ᠬᠥᠬᠡᠬᠣᠲᠠ ᠪᠣᠭᠣᠮᠲᠠ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠥᠲᠥᠭᠡᠨ ᠪᠠᠢᠭᠤᠯᠬᠤ᠎ᠳᠤ ᠢᠳᠡᠪᠬᠢᠳᠠᠢ ᠦᠢᠯᠡᠴᠢᠯᠡᠵᠦ ᠪᠤᠢ
2026-03-16 10:04:08
ᠵᠣᠬᠢᠶᠠᠭ᠍ᠴᠢ᠄
​ ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠬᠥᠬᠡᠬᠣᠲᠠ ᠪᠣᠭᠣᠮᠲᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠴᠢᠬᠤᠯᠠ ᠵᠠᠩᠭᠢᠯᠠᠭ᠎ᠠ᠎ᠶ᠋ᠢᠨ ᠴᠡᠭ᠎ᠦᠨ ᠣᠷᠣᠨ ᠪᠠᠢᠷᠢ᠎ᠶ᠋ᠢᠨ ᠳᠠᠪᠠᠭᠤᠯᠢᠭ᠎ᠲᠤ ᠰᠠᠭᠤᠷᠢᠯᠠᠨ᠂ ᠪᠣᠭᠣᠮᠲᠠ᠎ᠶ᠋ᠢᠨ ᠡᠭᠦᠷᠭᠡ ᠴᠢᠳᠠᠪᠬᠢ᠎ᠶ᠋ᠢᠨ ᠦᠶ᠋ᠯᠡᠳᠦᠯ ᠎ᠢ ᠭᠦᠶ᠋ᠴᠡᠳ ᠪᠠᠳᠠᠷᠠᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ᠎ᠳᠤ ᠢᠳᠡᠪᠬᠢᠲᠡᠶ ᠦᠶ᠋ᠯᠡᠴᠢᠯᠡᠵᠦ᠍᠂ ᠭᠠᠳᠠᠭᠠᠳᠤ ᠠᠷᠠᠯᠵᠢᠶᠠᠨ᠎ᠤ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢᠨ ᠲᠣᠭ᠍ᠲᠠᠭᠤᠨ ᠪᠠᠢᠬᠤ᠎ᠶ᠋ᠢ ᠬᠦᠴᠦᠯᠡᠨ ᠠᠬᠢᠭᠤᠯᠵᠤ᠂ ᠮᠠᠨ᠎ᠤ ᠣᠷᠣᠨ᠎ᠤ ᠤᠯᠤᠰ᠎ᠤᠨ ᠳᠣᠲᠣᠭᠠᠳᠤ ᠭᠠᠳᠠᠭᠠᠳᠤ ᠎ᠶ᠋ᠢᠨ ᠬᠤᠤᠰ ᠣᠷᠴᠢᠯ ᠎ᠢ ᠬᠣᠯᠪᠣᠨ ᠨᠡᠪᠲᠡᠷᠡᠭᠦᠯᠬᠦ᠌ ᠳᠤᠮᠳᠠ ᠨᠠᠩ ᠶᠡᠬᠡ ᠦᠢᠯᠡᠳᠦᠯ ᠦᠵᠡᠭᠦᠯᠬᠦ᠌᠎ᠶ᠋ᠢ  ᠠᠬᠢᠭᠤᠯᠵᠦ ᠪᠠᠢᠨ᠎ᠠ᠃

ᠱᠢᠯᠭᠠᠨ ᠪᠠᠢᠴᠠᠭᠠᠬᠤ ᠬᠢᠨᠠᠨ ᠬᠠᠮᠢᠶᠠᠷᠬᠤ ᠵᠠᠭ᠍ᠪᠤᠷ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠴᠢᠩᠭᠠᠳᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠵᠢᠷᠤᠮᠯᠠᠨ ᠳᠠᠭᠠᠵᠤ ᠳᠡᠯᠭᠡᠷᠡᠭᠦᠯᠬᠦ᠌᠎ᠶ᠋ᠢ ᠰᠠᠢᠲᠤᠷ ᠬᠢᠵᠤ᠂ ᠪᠣᠭᠣᠮᠲᠠ᠎ᠶ᠋ᠢᠨ ᠶᠡᠷᠦᠩᠬᠡᠶ ᠵᠠᠬᠢᠷᠭ᠎ᠠ᠎ᠶ᠋ᠢᠨ 《ᠤᠷᠢᠳ ᠵᠢᠡᠷ ᠲᠠᠯᠪᠢᠵᠤ ᠳᠠᠷᠠᠭ᠎ᠠ᠎ᠨᠢ ᠪᠠᠢᠴᠠᠭᠠᠬᠤ》᠂ ᠭᠠᠳᠠᠭᠠᠳᠤ᠎ᠠᠴᠠ ᠣᠷᠣᠭᠤᠯᠤᠭ᠍ᠰᠠᠨ ᠵᠡᠰ᠎ᠦᠨ ᠨᠠᠷᠢᠯᠢᠭ ᠬᠦᠳᠡᠷ᠎ᠤᠨ《ᠬᠢᠯᠢ ᠵᠢᠨ ᠪᠣᠭᠣᠮᠲᠠ + ᠵᠣᠷᠢᠭ᠍ᠰᠠᠨ ᠭᠠᠵᠠᠷ》 ᠲᠸ᠋ ᠬᠠᠮᠲᠤᠷᠠᠨ ᠬᠢᠨᠠᠨ ᠬᠠᠮᠢᠶᠠᠷᠬᠤ ᠵᠡᠷᠭᠡ ᠠᠯᠢ ᠣᠯᠠᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠣᠭᠣᠮᠲᠠ᠎ᠪᠠᠷ ᠥᠩᠭᠡᠷᠡᠭᠦᠯᠬᠦ᠌ ᠴᠠᠭ᠎ᠢ ᠶᠡᠬᠡ ᠪᠡᠷ ᠪᠣᠭᠣᠨᠢᠰᠭᠠᠪᠠ; ᠮᠣᠩᠭᠣᠯ ᠤᠯᠤᠰ᠎ᠠᠴᠠ ᠤᠷᠤᠭᠤᠯᠤᠬᠰᠠᠨ ᠨᠡᠭᠦᠷᠡᠰᠦ ᠵᠢ ᠱᠢᠯᠭᠠᠨ ᠪᠠᠢᠴᠠᠭᠠᠬᠤ ᠠᠵᠢᠯ᠎ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠵᠤ᠂ ᠨᠡᠢᠲᠡ 5000 ᠲᠦᠮᠡᠨ ᠲᠣᠨ ᠨᠡᠬᠦᠷᠡᠰᠤ ᠵᠢ ᠰᠢᠯᠭᠠᠨ ᠪᠠᠢᠴᠠᠭᠠᠵᠤ᠂ ᠬᠠᠷᠢᠶ᠎ᠠ ᠣᠷᠣᠨ᠎ᠤ 5 ᠬᠢᠯᠢ ᠵᠢᠨ ᠪᠤᠭᠤᠮᠳᠠ᠎ᠶ᠋ᠢ ᠬᠠᠮᠤᠷᠪᠠ; ᠥᠯᠵᠡᠶ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠤᠯᠤᠰ᠎ᠤᠨ ᠱᠢᠯᠭᠠᠨ ᠪᠠᠢᠴᠠᠭᠠᠯᠲᠠ᠎ᠳᠤ ᠬᠢᠷᠢ ᠲᠡᠩᠴᠡᠵᠦ᠍᠂ ᠮᠠᠨ᠎ᠤ ᠤᠷᠤᠨ᠎ᠤ ᠮᠤᠡᠭᠭᠤᠯ ᠤᠯᠤᠰ ᠲᠸ᠋ ᠬᠠᠨᠳᠤᠭᠤᠯᠤᠬᠰᠠᠨ ᠬᠢᠯᠢ ᠵᠢᠨ ᠪᠤᠭᠤᠮᠳᠠ ᠵᠢᠨ ᠪᠠᠢᠷᠢᠰᠢᠭᠤᠯᠤᠯᠳᠠ ᠵᠢ ᠰᠢᠯᠢᠳᠡᠭᠵᠢᠬᠦᠯᠤᠨ ᠲᠡᠰ ᠲᠡᠪᠰᠢᠬᠦᠯᠬᠦ᠎ᠳᠤ ᠰᠢᠨ᠎ᠠ ᠬᠦᠳᠡᠯᠭᠡᠬᠦ ᠬᠦᠴᠤᠨ ᠨᠡᠮᠡᠷᠢᠯᠡᠪᠡ; ᠭᠠᠭ᠍ᠴᠠᠮᠣᠳᠣ᠎ᠠᠴᠠ ᠮᠣᠩᠭᠣᠯ ᠤᠯᠤᠰ᠎ᠤᠨ ᠭᠠᠱᠢᠭᠤᠨᠰᠤᠬᠠᠢᠲᠤ ᠬᠦᠷᠬᠦ᠌ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠢᠯᠢ ᠵᠢᠨ ᠪᠣᠭᠣᠮᠲᠠ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ ᠳᠡᠭᠡᠭ᠌ᠰᠢᠯᠡᠭᠦᠯᠪᠡ᠃

ᠡᠷᠢᠶᠡᠨ ᠬᠣᠲᠠ᠎ᠶ᠋ᠢᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠲᠣᠭᠣᠷᠢᠭ᠎ᠢ ᠭᠤᠶᠤᠴᠢᠯᠠᠨ ᠪᠠᠢᠭᠤᠯᠤᠭᠠᠳ ᠠᠮᠵᠢᠯᠲᠠ ᠤᠯᠪᠠ; ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ᠎ᠶ᠋ᠢᠨ ᠭᠠᠳᠠᠭᠠᠳᠤ᠎ᠠᠴᠠ ᠣᠷᠣᠭᠤᠯᠤᠭ᠍ᠰᠠᠨ ᠲᠠᠸᠠᠷ᠎ᠢ ᠪᠣᠳᠠᠲᠠᠢᠵᠢᠭᠤᠯᠤᠨ ᠡᠳ᠋ᠱᠢᠭᠦᠯᠬᠦ᠌᠎ᠶ᠋ᠢ ᠳᠡᠮᠵᠢᠵᠦ᠍᠂ ᠬᠢᠯᠢ᠎ᠶ᠋ᠢᠨ ᠠᠷᠠᠳ᠎ᠤᠨ ᠵᠠᠬ᠎ᠠ  ᠵᠢᠨ ᠠᠷᠠᠯᠵᠢᠶ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠨ᠂ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ᠎ᠶ᠋ᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠠᠷᠠᠯᠵᠢᠶ᠎ᠠ᠎ᠶ᠋ᠢᠨ ᠬᠡᠮᠵᠢᠶ᠎ᠠ 8.24 ᠳ᠋ᠦᠩᠱᠢᠭᠤᠷ ᠲᠥᠭᠥᠷᠢᠭ ᠲᠸ᠋ ᠬᠦᠷᠴᠤ᠂ ᠠᠳᠠᠯᠢ ᠬᠤᠭᠤᠴᠠᠭᠠᠨ᠎ᠤ᠎ᠬᠢ᠎ᠡᠴᠡ 54.31% ᠨᠡᠮᠡᠭ᠌ᠳᠡᠪᠡ; ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠣᠨᠴᠠᠯᠢᠭ᠍ᠲᠤ ᠠᠵᠤ ᠦᠢᠯᠡᠰ᠎ᠦᠨ ᠲᠣᠭᠣᠷᠢᠨ᠎ᠳᠤ 《ᠭᠠᠢᠯᠢ ᠪᠠᠲᠤᠯᠠᠬᠤ + 》 ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠳᠠᠮᠵᠢᠵᠤ᠂ ᠣᠷᠣᠨ᠎ᠤ ᠳᠣᠲᠣᠷᠠᠬᠢ ᠡᠳ᠋ᠱᠢᠭᠦᠯᠬᠦ᠌ ᠠᠷᠠᠯᠵᠢᠶ᠎ᠠ ᠂ ᠭᠠᠢᠯᠢ ᠪᠠᠲᠤᠯᠠᠬᠤ ᠲᠦᠷᠢᠶᠡᠰᠦᠯᠡᠬᠦ᠌ ᠵᠡᠷᠭᠡ ᠲᠤᠬᠠᠢᠯᠠᠭ᠍ᠰᠠᠨ ᠠᠵᠢᠯ᠎ᠳᠤ ᠱᠢᠨ᠎ᠡ ᠱᠢᠪᠲᠤᠯᠤᠯᠲᠠ᠎ᠲᠠᠶ ᠪᠣᠯᠭᠠᠵᠤ᠂ ᠶᠡᠷᠦᠩᠬᠡᠢᠯᠡᠭ᠌ᠰᠡᠨ ᠭᠠᠢᠯᠢ ᠪᠠᠳᠤᠯᠠᠬᠤ ᠣᠷᠣᠨ᠎ᠤ TIR ᠠᠴᠢᠶᠠᠨ᠎ᠤ ᠮᠠᠰᠢᠨ ᠲᠡᠷᠭᠡ ᠵᠢᠨ ᠱᠢᠨ᠎ᠡ ᠵᠠᠮ ᠱᠤᠭᠤᠮ᠎ᠢ ᠨᠡᠪᠲᠡᠷᠡᠭᠦᠯᠦᠭᠰᠡᠨ ᠡᠴᠡ ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠥᠷᠲᠡᠭ 107.9 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 25.8%ᠪᠠᠷ ᠨᠡᠮᠡᠭ᠌ᠳᠡᠪᠡ; ᠣᠷᠳᠣᠰ᠎ᠤᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠥᠷᠲᠡᠭ 62 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 32.8%ᠪᠠᠷ ᠨᠡᠮᠡᠭ᠌ᠳᠡᠪᠡ; 《ᠵᠢᠱᠢᠶᠠᠨ᠎ᠤ ᠭᠠᠯᠲᠤ ᠲᠡᠷᠭᠡ +》 ᠱᠢᠨ᠎ᠡ ᠎ᠶ᠋ᠢ ᠡᠭᠦᠳᠬᠦ᠌ ᠵᠠᠭ᠍ᠪᠤᠷ ᠎ᠢ ᠭᠦᠨᠵᠡᠭᠡᠢᠷᠡᠭᠦᠯᠦᠨ ᠥᠷᠭᠡᠳᠭᠡᠵᠦ᠍᠂ ᠳᠤᠮᠳᠠ ᠵᠠᠮ᠎ᠤ᠋ᠨ᠌  ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠦ ᠠᠶᠠᠯᠠᠯ᠎ᠤᠨ ᠱᠤᠭᠤᠮ 75 ᠪᠣᠯᠤᠨ ᠨᠡᠮᠡᠭ᠌ᠳᠡᠵᠦ᠍᠂ ᠠᠳᠠᠯᠢ ᠬᠤᠭᠤᠴᠠᠭᠠᠨ᠎ᠤ ᠬᠢ᠎ᠡᠴᠡ 17.4% ᠪᠡᠷ ᠨᠡᠮᠡᠭ᠌ᠳᠡᠵᠦ᠍᠂ 《ᠲᠡᠮᠦᠷ ᠵᠠᠮ ᠵᠢᠡᠷ ᠲᠦᠷᠭᠡᠨ ᠨᠡᠪᠲᠡᠷᠡᠬᠦ᠌》 ᠰᠢᠰᠲᠸᠮ᠎ᠤᠨ ᠬᠡᠷᠡᠭ᠌ᠯᠡᠭᠡᠨ᠎ᠦ  ᠨᠤᠷᠮ᠎ᠠ  81.7% ᠪᠣᠯᠤᠨ ᠳᠡᠭᠡᠭ᠌ᠰᠢᠯᠡᠪᠡ᠃

《ᠪᠣᠭᠣᠮᠲᠠ᠎ᠶ᠋ᠢᠨ ᠳᠠᠷᠤᠭ᠎ᠠ᠎ᠠᠴᠠ ᠲᠥᠷᠥ᠎ᠶ᠋ᠢᠨ ᠪᠣᠳᠣᠯᠭ᠎ᠠ  ᠵᠢ ᠲᠠᠢᠯᠪᠤᠷᠢᠯᠠᠬᠤ》 ᠂ 《ᠨᠢᠭᠡ ᠥᠷᠲᠡᠭᠡᠴᠢᠯᠡᠭᠰᠡᠨ ᠮᠠᠶᠢᠭ》 ᠎ᠤ᠋ᠨ ᠦᠶ᠋ᠯᠡᠴᠢᠯᠡᠭᠡ᠂ 12360 ᠠᠰᠠᠭᠤᠨ ᠯᠠᠪᠯᠠᠬᠤ ᠬᠠᠯᠠᠮᠱᠢᠯ ᠤᠲᠠᠰᠤ ᠵᠡᠷᠭᠡ ᠲᠣᠭ᠍ᠲᠠᠴᠠ᠎ᠶ᠋ᠢᠨ ᠲᠠᠪᠴᠠᠩ᠎ᠢ ᠰᠠᠢᠲᠤᠷ ᠬᠡᠷᠡᠭ᠌ᠯᠡᠵᠦ᠍᠂ ᠠᠵᠤ ᠠᠬᠤᠢᠯᠠᠯ ᠎ᠢ ᠦᠨᠡᠨ ᠬᠦ᠌ ᠬᠠᠪᠰᠤᠷᠤᠨ ᠬᠦᠴᠢᠷᠳᠡᠯ ᠎ᠢ ᠎ᠨᠢ ᠱᠢᠶ᠋ᠳᠪᠦᠷᠢᠯᠡᠪᠡ; ᠥᠪᠡᠰᠦᠪᠡᠨ ᠮᠡᠳᠡᠭᠦᠯᠵᠦ᠍ ᠥᠪᠡᠰᠦᠪᠡᠨ ᠲᠤᠱᠢᠶᠠᠬᠤ ᠵᠡᠷᠭᠡ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠬᠠᠷᠢᠶ᠎ᠠ ᠤᠷᠤᠨ᠎ᠤ ᠭᠠᠢᠯᠢ ᠲᠤᠱᠢᠶᠠᠭ᠍ᠴᠢ᠎ᠶ᠋ᠢᠨ ᠬᠠᠮᠢᠶᠠᠷᠤᠯᠲᠠ᠎ᠶ᠋ᠢ ᠠᠬᠢᠭᠤᠯᠤᠨ᠂ ᠠᠵᠤ ᠠᠬᠤᠢᠯᠠᠯ᠎ᠤᠨ ᠪᠠᠯᠠ ᠮᠥᠩᠭᠥ᠎ᠶ᠋ᠢᠨ ᠳᠠᠷᠤᠭᠠᠰᠤ᠎ᠶ᠋ᠢ ᠨᠠᠮᠳᠠᠭᠤᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号