ᠣᠢᠷ᠎ᠠ᠎ᠳᠤ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠨᠠᠢ᠍ᠮᠠᠨ ᠰᠠᠯᠠᠭ᠎ᠠ ᠮᠥᠴᠢᠷ ᠬᠠᠮᠲᠤᠷᠠᠨ 《ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠡᠵᠡᠩᠨᠡᠯᠲᠡ᠎ᠶᠢᠨ ᠪᠡᠶᠡᠴᠢ ᠴᠣᠭᠴᠠ᠎ᠶᠢ ᠪᠣᠢᠵᠢᠭᠤᠯᠵᠤ ᠪᠤᠭᠤᠷᠤᠯᠴᠤᠳ᠎ᠤᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》 (ᠳᠣᠷᠣᠭ᠍ᠰᠢ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠵᠤ᠂ ᠣᠳᠣᠬᠠᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠠᠵᠤ ᠦᠢᠯᠡᠰ᠎ᠲᠦ ᠲᠤᠯᠭᠠᠷᠠᠵᠤ ᠪᠠᠢᠭ᠎ᠠ ᠠᠵᠠ ᠲᠣᠬᠢᠶᠠᠯ ᠪᠠ ᠥᠷᠢᠰᠦᠯᠳᠦᠭᠡᠨ᠎ᠳᠦ ᠣᠨᠣᠪᠴᠢᠲᠠᠶ ᠬᠠᠷᠢᠭᠤᠯᠲᠠ ᠥᠭᠴᠦ᠂ 14 ᠵᠦᠢᠯ᠎ᠦᠨ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠰᠢᠰᠲᠧᠮᠲᠦ ᠴᠢᠨᠠᠷᠲᠠᠢ ᠲᠥᠷᠥ᠎ᠶᠢᠨ ᠪᠣᠳᠣᠯᠭ᠎ᠠ᠎ᠶᠢᠨ ᠲᠤᠯᠭᠠᠭᠤᠷᠢᠯᠠᠯ᠎ᠢᠶᠠᠷ ᠪᠤᠭᠤᠷᠤᠯᠴᠤᠳ ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠥᠳᠡᠯᠭᠡᠬᠦ ᠬᠦᠴᠦᠨ ᠬᠠᠩᠭᠠᠪᠠ᠃
ᠮᠠᠨ᠎ᠤ ᠤᠯᠤᠰ᠎ᠤᠨ ᠬᠥᠮᠥᠨ ᠠᠮᠠ᠎ᠶᠢᠨ ᠨᠠᠰᠤᠵᠢᠯᠲᠠ᠎ᠶᠢᠨ ᠠᠬᠢᠴᠠ ᠲᠦᠷᠭᠡᠳᠬᠦ᠎ᠶᠢ ᠳᠠᠭᠠᠯᠳᠤᠨ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠡᠷᠡᠭᠴᠡᠭᠡ ᠤᠯᠠᠮ ᠨᠡᠮᠡᠭᠳᠡᠵᠦ᠂ ᠪᠤᠭᠤᠷᠤᠯᠴᠤᠳ᠎ᠤᠨ ᠬᠡᠷᠡᠭᠯᠡᠭᠡ ᠵᠢᠨ ᠵᠠᠬ᠎ᠠ ᠳᠡᠯᠭᠡᠭᠦᠷ ᠦᠷᠭᠦᠯᠵᠢᠯᠡᠨ ᠥᠷᠭᠡᠳᠴᠦ᠂ ᠪᠤᠭᠤᠷᠤᠯᠴᠤᠳ᠎ᠤᠨ ᠠᠵᠤ ᠠᠬᠤᠢ ᠨᠢᠭᠡᠨᠲᠡ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠠᠴᠠ ᠠᠵᠤ ᠠᠬᠤᠢ᠎ᠶᠢᠨ ᠰᠢᠨ᠎ᠡ ᠬᠥᠳᠡᠯᠭᠡᠭᠴᠢ ᠡᠨᠧᠷᠭᠢ᠎ᠶᠢ ᠪᠣᠢᠵᠢᠭᠤᠯᠬᠤ ᠴᠢᠬᠤᠯᠠ ᠭᠠᠷᠳᠠᠴᠠ ᠪᠣᠯᠵᠤ ᠲᠠᠰ ᠳᠡᠪᠰᠢᠪᠡ᠃ ᠬᠡᠷᠡᠭᠴᠡᠭᠡ ᠱᠠᠭᠠᠷᠳᠠᠯᠭ᠎ᠠ᠎ᠶᠢᠨ ᠳᠠᠯᠳᠠ ᠬᠦᠴᠦᠨ ᠪᠠ ᠬᠥᠭᠵᠢᠯᠲᠡ᠎ᠶᠢᠨ ᠬᠠᠨᠳᠤᠰᠢ᠎ᠠᠴᠠ ᠠᠪᠴᠤ ᠦᠵᠡᠪᠡᠯ᠂ ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠵᠠᠬ᠎ᠠ ᠳᠡᠯᠭᠡᠭᠦᠷ ᠵᠠᠪᠠᠯ ᠱᠠᠭᠠᠷᠳᠠᠭᠳᠠᠬᠣ ᠬᠡᠷᠡᠭᠴᠡᠭᠡ ᠵᠢ ᠥᠷᠭᠡᠳᠬᠡᠬᠦ ᠪᠠ ᠶᠠᠰᠤ ᠴᠢᠨᠠᠷ᠎ᠢ ᠲᠠᠰ ᠳᠡᠪᠰᠢᠭᠦᠯᠬᠦ ᠳᠠᠪᠬᠤᠷ ᠠᠵᠠ ᠲᠣᠬᠢᠶᠠᠯ᠎ᠢ ᠤᠭᠲᠤᠨ ᠠᠪᠴᠢᠷᠠᠵᠤ ᠪᠠᠢᠨ᠎ᠠ᠃
ᠣᠳᠣᠬᠠᠨ᠎ᠳᠤ ᠨᠠᠰᠣᠳᠠᠢᠴᠣᠳᠦᠨᠲᠣᠭᠠ ᠬᠡᠮᠵᠢᠶ᠎ᠡ ᠦᠷᠭᠦᠯᠵᠢᠯᠡᠨ ᠨᠡᠮᠡᠭᠳᠡᠵᠦ ᠪᠠᠢᠨ᠎ᠠ᠃ ᠡᠨᠡᠬᠦ ᠪᠠᠢᠳᠠᠯ ᠨᠢ ᠡᠮ ᠡᠮᠴᠢᠯᠡᠭᠡ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠬᠠᠷᠠᠭᠠᠯᠵᠠᠨ ᠠᠰᠠᠷᠠᠬᠤ ᠵᠡᠷᠭᠡ ᠬᠠᠮᠢᠶ᠎ᠠ ᠪᠦᠬᠦᠢ ᠠᠵᠢᠯ ᠲᠥᠷᠥᠯ᠎ᠦᠨ ᠨᠡᠮᠡᠭᠳᠡᠯ᠎ᠢ ᠲᠦᠷᠭᠡᠳᠬᠡᠪᠡ᠃ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠤ ᠳᠡᠭᠡᠷ᠎ᠡ ᠬᠠᠭᠠᠰ ᠵᠢᠯ᠎ᠳᠦ ᠨᠠᠰᠣᠳᠠᠢᠴᠣᠳ᠎ᠲᠦ ᠬᠠᠨᠳᠣᠭᠣᠯᠣᠭᠰᠠᠨ ᠭᠡᠷ ᠪᠦᠯᠢ᠎ᠶᠢᠨ ᠦᠢᠯᠡᠴᠢᠯᠡᠭᠡᠨ᠎ᠦ ᠦᠢᠯᠡᠰ᠂ ᠨᠠᠰᠣᠳᠠᠢᠴᠣᠳ᠎ᠲᠦ ᠬᠠᠨᠳᠣᠭᠣᠯᠣᠬᠰᠠᠨ ᠨᠡᠢᠭᠡᠮ᠎ᠦᠨ ᠰᠤᠪᠢᠯᠠᠯᠲᠠ ᠬᠢᠭᠡᠳ ᠲᠤᠰᠠᠯᠠᠬᠤ ᠦᠢᠯᠡᠴᠢᠯᠡᠭᠡᠨ᠎ᠦ ᠦᠢᠯᠡᠰ᠎ᠦᠨ ᠪᠣᠷᠣᠯᠠᠭᠤᠯᠤᠯᠲᠠ᠎ᠶᠢᠨ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 14.1%᠂ 8.8% ᠪᠠᠷ ᠨᠡᠮᠡᠭᠳᠡᠪᠡ; ᠨᠠᠰᠣᠳᠠᠢᠴᠣᠳ᠎ᠲᠦ ᠲᠣᠬᠢᠷᠠᠬᠣ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠦᠢᠯᠡᠳᠬᠦ ᠂ ᠡᠷᠡᠭᠦᠯᠵᠢᠯ᠎ᠦᠨ ᠪᠠᠭᠠᠵᠢ ᠦᠢᠯᠡᠳᠬᠦ᠂ ᠰᠢᠮ᠎ᠡ ᠲᠡᠵᠢᠭᠡᠯᠲᠦ ᠡᠷᠡᠭᠦᠯᠵᠢᠯ᠎ᠦᠨ ᠢᠳᠡᠭᠡᠨ ᠦᠢᠯᠡᠳᠴᠦ ᠪᠣᠷᠣᠯᠠᠭᠤᠯᠤᠭᠰᠠᠨ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 14.7%᠂ 12.1%᠂ 6.9% ᠪᠠᠷ ᠨᠡᠮᠡᠭᠳᠡᠪᠡ᠃
ᠨᠠᠰᠣᠳᠠᠢᠴᠣᠳ ᠠᠰᠠᠷᠠᠮᠵᠢ ᠵᠢ ᠴᠢᠬᠣᠯᠠᠴᠢᠯᠠᠨ ᠠᠩᠬᠠᠷᠴᠤ ᠪᠠᠢᠬᠰᠠᠨ ᠡᠴᠡ ᠪᠠᠨ ᠦᠳᠡᠯᠦᠬᠡ ᠨᠠᠰᠣ ᠪᠡᠨ ᠪᠠᠶᠠᠷ ᠪᠠᠶᠠᠰᠣᠯ ᠲᠠᠢ ᠡᠳ᠋ᠯᠡᠬᠦ ᠵᠢ ᠨᠡᠩ ᠠᠩᠬᠠᠷᠬᠣ ᠪᠣᠯᠪᠡ᠃ ᠪᠦᠷᠢᠳᠬᠡᠯ᠎ᠢ ᠦᠨᠳᠦᠰᠦᠯᠡᠪᠡᠯ᠂ 2025 ᠣᠨ᠎ᠤ ᠳᠡᠭᠡᠷ᠎ᠡ ᠬᠠᠭᠠᠰ ᠵᠢᠯ᠎ᠳᠦ᠂ ᠨᠠᠰᠤᠲᠠᠢᠴᠤᠳ᠎ᠤᠨ ᠵᠢᠭᠤᠯᠴᠢᠯᠠᠯ᠎ᠤᠨ ᠦᠢᠯᠡᠴᠢᠯᠡᠭᠡ᠂ ᠪᠡᠶ᠎ᠡ᠎ᠶᠢᠨ ᠲᠠᠮᠢᠷ ᠡᠷᠡᠭᠦᠯ ᠮᠡᠨᠳᠦ᠎ᠶᠢᠨ ᠦᠢᠯᠡᠴᠢᠯᠡᠭᠡ ᠪᠠ ᠰᠣᠶᠣᠯ ᠵᠤᠭ᠎ᠠ ᠴᠡᠩᠭᠡᠯ᠎ᠦᠨ ᠠᠵᠢᠯᠯᠠᠭ᠎ᠠ᠎ᠶᠢᠨ ᠪᠣᠷᠤᠯᠠᠭᠤᠯᠭ᠎ᠠ᠎ᠶᠢᠨ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 26.2%᠂ 23.9 % ᠪᠠ 20.7% ᠪᠠᠷ ᠨᠡᠮᠡᠭᠳᠡᠵᠦ᠂ ᠣᠶᠤᠨᠴᠢ ᠨᠠᠰᠤᠵᠢᠯ᠎ᠤᠨ ᠠᠰᠠᠷᠠᠮᠵᠢ᠂ ᠡᠷᠡᠭᠦᠯᠵᠢᠯ ᠰᠤᠪᠢᠯᠠᠯᠲᠠ ᠪᠠ ᠣᠷᠣᠨ ᠰᠠᠭᠤᠴᠠ᠂ ᠨᠠᠰᠤᠵᠢᠯ᠎ᠤᠨ ᠠᠰᠠᠷᠠᠮᠵᠢ᠎ᠶᠢᠨ ᠮᠥᠩᠭᠥᠨ ᠭᠦᠢᠯᠭᠡᠭᠡ ᠵᠡᠷᠭᠡ ᠬᠦᠷᠢᠶᠡᠨ᠎ᠳᠦ ᠴᠦ᠍ ᠭᠡᠨᠡᠳᠲᠡ᠎ᠶᠢᠨ ᠴᠢᠨᠠᠷᠲᠠᠢ ᠨᠡᠮᠡᠭᠳᠡᠯ᠎ᠦᠨ ᠪᠠᠢᠳᠠᠯ ᠢᠯᠡᠷᠡᠪᠡ᠃ ᠨᠠᠰᠤᠵᠢᠯ᠎ᠤᠨ ᠠᠰᠠᠷᠠᠮᠵᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠪᠦᠲᠦᠴᠡ᠎ᠶᠢᠨ ᠴᠢᠨᠠᠷᠲᠠᠢ ᠬᠤᠪᠢᠷᠠᠭᠤᠯᠬᠤ ᠪᠣᠯ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠠᠵᠢᠯ ᠲᠥᠷᠥᠯ᠎ᠦᠨ ᠴᠢᠨᠠᠷ ᠰᠠᠢᠲᠠᠢ ᠬᠥᠭᠵᠢᠯᠲᠡ᠎ᠶᠢᠨ ᠲᠦᠷᠭᠡᠳᠬᠡᠭᠦᠷ ᠮᠥᠨ᠂ ᠲᠡᠷᠡ ᠨᠢ ᠬᠠᠩᠭᠠᠯᠭ᠎ᠠ᠎ᠶᠢᠨ ᠲᠠᠯ᠎ᠠ ᠵᠢᠨ ᠦᠢᠯᠡᠴᠢᠯᠡᠭᠡᠨ᠎ᠦ ᠵᠠᠭᠪᠤᠷ᠎ᠲᠤ ᠲᠠᠰᠤᠷᠠᠯᠲᠠ ᠦᠭᠡᠢ ᠰᠢᠨ᠎ᠡ᠎ᠶᠢ ᠡᠭᠦᠳᠴᠦ᠂ ᠦᠢᠯᠡᠴᠢᠯᠡᠭᠡᠨ᠎ᠦ ᠪᠠᠷᠢᠮᠵᠢᠶ᠎ᠠ᠎ᠪᠠᠨ ᠲᠠᠰ ᠳᠡᠪᠰᠢᠭᠦᠯᠦᠨ᠂ ᠦᠢᠯᠡᠴᠢᠯᠡᠭᠡᠨ᠎ᠦ ᠲᠥᠷᠥᠯ ᠵᠦᠢᠯ ᠢ ᠪᠠᠶᠠᠯᠢᠭ᠍ᠵᠢᠭᠤᠯᠬᠤ᠎ᠶᠢᠨ ᠬᠠᠮᠲᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠣᠶᠣᠯ ᠵᠢᠭᠤᠯᠴᠢᠯᠠᠯ᠂ ᠡᠷᠡᠭᠦᠯ ᠮᠡᠨᠳᠦ ᠵᠡᠷᠭᠡ ᠬᠦᠷᠢᠶᠡᠨ᠎ᠳᠡᠬᠢ ᠭᠦᠨᠵᠡᠭᠡᠢ ᠠᠭᠤᠰᠤᠯᠴᠠᠯ ᠢ ᠲᠦᠷᠭᠡᠳᠬᠡᠪᠡ᠃
ᠡᠭᠦᠨ᠎ᠦ ᠬᠠᠮᠲᠤ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠠᠵᠤ ᠦᠢᠯᠡᠰ᠎ᠦᠨ ᠪᠦᠲᠦᠴᠡ ᠲᠡᠩᠴᠡᠭᠦᠷᠢ ᠪᠡᠨ ᠠᠯᠳᠠᠵᠤ᠂ ᠠᠰᠢᠭ᠋ ᠣᠯᠵᠠᠪᠤᠷᠢ ᠣᠯᠬᠤ᠎ᠳᠤ ᠬᠦᠴᠢᠷᠲᠡᠢ ᠪᠠᠢᠬᠤ᠂ ᠴᠢᠬᠤᠯᠠ ᠡᠯᠧᠮᠧᠨ᠋ᠲ᠎ᠦᠨ ᠪᠠᠲᠤᠯᠠᠭ᠎ᠠ ᠬᠦᠷᠦᠯᠴᠡᠬᠦ ᠦᠭᠡᠢ ᠪᠠᠢᠬᠤ ᠵᠡᠷᠭᠡ ᠠᠰᠠᠭᠤᠳᠠᠯ ᠴᠤ᠌ ᠢᠮᠠᠭᠲᠠ ᠣᠷᠣᠰᠢᠭ᠍ᠰᠠᠭᠠᠷ ᠢᠷᠡᠵᠡᠶ᠃ ᠬᠠᠩᠭᠠᠯᠭ᠎ᠠ᠎ᠶᠢᠨ ᠪᠦᠲᠦᠴᠡ᠎ᠡᠴᠡ ᠠᠪᠴᠤ ᠦᠵᠡᠪᠡᠯ᠂ ᠠᠷᠠᠳ᠎ᠠᠴᠠ ᠡᠷᠭᠢᠯᠡᠭᠰᠡᠨ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ(ᠠᠯᠪᠠᠨ᠎ᠠᠴᠠ ᠡᠷᠭᠢᠯᠡᠵᠤ ᠠᠷᠠᠳ᠎ᠠᠴᠠ ᠡᠵᠡᠩᠨᠡᠭᠰᠡᠨ ᠪᠠᠢᠭᠤᠯᠤᠮᠵᠢ ᠪᠠᠭᠲᠠᠨ᠎ᠠ) ᠵᠢ ᠬᠡᠪᠴᠢᠶᠡᠵᠢᠭᠦᠯᠦᠭᠰᠡᠨ᠂ ᠨᠠᠷᠠᠲᠤ ᠲᠡᠮᠳᠡᠭᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠲᠦᠪᠰᠢᠨ ᠬᠦᠷᠦᠯᠴᠡᠬᠦ ᠦᠭᠡᠢ ᠪᠠᠢᠵᠤ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠡᠷᠡᠭᠴᠡᠭᠡ ᠱᠠᠭᠠᠷᠳᠠᠯᠭ᠎ᠠ᠎ᠶᠢ ᠲᠠᠰᠤᠷᠠᠯᠲᠠ ᠦᠭᠡᠢ ᠳᠡᠭᠡᠭᠰᠢᠯᠡᠭᠦᠯᠬᠦ᠎ᠳᠦ ᠬᠦᠴᠢᠷᠲᠡᠢ ᠪᠠᠢᠨ᠎ᠠ; ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠲᠥᠬᠦᠭᠡᠷᠦᠮᠵᠢ᠂ ᠴᠢᠳᠠᠪᠤᠷᠢ᠎ᠪᠠᠨ ᠠᠯᠳᠠᠭᠰᠠᠨ᠎ᠢ ᠬᠠᠷᠠᠭᠠᠯᠵᠠᠨ ᠠᠰᠠᠷᠠᠬᠤ ᠵᠡᠷᠭᠡ ᠬᠦᠷᠢᠶᠡᠨ᠎ᠳᠦ ᠪᠠᠭᠤᠷᠠᠢ ᠭᠣᠭᠴᠣᠭ᠎ᠠ ᠣᠷᠣᠰᠢᠵᠤ᠂ ᠭᠡᠷ ᠲᠦ᠍ᠨᠢ ᠠᠰᠠᠷᠠᠬᠤ᠂ ᠨᠡᠢᠭᠡᠮ ᠲᠣᠭᠣᠷᠢᠭ᠋᠎ᠲᠤ ᠠᠰᠠᠷᠠᠬᠤ ᠴᠢᠨᠠᠷ ᠰᠠᠢᠲᠠᠢ ᠲᠦᠭᠡᠮᠡᠯ ᠬᠠᠷᠠᠭᠠᠯᠵᠠᠯᠲᠤ ᠬᠠᠩᠭᠠᠯᠭ᠎ᠠ ᠮᠥᠨ ᠬᠦ᠌ ᠳᠤᠲᠠᠭᠳᠠᠵᠤ ᠪᠠᠢᠨ᠎ᠠ᠃ ᠡᠵᠡᠩᠨᠡᠯᠲᠡ᠎ᠶᠢᠨ ᠲᠠᠯ᠎ᠠ᠎ᠠᠴᠠ ᠠᠪᠴᠤ ᠦᠵᠡᠪᠡᠯ᠂ ᠣᠷᠣᠭᠤᠯᠤᠯᠲᠠ ᠶᠡᠬᠡ᠂ ᠦᠶᠡᠯᠡᠯ᠎ᠦᠨ ᠬᠤᠭᠤᠴᠠᠭ᠎ᠠ ᠣᠷᠳᠣ᠌᠂ ᠬᠠᠷᠢᠭᠤ ᠣᠯᠭᠣᠮᠵᠢ ᠪᠠᠭ᠎ᠠ ᠪᠠᠢᠬᠤ ᠨᠢ ᠮᠥᠨ ᠯᠡ ᠠᠵᠢᠯ ᠲᠥᠷᠥᠯ᠎ᠦᠨ ᠨᠡᠢᠳᠡᠮ᠎ᠦᠨ ᠬᠦᠴᠢᠷᠳᠡᠯ ᠪᠣᠯᠵᠤ ᠪᠠᠢᠨ᠎ᠠ᠃ ᠡᠯᠧᠮᠧᠨ᠋ᠲ᠎ᠦᠨ ᠪᠠᠲᠤᠯᠠᠭ᠎ᠠ᠎ᠶᠢᠨ ᠲᠠᠯ᠎ᠠ᠎ᠠᠴᠠ ᠠᠪᠴᠤ ᠦᠵᠡᠪᠡᠯ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠪᠡᠯᠡ ᠮᠥᠩᠭᠥ ᠵᠡᠷᠭᠡ ᠡᠯᠧᠮᠧᠨ᠋ᠲ᠎ᠦᠨ ᠲᠣᠬᠢᠷᠠᠭᠤᠯᠤᠯᠲᠠ᠎ᠶᠢᠨ ᠵᠥᠷᠢᠴᠡᠯ ᠨᠢ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠎ᠦᠨ ᠦᠷᠭᠦᠯᠵᠢᠯᠡᠬᠦ ᠬᠥᠭᠵᠢᠯᠲᠡ᠎ᠶᠢ ᠨᠥᠯᠥᠭᠡᠯᠡᠵᠦ᠂ ᠲᠤᠰᠬᠠᠢ ᠮᠡᠷᠭᠡᠵᠢᠯ᠎ᠦᠨ ᠰᠤᠪᠢᠯᠠᠯᠲᠠ᠎ᠶᠢᠨ ᠴᠢᠳᠠᠪᠤᠷᠢᠲᠠᠨ ᠪᠠ ᠡᠷᠡᠭᠦᠯᠵᠢᠯ᠂ ᠨᠡᠢᠭᠡᠮ᠎ᠦᠨ ᠠᠵᠢᠯᠴᠢᠨ᠂ ᠰᠡᠳᠬᠢᠴᠡ ᠵᠡᠷᠭᠡ ᠬᠠᠮ ᠬᠡᠯᠪᠡᠷᠢ᠎ᠶᠢᠨ ᠴᠢᠳᠠᠪᠤᠷᠢᠲᠠᠨ᠎ᠤ ᠳᠤᠲᠠᠭᠤᠳᠠᠯ ᠪᠠᠭ᠎ᠠ ᠪᠤᠰᠤ ᠪᠠᠢᠵᠤ᠂ ᠠᠵᠢᠯ ᠲᠥᠷᠥᠯ᠎ᠦᠨ ᠴᠠᠯᠢᠩ ᠬᠥᠯᠥᠰᠦ᠎ᠶᠢᠨ ᠲᠠᠲᠠᠬᠤ ᠬᠦᠴᠦᠨ᠎ᠢ ᠤᠯᠠᠮ ᠳᠡᠭᠡᠭᠰᠢᠯᠡᠭᠦᠯᠬᠦ ᠴᠢᠬᠤᠯᠠᠲᠠᠢ ᠪᠠᠢᠨ᠎ᠠ᠃ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠠᠵᠤ ᠦᠢᠯᠡᠰ᠎ᠦᠨ ᠲᠦᠭᠵᠢᠷᠡᠯ ᠪᠠ ᠬᠦᠴᠢᠷᠳᠡᠯ᠎ᠳᠦ ᠴᠢᠭᠯᠡᠭᠦᠯᠦᠨ᠂ ᠨᠥᠬᠥᠪᠦᠷᠢ ᠥᠭᠴᠦ ᠲᠡᠳᠬᠦᠨ ᠳᠡᠮᠵᠢᠬᠦ ᠤᠯᠠᠮᠵᠢᠯᠠᠯᠲᠤ ᠪᠠᠢᠳᠠᠯ᠎ᠢ ᠡᠪᠳᠡᠬᠦ ᠴᠢᠬᠤᠯᠠᠲᠠᠢ᠂ 《ᠠᠷᠭ᠎ᠠ ᠬᠡᠮᠵᠢᠶ᠎ᠡ᠎ᠨᠦᠭᠦᠳ》 ᠨᠢ ᠡᠵᠡᠩᠨᠡᠯᠲᠡ᠎ᠶᠢᠨ ᠪᠡᠶᠡᠴᠢ ᠴᠣᠭᠴᠠ᠎ᠶᠢ ᠪᠣᠢᠵᠢᠭᠤᠯᠬᠤ᠎ᠪᠠᠷ ᠭᠠᠷᠳᠠᠴᠠ ᠪᠣᠯᠭᠠᠵᠤ᠂ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠰᠠᠨᠠᠭᠠᠴᠢᠯᠠᠨ᠂ ᠵᠠᠬ᠎ᠠ ᠳᠡᠯᠭᠡᠭᠦᠷ᠎ᠦᠨ ᠣᠳᠣᠬᠢ ᠪᠠᠢᠳᠠᠯ᠎ᠢ ᠡᠪᠳᠡᠬᠦ᠎ᠳᠦ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠲᠦᠷᠦᠯ ᠲᠡᠮᠳᠡᠭ ᠪᠣᠯᠭᠠᠬᠤ᠂ ᠪᠠᠷᠢᠮᠵᠢᠶᠠᠵᠢᠭᠤᠯᠬᠤ ᠪᠠᠢᠭᠤᠯᠤᠯᠲᠠ᠎ᠪᠠᠷ ᠳᠠᠮᠵᠢᠭᠤᠯᠤᠨ ᠠᠵᠢᠯ ᠲᠥᠷᠥᠯ᠎ᠦᠨ ᠡᠷᠴᠢᠮᠵᠢᠭᠦᠯᠦᠨ ᠬᠥᠭᠵᠢᠭᠦᠯᠬᠦ᠎ᠶᠢ ᠬᠥᠲᠥᠯᠥᠨ ᠵᠢᠯᠤᠭᠣᠳᠴᠤ᠂ ᠬᠡᠯᠬᠢᠶᠡᠵᠢᠭᠦᠯᠦᠨ ᠡᠵᠡᠩᠨᠡᠬᠦ ᠪᠠ ᠲᠦᠷᠦᠯ ᠲᠡᠮᠳᠡᠭ ᠦᠨ ᠢᠲᠡᠭᠡᠮᠵᠢ ᠪᠠᠶ᠋ᠢᠭᠤᠯᠬᠤ᠎ᠶᠢ ᠵᠣᠷᠢᠭ᠍ᠵᠢᠭᠤᠯᠤᠨ᠂ ᠲᠣᠯᠣᠭᠠᠢᠯᠠᠭᠴᠢ ᠠᠵᠤ ᠠᠬᠤᠢᠯᠠᠯ᠎ᠤᠨ ᠬᠡᠪᠴᠢᠶᠡᠵᠢᠭᠰᠡᠨ ᠨᠥᠯᠥᠭᠡ ᠵᠢ ᠪᠣᠶ ᠪᠣᠯᠭᠠᠬᠤ᠎ᠶᠢ ᠠᠬᠢᠭᠤᠯᠬᠤ᠎ᠪᠠᠷ ᠪᠠᠷᠠᠬᠤ ᠦᠭᠡᠢ᠂ ᠪᠠᠰᠠ ᠳᠤᠮᠳᠠ ᠵᠢᠵᠢᠭ ᠪᠠᠢᠭᠤᠯᠤᠮᠵᠢ᠎ᠶᠢ ᠳᠠᠶ᠋ᠢᠴᠢᠯᠠᠨ ᠵᠦᠷᠢᠶᠡᠴᠢᠯᠡᠭᠰᠡᠨ ᠵᠠᠮ᠎ᠢᠶᠠᠷ ᠵᠠᠮᠨᠠᠭᠤᠯᠵᠤ᠂ ᠡᠭᠦᠨ᠎ᠦ ᠤᠯᠠᠮ᠎ᠢᠶᠠᠷ ᠨᠠᠰᠤᠵᠢᠯ᠎ᠤᠨ ᠦᠢᠯᠡᠴᠢᠯᠡᠭᠡᠨ᠎ᠦ ᠠᠵᠤ ᠦᠢᠯᠡᠰ᠎ᠦᠨ 《ᠵᠢᠵᠢᠭ ᠲᠠᠷᠠᠬᠠᠢ ᠪᠠᠭᠤᠷᠠᠢ》 ᠪᠠᠢᠬᠤ ᠵᠠᠩᠭᠢᠯᠠᠭ᠎ᠠ᠎ᠶᠢᠨ ᠬᠢᠵᠠᠭᠠᠷᠯᠠᠯ᠎ᠢ ᠠᠷᠭᠠᠴᠠᠭᠠᠨ᠎ᠠ᠃
ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠠᠵᠤ ᠦᠢᠯᠡᠰ᠎ᠦᠨ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠠᠬᠢᠭᠤᠯᠬᠤ᠎ᠳᠤ ᠬᠡᠳᠦᠨ ᠵᠠᠩᠭᠢᠯᠠᠭ᠎ᠠ᠎ᠶᠢᠨ ᠴᠡᠭ᠎ᠢ ᠠᠩᠬᠠᠷᠤᠭᠤᠰᠢᠲᠠᠢ ᠪᠠᠢᠨ᠎ᠠ᠃
ᠨᠠᠰᠤᠵᠢᠯ᠎ᠤᠨ ᠦᠢᠯᠡᠴᠢᠯᠡᠭᠡ ᠬᠢᠭᠡᠳ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠶ ᠵᠣᠬᠢᠴᠠᠭᠤᠯᠬᠤ᠎ᠶᠢ ᠪᠡᠶᠡᠯᠡᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ ᠨᠠᠰᠤᠵᠢᠯ᠎ᠤᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠤ ᠂ ᠰᠦᠯᠵᠢᠶᠡᠨ ᠳᠡᠭᠡᠷᠡᠬᠢ ᠪᠠ ᠪᠤᠳᠠᠳᠤ ᠠᠬᠤᠢ ᠵᠢᠨ ᠠᠭᠤᠰᠤᠯᠴᠠᠯ᠎ᠢᠶᠠᠷ ᠳᠠᠮᠵᠢᠨ ᠂ ᠨᠠᠰᠤᠲᠠᠢᠴᠤᠳ᠎ᠤᠨ ᠦᠢᠯᠡᠴᠢᠯᠡᠭᠡᠨ᠎ᠦ ᠮᠡᠳᠡᠭᠡ ᠵᠠᠩᠭᠢ ᠶᠢ ᠳᠥᠭᠥᠮ ᠳᠥᠲᠡ ᠣᠯᠵᠤ ᠂ ᠡᠵᠡᠩᠨᠡᠯᠲᠡ᠎ᠶᠢᠨ ᠭᠣᠣᠯ ᠴᠣᠭᠴᠠ᠎ᠳᠤ ᠬᠡᠷᠡᠭᠯᠡᠭᠴᠢᠳ᠎ᠦᠨ ᠬᠡᠷᠡᠭᠴᠡᠭᠡ ᠱᠠᠭᠠᠷᠳᠠᠯᠭ᠎ᠠ᠎ᠶᠢ ᠲᠦᠷᠭᠡᠨ ᠮᠡᠳᠡᠭᠦᠯᠵᠦ᠂ ᠠᠮᠤᠷ ᠲᠦᠪᠰᠢᠨ᠎ᠦ ᠪᠠᠢᠳᠠᠯᠳᠣᠣᠷᠠ ᠲᠠᠪᠴᠠᠩ᠎ᠤᠨ ᠡᠬᠢ ᠪᠠᠶᠠᠯᠢᠭ᠋᠎ᠢ ᠡᠮᠬᠢᠯᠡᠨ ᠨᠡᠢᠳᠬᠡᠬᠦ᠎ᠶᠢ ᠠᠬᠢᠭᠤᠯᠤᠨ᠂ ᠡᠮᠴᠢᠯᠡᠭᠡᠨ᠎ᠦ ᠳᠠᠭᠠᠳᠬᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ᠎ᠤᠨ ᠶᠠᠪᠤᠳᠠᠯ᠂ ᠳᠣᠲᠣᠭᠠᠳᠤ᠎ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦ᠍ᠭᠡ ᠲᠣᠭ᠎ᠠ ᠪᠠᠷᠢᠮᠲᠠ᠎ᠶᠢ ᠬᠠᠮᠲᠤ ᠪᠠᠷ ᠭᠥᠷᠳᠡᠬᠦ᠎ᠶᠢ ᠪᠡᠶᠡᠯᠡᠭᠦᠯᠵᠦ᠂ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠪᠡᠷ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠤᠨ᠎ᠡ᠃ ᠲᠣᠭᠠᠴᠢᠯᠠᠭᠰᠠᠨ ᠮᠡᠷᠭᠡᠵᠢᠯ᠂ ᠣᠶᠤᠨᠴᠢ ᠬᠠᠲᠠᠭᠤ ᠲᠣᠨᠣᠭ᠂ ᠡᠳ᠋ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ᠂ ᠲᠣᠮᠣ᠌ ᠳ᠋ᠠᠢᠲ᠋ᠠ ᠵᠡᠷᠭᠡ ᠬᠣᠰᠢᠭᠤᠷᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠢᠭᠡᠳ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠠᠬᠤᠢ ᠪᠠᠢᠳᠠᠯ᠎ᠢ ᠭᠦᠨᠵᠡᠭᠡᠢ ᠠᠭᠤᠰᠤᠯᠴᠠᠭᠤᠯᠬᠤ᠎ᠪᠠᠷ ᠳᠠᠮᠵᠢᠨ᠂ ᠣᠳᠣᠬᠠᠨ᠎ᠤ ᠠᠵᠤ ᠦᠢᠯᠡᠰ᠎ᠦᠨ ᠬᠥᠭᠵᠢᠯᠲᠡ᠎ᠳᠦ ᠲᠤᠯᠭᠠᠷᠠᠵᠤ ᠪᠠᠢᠭ᠎ᠠ ᠬᠥᠮᠥᠨ᠎ᠦ ᠬᠦᠴᠦᠨ ᠳᠤᠲᠠᠭᠳᠠᠵᠤ ᠪᠠᠢᠬᠤ᠂ ᠬᠠᠩᠭᠠᠯᠭ᠎ᠠ ᠬᠡᠷᠡᠭᠴᠡᠭᠡ ᠰᠣᠯᠪᠢᠴᠠᠭᠰᠠᠨ᠂ ᠡᠵᠡᠩᠨᠡᠯᠲᠡ᠎ᠶᠢᠨ ᠥᠪᠡᠷ᠎ᠦᠨ ᠥᠷᠲᠡᠭ ᠥᠨᠳᠥᠷ ᠪᠠᠢᠬᠤ ᠵᠡᠷᠭᠡ ᠥᠷᠢᠰᠦᠯᠳᠦᠭᠡᠨ ᠢ ᠴᠢᠷᠮᠠᠢᠨ ᠰᠢᠢᠳᠪᠦᠷᠢᠯᠡᠵᠦ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ᠎ᠶᠢ ᠲᠣᠭᠠᠴᠢᠯᠠᠭᠰᠠᠨ᠂ ᠨᠠᠷᠢᠯᠢᠭ᠍ᠵᠢᠭᠤᠯᠤᠭᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠨ᠎ᠠ᠃ ᠡᠭᠦᠨ᠎ᠦ ᠬᠠᠮᠲᠤ ᠂ ᠵᠣᠬᠢᠶᠠᠮᠠᠯ ᠣᠶᠤᠨ ᠴᠢᠳᠠᠪᠤᠷᠢ᠂ ᠮᠠᠰᠢᠨ ᠬᠥᠮᠥᠨ᠎ᠦ ᠦᠢᠯᠡᠳᠬᠦᠨ᠎ᠦ ᠡᠭᠡᠯᠵᠢᠯᠡᠨ ᠰᠣᠯᠢᠭ᠍ᠳᠠᠬᠤ ᠲᠦᠷᠭᠡᠳᠬᠦ᠎ᠶᠢ ᠳᠠᠭᠠᠯᠳᠤᠨ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠳᠤ ᠲᠤᠢᠯ᠎ᠤᠨ ᠰᠠᠢᠨ ᠬᠡᠷᠡᠭᠯᠡᠭᠡᠨ᠎ᠦ ᠪᠠᠢᠳᠠᠯ᠎ᠢ ᠨᠡᠭᠡᠭᠡᠨ ᠥᠭᠴᠦ᠂ ᠣᠶᠤᠨᠴᠢ ᠨᠠᠰᠤᠵᠢᠯ᠎ᠤᠨ ᠠᠰᠠᠷᠠᠮᠵᠢ᠂ ᠬᠠᠲᠠᠭᠤ ᠲᠣᠨᠣᠭ ᠦᠢᠯᠡᠳᠬᠦ᠂ ᠦᠢᠯᠡᠴᠢᠯᠡᠭᠡ ᠡᠵᠡᠩᠨᠡᠯᠲᠡ᠎ᠶᠢ ᠨᠢᠭᠡ ᠴᠣᠭᠴᠠᠵᠢᠭᠤᠯᠤᠭᠰᠠᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠠᠮᠢ ᠠᠬᠤᠢ᠎ᠶᠢ ᠪᠦᠷᠢᠯᠳᠦᠭᠦᠯᠬᠦ ᠪᠣᠯᠣᠮᠵᠢ᠎ᠲᠠᠢ ᠪᠤᠯᠵᠤ ᠪᠠᠢᠨ᠎ᠠ᠃
ᠨᠠᠰᠤᠵᠢᠯ᠎ᠤᠨ ᠦᠢᠯᠡᠴᠢᠯᠡᠭᠡᠨ᠎ᠦ ᠠᠵᠤ ᠦᠢᠯᠡᠰ᠎ᠲᠦ ᠴᠢᠬᠤᠯᠠ ᠡᠯᠸᠮᠸᠨ᠋ᠲ ᠦᠨ ᠰᠠᠭᠤᠷᠢ ᠪᠠᠲᠤᠯᠠᠭ᠎ᠠ ᠬᠠᠩᠭᠠᠨ᠎ᠠ᠃ ᠭᠠᠵᠠᠷ ᠰᠢᠷᠣᠢ᠂ ᠪᠡᠯᠡ ᠮᠥᠩᠭᠥ᠂ ᠴᠢᠳᠠᠪᠤᠷᠢᠲᠠᠨ᠂ ᠮᠡᠷᠭᠡᠵᠢᠯ ᠵᠡᠷᠭᠡ ᠭᠣᠣᠯᠯᠠᠬᠤ ᠬᠦᠴᠦᠨ ᠵᠦᠢᠯ ᠦᠨ ᠲᠣᠭᠣᠷᠢᠨ᠎ᠳᠤ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠨᠡᠢᠲᠡᠯᠡᠨ᠎ᠡ᠂ ᠵᠢᠱ᠌ᠢᠶᠡᠯᠡᠪᠡᠯ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ᠂ ᠰᠤᠯᠠ ᠪᠠᠢᠭ᠎ᠠ ᠭᠠᠵᠠᠷ᠎ᠢ ᠠᠰᠢᠬᠯᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠭᠠᠵᠠᠷ ᠰᠢᠷᠣᠢ᠎ᠶᠢᠨ ᠪᠠᠲᠤᠯᠠᠭ᠎ᠠ᠎ᠶᠢ ᠴᠢᠩᠭᠠᠳᠬᠠᠨ᠎ᠠ; ᠡᠳ᠋᠎ᠦᠨ ᠵᠠᠰᠠᠭ᠎ᠤᠨ ᠣᠷᠣᠭᠤᠯᠤᠯᠲᠠ᠎ᠶᠢ ᠰᠢᠯᠢᠳᠡᠭᠵᠢᠭᠦᠯᠬᠦ᠂ ᠮᠥᠩᠭᠥᠨ ᠭᠦᠢᠯᠭᠡᠭᠡᠨ᠎ᠦ ᠳᠡᠮᠵᠢᠯᠭᠡ ᠦᠵᠡᠭᠦᠯᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠨᠡᠢᠭᠡᠮ᠎ᠦᠨ ᠬᠥᠷᠥᠩᠭᠡ᠎ᠶᠢ ᠲᠡᠳᠡᠨ ᠣᠷᠣᠯᠴᠠᠭᠤᠯᠤᠨ᠎ᠠ; ᠴᠢᠳᠠᠪᠤᠷᠢᠲᠠᠨ᠎ᠢ ᠬᠥᠮᠥᠵᠢᠭᠦᠯᠬᠦ᠎ᠶᠢ ᠥᠷᠭᠡᠳᠬᠡᠬᠦ᠂ ᠴᠢᠳᠠᠪᠤᠷᠢᠲᠠᠨ᠎ᠢ ᠤᠷᠮᠠᠰᠢᠭᠤᠯᠬᠤ ᠵᠡᠷᠭᠡ ᠲᠣᠭᠲᠠᠴᠠ᠎ᠶᠢ ᠰᠢᠯᠢᠳᠡᠭᠵᠢᠭᠦᠯᠬᠦ᠎ᠪᠡᠷ ᠳᠠᠮᠵᠢᠭᠤᠯᠤᠨ ᠲᠤᠰᠬᠠᠢ ᠮᠡᠷᠭᠡᠵᠢᠯ᠎ᠦᠨ ᠡᠩᠨᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃
ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ ᠪᠣᠯ ᠲᠦᠭ ᠲᠦᠮᠡᠨ ᠨᠠᠰᠤᠲᠠᠢᠴᠤᠳ᠎ᠤᠨ ᠪᠤᠶᠠᠨ ᠵᠢᠷᠭᠠᠯᠳᠤ ᠬᠣᠯᠪᠣᠭᠳᠠᠬᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠮᠥᠨ᠂ ᠪᠠᠰᠠ ᠴᠤ᠌ ᠮᠥᠩᠭᠥᠨ ᠭᠦᠢᠯᠭᠡᠭᠡᠨ᠎ᠦ ᠠᠵᠤ ᠠᠬᠤᠢ᠎ᠶᠢᠨ ᠳᠠᠯᠳᠠ ᠬᠦᠴᠦᠨ᠎ᠢ ᠬᠥᠭᠵᠢᠭᠡᠬᠦ᠂ ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠬᠦᠭᠵᠢᠬᠦᠯᠬᠦ ᠴᠢᠬᠤᠯᠠ ᠬᠦᠷᠢᠶ᠎ᠡ ᠮᠥᠨ᠃ ᠬᠠᠩᠭᠠᠯᠭ᠎ᠠ ᠬᠡᠷᠡᠭᠴᠡᠭᠡ᠎ᠶᠢ ᠪᠤᠷᠤᠭᠤ ᠲᠣᠬᠢᠷᠠᠭᠤᠯᠤᠭᠰᠠᠨᠢ ᠰᠢᠢᠳᠪᠦᠷᠢᠯᠡᠬᠦ᠂ ᠬᠠᠩᠭᠠᠯᠭ᠎ᠠ᠎ᠶᠢᠨ ᠪᠦᠲᠦᠴᠡ᠎ᠶᠢ ᠰᠢᠯᠢᠳᠡᠭᠵᠢᠭᠦᠯᠬᠦ᠂ ᠬᠠᠩᠭᠠᠯᠭ᠎ᠠ᠎ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠠᠩᠭᠠᠯᠭ᠎ᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠥᠭᠡᠷᠡᠴᠢᠯᠡᠯᠲᠡ᠎ᠶᠢᠨ ᠬᠠᠷᠠᠯᠲᠠ᠎ᠶᠢᠨ ᠲᠣᠭᠣᠷᠢᠨ᠎ᠳᠤ᠂ ᠬᠡᠷᠡᠭᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠨ ᠬᠠᠩᠭᠠᠯᠭ᠎ᠠ ᠶᠢᠨ ᠲᠠᠯ᠎ᠠ ᠵᠢᠨ ᠪᠦᠲᠦᠴᠡ᠂ ᠵᠠᠭᠪᠤᠷ ᠬᠢᠭᠡᠳ ᠦᠷ᠎ᠡ ᠪᠦᠲᠦᠮᠵᠢ᠎ᠶᠢ ᠲᠣᠬᠢᠷᠠᠭᠤᠯᠵᠤ᠂ ᠮᠠᠨ᠎ᠤ ᠤᠯᠤᠰ᠎ᠤᠨ ᠨᠠᠰᠤᠵᠢᠯᠲᠠ᠎ᠶᠢᠨ ᠪᠠᠢᠳᠠᠯ᠎ᠳᠤ ᠲᠣᠬᠢᠷᠠᠭᠰᠠᠨ᠂ ᠠᠷᠠᠳ᠎ᠤᠨ ᠠᠮᠢᠳᠤᠷᠠᠯ ᠬᠢᠭᠡᠳ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠠᠪᠰᠤᠷᠭᠠᠭᠰᠠᠨ ᠨᠠᠰᠤᠵᠢᠯ ᠤᠨ ᠦᠢᠯᠡᠴᠢᠯᠡᠭᠡᠨ ᠦ ᠬᠠᠩᠭᠠᠯᠭ᠎ᠠ᠎ᠶᠢᠨ ᠰᠢᠰᠲᠧᠮ ᠢ ᠪᠠᠢᠭᠤᠯᠬᠤ ᠴᠢᠬᠤᠯᠠᠳᠠᠢ᠃
( ᠵᠣᠬᠢᠶᠠᠭ᠍ᠴᠢ ᠵᠢᠨ ᠬᠠᠶᠢᠭ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ)
— 《ᠭᠤᠸᠠᠩᠮᠢᠩ ᠡᠳᠦᠷ᠎ᠦᠨ ᠰᠣᠨᠢᠨ》 ᠡᠴᠡ