ᠳᠤᠮᠳᠠᠳᠤ ᠤᠯᠤᠰ ᠎ᠤᠨ ᠡᠪ ᠬᠠᠮᠳᠤ ᠨᠠᠮ ᠎ᠤᠨ ᠲᠥᠪ ᠬᠤᠷᠢᠶ᠎ᠠ ᠲᠦᠷᠦ᠍᠎ᠶ᠋ᠢᠨ ᠶᠠᠪᠤᠳᠠᠯ ᠎ᠤᠨ ᠬᠤᠷᠢᠶ᠎ᠠ ᠡᠴᠡ 14 ᠳ᠋ᠤᠭᠡᠷ ᠬᠤᠭᠤᠴᠠᠭᠠᠨ ᠎ᠤ ᠡᠪᠦᠯ ᠎ᠦᠨ ᠤᠯᠠᠷᠢᠯ᠎ᠤᠨ ᠵᠡᠮᠳᠡᠭ᠌ᠴᠦᠳ ᠎ᠦᠨ ᠣᠯᠢᠮᠫᠢᠺ᠎ᠤᠨ ᠲᠠᠮᠢᠷ ᠎ᠤᠨ ᠴᠤᠭ᠍ᠯᠠᠭᠠᠨ ᠎ᠤ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ ᠎ᠦᠨ ᠪᠦᠯᠬᠦᠮ ᠎ᠳᠦ ᠶᠠᠪᠤᠭᠤᠯᠤᠭᠰᠠᠨ ᠪᠠᠶᠠᠷ ᠎ᠤᠨ ᠴᠠᠬᠢᠯᠭᠠᠨ ᠴᠢᠮᠡᠭᠡ
2026-03-16 11:12:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ ᠎ᠦᠨ ᠪᠦᠯᠬᠦᠮ ᠎ᠳᠦ᠄


14 ᠳ᠋ᠤᠭᠡᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ ᠎ᠤᠨ ᠴᠤᠭ᠍ᠯᠠᠭᠠᠨ ᠳᠡᠭᠡᠷ᠎ᠡ᠂ ᠮᠠᠨ ᠎ᠤ ᠤᠯᠤᠰ᠎ᠤᠨ ᠵᠡᠮᠳᠡᠭ ᠲᠠᠮᠢᠷᠴᠢᠳ 15 ᠠᠯᠲᠠᠨ ᠮᠧᠳᠠᠯ᠂ 13 ᠮᠥᠩᠭᠥᠨ ᠮᠧᠳᠠᠯ᠂ 16 ᠬᠦᠷᠡᠯ ᠮᠧᠳᠠᠯ ᠨᠡᠢᠲᠡ 44 ᠱᠠᠩᠨᠠᠯ᠎ᠤᠨ ᠮᠧᠳᠠᠯ ᠣᠯᠵᠤ᠂ ᠠᠯᠲᠠᠨ ᠮᠧᠳᠠᠯ᠎ᠤᠨ ᠵᠢᠭ᠍ᠰᠠᠭᠠᠯᠲᠠ᠂ ᠱᠠᠩᠨᠠᠯ᠎ᠤᠨ ᠮᠧᠳᠠᠯ᠎ᠤᠨ ᠵᠢᠭ᠍ᠰᠠᠭᠠᠯᠲᠠ᠎ᠳᠤ  ᠨᠢᠭᠡᠳᠦᠭᠡᠷ᠎ᠲᠦ ᠣᠷᠣᠵᠤ᠂ ᠳᠠᠮᠢᠷ᠎ᠤᠨ ᠬᠦᠳᠡᠯᠭᠡᠭᠡᠨ᠎ᠦ ᠬᠢᠷᠢ ᠪᠦᠲᠦᠮᠵᠢ ᠪᠤᠯᠤᠨ ᠣᠶᠤᠨ᠎ᠤ ᠪᠣᠯᠪᠠᠰᠤᠨ᠎ᠤ ᠬᠣᠣᠰ ᠠᠮᠵᠢᠯᠲᠠ᠎ᠶ᠋ᠢ ᠪᠡᠶᠡᠯᠡᠭᠦᠯᠵᠦ᠍᠂ ᠡᠬᠡ ᠤᠯᠤᠰ ᠪᠠ ᠠᠷᠠᠳ ᠲᠦᠮᠡᠨ᠎ᠳᠡᠭᠡᠨ ᠢᠷᠠᠭᠤ ᠠᠯᠳᠠᠷ᠎ᠢ ᠣᠯᠵᠤ ᠦᠭᠴᠡᠢ᠃ ᠨᠠᠮ᠎ᠤᠨ ᠲᠥᠪ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠲᠠ᠎ᠨᠠᠷ᠎ᠲᠤ ᠬᠠᠯᠠᠭᠤᠨ ᠪᠠᠶᠠᠷ ᠬᠦᠷᠭᠡᠵᠦ᠍ ᠳᠣᠲᠣᠨᠣ ᠪᠡᠷ ᠲᠣᠬᠣᠨᠢᠭᠤᠯᠵᠤ ᠪᠠᠢᠨ᠎ᠠ!

ᠲᠤᠰ ᠬᠤᠭᠤᠴᠠᠭᠠᠨ ᠎ᠤ ᠡᠪᠦᠯ ᠎ᠦᠨ ᠤᠯᠠᠷᠢᠯ ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠲᠠ᠎ᠨᠠᠷ ᠨᠠᠮ ᠪᠣᠯᠤᠨ ᠠᠷᠠᠳ ᠲᠦᠮᠡᠨ ᠎ᠦ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ ᠎ᠶ᠋ᠢᠨ ᠪᠡᠶ᠎ᠡ ᠎ᠶ᠋ᠢᠨ ᠲᠠᠮᠢᠷ᠎ᠤᠨ ᠵᠣᠷᠢᠭ ᠰᠠᠨᠠᠭ᠎ᠠ᠂ ᠪᠡᠭᠡᠵᠢᠩ᠎ᠦᠨ ᠡᠪᠦᠯ᠎ᠦᠨ ᠤᠯᠠᠷᠢᠯ ᠎ᠤᠨ ᠣᠯᠢᠮᠫᠢᠺ ᠎ᠤᠨ ᠲᠠᠮᠢᠷ᠎ᠤᠨ ᠴᠤᠭ᠍ᠯᠠᠭᠠᠨ᠎ᠤ ᠵᠣᠷᠢᠭ ᠰᠠᠨᠠᠭ᠎ᠠ᠂ ᠵᠡᠮᠳᠡᠭ᠌ᠴᠦᠳ᠎ᠦᠨ ᠣᠯᠢᠮᠫᠢᠺ ᠎ᠤᠨ ᠲᠠᠮᠢᠷ ᠎ᠤᠨ ᠴᠤᠭ᠍ᠯᠠᠭᠠᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠰᠢᠷᠭᠠᠭᠤ ᠴᠢᠷᠮᠠᠢᠵᠤ᠂ ᠳᠦᠷᠦᠭᠦᠯᠡᠬᠦ ᠪᠡᠷ ᠡᠷᠡᠯᠬᠡᠭᠯᠡᠨ ᠳᠡᠮᠡᠴᠡᠵᠦ᠂ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ ᠎ᠤᠨ ᠵᠡᠮᠳᠡᠭ᠌ᠴᠦᠳ ᠎ᠦᠨ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠂ ᠪᠠᠶᠠᠰᠤᠩᠭᠤᠢ ᠤᠷᠤᠭ᠍ᠰᠢᠯᠠᠨ ᠲᠠᠪᠱᠢᠬᠤ ᠰᠠᠢ᠌ᠨ ᠰᠠᠢᠬᠠᠨ ᠤᠶᠤᠨ ᠰᠠᠨᠠᠭᠠᠨ᠎ᠤ ᠳᠦᠷᠰᠦ ᠪᠠᠢᠳᠠᠯ ᠎ᠢ ᠢᠯᠡᠷᠡᠭᠦᠯᠪᠡ᠃ ᠲᠠ᠎ᠨᠠᠷ ᠳᠡᠯᠡᠬᠡᠢ᠎ᠶ᠋ᠢᠨ ᠡᠯ᠎ᠡ ᠤᠯᠤᠰ ᠡᠯ᠎ᠡ ᠭᠠᠵᠠᠷ ᠣᠷᠣᠨ᠎ᠤ ᠲᠠᠮᠢᠷᠴᠢᠳ᠎ᠲᠠᠶ ᠡᠷᠬᠡ ᠲᠡᠭ᠌ᠰᠢ᠎ᠪᠡᠷ ᠦᠷᠢᠰᠦᠯᠳᠦᠵᠦ᠍᠂ ᠨᠥᠬᠥᠷᠰᠡᠭ᠎ᠢᠶᠡᠷ ᠰᠣᠯᠢᠯᠴᠠᠵᠤ᠂ ᠨᠥᠬᠥᠷᠯᠡᠯ᠎ᠢᠶᠡᠨ ᠵᠤᠵᠠᠭᠠᠳᠭᠠᠵᠤ᠂ ᠳᠤᠮᠳᠠᠳᠤ ᠤᠯᠤᠰ᠎ᠤᠨ ᠦᠯᠢᠬᠡᠷ ᠪᠣᠯᠤᠨ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠦᠯᠢᠬᠡᠷ᠎ᠢ ᠢᠳᠡᠪᠬᠢᠲᠡᠢ ᠰᠠᠢᠲᠤᠷ ᠶᠠᠷᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ ᠎ᠶ᠋ᠢᠨ ᠬᠥᠪᠡᠭᠦᠳ ᠥᠬᠢᠳ ᠎ᠦᠨ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ ᠪᠣᠯᠤᠨ ᠲᠡᠮᠡᠴᠡᠯ ᠎ᠦᠨ ᠵᠣᠷᠢᠭ ᠰᠠᠨᠠᠭ᠎ᠠ᠎ᠶ᠋ᠢ ᠤᠯᠠᠮ ᠨᠢᠭᠡ ᠠᠯᠬᠤᠮ ᠬᠥᠭ᠌ᠵᠢᠭᠡᠪᠡ᠃

ᠲᠠ ᠨᠠᠷ ᠰᠢ ᠵᠢᠨ ᠫᠢᠩ ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠲᠠᠭᠠᠨ ᠢᠷᠠᠭᠤ ᠠᠯᠳᠠᠷ ᠨᠡᠮᠡᠷᠢᠯᠡᠬᠦ᠌ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠨᠡᠩ ᠤᠯᠠᠨ ᠲᠠᠮᠢᠷ᠎ᠤᠨ ᠬᠥᠳᠡᠯᠭᠡᠭᠡᠨ᠎ᠦ ᠱᠢᠯᠢᠳᠡᠭ ᠠᠮᠵᠢᠯᠲᠠ᠎ᠶ᠋ᠢ ᠡᠭᠦᠳᠴᠦ᠍᠂ ᠮᠠᠨ᠎ᠤ ᠤᠯᠤᠰ᠎ᠤᠨ ᠵᠡᠮᠳᠡᠭ᠌ᠴᠦᠳ᠎ᠦᠨ ᠦᠢᠯᠡᠰ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠂ ᠴᠢᠨᠠᠷ ᠰᠠᠢᠲᠠᠢ ᠬᠥᠭ᠌ᠵᠢᠯᠲᠡ᠎ᠶ᠋ᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ!


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ

ᠲᠥᠷᠥ᠎ᠶ᠋ᠢᠨ ᠶᠠᠪᠤᠳᠠᠯ᠎ᠤᠨ ᠬᠣᠷᠢᠶ᠎ᠠ

2026 ᠣᠨ᠎ᠤ 3 ᠰᠠᠷ᠎ᠠ᠎ᠶ᠋ᠢᠨ 15 ᠎ᠤ᠋ ᠡᠳᠦᠷ

ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 15 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号