ᠬᠦᠲᠡᠭᠡ ᠲᠣᠰᠬᠣᠨ᠎ᠤ ᠬᠦᠭᠵᠢᠯ ᠮᠠᠨᠳᠤᠯ᠎ᠤᠨ 《ᠵᠤᠯ ᠵᠢᠷᠭᠠᠯ᠎ᠤᠨ ᠲᠠᠭᠤᠨ》
2026-03-16 11:16:16
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠩᠯᠢᠶᠣᠣ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠨ ᠬᠥᠭᠵᠢᠭᠦᠯᠦᠯᠲᠡ᠎ᠶᠢᠨ ᠲᠣᠭᠣᠷᠢᠭ᠋᠎ᠤᠨ ᠳ᠋ᠦᠩ ᠱᠧᠩ ᠲᠣᠰᠬᠣᠨ᠎ᠤ ᠣᠳᠣᠬᠢᠴᠢᠯᠠᠭᠰᠠᠨ ᠭᠤᠯᠢᠷ ᠪᠣᠯᠪᠠᠰᠤᠷᠠᠭᠤᠯᠬᠤ ᠦᠢᠯᠡᠳᠪᠦᠷᠢ᠎ᠳᠦ᠂ ᠮᠠᠰᠢᠨ᠎ᠤ ᠲᠠᠭᠤᠨ ᠬᠦᠷᠴᠢᠬᠢᠨᠡᠵᠦ᠂ ᠭᠤᠯᠢᠷ᠎ᠤᠨ ᠠᠩᠬᠢᠯᠤᠮ᠎ᠠ ᠰᠠᠢᠬᠠᠨ ᠦᠨᠦᠷ ᠬᠠᠩᠬᠤᠯᠤᠨ᠎ᠠ᠃ ᠪᠤᠭᠤᠳᠠᠢ᠎ᠶᠢᠨ ᠮᠥᠬᠥᠯᠢᠭ᠎ᠤᠳ ᠦᠷᠦᠬᠦ ᠶᠠᠪᠤᠴᠠ ᠵᠢ ᠦᠩᠭᠡᠷᠡᠭᠡᠵᠦ ᠴᠠᠰᠤ ᠴᠠᠭᠠᠨ ᠭᠤᠯᠢᠷ ᠪᠤᠯᠤᠨ ᠬᠤᠪᠢᠷᠠᠵᠦ᠂ ᠠᠵᠢᠯᠴᠢᠳ ᠲᠠᠳᠮᠠᠭᠠᠢ ᠪᠡᠷ ᠤᠭᠤᠲᠠ ᠵᠢ ᠪᠢᠲᠡᠭᠦᠮᠵᠢᠯᠡᠵᠦ ᠲᠡᠷᠬᠡᠨ᠎ᠳᠤ ᠠᠴᠢᠨ᠎ᠠ᠃

ᠲᠣᠰᠬᠣᠨ᠎ᠤ ᠨᠠᠮ᠎ᠤᠨ ᠡᠭᠦᠷ᠎ᠡᠴᠡ ᠲᠦᠷᠦᠭᠦᠯᠡᠨ ᠪᠠᠢᠭᠤᠯᠤᠭᠰᠠᠨ ᠡᠨᠡ᠎ᠬᠦ ᠪᠣᠯᠪᠠᠰᠤᠷᠠᠭᠤᠯᠬᠤ ᠦᠢᠯᠡᠳᠪᠦᠷᠢ ᠨᠢ ᠲᠤᠬᠠᠢ᠎ᠶᠢᠨ ᠭᠠᠵᠠᠷ᠎ᠤᠨ ᠴᠢᠨᠠᠷ ᠰᠠᠢᠲᠠᠢ ᠪᠤᠭᠤᠳᠠᠢ᠎ᠶᠢᠨ 《ᠲᠠᠷᠢᠶᠠᠨ ᠭᠠᠵᠠᠷ ᠡᠴᠡ ᠬᠤᠭᠤᠯᠠᠨ ᠰᠢᠷᠡᠭᠡᠨ᠎ᠳᠤ ᠬᠦᠷᠲᠡᠯᠡᠬᠢ》 ᠨᠡᠮᠡᠭᠲᠡᠯ ᠦᠷᠲᠡᠭ ᠢ᠋ ᠪᠡᠶᠡᠯᠡᠭᠦᠯᠦᠭᠰᠡᠨ ᠢ᠋ᠢᠡᠷ ᠪᠠᠷᠠᠬᠤ ᠦᠭᠡᠢ᠂ ᠨᠡᠩ ᠴᠤ᠌ ᠭᠠᠵᠠᠷ ᠰᠢᠷᠣᠢ ᠢ᠋ᠢᠨ ᠡᠵᠡᠩᠨᠡᠯᠲᠡ ᠢ᠋ᠢᠨ ᠡᠷᠬᠡ ᠵᠢ ᠬᠦᠢᠯᠭᠡᠭᠡᠬᠦ᠂ ᠬᠤᠷᠰᠢᠶ᠎ᠠ ᠡᠴᠡ ᠡᠵᠡᠩᠨᠡᠬᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢᠶᠡᠷ ᠬᠦᠴᠦᠨ ᠣᠯᠭᠣᠬᠤ᠂ ᠲᠦᠷᠦᠯ ᠲᠡᠮᠲᠡᠭ ᠢ᠋ᠢᠡᠷ ᠪᠣᠷᠣᠯᠠᠭᠤᠯᠬᠤ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠶᠢ ᠬᠣᠯᠪᠣᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠡᠯᠪᠡᠭ ᠬᠤᠷᠢᠶᠠᠯᠲᠠ᠎ᠶᠢᠨ ᠠᠶᠠᠰ》 ᠢ᠋ ᠴᠤᠤᠷᠢᠶᠠᠲᠤᠭᠤᠯᠵᠠᠢ᠃

《ᠥᠩᠭᠡᠷᠡᠭᠰᠡᠨ᠎ᠳᠦ ᠪᠢ ᠬᠤᠪᠢ ᠪᠡᠷ ᠢ᠋ᠢᠡᠨ ᠲᠠᠷᠢᠶ᠎ᠠ ᠲᠠᠷᠢᠵᠦ᠂ ᠵᠢᠯ᠎ᠳᠤᠵᠢ ᠮᠤᠩᠬᠢᠨᠠᠭᠠᠳ ᠳᠡᠮᠡᠢ ᠵᠣᠭᠣᠰ ᠣᠯᠵᠤ ᠲᠡᠢᠯᠬᠦ ᠦᠭᠡᠢ ᠪᠠᠢᠭᠰᠠᠨ᠃ ᠤᠳᠤ ᠠᠳᠠᠯᠢ ᠦᠭᠡᠢ ᠪᠣᠯᠵᠠᠢ᠂ ᠭᠠᠵᠠᠷ ᠱᠢᠷᠤᠢ ᠢ᠋ᠢᠨ ᠡᠵᠡᠩᠨᠡᠯᠲᠡ ᠢ᠋ᠢᠨ ᠡᠷᠬᠡ ᠪᠠᠨ ᠬᠦᠢᠯᠭᠡᠭᠡᠵᠦ ᠬᠤᠷᠰᠢᠶ᠎ᠠ᠎ᠳᠤ ᠰᠢᠯᠵᠢᠭᠦᠯᠵᠦ ᠦᠭᠭᠦᠭᠡᠳ ᠲᠦᠷᠢᠶᠡᠰᠦᠨ ᠮᠥᠩᠭᠥ᠎ᠲᠠᠢ ᠪᠤᠯᠤᠬᠰᠠᠨ ᠮᠦᠷᠲᠡᠭᠡᠨ ᠪᠢ ᠪᠠᠰᠠ ᠭᠤᠯᠢᠷ᠎ᠤᠨ ᠦᠢᠯᠡᠳᠪᠦᠷᠢ᠎ᠳᠦ ᠠᠵᠢᠯᠯᠠᠵᠦ ᠴᠡᠯᠢᠩ ᠤᠯᠵᠦ ᠪᠠᠢᠨ᠎ᠠ᠂ ᠵᠢᠯ᠎ᠦᠨ ᠡᠴᠦᠰ᠎ᠲᠦ ᠪᠠᠰᠠ ᠠᠰᠢᠭ᠋ ᠣᠷᠣᠯᠭ᠎ᠠ ᠬᠤᠪᠢᠶᠠᠷᠢᠯᠠᠨ᠎ᠠ᠂ ᠠᠮᠢᠳᠤᠷᠠᠯ ᠶᠠᠪᠤᠬᠤ ᠲᠤᠳᠤᠮ ᠥᠭᠡᠳᠡ ᠡᠰᠡᠷᠡᠭ ᠪᠤᠯᠵᠦ ᠪᠠᠢᠨ᠎ᠠ!》 ᠬᠡᠵᠦ ᠲᠣᠰᠬᠣᠨ᠎ᠤ ᠠᠷᠠᠳ ᠸᠠᠩ ᠪᠠᠢ ᠴᠠᠩ ᠪᠣᠷᠣᠭᠵᠢᠭᠤᠨ ᠬᠡᠯᠡ ᠬᠡᠯᠡᠯᠭᠡ ᠪᠡᠷ ᠳ᠋ᠦᠩ ᠱᠧᠩ ᠲᠣᠰᠬᠣᠨ᠎ᠤ ᠠᠷᠠᠳ᠎ᠤᠨ ᠬᠠᠮᠲᠤ᠎ᠶᠢᠨ ᠰᠡᠳᠬᠢᠯ᠎ᠦᠨ ᠦᠭᠡ᠎ᠶᠢ ᠢᠯᠡᠳᠬᠡᠵᠡᠢ᠃

ᠡᠨᠡ ᠬᠦ᠌ ᠬᠤᠪᠢᠷᠠᠯᠲᠠ ᠨᠢ ᠳ᠋ᠦᠩ ᠱᠧᠩ ᠲᠣᠰᠬᠣᠨ᠎ᠤ ᠨᠠᠮ᠎ᠤᠨ ᠡᠭᠦᠷ᠎ᠦᠨ ᠤᠯᠠᠨ ᠵᠢᠯ᠎ᠦᠨ ᠲᠤᠷᠰᠢᠬᠢ ᠬᠠᠢᠨ ᠰᠦᠪᠡᠭᠴᠢᠯᠡᠯᠲᠡ ᠪᠠ ᠪᠣᠳᠠᠲᠠᠢ ᠠᠵᠢᠯᠯᠠᠭ᠎ᠠ ᠡᠴᠡ ᠢᠷᠡᠯᠲᠡ᠎ᠲᠠᠢ ᠶᠤᠮ᠃ ᠤᠯᠠᠮᠵᠢᠯᠠᠯᠲᠤ ᠲᠠᠷᠠᠬᠠᠢ ᠪᠤᠳᠠᠷᠬᠠᠢ ᠡᠵᠡᠩᠨᠡᠯᠲᠡ᠎ᠶᠢᠨ ᠬᠢᠵᠠᠭᠠᠷᠯᠠᠯ᠎ᠤᠨ ᠡᠮᠦᠨ᠎ᠡ᠂ ᠲᠣᠰᠬᠣᠨ᠎ᠤ 《ᠬᠣᠶᠠᠷ ᠵᠥᠪᠯᠡᠯ》 ᠦ᠋ᠨ ᠤᠳᠤᠷᠢᠳᠬᠤ ᠪᠠᠭ ᠨᠢ ᠨᠠᠮ᠎ᠤᠨ ᠵᠣᠬᠢᠶᠠᠨ ᠪᠠᠢᠭᠤᠯᠤᠯᠲᠠ᠎ᠶᠢ ᠠᠵᠤ ᠦᠢᠯᠡᠰ᠎ᠦᠨ ᠬᠡᠯᠬᠢᠶ᠎ᠡ ᠳᠡᠭᠡᠷ᠎ᠡ ᠪᠠᠢᠭᠤᠯᠵᠤ᠂ ᠨᠠᠮ᠎ᠤᠨ ᠭᠡᠰᠢᠭᠦᠨ᠎ᠢ ᠠᠵᠤ ᠦᠢᠯᠡᠰ᠎ᠦᠨ ᠱᠤᠭᠤᠮ ᠳᠡᠭᠡᠷ᠎ᠡ ᠴᠤᠭᠯᠠᠷᠠᠭᠤᠯᠪᠠ᠃ ᠭᠠᠵᠠᠷ ᠰᠢᠷᠣᠢ ᠬᠡᠰᠡᠭ ᠪᠤᠰᠠᠭ ᠪᠠᠢᠬᠤ᠂ ᠲᠠᠷᠢᠮᠠᠯ᠎ᠤᠨ ᠦᠷ᠎ᠡ ᠠᠰᠢᠭ᠋ ᠳᠣᠣᠷ᠎ᠠ ᠪᠠᠢᠭ᠎ᠠ ᠠᠰᠠᠭᠤᠳᠠᠯ᠎ᠳᠤ ᠴᠢᠭᠯᠡᠭᠦᠯᠦᠨ᠂ ᠤᠳᠤᠷᠢᠳᠬᠤ ᠪᠠᠭ᠎ᠤᠨ ᠪᠦᠷᠢᠯᠳᠦᠭᠦᠨ ᠨᠠᠷ ᠡᠷᠦᠬᠡ ᠳᠠᠷᠠᠭᠠᠯᠠᠨ ᠰᠤᠷᠪᠤᠯᠵᠢᠯᠠᠵᠤ᠂ ᠮᠠᠳᠠᠭ᠎ᠲᠠᠢ ᠠᠰᠠᠭᠤᠯᠳᠠ ᠵᠢ ᠬᠦᠯᠢᠴᠡᠩᠭᠦᠢ᠎ᠪᠡᠷ ᠬᠠᠷᠢᠭᠤᠯᠵᠤ᠂ ᠪᠥᠬᠥ ᠲᠣᠰᠬᠣᠨ᠎ᠤ 6300 ᠮᠦ᠍ ᠲᠠᠷᠢᠶᠠᠨ ᠭᠠᠵᠠᠷ᠎ᠤᠨ ᠡᠵᠡᠩᠨᠡᠯᠲᠡ ᠢ᠋ᠢᠨ ᠡᠷᠬᠡ ᠵᠢ ᠪᠥᠬᠥ ᠲᠣᠰᠬᠣᠨ᠎ᠢᠶᠠᠷ ᠨᠢ ᠬᠦᠢᠯᠭᠡᠭᠡᠬᠦ ᠵᠢ ᠪᠡᠶᠡᠯᠡᠭᠦᠯᠪᠡ᠃ ᠡᠭᠦᠨ᠎ᠢᠶᠡᠷ ᠰᠠᠭᠤᠷᠢ ᠪᠣᠯᠭᠠᠵᠤ᠂ ᠲᠣᠰᠬᠣᠨ᠎ᠤ ᠨᠠᠮ᠎ᠤᠨ ᠡᠭᠦᠷ᠎ᠡᠴᠡ ᠪᠠᠢ ᠰᠢᠩ ᠲᠠᠷᠢᠮᠠᠯ᠎ᠤᠨ ᠬᠤᠷᠰᠢᠶ᠎ᠠ᠎ᠶᠢ ᠳᠠᠭᠠᠭᠤᠯᠤᠨ ᠪᠠᠢᠭᠤᠯᠵᠤ᠂ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠬᠤ᠎ᠳᠤ ᠰᠠᠢᠨ ᠡᠬᠢᠯᠡᠯᠲᠡ ᠲᠠᠢ ᠪᠤᠯᠭᠠᠵᠦ᠂ ᠪᠠᠲᠦ ᠴᠢᠩᠭ᠎ᠠ ᠰᠠᠭᠤᠷᠢ ᠵᠢ ᠲᠠᠯᠪᠢᠵᠦ ᠦᠭᠪᠡ᠃

ᠬᠤᠷᠰᠢᠶ᠎ᠠ ᠪᠠᠢᠭᠤᠯᠤᠭᠳᠠᠭᠰᠠᠨ᠎ᠤ ᠲᠠᠷᠠᠭ᠎ᠠ᠂ ᠲᠣᠰᠬᠣᠨ᠎ᠤ ᠨᠠᠮ᠎ᠤᠨ ᠡᠭᠦᠷ ᠤᠯᠤᠰ᠎ᠤᠨ ᠵᠠᠮ ᠳᠠᠭᠠᠤ᠎ᠶᠢᠨ ᠣᠷᠣᠨ ᠪᠠᠢᠷᠢ᠎ᠶᠢᠨ ᠳᠠᠪᠠᠭᠤᠯᠢᠭ᠋ ᠪᠣᠯᠣᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠵᠤ᠂ 《ᠨᠢᠭᠡ ᠲᠣᠰᠬᠣᠨ᠎ᠳᠤ ᠨᠢᠭᠡ ᠲᠦᠷᠦᠯ ᠵᠦᠢᠯ》 ᠤ᠋ᠨ ᠬᠥᠭᠵᠢᠯᠲᠡ᠎ᠶᠢᠨ ᠰᠡᠳᠬᠢᠴᠡ᠎ᠪᠡᠷ᠂ ᠨᠢᠭᠡ ᠵᠢᠯ᠎ᠦᠨ ᠳᠣᠲᠣᠷ᠎ᠠ ᠤᠷᠢᠳ ᠬᠣᠵᠢᠳ ᠨᠢᠭᠡ ᠤᠯᠠᠷᠢᠯ᠎ᠤᠨ ᠪᠤᠭᠤᠳᠠᠢ ᠪᠠ ᠨᠢᠭᠡ ᠤᠯᠠᠷᠢᠯ᠎ᠤᠨ ᠯᠤᠤᠪᠠᠩ ᠲᠠᠷᠢᠬᠤ ᠥᠨᠳᠥᠷ ᠪᠦᠲᠦᠮᠵᠢᠲᠡᠢ ᠲᠠᠷᠢᠮᠠᠯ᠎ᠤᠨ ᠵᠠᠭᠪᠤᠷ᠎ᠢ ᠳᠡᠯᠭᠡᠷᠡᠭᠦᠯᠵᠦ᠂ ᠭᠠᠵᠠᠷ ᠰᠢᠷᠣᠢ᠎ᠶᠢᠨ ᠤᠨᠠᠯᠲᠠ ᠢ᠋ᠢᠨ ᠦᠷ᠎ᠡ ᠠᠰᠢᠭ᠋᠎ᠢ ᠳᠡᠭᠡᠭᠰᠢᠯᠡᠭᠦᠯᠵᠡᠢ᠃ 《ᠰᠠᠨᠠᠭ᠎ᠠ ᠠᠮᠤᠷ ᠪᠤᠭᠤᠳᠠᠢ᠎ᠶᠢᠨ ᠲᠠᠷᠢᠶ᠎ᠠ》 ᠢ᠋ᠢᠨ ᠲᠦᠷᠦᠯ ᠵᠦᠢᠯ᠎ᠳᠦ ᠲᠦᠰᠢᠭᠯᠡᠨ ᠵᠠᠬᠢᠶᠠᠯᠠᠭ᠎ᠠ ᠪᠡᠷ ᠲᠠᠷᠢᠬᠤ ᠵᠢ ᠲᠠᠢᠴᠢᠯᠠᠬᠤ ᠢ᠋ᠢᠨ ᠬᠠᠮᠲᠦ᠂ ᠠᠵᠤ ᠦᠢᠯᠡᠰ᠎ᠦᠨ ᠬᠡᠯᠬᠢᠶ᠎ᠡ᠎ᠪᠡᠷ ᠯᠤᠤᠪᠠᠩ᠎ᠤᠨ ᠬᠠᠲᠠᠭᠠᠮᠠᠯ ᠡᠳ᠋ᠰᠢᠭᠦᠯᠵᠦ ᠭᠠᠳᠠᠭᠠᠳᠤ᠎ᠳᠤ ᠪᠣᠷᠣᠯᠠᠭᠤᠯᠬᠤ᠎ᠶᠢ ᠤᠷᠲᠤᠳᠬᠠᠬᠤ᠎ᠪᠠᠷ ᠲᠤᠷᠰᠢᠵᠤ᠂ ᠵᠢᠯ ᠪᠦᠷᠢ ᠲᠣᠰᠬᠣᠨ᠎ᠤ ᠬᠠᠮᠲᠤ ᠵᠢᠨ ᠤᠷᠤᠯᠭ᠎ᠠ ᠵᠢ 20 ᠲᠦᠮᠡᠨ ᠲᠥᠭᠥᠷᠢᠭ ᠨᠡᠮᠡᠭᠳᠡᠭᠦᠯᠵᠦ᠂ ᠬᠡᠰᠡᠭ ᠲᠣᠰᠬᠣᠨ᠎ᠤ ᠠᠷᠠᠳ᠎ᠤᠨ ᠭᠡᠷ᠎ᠦᠨ ᠡᠭᠦᠳᠡᠨ᠎ᠳᠡᠭᠡᠨ ᠠᠵᠢᠯ ᠣᠯᠬᠤ᠎ᠶᠢ ᠪᠡᠶᠡᠯᠡᠭᠦᠯᠵᠡᠢ᠃

ᠲᠤᠰᠬᠤᠨ᠎ᠤ ᠨᠠᠮ᠎ᠤᠨ ᠡᠭᠦᠷ ᠠᠮᠵᠢᠯᠳᠠ᠎ᠳᠠᠭᠠᠨ ᠳᠠᠢᠪᠤᠰᠢᠷᠠᠬᠰᠠᠨ ᠦᠭᠡᠢ᠂ ᠬᠠᠷᠢᠨ ᠨᠡᠩ ᠬᠤᠯᠠ ᠵᠢ ᠪᠠᠷᠠᠯᠠᠪᠠ᠃ 《ᠲᠦᠭᠦᠬᠡᠢ ᠠᠮᠤ ᠪᠣᠯᠣᠨ ᠠᠩᠬᠠᠨ᠎ᠤ ᠲᠠᠷᠢᠶᠠᠯᠠᠩ᠎ᠤᠨ ᠪᠦᠲᠦᠭᠡᠭᠳᠡᠬᠦᠨ ᠢ᠋ᠶ᠋ᠡᠨ ᠯᠡ ᠬᠤᠳᠠᠯᠳᠤᠪᠠᠯ ᠠᠰᠢᠭ᠋ ᠬᠣᠨᠵᠢᠪᠤᠷᠢ ᠪᠠᠭ᠎ᠠ᠂ ᠠᠶᠤᠯ ᠲᠦᠭᠰᠢᠭᠦᠷᠢ ᠶ᠋ᠢ ᠡᠰᠡᠷᠭᠦᠴᠡᠬᠦ ᠴᠢᠳᠠᠪᠤᠷᠢ ᠴᠤ᠌ ᠪᠠᠭᠤᠷᠠᠢ ᠪᠠᠢᠳᠠᠭ᠃ ᠭᠠᠵᠠᠷ ᠰᠢᠷᠣᠢ ᠡᠴᠡ ᠵᠤᠭᠤᠰ ᠮᠦᠩᠬᠦ ᠤᠯᠵᠦ᠂ ᠲᠣᠰᠬᠣᠨ᠎ᠤ ᠠᠷᠠᠳ᠎ᠤᠨ ᠣᠷᠣᠯᠭ᠎ᠠ ᠶ᠋ᠢ ᠦᠷᠭᠦᠯᠵᠢᠯᠡᠨ ᠨᠡᠮᠡᠭᠳᠡᠭᠦᠯᠦᠶ᠎ᠡ ᠭᠡᠪᠡᠯ ᠡᠷᠬᠡᠪᠰᠢ ᠨᠠᠷᠢᠯᠢᠭ᠋ ᠡᠳ᠋ᠰᠢᠭᠦᠯᠬᠦ ᠲᠠᠯ᠎ᠠ᠎ᠪᠠᠷ ᠬᠦᠴᠦᠯᠡᠬᠦ ᠬᠡᠷᠡᠭᠲᠡᠢ》 ᠭᠡᠵᠦ ᠳ᠋ᠦᠩ ᠱᠧᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠳ᠋ᠠᠢ ᠬᠣᠩ ᠪᠥᠸᠧ ᠢᠯᠡᠳᠬᠡᠪᠡ᠃ 2021 ᠣᠨ᠎ᠳᠤ᠂ ᠲᠣᠰᠬᠣᠨ᠎ᠤ ᠨᠠᠮ᠎ᠤᠨ ᠡᠭᠦᠷ᠎ᠦᠨ ᠬᠢᠨ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ᠎ᠶᠢᠨ ᠳᠤᠲᠠᠭᠤᠳᠠᠯ᠎ᠳᠤ ᠴᠢᠭᠯᠡᠭᠦᠯᠦᠨ᠂ ᠬᠤᠷᠰᠢᠶ᠎ᠠ᠎ᠶᠢᠨ ᠲᠣᠭᠲᠠᠪᠤᠷᠢᠲᠠᠢ ᠴᠢᠨᠠᠷ ᠰᠠᠢᠲᠠᠢ ᠪᠤᠭᠤᠳᠠᠢ᠎ᠶᠢᠨ ᠲᠦᠭᠦᠬᠡᠢ ᠮᠠᠲᠧᠷᠢᠶᠠᠯ᠎ᠤᠨ ᠬᠠᠩᠭᠠᠯᠭ᠎ᠠ᠎ᠳᠤ ᠲᠦᠰᠢᠭᠯᠡᠨ᠂ 125 ᠲᠦᠮᠡᠨ ᠲᠥᠭᠥᠷᠢᠭ᠎ᠦᠨ ᠬᠠᠮᠲᠤ᠎ᠶᠢᠨ ᠠᠵᠤ ᠠᠬᠤᠢ᠎ᠶᠢᠨ ᠪᠡᠯᠡ ᠮᠥᠩᠭᠥ ᠣᠷᠣᠭᠤᠯᠵᠤ᠂ 4.5 ᠮᠦ᠍ ᠭᠠᠵᠠᠷ ᠡᠵᠡᠯᠡᠬᠦ ᠣᠳᠣᠬᠢᠴᠢᠯᠠᠭᠰᠠᠨ ᠭᠤᠯᠢᠷ ᠪᠣᠯᠪᠠᠰᠤᠷᠠᠭᠤᠯᠬᠤ ᠦᠢᠯᠡᠳᠪᠦᠷᠢ᠎ᠶᠢ ᠪᠠᠢᠭᠤᠯᠤᠭᠰᠠᠨ ᠪᠥᠭᠡᠳ 《ᠮᠸᠩ ᠰᠢᠶᠠᠩ ᠵᠢᠶᠠ ᠾᠸ》 ᠣᠨᠴᠠᠯᠢᠭ᠍ᠲᠤ ᠲᠦᠷᠦᠯ ᠲᠡᠮᠳᠡᠭ᠎ᠢ ᠡᠭᠦᠳᠴᠡᠢ᠃ ᠬᠥᠮᠥᠷᠭᠡᠯᠡᠨ ᠬᠠᠳᠠᠭᠠᠯᠠᠬᠤ ᠡᠴᠡ ᠡᠳ᠋ᠰᠢᠭᠦᠯᠦᠨ ᠪᠣᠯᠪᠠᠰᠤᠷᠠᠭᠤᠯᠬᠤ ᠬᠦᠷᠲᠡᠯ᠎ᠡ᠂ ᠳᠠᠬᠢᠭᠠᠳ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ᠎ᠳᠤ ᠪᠣᠷᠣᠯᠠᠭᠤᠯᠬᠤ ᠬᠦᠷᠲᠡᠯ᠎ᠡ᠂ ᠨᠢᠭᠡ ᠴᠣᠭᠴᠠᠵᠢᠭᠤᠯᠤᠭᠰᠠᠨ ᠡᠵᠡᠩᠨᠡᠯᠲᠡ᠎ᠶᠢᠨ ᠰᠢᠰᠲ᠋ᠸᠮ ᠠᠯᠬᠤᠮ ᠠᠯᠬᠤᠮ᠎ᠢᠶᠠᠷ ᠲᠡᠭᠦᠯᠳᠡᠷᠵᠢᠵᠦ᠂ ᠪᠦᠷᠢᠨ ᠪᠦᠲᠦᠨ ᠠᠵᠤ ᠦᠢᠯᠡᠰ᠎ᠦᠨ ᠪᠢᠲᠡᠭᠦᠦ ᠴᠠᠭᠠᠷᠢᠭ᠋᠎ᠢ ᠪᠦᠷᠢᠯᠳᠦᠭᠦᠯᠪᠡ᠃

《ᠭᠠᠵᠠᠷ ᠰᠢᠷᠣᠢ ᠢ᠋ᠢᠨ ᠡᠵᠡᠩᠨᠡᠯᠲᠡ ᠢ᠋ᠢᠨ ᠡᠷᠬᠡ ᠵᠢ ᠬᠦᠢᠯᠭᠡᠭᠡᠬᠦ᠂ ᠬᠤᠷᠰᠢᠶ᠎ᠠ᠎ᠶᠢ ᠡᠵᠡᠩᠨᠡᠬᠦ᠎ᠡᠴᠡ ᠦᠢᠯᠡᠳᠪᠦᠷᠢ ᠪᠠᠶ᠋ᠢᠭᠤᠯᠬᠤ᠂ ᠡᠳ᠋ᠰᠢᠭᠦᠯᠦᠨ ᠪᠣᠯᠪᠠᠰᠤᠷᠠᠭᠤᠯᠬᠤ᠂ ᠲᠦᠷᠦᠯ ᠲᠡᠮᠳᠡᠭ ᠡᠭᠦᠳᠬᠦ ᠬᠦᠷᠲᠡᠯ᠎ᠡ᠂ ᠠᠯᠬᠤᠮ ᠪᠦᠷᠢ᠎ᠳᠦ ᠴᠥᠮ ᠨᠠᠮ᠎ᠤᠨ ᠡᠭᠦᠷ᠎ᠦᠨ ᠬᠦᠳᠦᠯᠦᠨ ᠳᠠᠭᠠᠭᠤᠯᠭ᠎ᠠ ᠡᠴᠡ ᠰᠠᠯᠵᠤ ᠴᠢᠳᠠᠬᠤ ᠦᠭᠡᠢ ᠶᠤᠮ᠃ ᠪᠢᠳᠡ ᠡᠨᠡ᠎ᠬᠦ ᠠᠵᠤ ᠦᠢᠯᠡᠰ᠎ᠢ ᠨᠠᠷᠢᠯᠢᠭ᠋ ᠪᠣᠳᠠᠲᠠᠢ ᠬᠢᠵᠦ᠂ ᠤᠯᠠᠨ᠎ᠳᠤ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠠᠰᠢᠭ᠋᠎ᠢ ᠡᠳ᠋ᠯᠡᠭᠦᠯᠤᠨ᠎ᠡ》 ᠭᠡᠵᠦ ᠭᠤᠯᠢᠷ᠎ᠤᠨ ᠦᠢᠯᠡᠳᠪᠦᠷᠢ᠎ᠶᠢᠨ ᠪᠣᠷᠤᠯᠠᠭᠤᠯᠭ᠎ᠠ᠎ᠶᠢᠨ ᠬᠠᠷᠢᠭᠤᠴᠠᠯᠭᠠᠲᠠᠨ ᠯᠢᠦ ᠯᠢ ᠰᠡᠳᠬᠢᠯ ᠬᠥᠳᠡᠯᠦᠨ ᠬᠡᠯᠡᠪᠡ᠃ ᠠᠵᠤ ᠦᠢᠯᠡᠰ᠎ᠦᠨ ᠬᠡᠯᠬᠢᠶ᠎ᠡ᠎ᠶᠢᠨ ᠥᠷᠭᠡᠳᠬᠦ᠎ᠶᠢ ᠳᠠᠭᠠᠯᠳᠤᠨ᠂ ᠳ᠋ᠦᠩ ᠱᠧᠩ ᠲᠣᠰᠬᠣᠨ᠎ᠤ ᠬᠥᠭᠵᠢᠯᠲᠡ᠎ᠶᠢᠨ ᠵᠠᠮ ᠶᠠᠪᠤᠬᠤ ᠲᠤᠳᠤᠮ ᠥᠷᠭᠡᠳᠴᠦ᠂ ᠨᠡᠩ ᠴᠤ᠌ ᠨᠠᠮ᠎ᠤᠨ ᠪᠠᠢᠭᠤᠯᠤᠯᠲᠠ ᠬᠦᠴᠦᠷᠬᠡᠭᠵᠢᠭᠰᠡᠨ᠂ ᠠᠵᠤ ᠦᠢᠯᠡᠰ ᠬᠥᠭᠵᠢᠭᠰᠡᠨ᠂ ᠤᠯᠠᠨ ᠲᠦᠮᠡᠨ ᠪᠠᠶᠠᠵᠢᠭ᠍ᠰᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ᠎ᠢ ᠨᠡᠭᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号