— ᠪᠠᠰᠹᠦ᠋ ᠪᠦᠯᠦᠭ᠌ᠯᠡᠯ᠎ᠦᠨ ᠭᠦᠶ᠋ᠴᠡᠳᠭᠡᠭ᠌ᠴᠢ ᠬᠡᠷᠡᠭ ᠮᠡᠳᠡᠭ᠌ᠴᠢᠳ᠎ᠦᠨ ᠬᠤᠷᠠᠯ᠎ᠤᠨ ᠲᠡᠷᠢᠭᠦᠯᠡᠭ᠌ᠴᠢ ᠺᠠᠢ ᠯᠢ ᠵᠢ ᠰᠤᠷᠪᠤᠯᠵᠢᠯᠠᠭ᠍ᠰᠠᠨ ᠨᠢ
《ᠳᠤᠮᠳᠠᠳᠤ ᠤᠯᠤᠰ ᠨᠢᠭᠡᠨᠲᠡ ᠰᠤᠳᠤᠯᠤᠨ ᠨᠡᠭᠡᠭᠡᠬᠦ᠌ ᠪᠠ ᠱᠢᠨ᠎ᠡ᠎ᠶ᠋ᠢ ᠡᠭᠦᠳᠬᠦ᠌ ᠴᠢᠬᠤᠯᠠ ᠰᠠᠭᠤᠷᠢᠨ ᠪᠣᠯᠵᠠᠢ》᠃ ᠭᠧᠷᠮᠠᠨ᠎ᠤ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠲᠣᠮᠣ ᠠᠵᠤ ᠠᠬᠤᠢᠯᠠᠯ ᠪᠠᠰᠹᠦ᠋ ᠪᠦᠯᠦᠭ᠌ᠯᠡᠯ᠎ᠦᠨ ᠭᠦᠶ᠋ᠴᠡᠳᠭᠡᠭ᠌ᠴᠢ ᠬᠡᠷᠡᠭ ᠮᠡᠳᠡᠭ᠌ᠴᠢᠳ᠎ᠦᠨ ᠬᠤᠷᠠᠯ᠎ᠤᠨ ᠲᠡᠷᠢᠭᠦᠯᠡᠭ᠌ᠴᠢ ᠺᠠᠢ ᠯᠢ (ᠭᠠᠳᠠᠭᠠᠳᠤ ᠬᠡᠯᠡᠨ᠎ᠤ ᠨᠡᠷ᠎ᠡ᠄ ᠮᠠᠺᠦ᠋ᠰᠸ· ᠺᠠᠮᠢᠲᠸ) ᠲᠦᠷᠦᠭᠦᠬᠡᠨ ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ᠎ᠶ᠋ᠢᠨ ᠲᠤᠰᠭᠠᠶ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠳᠤᠮᠳᠠᠳᠤ ᠤᠯᠤᠰ᠎ᠤᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠤᠭ᠍ᠰᠠᠨ᠎ᠨᠢ ᠪᠠᠰᠹᠦ᠋ ᠪᠦᠯᠦᠭᠯᠡᠯ ᠳ᠋ᠤ ᠴᠢᠬᠤᠯᠠ ᠶᠡᠬᠡ ᠠᠵᠠ ᠲᠣᠬᠢᠶᠠᠯ᠎ᠢ ᠠᠪᠴᠢᠷᠠᠪᠠ᠂ ᠪᠠᠰᠹᠦ᠋ ᠪᠦᠯᠦᠭᠯᠡᠯ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠦᠨ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ᠎ᠳᠡᠬᠢ ᠪᠠᠢᠷᠢ ᠰᠠᠭᠤᠷᠢ᠎ᠶ᠋ᠢ ᠴᠢᠬᠤᠯᠠᠴᠢᠯᠠᠵᠤ᠂ ᠳᠤᠮᠳᠠᠳᠤ ᠤᠯᠤᠰ᠎ᠲᠠᠬᠢ ᠣᠷᠳᠣ ᠬᠤᠭᠤᠴᠠᠭᠠᠨ᠎ᠤ ᠡᠵᠡᠩᠨᠡᠯᠲᠡ᠎ᠶ᠋ᠢᠨ ᠳᠠᠪᠠᠭᠤᠯᠢᠭ᠎ᠢᠶᠠᠨ ᠠᠱᠢᠭ᠍ᠯᠠᠨ᠂ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠢ ᠦᠷᠭᠦᠯᠵᠢᠯᠡᠨ ᠭᠦᠨᠵᠡᠭᠡᠢᠷᠡᠭᠦᠯᠬᠦ᠌ ᠪᠣᠯᠤᠨ᠎ᠠ ᠭᠡᠵᠦ᠍ ᠢᠯᠡᠳᠭᠡᠪᠡ᠃
ᠪᠠᠰᠹᠦ᠋ ᠪᠦᠯᠦᠭ᠌ᠯᠡᠯ᠎ᠦᠨ ᠯᠦᠳ᠋ᠸᠢᠰᠢ ᠭᠠᠷᠠᠮ᠎ᠤᠨ ᠶᠡᠷᠦᠩᠬᠡᠢ ᠭᠠᠵᠠᠷ᠎ᠲᠤ ᠬᠢᠭ᠌ᠰᠡᠨ ᠣᠨ᠎ᠤ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠪᠠᠰᠹᠦ᠋ ᠪᠦᠯᠦᠭᠯᠡᠯ ᠵᠠᠨᠵᠢᠶᠠᠩᠢ ᠨᠢᠭᠡ ᠴᠤᠬ᠍ᠴᠠᠵᠢᠭᠤᠯᠬᠤ ᠰᠠᠭᠤᠷᠢᠨ᠎ᠤ ᠪᠤᠢ ᠪᠦᠬᠦᠢ ᠵᠠᠩᠭᠢᠯᠠᠭ᠎ᠠ᠎ᠶ᠋ᠢᠨ ᠲᠤᠨᠤᠭ ᠲᠥᠬᠥᠭᠡᠷᠦᠮᠵᠢ ᠴᠥᠮ ᠠᠱᠢᠭ᠍ᠯᠠᠯᠲᠠ᠎ᠳᠤ ᠣᠷᠣᠵᠤ᠂ ᠰᠠᠭᠤᠷᠢᠨ᠎ᠤ 2019 ᠡᠴᠡ 2028 ᠣᠨ ᠪᠣᠯᠲᠠᠯᠠᠬᠢ ᠶᠡᠷᠦᠩᠬᠡᠢ ᠪᠡᠯᠡ ᠣᠷᠣᠭᠤᠯᠤᠯᠲᠠ 87 ᠳ᠋ᠦᠩᠱᠢᠭᠤᠷ ᠧᠦ᠋ᠷᠣ᠋ ᠳ᠋ᠤ ᠬᠦᠷᠴᠡᠢ ᠭᠡᠵᠦ᠍ ᠨᠡᠢᠲᠡᠯᠡᠪᠡ᠃ ᠺᠠᠢ ᠯᠢ᠂ ᠳᠤᠮᠳᠠᠳᠤ ᠤᠯᠤᠰ ᠭᠡᠬᠦ᠌ ᠡᠨᠡ ᠬᠦ᠌ ᠪᠦᠬᠦ᠌ ᠪᠥᠮᠪᠥᠷᠴᠡᠭ᠎ᠦᠨ ᠬᠠᠮᠤᠭ᠎ᠤᠨ ᠲᠦᠷᠭᠡᠨ ᠨᠡᠮᠡᠭ᠌ᠳᠡᠯ᠎ᠲᠡᠶ ᠬᠢᠮᠢ᠎ᠶ᠋ᠢᠨ ᠪᠣᠳᠠᠰ᠎ᠤᠨ ᠵᠠᠬ᠎ᠠ ᠳᠡᠯᠭᠡᠭᠦᠷ᠎ᠲᠦ᠂ ᠲᠤᠰ ᠰᠠᠭᠤᠷᠢᠨ ᠪᠣᠯ ᠠᠵᠤ ᠠᠬᠤᠢᠯᠠᠯ᠎ᠤᠨ ᠤᠷᠳᠤ ᠬᠤᠭᠤᠴᠠᠭᠠᠨ᠎ᠤ ᠠᠱᠢᠭ ᠣᠯᠵᠠᠪᠤᠷᠢ ᠪᠣᠯᠤᠨ ᠦᠷᠭᠦᠯᠵᠢᠯᠡᠬᠦ᠌ ᠨᠡᠮᠡᠭ᠌ᠳᠡᠯ᠎ᠢ ᠪᠡᠶᠡᠯᠡᠭᠦᠯᠬᠦ᠌ ᠴᠢᠬᠤᠯᠠ ᠲᠠᠪᠴᠠᠩ ᠪᠣᠯᠤᠨ᠎ᠠ ᠭᠡᠵᠤ ᠢᠯᠡᠳᠭᠡᠪᠡ᠃
ᠺᠠᠶ ᠯᠢ ᠰᠣᠨᠢᠨ ᠮᠡᠳᠡᠭᠡ ᠨᠡᠢᠲᠡᠯᠡᠬᠦ᠌ ᠬᠤᠷᠠᠯ᠎ᠤᠨ ᠳᠠᠷᠠᠭ᠎ᠠ ᠰᠤᠷᠪᠤᠯᠵᠢᠯᠠᠭ᠍ᠴᠢ᠎ᠳᠤ᠂ ᠪᠠᠰᠹᠦ᠋ ᠵᠠᠨᠵᠢᠶᠠᠩ ᠤ᠋ᠨ ᠨᠢᠭᠡ ᠴᠤᠭ᠍ᠴᠠᠵᠢᠭᠤᠯᠤᠭ᠍ᠰᠠᠨ ᠰᠠᠭᠤᠷᠢᠨ ᠪᠠᠭ᠎ᠠ ᠨᠡᠭᠦᠷᠡᠰᠦᠲᠥ᠋ᠷᠥᠭ᠌ᠴᠢᠲᠦ ᠭᠠᠳᠠᠭ᠍ᠰᠢᠯᠠᠭᠤᠯᠤᠯᠲᠠ᠎ᠵᠢᠨ ᠦᠶ᠋ᠯᠡᠳᠪᠦᠷᠢᠯᠡᠯ᠎ᠢ ᠪᠡᠶᠡᠯᠡᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠢ ᠬᠢᠵᠠᠭᠠᠷᠯᠠᠬᠤ ᠲᠠᠯ᠎ᠠ᠎ᠪᠠᠷ ᠢᠯᠡᠳᠲᠡ ᠳᠠᠪᠠᠭᠤᠯᠢᠭ ᠲᠠᠯ᠎ᠠ᠎ᠲᠠᠶ ᠶᠤᠮ᠃ ᠪᠠᠰᠹᠦ᠋ ᠪᠦᠯᠦᠭᠯᠡᠯ ᠳᠤᠷᠠᠲᠠᠶ᠎ᠠ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠪᠡ᠃
ᠺᠠᠢ ᠯᠢ᠎ᠶ᠋ᠢᠨ ᠵᠢᠱ᠌ᠢᠬᠦ᠎ᠪᠡᠷ᠂ ᠪᠠᠰᠹᠦ᠋ ᠵᠠᠨᠵᠢᠶᠠᠩ᠎ᠤᠨ ᠨᠢᠭᠡ ᠴᠤᠭ᠍ᠴᠠᠵᠢᠭᠤᠯᠤᠭ᠍ᠰᠠᠨ ᠰᠠᠭᠤᠷᠢᠨ ᠢᠷᠡᠬᠦ᠌ ᠵᠢᠯ᠎ᠡᠴᠡ ᠡᠬᠢᠯᠡᠨ ᠠᠱᠢᠭ ᠣᠯᠵᠠᠪᠤᠷᠢ ᠤᠯᠬᠤ ᠪᠣᠯᠤᠮᠵᠢᠲᠠᠶ᠂ 《ᠳᠤᠮᠳᠠ ᠣᠷᠳᠣ ᠬᠤᠭᠤᠴᠠᠭᠠᠨ᠎ᠡᠴᠡ ᠠᠪᠴᠤ᠌ ᠦᠵᠡᠪᠡᠯ᠂ ᠵᠠᠨᠵᠢᠶᠠᠩ (ᠨᠢᠭᠡ ᠴᠤᠭ᠍ᠴᠠᠵᠢᠭᠤᠯᠤᠭ᠍ᠰᠠᠨ ᠰᠠᠭᠤᠷᠢᠨ) ᠨᠢ ᠪᠠᠰᠹᠦ᠋ ᠪᠦᠯᠦᠭᠯᠡᠯ᠎ᠤᠨ ᠨᠢᠭᠡᠨ ᠮᠠᠰᠢ ᠠᠮᠵᠢᠯᠲᠠ᠎ᠲᠠᠶ ᠦᠶ᠋ᠯᠡᠳᠪᠦᠷᠢᠯᠡᠯ᠎ᠦᠨ ᠰᠠᠭᠤᠷᠢᠨ ᠪᠣᠯᠤᠨ᠎ᠠ ᠭᠡᠳᠡᠭ᠎ᠢ ᠪᠢᠳᠡ ᠢᠲᠡᠭᠡᠵᠦ᠍ ᠪᠠᠢᠨ᠎ᠠ》 ᠭᠡᠪᠡ᠃ ᠲᠡᠷᠡ᠂ ᠪᠠᠰᠹᠦ᠋ ᠪᠦᠯᠦᠭᠯᠡᠯ᠎ᠤᠨ ᠳᠤᠮᠳᠠᠳᠤ ᠤᠯᠤᠰ᠎ᠲᠠᠬᠢ ᠪᠣᠷᠣᠯᠠᠭᠤᠯᠭ᠎ᠠ᠎ᠶ᠋ᠢᠨ ᠬᠡᠮᠵᠢᠶ᠎ᠡ ᠨᠢ ᠪᠦᠯᠦᠭ᠌ᠯᠡᠯ᠎ᠦᠨ ᠶᠡᠷᠦᠩᠬᠡᠶ ᠪᠣᠷᠣᠯᠠᠭᠤᠯᠭ᠎ᠠ᠎ᠶ᠋ᠢᠨ ᠬᠡᠮᠵᠢᠶᠡᠨ᠎ᠦ 13% ᠶ᠋ᠢ ᠡᠵᠡᠯᠡᠵᠦ᠍᠂ ᠵᠠᠨᠵᠢᠶᠠᠩ ᠤ᠋ᠨ ᠨᠢᠭᠡ ᠴᠤᠭ᠍ᠴᠠᠵᠢᠭᠤᠯᠤᠭ᠍ᠰᠠᠨ ᠰᠠᠭᠤᠷᠢᠨ ᠤ᠋ ᠠᠱᠢᠭ᠍ᠯᠠᠯᠲᠠ᠎ᠳᠤ ᠣᠷᠣᠬᠤ᠎ᠶ᠋ᠢ ᠳᠠᠭᠠᠯᠳᠤᠨ᠂ ᠡᠨᠡ ᠬᠦ᠌ ᠬᠠᠷᠢᠴᠠᠯ ᠨᠢ ᠪᠠᠷᠤᠭ 15% ᠡᠴᠡ 20% ᠵᠢᠨ ᠬᠣᠭᠣᠷᠣᠨᠳᠣ ᠬᠥᠷᠬᠥ᠌ ᠪᠣᠯᠤᠨ᠎ᠠ ᠭᠡᠵᠡᠶ᠃
ᠪᠠᠰᠹᠦ᠋ ᠪᠦᠯᠦᠭᠯᠡᠯ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠦ 140 ᠭᠠᠷᠤᠢ ᠵᠢᠯ ᠨᠤᠲᠤᠭᠰᠢᠪᠠ᠂ ᠢᠯᠠᠩᠭᠤᠶ᠎ᠠ ᠥᠩᠭᠡᠷᠡᠭ᠌ᠰᠡᠨ 30 ᠵᠢᠯ᠎ᠡᠴᠡ 40 ᠵᠢᠯ᠎ᠦᠨ ᠬᠣᠭᠣᠷᠣᠨᠳᠣ ᠢᠯᠡᠳᠲᠡ ᠨᠡᠮᠡᠭ᠌ᠳᠡᠯ᠎ᠢ ᠪᠡᠶᠡᠯᠡᠭᠦᠯᠪᠡ᠃ ᠺᠠᠶ ᠯᠢ᠄ 《ᠪᠢᠳᠡ ᠳᠤᠮᠳᠠᠳᠤ ᠤᠯᠤᠰ᠎ᠤᠨ ᠠᠵᠤ ᠠᠬᠤᠶ ᠵᠢᠴᠢ ᠳᠤᠮᠳᠠᠳᠤ ᠤᠯᠤᠰ᠎ᠤᠨ ᠬᠡᠷᠡᠭ᠌ᠯᠡᠭ᠌ᠴᠢ᠎ᠶ᠋ᠢᠨ ᠪᠠᠢᠭ᠎ᠠ ᠠᠵᠢᠯ ᠲᠥᠷᠥᠯ᠎ᠦᠨ ᠨᠡᠮᠡᠭ᠌ᠳᠡᠯ᠎ᠳᠦ ᠣᠷᠣᠯᠴᠠᠬᠤ᠎ᠶ᠋ᠢ ᠬᠦᠰᠡᠵᠦ᠍ ᠪᠠᠢᠨ᠎ᠠ》 ᠭᠡᠪᠡ᠃
ᠺᠠᠶ ᠯᠢ᠎ᠶ᠋ᠢᠨ ᠦᠵᠡᠬᠦ᠌᠎ᠪᠡᠷ᠂ ᠤᠯᠤᠰ ᠠᠯᠤᠰᠯᠠᠭ᠍ᠰᠠᠨ ᠠᠵᠤ ᠠᠬᠤᠢᠯᠠᠯ ᠲᠣᠰ ᠤᠯᠤᠰ᠎ᠲᠠᠭᠠᠨ ᠦᠶ᠋ᠯᠡᠳᠬᠦᠨ ᠪᠠ ᠮᠡᠷᠭᠡᠵᠢᠯ᠎ᠢ ᠨᠡᠭᠡᠭᠡᠨ ᠬᠥᠭ᠌ᠵᠢᠭᠦᠯᠵᠦ᠍᠂ ᠳᠠᠬᠢᠨ ᠳᠤᠮᠳᠠᠳᠤ ᠤᠯᠤᠰ᠎ᠲᠤ ᠱᠢᠯᠵᠢᠭᠦᠯᠬᠦ᠌ ᠴᠠᠭ ᠦᠶ᠎ᠡ ᠨᠢᠭᠡᠨᠲᠡ ᠡᠴᠦᠰᠯᠡᠪᠡ᠂ 《ᠳᠤᠮᠳᠠᠳᠤ ᠤᠯᠤᠰ᠎ᠲᠤ ᠨᠤᠲᠤᠭᠰᠢᠵᠤ᠂ ᠳᠤᠮᠳᠠᠳᠤ ᠤᠯᠤᠰ ᠲᠦ᠍ ᠦᠢᠯᠡᠴᠢᠯᠡᠬᠦ》 ᠬᠥᠭ᠌ᠵᠢᠯᠲᠡ᠎ᠶ᠋ᠢᠨ ᠠᠷᠭ᠎ᠠ ᠪᠣᠳᠣᠯᠭ᠎ᠠ ᠨᠢ ᠤᠯᠤᠰ ᠠᠯᠤᠰᠯᠠᠭ᠍ᠰᠠᠨ ᠠᠵᠤ ᠠᠬᠤᠢᠯᠠᠯ᠎ᠳᠤ ᠶᠠᠪᠤᠬᠤ ᠲᠤᠳᠤᠮ ᠴᠢᠬᠤᠯᠠ ᠪᠣᠯᠵᠣ ᠪᠠᠢᠨ᠎ᠠ ᠭᠡᠪᠡ᠃
ᠲᠡᠷᠡ᠂ ᠳᠤᠮᠳᠠᠳᠤ ᠤᠯᠤᠰ᠎ᠤᠨ ᠮᠠᠱᠢᠨ ᠲᠡᠷᠭᠡ ᠵᠡᠷᠭᠡ ᠠᠵᠢᠯ ᠲᠥᠷᠥᠯ᠎ᠦᠨ ᠬᠡᠷᠡᠭ᠌ᠯᠡᠭ᠌ᠴᠢᠳ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ ᠶᠡᠬᠡ ᠪᠡᠷ ᠳᠡᠭᠡᠭ᠌ᠰᠢᠯᠡᠵᠡᠶ᠂ ᠪᠠᠰᠹᠦ᠋ ᠪᠦᠯᠦᠭᠯᠡᠯ ᠡᠷᠬᠡᠪᠰᠢ ᠬᠡᠷᠡᠭ᠌ᠯᠡᠭ᠌ᠴᠢ᠎ᠶ᠋ᠢᠨ ᠳᠡᠷᠭᠡᠳᠡ ᠦᠶ᠋ᠯᠡᠴᠢᠯᠡᠭᠡ ᠬᠠᠩᠭᠠᠬᠤ ᠬᠡᠷᠡᠭ᠌ᠲᠡᠶ᠃ ᠣᠳᠣᠬᠠᠨ᠎ᠳᠤ᠂ ᠲᠠᠰᠤᠷᠠᠯᠲᠠ ᠦᠭᠡᠢ ᠥᠷᠭᠡᠳᠴᠦ᠍ ᠪᠠᠢᠭ᠎ᠠ ᠪᠠᠰᠹᠦ᠋ ᠪᠦᠯᠦᠭᠯᠡᠯ᠎ᠤᠨ ᠱᠠᠩᠬᠠᠢ᠎ᠶ᠋ᠢᠨ ᠱᠢᠨ᠎ᠡ᠎ᠶ᠋ᠢ ᠡᠭᠦᠳᠬᠦ᠌ ᠬᠦᠷᠢᠶᠡᠯᠡᠩ ᠨᠢᠭᠡᠨᠲᠡ ᠲᠡᠭᠦᠨ᠎ᠦ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠰᠤᠳᠤᠯᠤᠨ ᠨᠡᠭᠡᠭᠡᠬᠦ᠌ ᠬᠦᠢᠰᠦ ᠪᠣᠯᠵᠠᠢ ᠭᠡᠪᠡ᠃
(ᠰᠢᠨᠬᠤᠸᠠ ᠬᠤᠷᠢᠶ᠎ᠠ ᠵᠢᠨ ᠭᠸᠷᠮᠠᠨ ᠤ᠋ ᠯᠦᠳ᠋ᠸᠢᠰᠢ ᠭᠠᠷᠠᠮ ᠤ᠋ᠨ ᠴᠠᠬᠢᠯᠭᠠᠨ ᠮᠡᠳᠡᠭᠡ)