠰᠬᠠᠭᠰᠠᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠷᠠᠯᠢᠭ᠋ ᠢ᠋ ᠲᠠᠯ᠎ᠠ ᠨᠤᠲᠤᠭ ᠡᠴᠠ ᠫᠠᠷᠢᠰ ᠬᠤᠳᠠ᠂ ᠮᠠᠯᠠᠶ᠋ᠢᠰᠢᠶ᠎ᠠ ᠤᠯᠤᠰ ᠬᠦᠷᠲᠡᠯ᠎ᠡ ᠳᠤᠭᠯᠠᠨ᠂ ᠮᠠᠩᠬᠠᠨ ᠠᠶᠠᠯᠭᠤ ᠶ᠋ᠢᠨ ᠢᠷᠠᠭᠤ ᠰᠠᠢᠬᠠᠨ ᠬᠦᠭ ᠠᠶᠠᠰ ᠶ᠋ᠢᠡᠷ ᠦᠨᠳᠦᠰᠦᠲᠡᠨ ᠤ᠋ ᠪᠦᠯᠬᠦᠮᠳᠡᠯ ᠤ᠋ᠨ ᠲᠠᠭᠤᠨ ᠢ᠋ ᠴᠤᠤᠷᠢᠶᠠᠳᠤᠭᠤᠯᠵᠤ ᠪᠤᠢ᠃

ᠠᠷᠠᠳ ᠤ᠋ᠨ ᠠᠮᠢᠳᠤᠷᠠᠯ ᠪᠠᠶᠠᠵᠢᠨ ᠴᠢᠨᠡᠭᠡᠯᠢᠭᠵᠢᠪᠡᠯ ᠰᠠᠶᠢ ᠡᠯ᠎ᠡ ᠦᠨᠳᠦᠰᠦᠳᠡᠨ ᠨᠡᠩ ᠪᠠᠳᠤ ᠪᠡᠬᠢ ᠪᠦᠯᠬᠦᠮᠳᠡᠨ ᠨᠢᠭᠳᠠᠷᠠᠵᠤ ᠴᠢᠳᠠᠳᠠᠭ᠃ ᠣᠷᠳᠣᠰ ᠬᠤᠳᠠ ᠡᠬᠢ ᠪᠠᠶᠠᠯᠢᠭ᠋ ᠤ᠋ᠨ ᠳᠠᠪᠠᠭᠤᠯᠢᠭ᠋ ᠲᠠᠭᠠᠨ ᠲᠦᠰᠢᠭᠯᠡᠨ᠂ ᠰᠢᠨ᠎ᠡ ᠡᠨᠧᠷᠭᠢ᠂ ᠣᠲᠣ᠌ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠡᠷᠭᠡ ᠳᠡᠯᠡᠬᠡᠢ ᠵᠢᠨ ᠲᠠᠰ ᠤ᠋ᠨ ᠠᠵᠤ ᠦᠢᠯᠡᠰ ᠢ᠋ ᠪᠣᠢᠵᠢᠭᠤᠯᠵᠤ᠂ 《ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ》᠂ 《ᠲᠦᠮᠡᠨ ᠠᠵᠤ ᠠᠬᠤᠢᠯᠠᠯ ᠶ᠋ᠢᠡᠷ ᠲᠦᠮᠡᠨ ᠲᠣᠰᠬᠣᠨ ᠢ᠋ ᠬᠥᠭᠵᠢᠭᠦᠯᠦᠨ ᠮᠠᠨᠳᠤᠭᠤᠯᠬᠤ》 ᠵᠡᠷᠭᠡ ᠳᠦᠷᠦ ᠶ᠋ᠢᠨ ᠪᠤᠳᠤᠯᠭ᠎ᠠ ᠪᠡᠷ ᠳᠠᠮᠵᠢᠭᠤᠯᠤᠨ᠂ ᠬᠥᠭᠵᠢᠯᠲᠡ ᠵᠢᠨ ᠦᠷ᠎ᠡ ᠪᠦᠲᠦᠭᠡᠯ ᠢ᠋ ᠦᠨᠳᠦᠰᠦᠲᠡᠨ ᠨᠤᠭᠦᠳ ᠤ᠋ᠨ ᠣᠯᠠᠨ ᠲᠦᠮᠡᠨ ᠨᠢᠭᠡᠪᠦᠷᠢ ᠳ᠋ᠤ ᠡᠳ᠋ᠯᠡᠬᠦᠯᠦᠨ᠂ ᠵᠢᠯ ᠪᠦᠷᠢ ᠡᠳ᠋ ᠤ᠋ᠨ ᠵᠠᠰᠠᠭ ᠤ᠋ᠨ ᠵᠠᠷᠤᠯᠭ᠎ᠠ ᠶ᠋ᠢᠨ 70% ᠶ᠋ᠢ ᠠᠷᠠᠳ ᠤ᠋ᠨ ᠠᠮᠢᠳᠤᠷᠠᠯ ᠢ᠋ ᠰᠠᠢᠵᠢᠷᠠᠭᠤᠯᠬᠤ ᠳ᠋ᠤ ᠬᠡᠷᠡᠭᠯᠡᠵᠦ᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠢ᠋ ᠠᠮᠤᠷ ᠲᠠᠢᠪᠤᠩ ᠠᠵᠤ ᠲᠦᠷᠦᠭᠦ ᠳᠤᠮᠳᠠ ᠪᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠬᠦᠴᠦᠷᠬᠡᠭ ᠶᠡᠬᠡ ᠨᠡᠢᠯᠡᠮᠡᠯ ᠬᠦᠴᠦᠨ ᠢ᠋ ᠨᠢᠭ᠍ᠲᠠᠷᠠᠭᠤᠯᠵᠤ ᠳᠡᠢᠯᠦᠭᠰᠡᠨ ᠪᠠᠢᠨ᠎ᠠ᠃

ᠣᠳᠣᠬᠠᠨ ᠳ᠋ᠤ᠂ ᠣᠷᠳᠣᠰ ᠬᠣᠲᠠ ᠨᠢᠭᠡᠨᠲᠡ 11 ᠪᠥᠬᠥ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ (ᠨᠢᠭᠡᠴᠡ)ᠲᠠᠢ ᠪᠠᠢᠵᠤ᠂ 17 ᠬᠠᠮᠲᠤ ᠨᠡᠶ᠋ᠢᠲᠡ᠂ 15 ᠬᠤᠪᠢ ᠬᠥᠮᠥᠨ ᠪᠥᠬᠥ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠬᠡᠴᠢ ᠶ᠋ᠢᠨ ᠢᠷᠠᠭᠤ ᠠᠯᠳᠠᠷ ᠪᠠ ᠪᠥᠬᠥ ᠤᠯᠤᠰ  ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢᠨ ᠴᠣᠯᠠ ᠵᠢ ᠭᠥᠷᠳᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号