ᠵᠣᠬᠢᠶᠠᠮᠠᠯ ᠣᠶᠤᠨ ᠴᠢᠳᠠᠪᠤᠷᠢ᠎ᠶᠢ ᠠᠵᠤ ᠦᠢᠯᠡᠰ᠎ᠦᠨ ᠰᠢᠨ᠎ᠡ ᠵᠢ ᠡᠬᠦᠳᠬᠦ᠎ᠳᠦ ᠠᠭᠤᠰᠣᠯᠴᠠᠭᠤᠯᠤᠶ᠎ᠠ
2026-03-16 10:20:14
ᠵᠣᠬᠢᠶᠠᠭ᠍ᠴᠢ᠄
ᠵᠠᠩ ᠯᠢᠨ ᠱᠠᠨ ᠭᠦᠩ ᠫᠢ ᠮᠢᠩ
ᠣᠩᠱᠢᠭ᠍ᠰᠠᠨ ᠣᠳᠠᠭ᠎ᠠ᠄
★★★☆☆

2025 ᠣᠨ᠎ᠳᠤ᠂ ᠮᠠᠨ᠎ᠤ ᠤᠯᠤᠰ᠎ᠤᠨ ᠵᠣᠬᠢᠶᠠᠮᠠᠯ ᠣᠶᠣᠨ ᠴᠢᠳᠠᠪᠣᠷᠢ ᠵᠢᠨ ᠠᠵᠤ ᠦᠢᠯᠡᠰ᠎ᠦᠨ ᠠᠮᠢᠵᠢᠷᠠᠯ᠎ᠤᠨ ᠬᠦᠴᠦᠨ ᠪᠡᠲᠡᠷᠡᠵᠦ᠂ ᠬᠢᠯᠠᠰ ᠴᠡᠭ ᠵᠠᠯᠭᠠᠭ᠎ᠠ᠎ᠪᠠᠷ ᠢᠯᠡᠷᠡᠵᠦ᠂ ᠵᠣᠬᠢᠶᠠᠮᠠᠯ ᠣᠶᠤᠨ ᠴᠢᠳᠠᠪᠣᠷᠢ ᠵᠢᠨ ᠠᠵᠤ ᠠᠬᠤᠢᠯᠠᠯ᠎ᠤᠨ ᠲᠣᠭ᠎ᠠ 6000 ᠶ᠋ᠢ ᠳᠠᠪᠠᠵᠤ᠂ ᠭᠣᠣᠯᠯᠠᠬᠤ ᠠᠵᠤ ᠦᠢᠯᠡᠰ᠎ᠦᠨ ᠬᠡᠪᠴᠢᠶ᠎ᠡ ᠵᠢᠱ᠌ᠢᠯᠲᠡ᠎ᠪᠡᠷ1.2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠨ᠎ᠠ᠃ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠭᠦᠨᠵᠡᠭᠡᠢᠷᠡᠨ ᠤᠯᠠᠷᠢᠵᠤ ᠪᠠᠢᠭ᠎ᠠ ᠠᠬᠤᠢ ᠪᠠᠢᠳᠠᠯ ᠳᠣᠣᠷ᠎ᠠ ᠂ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ ᠮᠠᠰᠢ ᠲᠦᠷᠭᠡᠨ ᠪᠠᠢᠵᠤ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠪᠤᠢ ᠪᠣᠯᠭᠠᠭᠰᠠᠨ᠎ᠢᠶᠠᠷ ᠪᠠᠷᠠᠬᠤ ᠦᠭᠡᠢ᠂ ᠨᠡᠩ ᠴᠤ᠌ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠡᠪ ᠵᠠᠭᠪᠤᠷ᠎ᠢ  ᠬᠦᠳᠦᠯᠦᠨ ᠲᠠᠭᠠᠭᠣᠯᠬᠣ ᠲᠠᠯ᠎ᠠ ᠪᠡᠷ ᠰᠢᠰᠲᠧᠮᠲᠦ ᠴᠢᠨᠠᠷᠲᠠᠢ᠂ ᠦᠨᠳᠦᠰᠦᠨ ᠴᠢᠨᠠᠷᠲᠠᠢ ᠬᠤᠪᠢᠰᠤᠯᠲᠠ᠎ᠭᠠᠷᠴᠤ᠂ ᠰᠤᠳᠤᠯᠤᠨ ᠨᠡᠭᠡᠭᠡᠬᠦ ᠠᠵᠢᠯᠯᠠᠭ᠎ᠠ ᠤᠯᠠᠮᠵᠢᠯᠠᠯᠲᠤ ᠬᠥᠮᠥᠨ᠎ᠦ ᠬᠦᠴᠦᠨ ᠲᠥᠪᠯᠡᠷᠡᠭᠰᠡᠨ ᠬᠡᠯᠪᠡᠷᠢ᠂ ᠲᠤᠷᠰᠢᠯᠲᠠ ᠬᠢᠬᠦ ᠬᠡᠯᠪᠡᠷᠢ᠎ᠡᠴᠡ ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠬᠤ᠂ ᠣᠶᠤᠨᠴᠢ᠎ᠪᠠᠷ ᠵᠣᠬᠢᠶᠠᠬᠣ᠂ ᠬᠠᠮᠵᠢᠯᠴᠠᠨ ᠵᠡᠷᠭᠡ᠎ᠪᠡᠷ ᠶᠠᠪᠤᠭᠳᠠᠭᠤᠯᠬᠤ ᠪᠠ ᠦᠷᠭᠦᠯᠵᠢᠯᠡᠨ ᠣᠷᠣᠯᠠᠭᠤᠯᠬᠤ ᠰᠢᠨ᠎ᠡ ᠵᠠᠭᠪᠤᠷ᠎ᠲᠤ ᠲᠦᠷᠭᠡᠨ ᠰᠢᠯᠵᠢᠵᠤ ᠪᠠᠢᠨ᠎ᠠ᠃

ᠪᠦᠬᠦ ᠪᠥᠮᠪᠥᠷᠴᠡᠭ᠎ᠢ ᠠᠵᠢᠬᠯᠠᠪᠠᠯ᠂ ᠵᠣᠬᠢᠶᠠᠮᠠᠯ ᠤᠶᠤᠨ ᠴᠢᠳᠠᠪᠤᠷᠢ᠎ᠶᠢᠨ ᠰᠤᠳᠤᠯᠤᠨ ᠨᠡᠭᠡᠭᠡᠬᠦ ᠶᠠᠪᠤᠴᠠ᠎ᠳᠠᠬᠢ ᠬᠡᠷᠡᠭᠯᠡᠯᠲᠡ ᠨᠢ ᠨᠢᠭᠡᠨᠲᠡ ᠬᠡᠰᠡᠭ ᠲᠠᠯ᠎ᠠ᠎ᠶᠢᠨ ᠪᠠᠭᠠᠵᠢ᠎ᠶᠢᠨ ᠬᠡᠷᠡᠭᠯᠡᠯᠲᠡ᠎ᠡᠴᠡ ᠪᠦᠬᠦ ᠶᠠᠪᠤᠴᠠ᠂ ᠪᠦᠬᠦ ᠡᠯᠧᠮᠧᠨ᠋ᠲ᠎ᠦᠨ ᠭᠦᠨᠵᠡᠭᠡᠢ ᠠᠭᠤᠰᠤᠯᠴᠠᠬᠰᠠᠨ ᠰᠢᠨ᠎ᠡ ᠱᠠᠲᠤᠨ᠎ᠳᠤ ᠣᠷᠣᠪᠠ᠃ ᠨᠢᠭᠡ ᠲᠠᠯ᠎ᠠ᠎ᠪᠠᠷ᠂ ᠵᠣᠬᠢᠶᠠᠮᠠᠯ ᠣᠶᠤᠨ ᠴᠢᠳᠠᠪᠤᠷᠢ ᠨᠢ ᠡᠮᠦᠨ᠎ᠡ ᠹᠷᠤᠨᠲ᠎ᠦᠨ ᠰᠢᠨᠵᠢᠯᠡᠬᠦ ᠤᠬᠠᠭᠠᠨ᠎ᠤ ᠢᠯᠡᠷᠡᠭᠦᠯᠦᠯᠲᠡ᠎ᠶᠢᠨ 《ᠲᠦᠷᠭᠡᠳᠬᠡᠭᠦᠷ》 ᠪᠣᠯᠵᠤ ᠪᠠᠢᠨ᠎ᠠ᠃ ᠠᠮᠢᠳᠤ ᠪᠣᠳᠠᠰ᠎ᠤᠨ ᠡᠮ ᠡᠮᠨᠡᠯᠭᠡ᠂ ᠰᠢᠨ᠎ᠡ ᠮᠠᠲᠧᠷᠢᠶᠠᠯ᠂ ᠰᠢᠨ᠎ᠡ ᠡᠨᠧᠷᠭᠢ ᠵᠡᠷᠭᠡ ᠬᠦᠷᠢᠶᠡᠨ᠎ᠳᠦ᠂ ᠵᠣᠬᠢᠶᠠᠮᠠᠯ ᠣᠶᠤᠨ ᠴᠢᠳᠠᠪᠤᠷᠢ ᠶᠡᠬᠡ ᠬᠡᠮᠵᠢᠶᠡᠨ᠎ᠦ ᠰᠢᠨᠵᠢᠯᠡᠬᠦ ᠤᠬᠠᠭᠠᠨ᠎ᠤ ᠲᠣᠭ᠎ᠠ ᠪᠠᠷᠢᠮᠲᠠ ᠪᠣᠯᠣᠨ ᠰᠤᠷᠪᠤᠯᠵᠢ ᠪᠢᠴᠢᠭ᠎ᠢ ᠥᠨᠳᠥᠷ ᠪᠦᠲᠦᠮᠵᠢᠲᠡᠶ ᠰᠢᠢᠳᠪᠦᠷᠢᠯᠡᠬᠦ᠎ᠪᠡᠷ ᠳᠡᠮᠵᠢᠨ᠂ ᠤᠤᠯ᠎ᠤᠨ ᠬᠡᠳᠦᠨ ᠵᠢᠯ ᠵᠠᠷᠤᠴᠠᠭᠤᠯᠳᠠᠭ ᠬᠠᠢᠨ ᠰᠦᠪᠡᠭᠴᠢᠯᠡᠬᠦ ᠶᠠᠪᠤᠴᠠ᠎ᠶᠢ ᠬᠡᠳᠦᠨ ᠰᠠᠷ᠎ᠠ ᠴᠢᠨᠠᠭᠰᠢᠯᠠᠪᠠᠯ ᠬᠡᠳᠦᠨ ᠭᠠᠷᠠᠭ ᠪᠣᠯᠭᠠᠨ ᠪᠤᠭᠤᠨᠢᠰᠬᠠᠵᠦ᠂ ᠰᠠᠭᠤᠷᠢ ᠰᠤᠳᠤᠯᠭᠠᠨ᠎ᠤ ᠬᠡᠷᠡᠭᠰᠡᠬᠦ ᠴᠠᠭ ᠪᠠ ᠥᠪᠡᠷ᠎ᠦᠨ ᠥᠷᠲᠡᠭ᠎ᠢ ᠢᠯᠡᠳᠲᠡ ᠪᠠᠭᠤᠷᠠᠭᠤᠯᠵᠠᠢ᠃ ᠨᠥᠭᠥᠭᠡ ᠲᠠᠯ᠎ᠠ᠎ᠪᠠᠷ᠂ ᠵᠣᠬᠢᠶᠠᠮᠠᠯ ᠣᠶᠤᠨ ᠴᠢᠳᠠᠪᠣᠷᠢ ᠪᠡᠷ  ᠠᠵᠤ ᠦᠢᠯᠡᠰ᠎ᠦᠨ ᠮᠡᠷᠭᠡᠵᠢᠯ᠎ᠢ ᠨᠡᠭᠡᠭᠡᠨ ᠬᠥᠭᠵᠢᠭᠦᠯᠬᠦ᠎ᠶᠢ ᠠᠬᠢᠭᠤᠯᠵᠤ ᠪᠤᠢ᠃ ᠦᠢᠯᠡᠳᠬᠦᠨ᠎ᠦ ᠵᠢᠷᠤᠭ ᠲᠥᠯᠥᠪᠯᠡᠭᠡᠨ᠎ᠦ ᠭᠤᠭᠴᠣᠭ᠎ᠠ᠎ᠳᠤ ᠂ ᠴᠢᠳᠠᠮᠵᠢ᠎ᠶᠢᠨ ᠱᠠᠭᠠᠷᠳᠠᠯᠭ᠎ᠠ᠎ᠶᠢ ᠦᠨᠳᠦᠰᠦᠯᠡᠨ ᠤᠯᠠᠨ ᠵᠦᠢᠯ᠎ᠦᠨ ᠵᠢᠷᠤᠭ ᠲᠥᠯᠥᠪᠯᠡᠭᠡᠨ᠎ᠦ ᠲᠥᠰᠥᠯ᠎ᠭᠠᠷᠭᠠᠵᠤ ᠪᠣᠯᠣᠨ᠎ᠠ; ᠪᠣᠳᠠᠳᠠᠢ᠎ᠳᠦ ᠬᠠᠨᠳᠣᠭᠣᠯᠣᠬᠰᠠᠨ ᠬᠢᠨᠠᠨ ᠰᠢᠯᠭᠠᠬᠣ ᠭᠣᠭᠴᠣᠭ᠎ᠠ᠎ᠳᠦ᠂ ᠬᠢᠨᠡᠨ ᠰᠢᠯᠭᠠᠬᠤ ᠤᠳᠠᠭ᠎ᠠ᠎ᠶᠢ ᠪᠠᠭᠠᠰᠬᠠᠵᠤ ᠪᠤᠯᠤᠨ᠎ᠠ; ᠤᠷ᠎ᠠ ᠮᠡᠷᠭᠡᠵᠢᠯ᠎ᠢ ᠰᠢᠯᠢᠳᠡᠭᠵᠢᠭᠦᠯᠬᠦ ᠭᠣᠭᠴᠣᠭ᠎ᠠ᠎ᠳᠤ᠂ ᠦᠢᠯᠡᠳᠪᠦᠷᠢᠯᠡᠯ᠎ᠦᠨ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠵᠠᠳᠠᠯᠵᠤ  ᠴᠢᠳᠠᠨ᠎ᠠ᠃ ᠡᠨᠡ᠎ᠬᠦ 《ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠬᠤ + ᠣᠶᠤᠨᠴᠢ ᠰᠢᠢᠳᠪᠦᠷᠢᠲᠦ ᠪᠣᠳᠣᠯᠭ᠎ᠠ ᠲᠣᠭᠲᠠᠭᠠᠬᠤ》ᠵᠠᠭᠪᠤᠷ ᠨᠢ ᠰᠤᠳᠤᠯᠭᠠᠨ᠎ᠤ ᠲᠤᠷᠰᠢᠯᠭ᠎ᠠ᠎ᠳᠤ ᠲᠦᠰᠢᠭᠯᠡᠵᠦ ᠪᠠᠢᠭᠰᠠᠨ᠎ᠠᠴᠠ ᠣᠶᠤᠨᠴᠢ ᠬᠥᠳᠡᠯᠭᠡᠭᠦᠷ ᠎ᠢ ᠴᠢᠬᠤᠯᠠᠴᠢᠯᠠᠬᠤ᠎ᠶᠢ ᠠᠬᠢᠭᠤᠯᠵᠤ ᠪᠠᠢᠨ᠎ᠠ᠃

ᠮᠠᠨ᠎ᠤ ᠤᠯᠤᠰ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ ᠪᠣᠯᠣᠨ ᠠᠵᠤ ᠦᠢᠯᠡᠰ᠎ᠦᠨ ᠬᠡᠷᠡᠭᠯᠡᠭᠡᠨ᠎ᠦ ᠲᠠᠯ᠎ᠠ᠎ᠪᠠᠷ ᠨᠢᠭᠡᠨᠲᠡ ᠰᠠᠢᠨ ᠰᠠᠢᠬᠠᠨ ᠰᠠᠭᠤᠷᠢ᠎ᠶᠢ ᠪᠦᠷᠢᠯᠳᠦᠭᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠡᠪ ᠵᠠᠭᠪᠤᠷ᠎ᠤᠨ ᠬᠤᠪᠢᠰᠤᠯᠲᠠ᠎ᠶᠢ ᠬᠥᠲᠥᠯᠥᠨ ᠳᠠᠭᠠᠭᠤᠯᠬᠤ᠎ᠳᠤ ᠥᠪᠡᠷᠮᠢᠴᠡ ᠠᠵᠠ ᠲᠣᠬᠢᠶᠠᠯ ᠬᠠᠩᠭᠠᠪᠠ᠃ ᠡᠩ ᠲᠡᠷᠢᠭᠦᠨ᠎ᠳᠦ᠂ ᠮᠠᠨ᠎ᠤ ᠤᠯᠤᠰ ᠤᠨᠴᠠ ᠶᠡᠬᠡ ᠬᠡᠪᠴᠢᠶᠡᠨ᠎ᠦ ᠵᠠᠬ᠎ᠠ ᠳᠡᠯᠭᠡᠭᠦᠷ ᠪᠠ ᠬᠡᠷᠡᠭᠯᠡᠭᠡᠨ᠎ᠦ ᠠᠬᠤᠢ ᠪᠠᠢᠳᠠᠯ᠎ᠲᠠᠢ ᠪᠠᠢᠵᠤ᠂ ᠮᠡᠷᠭᠡᠵᠢᠯ᠎ᠦᠨ ᠰᠤᠳᠤᠯᠤᠨ ᠨᠡᠭᠡᠭᠡᠯᠲᠡ᠎ᠳᠦ ᠡᠯᠪᠡᠭ ᠪᠠᠶᠠᠯᠢᠭ᠋ ᠲᠤᠷᠰᠢᠨ ᠪᠣᠯᠪᠠᠰᠤᠷᠠᠭᠤᠯᠬᠤ ᠲᠠᠯᠠᠪᠠᠶ ᠪᠠ ᠦᠷᠭᠦᠯᠵᠢᠯᠡᠨ ᠳᠠᠪᠲᠠᠨ ᠣᠷᠣᠯᠠᠭᠤᠯᠬᠤ ᠬᠠᠷᠢᠭᠤ ᠲᠤᠰᠬᠠᠬᠤ ᠲᠣᠭ᠎ᠠ ᠪᠠᠷᠢᠮᠲᠠ᠎ᠶᠢ ᠬᠠᠩᠭᠠᠭᠰᠠᠨ ᠪᠠᠢᠨ᠎ᠠ᠃ ᠳᠠᠷᠠᠭᠠᠯᠠᠪᠠᠯ᠂ ᠬᠡᠰᠡᠭ ᠬᠦᠷᠢᠶᠡᠨ᠎ᠳᠦ ᠨᠢᠭᠡᠨᠲᠡ ᠪᠤᠳᠤᠯᠭ᠎ᠠ ᠵᠢᠨ ᠬᠦᠴᠦᠨ᠎ᠦ ᠲᠥᠬᠦᠭᠡᠷᠦᠮᠵᠢ᠂ ᠪᠤᠳᠤᠬᠤ ᠠᠷᠭ᠎ᠠ᠎ᠶᠢᠨ ᠪᠣᠷᠣ᠌ ᠲᠥᠯᠥᠪ᠎ᠡᠴᠡ ᠠᠵᠢᠯ ᠲᠥᠷᠥᠯ᠎ᠳᠦ ᠬᠡᠷᠡᠭᠯᠡᠬᠦ ᠨᠡᠯᠢᠶᠡᠳ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ ᠪᠣᠶ ᠪᠣᠯᠵᠤ᠂ ᠬᠠᠮᠵᠢᠯᠴᠠᠨ ᠰᠢᠨ᠎ᠡ᠎ᠶᠢ ᠡᠭᠦᠳᠬᠦ ᠠᠮᠢ ᠠᠬᠤᠢ᠎ᠶᠢᠨ ᠰᠠᠭᠤᠷᠢ᠎ᠲᠠᠢ ᠪᠣᠯᠵᠠᠢ᠃ ᠲᠠᠬᠢᠪᠠᠯ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠲᠦᠷᠭᠡᠨ ᠪᠠᠢᠷᠢᠰᠢᠭᠤᠯᠤᠯᠲᠠ᠂ ᠲᠦᠷᠦ᠎ᠶᠢᠨ ᠪᠣᠳᠣᠯᠭ᠎ᠠ᠎ᠶᠢᠨ ᠣᠷᠴᠢᠨ ᠲᠣᠭᠣᠷᠢᠨ ᠦᠷᠭᠦᠯᠵᠢᠯᠡᠨ ᠰᠢᠯᠢᠳᠡᠭᠵᠢᠵᠦ᠂ ᠵᠣᠬᠢᠶᠠᠮᠠᠯ ᠤᠶᠤᠨ ᠴᠢᠳᠠᠪᠤᠷᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠨᠢ ᠢᠯᠡ ᠲᠣᠳᠣᠷᠬᠠᠢ ᠴᠢᠭᠯᠡᠯ ᠪᠣᠯᠵᠠᠢ᠃

ᠭᠡᠪᠡᠴᠦ ᠦᠨᠡᠨ ᠬᠦ᠌ ᠵᠣᠬᠢᠶᠠᠮᠠᠯ ᠣᠶᠤᠨ ᠴᠢᠳᠠᠪᠤᠷᠢ᠎ᠶᠢ ᠠᠵᠤ ᠦᠢᠯᠡᠰ᠎ᠦᠨ ᠰᠢᠨ᠎ᠡ᠎ᠶᠢ ᠡᠭᠦᠳᠬᠦ ᠪᠠ ᠰᠤᠳᠤᠯᠤᠨ ᠨᠡᠭᠡᠭᠡᠬᠦ᠎ᠳᠦ ᠭᠦᠨᠵᠡᠭᠡᠢ ᠠᠭᠤᠰᠤᠯᠴᠠᠭᠤᠯᠬᠤ᠎ᠳᠤ ᠮᠥᠨ ᠬᠦ᠌ ᠠᠯᠢ ᠣᠯᠠᠨ ᠥᠷᠢᠰᠦᠯᠳᠦᠭᠡᠨ᠎ᠳᠦ ᠲᠤᠯᠭᠠᠷᠠᠵᠤ ᠪᠠᠢᠬᠤ᠎ᠶᠢ ᠲᠠᠨᠢᠵᠤ ᠣᠯᠬᠤ ᠬᠡᠷᠡᠭᠲᠡᠢ᠃ ᠵᠢᠱ᠌ᠢᠶᠡᠯᠡᠪᠡᠯ᠂ ᠵᠠᠩᠭᠢᠯᠠᠭ᠎ᠠ᠎ᠶᠢᠨ ᠭᠣᠣᠯᠯᠠᠬᠤ ᠪᠤᠳᠤᠯᠭ᠎ᠠ ᠵᠢᠨ ᠠᠷᠭ᠎ᠠ᠂ ᠪᠣᠷᠣ᠌ ᠲᠥᠯᠥᠪ ᠬᠢᠭᠡᠳ ᠳᠡᠭᠡᠳᠦ ᠲᠠᠰ᠎ᠤᠨ ᠴᠢᠫ ᠵᠡᠷᠭᠡ ᠰᠠᠭᠤᠷᠢ ᠳᠠᠪᠬᠤᠷᠭ᠎ᠠ᠎ᠳᠤ ᠮᠥᠨ᠎ᠬᠦ ᠳᠤᠲᠠᠭᠤᠳᠠᠯ ᠣᠷᠣᠰᠢᠵᠤ᠂ ᠴᠢᠨᠠᠷ ᠰᠠᠢᠲᠠᠢ᠂ ᠪᠠᠷᠢᠮᠵᠢᠶᠠᠵᠢᠭᠤᠯᠤᠭᠰᠠᠨ ᠠᠵᠢᠯ ᠲᠥᠷᠥᠯ᠎ᠦᠨ ᠲᠣᠭ᠎ᠠ ᠪᠠᠷᠢᠮᠲᠠ᠎ᠶᠢᠨ ᠴᠤᠭᠯᠠᠷᠠᠯ᠎ᠤᠨ ᠪᠠᠢᠭᠤᠯᠤᠯᠲᠠ ᠬᠣᠴᠤᠷᠤᠩᠭᠤᠢ ᠪᠠᠢᠵᠤ᠂ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ ᠬᠢᠭᠡᠳ ᠠᠵᠤ ᠦᠢᠯᠡᠰ᠎ᠦᠨ ᠮᠡᠳᠡᠯᠭᠡ᠎ᠶᠢᠨ ᠬᠠᠮ ᠬᠡᠯᠪᠡᠷᠢ᠎ᠶᠢᠨ ᠴᠢᠳᠠᠪᠤᠷᠢᠲᠠᠨ ᠳᠤᠲᠠᠭᠳᠠᠵᠤ ᠪᠠᠢᠬᠤ ᠵᠢᠴᠢ ᠰᠢᠨ᠎ᠡ᠎ᠶᠢ ᠡᠭᠦᠳᠬᠦ᠂ ᠪᠤᠷᠤᠭᠤ᠎ᠶᠢ ᠠᠭᠤᠴᠢᠯᠠᠨ ᠪᠠᠭᠲᠠᠭᠠᠵᠤ ᠪᠤᠷᠤᠭᠤ ᠲᠤᠷᠰᠢᠬᠤ᠎ᠳᠤ ᠵᠣᠬᠢᠴᠠᠬᠤ ᠰᠤᠳᠤᠯᠤᠨ ᠨᠡᠭᠡᠭᠡᠬᠦ ᠬᠠᠮᠢᠶᠠᠷᠤᠯᠲᠠ᠎ᠶᠢᠨ ᠲᠣᠭᠲᠠᠴᠠ ᠬᠢᠭᠡᠳ ᠰᠣᠶᠣᠯ ᠬᠠᠷᠠᠬᠠᠨ ᠪᠦᠷᠢᠯᠳᠦᠭᠡᠳᠦᠢ ᠪᠠᠢᠨ᠎ᠠ᠃ ᠵᠣᠬᠢᠶᠠᠮᠠᠯ ᠣᠶᠤᠨ ᠴᠢᠳᠠᠪᠤᠷᠢ᠎ᠡᠴᠡ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠳᠦ ᠡᠨᠧᠷᠭᠢ ᠣᠯᠭᠣᠬᠤ ᠵᠢ ᠰᠢᠰᠲᠧᠮ  ᠲᠠᠢ ᠠᠬᠢᠭᠤᠯᠬᠤ᠎ᠳᠤ ᠮᠡᠷᠭᠡᠵᠢᠯ᠎ᠦᠨ ᠪᠣᠭᠣᠮᠲᠠ ᠰᠢᠪᠲᠤᠯᠬᠤ᠂ ᠠᠮᠢ ᠠᠬᠤᠢ᠎ᠶᠢᠨ ᠴᠣᠭᠴᠠᠯᠠᠯᠲᠠ᠂ ᠴᠢᠬᠤᠯᠠ ᠡᠯᠧᠮᠧᠨ᠋ᠲ᠎ᠦᠨ ᠲᠤᠯᠭᠠᠭᠤᠷᠢᠯᠠᠯ ᠬᠢᠭᠡᠳ ᠳᠦᠷᠢᠮ᠎ᠦᠨ ᠪᠠᠲᠤᠯᠠᠭ᠎ᠠ ᠵᠡᠷᠭᠡ ᠣᠯᠠᠨ ᠲᠠᠯ᠎ᠠ᠎ᠠᠴᠠ ᠬᠠᠮᠵᠢᠯᠴᠠᠨ ᠬᠦᠴᠦᠯᠡᠬᠦ ᠬᠡᠷᠡᠭᠲᠡᠢ᠃

ᠰᠠᠭᠤᠷᠢ ᠵᠢᠨ ᠲᠠᠯ᠎ᠠ ᠪᠡᠷ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ ᠵᠣᠬᠢᠶᠠᠮᠠᠯ ᠣᠶᠤᠨ ᠴᠢᠳᠠᠪᠣᠷᠢ ᠪᠡᠷ ᠰᠤᠳᠤᠯᠤᠨ ᠨᠡᠭᠡᠭᠡᠬᠦ ᠰᠠᠭᠤᠷᠢ᠎ᠶᠢ ᠪᠡᠬᠢᠵᠢᠭᠦᠯᠬᠦ ᠬᠡᠷᠡᠭᠳᠡᠢ᠃ ᠬᠡᠪ ᠵᠠᠭᠪᠤᠷ᠎ᠢ ᠰᠤᠳᠤᠯᠤᠨ ᠨᠡᠭᠡᠭᠡᠬᠦ ᠦᠨᠳᠦᠰᠦᠨ ᠴᠢᠨᠠᠷᠲᠠᠢ ᠬᠤᠪᠢᠰᠤᠯᠲᠠ ᠨᠢ ᠪᠠᠲᠤ ᠪᠡᠬᠢ ᠮᠡᠷᠭᠡᠵᠢᠯ᠎ᠦᠨ ᠰᠠᠭᠤᠷᠢ᠎ᠠᠴᠠ ᠰᠠᠯᠵᠤ ᠴᠢᠳᠠᠬᠤ ᠦᠭᠡᠢ ᠶᠤᠮ᠃ ᠮᠠᠰᠢᠨ᠎ᠤ ᠰᠤᠷᠤᠯᠴᠠᠯᠭ᠎ᠠ᠂ ᠮᠡᠳᠡᠯᠭᠡ᠎ᠶᠢᠨ ᠵᠢᠷᠤᠭ ᠵᠢᠭ᠍ᠰᠠᠯ᠂ ᠲᠣᠮᠣ᠌ ᠵᠠᠭᠪᠤᠷ ᠵᠡᠷᠭᠡ ᠰᠠᠭᠤᠷᠢ ᠳᠠᠪᠬᠤᠷᠭ᠎ᠠ᠎ᠶᠢᠨ ᠪᠤᠳᠤᠯᠭ᠎ᠠ ᠵᠢᠨ ᠠᠷᠭ᠎ᠠ᠎ᠶᠢᠨ ᠤᠤᠭᠠᠯ ᠴᠢᠨᠠᠷᠳᠠᠢ ᠰᠢᠨ᠎ᠡ᠎ᠶᠢ ᠡᠭᠦᠳᠬᠦ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠬᠢᠭᠡᠳ ᠠᠵᠤ ᠠᠬᠤᠢᠯᠠᠯ᠎ᠤᠨ ᠥᠨᠳᠥᠷ  ᠲᠦᠪᠰᠢᠨ ᠪᠦᠬᠦᠢ ᠵᠣᠬᠢᠶᠠᠮᠠᠯ ᠣᠶᠤᠨ ᠴᠢᠳᠠᠪᠤᠷᠢ᠎ᠶᠢᠨ ᠡᠬᠢ ᠡᠭᠦᠰᠦᠯ᠎ᠦᠨ ᠪᠣᠷᠣ᠌ ᠲᠥᠯᠥᠪ ᠬᠢᠭᠡᠳ ᠲᠠᠪᠴᠠᠩ᠎ᠢ ᠬᠠᠮᠲᠤ᠎ᠪᠠᠷ ᠪᠠᠶ᠋ᠢᠭᠤᠯᠬᠤ᠎ᠶᠢ ᠵᠣᠷᠢᠭ᠍ᠵᠢᠭᠤᠯᠬᠤ ᠴᠢᠬᠤᠯᠠᠲᠠᠢ᠃ ᠳᠡᠭᠡᠳᠦ ᠲᠡᠰ᠎ᠤᠨ ᠵᠣᠬᠢᠶᠠᠮᠠᠯ ᠣᠶᠤᠨ ᠴᠢᠳᠠᠪᠤᠷᠢ᠎ᠶᠢᠨ ᠴᠢᠫ᠂ ᠲᠡᠷᠢᠭᠦᠨ᠎ᠦ ᠪᠣᠳᠣᠯᠭ᠎ᠠ᠎ᠶᠢᠨ ᠪᠦᠲᠦᠴᠡ ᠵᠡᠷᠭᠡ ᠬᠠᠲᠠᠭᠤ ᠲᠣᠨᠣᠭ᠎ᠤᠨ ᠪᠣᠭᠣᠮᠢ᠎ᠶᠢ ᠬᠦᠴᠦᠯᠡᠨ ᠰᠢᠪᠲᠤᠯᠵᠤ᠂ ᠪᠡᠶ᠎ᠡ᠎ᠪᠡᠨ ᠳᠠᠭᠠᠭᠠᠵᠤ ᠡᠵᠡᠮᠳᠡᠵᠦ ᠪᠣᠯᠬᠤ ᠣᠶᠤᠨᠴᠢ ᠪᠣᠳᠣᠯᠭ᠎ᠠ᠎ᠶᠢᠨ ᠴᠢᠳᠠᠪᠤᠷᠢ᠎ᠶᠢᠨ ᠬᠠᠩᠭᠠᠯᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃

ᠬᠠᠮᠵᠢᠯᠴᠠᠬᠤ ᠠᠮᠢ ᠠᠬᠤᠢ᠎ᠶᠢ ᠪᠠᠢᠭᠤᠯᠵᠤ᠂ ᠰᠤᠳᠤᠯᠤᠨ ᠨᠡᠭᠡᠭᠡᠵᠦ ᠰᠢᠨ᠎ᠡ᠎ᠶᠢ ᠡᠭᠦᠳᠬᠦ ᠬᠡᠯᠬᠢᠶ᠎ᠡ᠎ᠶᠢ ᠨᠡᠪᠲᠡᠷᠡᠭᠦᠯᠤᠨ᠎ᠡ᠃ 《ᠬᠡᠯᠬᠢᠶ᠎ᠡ᠎ᠶᠢᠨ ᠡᠵᠡᠨ》 ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠰᠢᠨ᠎ᠡ ᠬᠡᠯᠪᠡᠷᠢ᠎ᠶᠢᠨ ᠰᠤᠳᠤᠯᠤᠨ ᠨᠡᠭᠡᠭᠡᠨ ᠬᠥᠭᠵᠢᠭᠦᠯᠬᠦ ᠪᠠᠢᠭᠤᠯᠤᠮᠵᠢ ᠬᠢᠭᠡᠳ ᠠᠩᠬ᠎ᠠ   ᠪᠠᠢᠭᠤᠯᠤᠭᠰᠠᠨ ᠠᠵᠤ ᠠᠬᠤᠢᠯᠠᠯ ᠯᠤᠭ᠎ᠠ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠨᠡᠢᠲᠡᠴᠢ ᠴᠢᠨᠠᠷᠲᠠᠢ ᠮᠡᠷᠭᠡᠵᠢᠯ᠎ᠢ ᠰᠤᠳᠤᠯᠤᠨ ᠨᠡᠭᠡᠭᠡᠬᠦ᠂ ᠳᠤᠮᠳᠠᠬᠢ ᠭᠣᠭᠴᠣᠭᠠᠨ᠎ᠦ ᠲᠤᠷᠰᠢᠯᠲᠠ᠎ᠶᠢᠨ ᠰᠢᠯᠭᠠᠨ ᠬᠡᠷᠡᠴᠢᠯᠡᠬᠦ ᠬᠢᠭᠡᠳ ᠠᠬᠤᠢ ᠲᠠᠯᠠᠪᠠᠶ᠎ᠶᠢᠨ ᠬᠡᠷᠡᠭᠯᠡᠯᠲᠡ᠎ᠶᠢᠨ ᠲᠣᠭᠣᠷᠢᠨ᠎ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠦᠨ᠎ᠡ᠃ ᠤᠯᠤᠰ᠎ᠤᠨ ᠲᠠᠰ᠎ᠤᠨ ᠠᠭᠤᠰᠤᠯᠴᠠᠭᠰᠠᠨ ᠵᠣᠬᠢᠶᠠᠮᠠᠯ ᠣᠶᠤᠨ ᠴᠢᠳᠠᠪᠤᠷᠢ᠎ᠶᠢᠨ ᠰᠢᠨ᠎ᠡ᠎ᠶᠢ ᠡᠭᠦᠳᠬᠦ ᠲᠥᠪ ᠪᠤᠶᠤ ᠨᠡᠭᠡᠭᠡᠯᠲᠡᠲᠤ ᠲᠠᠪᠴᠠᠩ ᠪᠠᠶ᠋ᠢᠭᠤᠯᠬᠤ᠎ᠶᠢ ᠠᠬᠢᠭᠤᠯᠵᠤ᠂ ᠵᠠᠭᠪᠤᠷ᠎ᠤᠨ ᠦᠢᠯᠡᠴᠢᠯᠡᠭᠡ᠂ ᠪᠤᠳᠤᠯᠭ᠎ᠠ ᠵᠢᠨ ᠴᠢᠳᠠᠪᠤᠷᠢ᠎ᠶᠢᠨ ᠳᠡᠮᠵᠢᠯᠭᠡ ᠪᠠ ᠮᠡᠷᠭᠡᠵᠢᠯ᠎ᠦᠨ ᠯᠠᠪᠯᠠᠭ᠎ᠠ ᠬᠠᠩᠭᠠᠵᠤ᠂ ᠳᠤᠮᠳᠠ ᠪᠠᠭ᠎ᠠ ᠠᠵᠤ ᠠᠬᠤᠢᠯᠠᠯ᠎ᠤᠨ ᠬᠡᠷᠡᠭᠯᠡᠭᠡᠨ᠎ᠦ ᠨᠦᠬᠦᠴᠡᠯ᠎ᠢ ᠪᠠᠭᠤᠷᠠᠭᠤᠯᠤᠨ᠎ᠠ᠃

ᠬᠠᠮ ᠴᠢᠳᠠᠪᠤᠷᠢᠲᠠᠨ᠎ᠢ ᠬᠥᠮᠥᠵᠢᠭᠦᠯᠵᠦ᠂ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢᠨ ᠰᠢᠨ᠎ᠡ᠎ᠶᠢ ᠡᠭᠦᠳᠦᠨ᠎ᠡ᠃ ᠴᠢᠳᠠᠪᠤᠷᠢᠲᠠᠨ ᠬᠢᠭᠡᠳ ᠵᠣᠬᠢᠶᠠᠨ ᠪᠠᠢᠭᠤᠯᠤᠯᠲᠠ ᠪᠣᠯ ᠬᠡᠪ ᠵᠠᠭᠪᠤᠷ᠎ᠤᠨ ᠬᠤᠪᠢᠰᠤᠯᠲᠠ᠎ᠶᠢ ᠨᠠᠢᠳᠠᠪᠤᠷᠢᠵᠢᠭᠤᠯᠬᠤ᠎ᠶᠢᠨ ᠵᠠᠩᠭᠢᠯᠠᠭ᠎ᠠ᠎ᠶᠢᠨ ᠪᠠᠲᠤᠯᠠᠭ᠎ᠠ ᠮᠥᠨ᠃ ᠵᠣᠬᠢᠶᠠᠮᠠᠯ ᠤᠶᠤᠨ ᠴᠢᠳᠠᠪᠤᠷᠢ᠎ᠶᠢᠨ ᠬᠦᠷᠢᠶᠡᠨ᠎ᠦ ᠰᠢᠨᠵᠢᠯᠡᠭᠡᠨ᠎ᠦ ᠰᠠᠯᠠᠭᠠᠨ᠎ᠤ ᠪᠠᠢᠭᠤᠯᠤᠯᠲᠠ᠎ᠶᠢ ᠲᠦᠷᠭᠡᠳᠬᠡᠨ ᠲᠡᠭᠦᠯᠳᠡᠷᠵᠢᠭᠦᠯᠵᠦ᠂ ᠶᠡᠬᠡ ᠳᠡᠭᠡᠳᠦ ᠰᠤᠷᠭᠠᠭᠤᠯᠢ ᠪᠣᠯᠣᠨ ᠠᠵᠤ ᠠᠬᠤᠢᠯᠠᠯ ᠬᠠᠮᠲᠤᠷᠠᠨ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠢ ᠮᠡᠳᠡᠬᠦ ᠪᠥᠭᠡᠳ ᠪᠠᠰᠠ ᠬᠣᠯᠪᠣᠭᠳᠠᠯ ᠪᠦᠬᠦᠢ ᠠᠵᠢᠯ ᠲᠦᠷᠦᠯ᠎ᠦᠨ ᠮᠡᠳᠡᠯᠭᠡ᠎ᠶᠢ ᠡᠵᠡᠮᠰᠢᠭᠰᠡᠨ 《AI + ×》 ᠬᠠᠮ ᠴᠢᠳᠠᠪᠤᠷᠢᠲᠠᠨ᠎ᠢ ᠬᠥᠮᠥᠵᠢᠭᠦᠯᠬᠦ᠎ᠶᠢ ᠠᠬᠢᠭᠤᠯᠬᠤ ᠬᠡᠷᠡᠭᠲᠡᠢ᠃ ᠠᠵᠤ ᠠᠬᠤᠢᠯᠠᠯ᠎ᠤᠨ ᠳᠣᠲᠣᠭᠠᠳᠤ᠎ᠳᠤ ᠪᠡᠶ᠎ᠡ᠎ᠪᠡᠨ ᠳᠠᠭᠠᠭᠠᠭᠰᠠᠨ ᠵᠣᠬᠢᠶᠠᠮᠠᠯ ᠣᠶᠤᠨ ᠴᠢᠳᠠᠪᠤᠷᠢ᠎ᠶᠢᠨ ᠰᠤᠳᠤᠯᠤᠨ ᠨᠡᠭᠡᠭᠡᠵᠦ ᠰᠢᠨ᠎ᠡ᠎ᠶᠢ ᠡᠭᠦᠳᠬᠦ ᠨᠢᠭᠡᠴᠡ ᠪᠤᠶᠤ ᠲᠤᠷᠰᠢᠯᠲᠠ᠎ᠶᠢᠨ ᠲᠠᠰᠤᠭ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠲᠡᠭᠦᠨ᠎ᠳᠦ ᠨᠠᠩ ᠶᠡᠬᠡ ᠮᠡᠷᠭᠡᠵᠢᠯ᠎ᠦᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠪᠠ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠠᠮᠢᠳᠤᠯᠢᠭ᠋ ᠴᠢᠨᠠᠷ᠎ᠢ ᠣᠯᠭᠣᠨ᠎ᠠ᠃ ᠤᠯᠠᠮᠵᠢᠯᠠᠯᠲᠤ ᠲᠥᠷᠥᠯ ᠵᠦᠢᠯ᠎ᠦᠨ ᠬᠠᠮᠢᠶᠠᠷᠤᠯᠲᠠ᠎ᠶᠢᠨ ᠵᠠᠭᠪᠤᠷ᠎ᠢ ᠥᠭᠡᠷᠡᠴᠢᠯᠡᠵᠦ᠂ ᠲᠦᠷᠭᠡᠨ ᠪᠣᠷᠣᠭᠣ ᠪᠡᠨ ᠲᠤᠷᠰᠢᠬᠤ᠂ ᠦᠷᠭᠦᠯᠵᠢᠯᠡᠨ ᠬᠤᠷᠠᠮᠳᠤᠭᠤᠯᠬᠤ᠎ᠳᠤ ᠵᠣᠬᠢᠴᠠᠭᠰᠠᠨ ᠲᠦᠷᠭᠡᠨ ᠰᠤᠳᠤᠯᠤᠨ ᠨᠡᠭᠡᠭᠡᠬᠦ ᠲᠣᠭᠲᠠᠴᠠ᠎ᠶᠢ ᠳᠡᠯᠭᠡᠷᠡᠭᠦᠯᠵᠦ᠂ ᠬᠠᠢᠨ ᠰᠦᠪᠡᠭᠴᠢᠯᠡᠬᠦ᠎ᠶᠢ ᠵᠣᠷᠢᠭ᠍ᠵᠢᠭᠤᠯᠬᠤ᠂ ᠢᠯᠠᠭᠳᠠᠯ᠎ᠢ ᠠᠭᠤᠴᠢᠯᠠᠬᠤ ᠰᠢᠨ᠎ᠡ᠎ᠶᠢ ᠡᠭᠦᠳᠬᠦ ᠰᠣᠶᠣᠯ᠎ᠢ ᠪᠣᠶ ᠪᠣᠯᠭᠠᠨ᠎ᠠ᠃

ᠠᠬᠤᠢ ᠪᠠᠢᠳᠠᠯ᠎ᠤᠨ ᠬᠡᠷᠡᠭᠯᠡᠯᠲᠡ᠎ᠶᠢ ᠥᠷᠭᠡᠳᠬᠡᠵᠦ᠂ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢᠨ ᠰᠢᠰᠲᠧᠮ᠎ᠢ ᠲᠡᠭᠦᠯᠳᠡᠷᠵᠢᠭᠦᠯᠦᠨ᠎ᠡ᠃ ᠥᠷᠭᠡᠨ ᠠᠭᠤᠳᠠᠮ ᠬᠡᠷᠡᠭᠯᠡᠭᠡᠨ᠎ᠦ ᠠᠬᠤᠢ ᠲᠠᠯᠠᠪᠣᠷ ᠪᠣᠯ  ᠮᠡᠷᠭᠡᠵᠢᠯ ᠪᠣᠯᠪᠠᠰᠤᠷᠠᠩᠭᠤᠢ ᠪᠣᠯᠬᠤ ᠪᠠ ᠬᠡᠪ ᠵᠠᠭᠪᠤᠷ᠎ᠢ ᠭᠦᠨᠵᠡᠭᠡᠢᠷᠡᠭᠦᠯᠬᠦ᠎ᠶᠢᠨ ᠴᠢᠬᠤᠯᠠ ᠬᠥᠳᠡᠯᠭᠡᠬᠦᠷ ᠮᠥᠨ᠃ ᠦᠢᠯᠡᠳᠬᠦ ᠦᠢᠯᠡᠰ᠎ᠦᠨ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠢᠯᠡᠷᠡᠭᠦᠯᠦᠯᠲᠡ᠂ ᠰᠢᠨ᠎ᠡ ᠮᠠᠲᠧᠷᠢᠶᠠᠯ᠎ᠢ ᠨᠡᠢᠯᠡᠭᠦᠯᠬᠦ ᠵᠡᠷᠭᠡ ᠵᠠᠩᠭᠢᠯᠠᠭ᠎ᠠ᠎ᠶᠢᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠵᠣᠬᠢᠶᠠᠮᠠᠯ ᠣᠶᠤᠨ ᠴᠢᠳᠠᠪᠤᠷᠢ ᠡᠴᠡ ᠡᠨ᠋ᠸᠷᠬᠢ ᠤᠯᠭᠤᠬᠰᠠᠨ ᠰᠤᠳᠤᠯᠤᠨ ᠨᠡᠭᠡᠭᠡᠬᠦ ᠭᠣᠣᠯᠳᠠᠯᠭ᠎ᠠ᠎ᠲᠠᠢ ᠠᠬᠤᠢ ᠲᠠᠯᠠᠪᠤᠷ᠎ᠤᠨ ᠨᠠᠷᠢᠨ ᠳᠠᠩᠰᠠ᠎ᠶᠢ ᠰᠢᠰᠲᠧᠮᠲᠦ ᠴᠢᠨᠠᠷᠲᠠᠢ ᠨᠡᠢᠲᠡᠯᠡᠵᠦ᠂ 《ᠲᠤᠩᠬᠠᠬ ᠨᠡᠢᠲᠡᠯᠡᠵᠦ ᠮᠠᠩᠯᠠᠢᠯᠠᠭᠤᠯᠤᠬᠴᠢ ᠡᠯᠰᠡᠬᠦ》 ᠵᠡᠷᠭᠡ ᠠᠷᠭ᠎ᠠ ᠮᠠᠶᠢᠭ᠋᠎ᠢᠶᠠᠷ ᠡᠯ᠎ᠡ ᠲᠠᠯ᠎ᠠ᠎ᠶᠢᠨ ᠬᠦᠴᠦᠨ᠎ᠢ ᠲᠠᠲᠠᠵᠤ ᠪᠣᠭᠣᠮᠲᠠ ᠰᠢᠪᠲᠤᠯᠬᠤ ᠬᠡᠷᠡᠭᠲᠡᠢ᠃ ᠰᠢᠨ᠎ᠡ᠎ᠶᠢ ᠡᠭᠦᠳᠦᠭᠰᠡᠨ ᠦᠢᠯᠡᠳᠬᠦᠨ᠎ᠢ ᠠᠩᠬ᠎ᠠ ᠬᠤᠳᠠᠯᠳᠤᠨ ᠠᠪᠬᠤ  ᠠᠩᠬ᠎ᠠ ᠬᠡᠷᠡᠭᠯᠡᠬᠦ ᠪᠠ ᠳᠠᠭᠠᠳᠬᠠᠯ᠎ᠤᠨ ᠨᠥᠬᠥᠪᠦᠷᠢ ᠥᠭᠬᠦ ᠲᠣᠭᠲᠠᠴᠠ᠎ᠶᠢ ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ᠎ᠪᠠᠷ ᠬᠥᠳᠡᠯᠭᠡᠭᠦᠷ ᠪᠣᠯᠭᠠᠭᠰᠠᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠎ᠢ ᠵᠠᠬ᠎ᠠ ᠳᠡᠯᠭᠡᠭᠦᠷᠴᠢᠯᠡᠨ ᠬᠡᠷᠡᠭᠯᠡᠬᠦ᠎ᠳᠦ ᠠᠩᠬᠠᠨ᠎ᠤ ᠬᠤᠭᠤᠴᠠᠭᠠᠨ᠎ᠤ ᠳᠡᠮᠵᠢᠯᠭᠡ ᠬᠠᠩᠭᠠᠨ᠎ᠠ᠃ ᠲᠥᠷᠥ᠎ᠶᠢᠨ ᠪᠣᠳᠣᠯᠭ᠎ᠠ᠎ᠶᠢᠨ ᠲᠠᠯ᠎ᠠ᠎ᠪᠠᠷ᠂ ᠵᠣᠬᠢᠶᠠᠮᠠᠯ ᠣᠶᠤᠨ ᠴᠢᠳᠠᠪᠤᠷᠢ᠎ᠶᠢᠨ ᠰᠤᠳᠤᠯᠤᠨ ᠨᠡᠭᠡᠭᠡᠬᠦ ᠣᠨᠴᠠᠯᠢᠭ᠋᠎ᠲᠤ ᠲᠣᠬᠢᠷᠠᠭᠰᠠᠨ ᠦᠨᠡᠯᠡᠯᠲᠡ᠂ ᠪᠡᠯᠡ ᠮᠥᠩᠭᠥ᠎ᠶᠢᠨ ᠬᠠᠮᠢᠶᠠᠷᠤᠯᠲᠠ᠂ ᠶᠣᠰᠣ᠌ ᠰᠤᠷᠲᠠᠬᠤᠨ᠎ᠤ ᠠᠮᠤᠷ ᠲᠦᠪᠰᠢᠨ ᠬᠢᠭᠡᠳ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢᠨ ᠳᠦᠷᠢᠮ᠎ᠢ ᠰᠤᠳᠤᠯᠤᠨ ᠲᠣᠭᠲᠠᠭᠠᠵᠤ᠂ ᠰᠤᠳᠤᠯᠤᠨ ᠨᠡᠭᠡᠭᠡᠬᠦ ᠬᠡᠪ ᠵᠠᠭᠪᠤᠷ᠎ᠤᠨ ᠬᠤᠪᠢᠰᠤᠯᠲᠠ᠎ᠳᠤ ᠲᠣᠭᠲᠠᠭᠤᠨ᠂ ᠪᠠᠭᠲᠠᠭᠠᠮᠵᠢᠲᠠᠢ᠂ ᠦᠷᠭᠦᠯᠵᠢᠯᠡᠬᠦ ᠳᠦᠷᠢᠮ᠎ᠦᠨ ᠣᠷᠴᠢᠨ ᠨᠥᠬᠥᠴᠡᠯ᠎ᠢ ᠪᠣᠶ ᠪᠣᠯᠭᠠᠬᠤ ᠴᠢᠬᠤᠯᠠᠲᠠᠢ ᠪᠠᠢᠨ᠎ᠠ᠃ 

(ᠵᠣᠬᠢᠶᠠᠭ᠍ᠴᠢ ᠵᠢᠨ ᠬᠠᠶᠢᠬ᠄ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ᠎ᠤᠨ ᠬᠣᠷᠸ᠎ᠠ ᠠᠵᠤ ᠠᠬᠤᠢ᠎ᠶᠢᠨ ᠰᠤᠳᠤᠯᠭᠠᠨ᠎ᠤ ᠬᠦᠷᠢᠶᠡᠯᠡᠩ )

       — 《ᠠᠵᠦ ᠠᠬᠣᠢ ᠵᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号