《ᠡᠷᠡᠭᠦᠯ ᠮᠡᠨᠳᠦ ᠵᠢ ᠲᠡᠷᠢᠭᠦᠨ ᠳ᠋ᠦ ᠲᠠᠯᠪᠢᠬᠤ》 ᠪᠣᠯ ᠬᠥᠮᠦᠨ᠎ᠢ ᠬᠥᠮᠦᠵᠢᠭᠦᠯᠬᠦ᠌ ᠱᠢᠨ᠎ᠡ ᠳᠡᠪᠢᠰᠭᠡᠷ ᠥᠩᠭᠡ ᠪᠣᠯᠤᠨ᠎ᠠ
2026-03-16 11:45:38
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

2026 ᠣᠨ᠎ᠤ ᠪᠥᠬᠥ᠌ ᠤᠯᠤᠰ᠎ᠤᠨ ᠬᠣᠶᠠᠷ ᠬᠤᠷᠠᠯ᠎ᠤᠨ ᠠᠷᠠᠳ᠎ᠤᠨ ᠠᠮᠢᠳᠤᠷᠠᠯ᠎ᠤᠨ ᠭᠤᠤᠯ ᠰᠡᠳᠦᠪᠲᠦ ᠰᠣᠷᠪᠣᠯᠵᠢᠯᠠᠭ᠍ᠴᠢᠳ᠎ᠤᠨ ᠠᠰᠠᠭᠤᠯᠲᠠ ᠵᠢ ᠬᠠᠷᠢᠭᠤᠯᠬᠤ ᠬᠤᠷᠠᠯ ᠳᠡᠭᠡᠷ᠎ᠡ 《ᠡᠷᠡᠭᠦᠯ ᠮᠡᠨᠳᠦ᠍᠎ᠶ᠋ᠢ ᠲᠡᠷᠢᠭᠦᠨ᠎ᠳᠦ ᠲᠠᠯᠪᠢᠬᠤ》 ᠣᠢᠯᠠᠭᠠᠭ᠍ᠳᠠᠬᠤᠨ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠲᠤᠬᠠᠶ ᠬᠠᠷᠢᠭᠤᠯᠲᠠ ᠨᠢ ᠲᠥᠯᠥᠭᠡᠯᠡᠭ᠌ᠴᠢᠳ ᠭᠡᠱᠢᠭᠦᠳ᠎ᠦᠨ ᠬᠠᠯᠠᠭᠤᠨ ᠶᠠᠷᠢᠯᠴᠠᠭ᠎ᠠ᠎ᠶ᠋ᠢ ᠡᠭᠦᠰᠭᠡᠵᠡᠶ᠃ 2025 ᠣᠨ᠎ᠤ ᠬᠠᠪᠤᠷ᠎ᠤᠨ ᠤᠯᠠᠷᠢᠯ᠎ᠤᠨ ᠲᠤᠷᠱᠢᠯᠲᠠ᠎ᠶ᠋ᠢᠨ ᠴᠡᠭ᠎ᠡᠴᠡ ᠪᠥᠬᠥ᠌ ᠤᠯᠤᠰ᠎ᠲᠤ ᠬᠡᠷᠡᠭ᠌ᠵᠢᠭᠦᠯᠬᠦ᠌ ᠪᠤᠯᠤᠭᠰᠨᠨ 《ᠬᠢᠴᠢᠶᠡᠯ᠎ᠦᠨ ᠵᠠᠪᠰᠠᠷᠯᠠᠭ᠎ᠠ᠎ᠶ᠋ᠢᠨ 15 ᠮᠢᠨᠦ᠋ᠲ》 ᠪᠣᠯᠤᠨ 《ᠡᠳᠦᠷ ᠪᠦᠷᠢ 2 ᠴᠠᠬ᠎ᠤᠨ ᠪᠡᠶ᠎ᠡ᠎ᠶ᠋ᠢᠨ ᠲᠠᠮᠢᠷ᠎ᠤᠨ ᠬᠦᠳᠡᠯᠭᠡᠭᠡᠨ ᠬᠢᠬᠦ》 ᠨᠢ ᠵᠥᠪᠬᠡᠨ ᠪᠢᠴᠢᠭ ᠮᠠᠲ᠋ᠧᠷᠢᠶᠠᠯ ᠲᠡᠳᠦᠢ ᠪᠢᠰᠢ ᠪᠣᠯᠵᠣ᠂ ᠣᠲᠣ ᠶᠠᠭ ᠬᠡᠦᠬᠡᠳ᠎ᠦᠨ 《ᠪᠡᠶ᠎ᠡ ᠡᠴᠡ ᠨᠢ ᠬᠥᠯᠥᠰᠥ᠎ᠭᠠᠷᠴᠦ᠂ ᠨᠢᠳᠦᠨ᠎ᠡᠴᠡ ᠨᠢ ᠴᠤᠬ ᠪᠠᠳᠠᠷᠠᠬᠤ》 ᠦᠨᠡᠨ ᠪᠣᠳᠠᠲᠠᠶ ᠵᠢᠷᠤᠭ᠍ᠯᠠᠯ ᠪᠣᠯᠵᠣ ᠪᠠᠢᠨ᠎ᠠ᠃ ᠡᠨᠡ ᠨᠢ ᠮᠠᠨ᠎ᠤ ᠤᠯᠤᠰ᠎ᠤᠨ ᠰᠠᠭᠤᠷᠢ ᠰᠤᠷᠭᠠᠨ ᠬᠥᠮᠦᠵᠢᠯ ᠨᠢ 《ᠬᠤᠪᠢ᠎ᠪᠠᠷ ᠦᠨᠳᠦᠰᠦ ᠰᠠᠭᠤᠷᠢ ᠪᠣᠯᠭᠠᠵᠤ》 ᠪᠠᠢᠭ᠍ᠰᠠᠨ᠎ᠠᠴᠠ 《ᠬᠥᠮᠦᠨ᠎ᠢ ᠬᠥᠮᠦᠵᠢᠭᠦᠯᠬᠦ᠌᠎ᠪᠡᠷ ᠦᠨᠳᠦᠰᠦ ᠰᠠᠭᠤᠷᠢ ᠪᠣᠯᠭᠠᠬᠤ》 ᠲᠡᠢᠰᠢ ᠬᠤᠪᠢᠷᠠᠬ᠍ᠰᠠᠨ᠎ᠢ ᠬᠠᠷᠠᠭᠤᠯᠵᠤ ᠪᠤᠢ᠃

ᠨᠠᠮ ᠵᠢᠮ ᠬᠢᠴᠢᠶᠡᠯ᠎ᠦᠨ ᠵᠠᠪᠰᠠᠷᠯᠠᠭ᠎ᠠ᠂ 《ᠬᠥᠯᠥᠰᠥ᠍ ᠭᠠᠷᠬᠤ ᠦᠭᠡᠢ》ᠪᠡᠶ᠎ᠡ᠎ᠶ᠋ᠢᠨ ᠲᠠᠮᠢᠷ᠎ᠤᠨ ᠬᠢᠴᠢᠶᠡᠯ ᠡᠴᠡ ᠪᠤᠯᠵᠤ᠂ ᠡᠳᠦᠢ ᠲᠡᠳᠦᠢ ᠬᠡᠤᠬᠡᠳ ᠪᠠᠭᠠᠴᠤᠳ᠎ᠤᠨ ᠡᠷᠡᠭᠦᠯ ᠮᠡᠨᠳᠦ᠍᠎ᠶ᠋ᠢᠨ ᠠᠰᠠᠭᠤᠳᠠᠯ ᠲᠠᠩᠳᠠ ᠭᠠᠷᠳᠠᠬ᠃ ᠣᠳᠣᠬᠠᠨ᠎ᠳᠤ᠂ 《2 ᠴᠠᠭ》 ᠤ᠋ᠨ ᠪᠣᠯᠪᠠᠰᠤᠷᠠᠯ ᠪᠠ 《15 ᠮᠢᠨᠦ᠋ᠲ》 ᠤ᠋ᠨ ᠬᠢᠴᠢᠶᠡᠯ᠎ᠦᠨ ᠵᠠᠪᠰᠠᠷᠯᠠᠭ᠎ᠠ᠎ᠶ᠋ᠢ ᠠᠯᠪᠠ᠎ᠪᠠᠷ ᠪᠠᠲᠤᠯᠠᠵᠤ ᠪᠠᠢᠭ᠎ᠠ ᠨᠢ ᠦᠨᠡᠨ᠎ᠳᠡᠭᠡᠨ ᠰᠤᠷᠭᠠᠭᠤᠯᠢ᠎ᠶ᠋ᠢᠨ ᠬᠦᠷᠢᠶᠡᠨ᠎ᠦ ᠪᠦᠷᠢᠯᠳᠦᠭᠦᠯᠪᠡᠰᠦ ᠵᠤᠬᠢᠬᠤ ᠵᠦᠢᠯ ᠢ᠋ ᠰᠡᠷᠭᠦᠭᠡᠵᠦ ᠪᠠᠢᠭ᠎ᠠ ᠶᠠᠪᠤᠳᠠᠯ ᠪᠤᠯᠤᠨ᠎ᠠ᠃ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠢ ᠬᠠᠮᠤᠭ᠎ᠤᠨ ᠪᠦᠲᠦᠮᠵᠢᠲᠡᠶ ᠠᠷᠭ᠎ᠠ ᠪᠠᠷᠢᠯ ᠪᠣᠯᠭᠠᠵᠤ᠂ ᠰᠤᠷᠤᠭ᠍ᠴᠢᠳ᠎ᠤᠨ ᠳᠤᠷ᠎ᠠ ᠪᠠᠬᠠᠲᠠᠶ᠂ ᠬᠥᠯᠥᠰᠥ᠍ ᠭᠠᠷᠭᠠᠬᠤ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠢ ᠲᠤᠬᠢᠷᠠᠭᠤᠯᠪᠠᠯ ᠵᠤᠬᠢᠨ᠎ᠠ᠃ ᠬᠡᠦᠬᠡᠳ᠎ᠦᠳ ᠤᠷᠤᠯᠳᠤᠭᠠᠨ᠎ᠤ ᠲᠠᠯᠠᠪᠤᠷ᠎ᠲᠤ ᠭᠦᠶᠦᠯᠳᠦᠵᠦ᠍᠂ ᠬᠢᠴᠢᠶᠡᠯ᠎ᠦᠨ ᠵᠠᠪᠰᠠᠷᠯᠠᠭ᠎ᠠ᠎ᠪᠠᠷ ᠦᠰᠦᠷᠴᠦ᠍ ᠬᠠᠷᠠᠢᠨ᠂ ᠲᠡᠪᠡᠭ ᠢᠰᠭᠦᠯᠬᠦ᠌ ᠦᠶ᠎ᠡ᠎ᠳᠦ᠂ ᠲᠠᠮᠢᠷ ᠲᠡᠩᠬᠡᠭᠡ ᠤᠷᠤᠬᠤ᠎ᠪᠠᠷ ᠪᠠᠷᠠᠬᠤ ᠦᠭᠡᠢ᠂ ᠨᠠᠩ ᠴᠤ᠌ ᠪᠡᠶ᠎ᠡ ᠮᠠᠬᠠᠪᠣᠳ᠎ᠤᠨ ᠵᠣᠬᠢᠴᠠᠩᠭᠤᠶ ᠴᠢᠨᠠᠷ᠂ ᠪᠦᠯᠬᠦᠮ ᠨᠡᠢᠲᠡ᠎ᠶ᠋ᠢᠨ ᠬᠠᠮᠵᠢᠯᠴᠠᠬᠤ ᠴᠢᠳᠠᠪᠤᠷᠢ ᠵᠢ ᠲᠡᠭᠡᠭᠰᠢᠯᠡᠭᠦᠯᠵᠦ ᠴᠢᠳᠠᠨ᠎ᠠ᠃

ᠣᠳᠣᠬᠠᠨ᠎ᠳᠤ ᠵᠠᠯᠠᠭᠤᠴᠤᠳ ᠪᠠᠭᠠᠴᠤᠳ᠎ᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠠᠰᠠᠭᠤᠳᠠᠯ ᠣᠯᠠᠨ᠎ᠤ ᠠᠩᠬᠠᠷᠤᠯ᠎ᠢ ᠲᠠᠲᠠᠵᠤ ᠪᠠᠢᠨ᠎ᠠ᠂ ᠪᠡᠶ᠎ᠡ᠎ᠶ᠋ᠢᠨ ᠲᠠᠮᠢᠷ ᠪᠣᠯ ᠶᠠᠭ ᠰᠠᠢᠬᠠᠨ ᠥᠪᠡᠷ᠎ᠦᠨ ᠥᠷᠲᠡᠭ᠎ᠢᠶᠡᠷ ᠬᠠᠮᠤᠭ᠎ᠤᠨ ᠳᠤᠤᠷ᠎ᠠ᠂ ᠦᠷ᠎ᠡ ᠪᠦᠲᠦᠮᠵᠢ᠎ᠪᠡᠷ ᠬᠠᠮᠤᠭ᠎ᠤᠨ ᠰᠠᠢᠨ 《ᠰᠡᠳᠭᠢᠴᠡ᠎ᠶ᠋ᠢᠨ ᠵᠠᠰᠠᠯᠭ᠎ᠠ》 ᠮᠥᠨ᠃ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢᠶᠡᠷ ᠳᠠᠮᠵᠢᠭᠤᠯᠤᠨ᠂ ᠪᠡᠶ᠎ᠡ᠎ᠳᠡᠭᠡᠨ ᠢᠲᠡᠭᠡᠯ᠎ᠲᠡᠶ ᠰᠡᠳᠭᠢᠯᠭᠡ ᠪᠠ ᠨᠤᠭᠤᠷᠠᠯ ᠪᠦᠳᠦᠷᠢᠯ᠎ᠢ ᠠᠷᠭᠠᠴᠠᠭᠠᠬᠤ ᠴᠢᠳᠠᠪᠤᠷᠢ᠎ᠶ᠋ᠢ ᠬᠥᠮᠦᠵᠢᠭᠦᠯᠬᠦ᠌ ᠨᠢ ᠨᠡᠩ ᠴᠢᠬᠤᠯᠠ᠃ ᠬᠡᠬᠦ᠎ᠳᠡᠭᠡᠨ᠂ ᠲᠠᠮᠢᠷ᠎ᠤᠨ ᠲᠠᠯᠠᠪᠤᠷ ᠪᠣᠯ ᠬᠠᠮᠤᠭ᠎ᠤᠨ ᠰᠠᠢᠨ ᠨᠤᠭᠤᠷᠠᠯ ᠪᠦᠳᠦᠷᠢᠯ᠎ᠲᠡᠶ ᠰᠤᠷᠭᠠᠨ ᠬᠥᠮᠦᠵᠢᠯ᠎ᠦᠨ ᠲᠠᠯᠠᠪᠤᠷ ᠮᠥᠨ᠂ ᠬᠡᠦᠬᠡᠳ ᠤᠷᠤᠯᠳᠤᠭᠠᠨ᠎ᠡᠴᠡ ᠢᠯᠡᠵᠦ ᠢᠯᠠᠬᠳᠠᠬᠤ ᠳ᠋ᠦ ᠵᠦᠪ ᠵᠢᠡᠷ ᠬᠠᠨᠳᠤᠬᠤ ᠵᠢ ᠰᠤᠷᠴᠤ᠂ ᠬᠠᠮᠲᠤ᠎ᠶ᠋ᠢᠨ ᠪᠤᠯᠪᠠᠰᠤᠷᠠᠯ ᠰᠤᠷᠢᠯᠳᠠ ᠡᠴᠡ ᠬᠠᠮᠲᠤᠷᠠᠨ ᠠᠵᠢᠯᠯᠠᠬᠤ᠎ᠶ᠋ᠢ ᠰᠤᠷᠴᠤ ᠴᠢᠳᠠᠨ᠎ᠠ᠃ ᠬᠥᠯᠥᠰᠥ᠍ ᠤᠷᠤᠰᠭᠠᠵᠤ ᠤᠯᠤᠬᠰᠠᠨ ᠡᠨᠡᠬᠦ᠌ ᠤᠶᠠᠨ ᠬᠠᠳᠠᠨ ᠴᠢᠨᠠᠷ᠎ᠢ ᠶᠠᠮᠠᠷ ᠴᠤ᠌ ᠬᠦᠴᠦᠨ ᠣᠷᠣᠯᠠᠵᠤ ᠴᠢᠳᠠᠬᠤ ᠦᠭᠡᠢ ᠶᠤᠮ᠃ ᠡᠨᠡ ᠦᠶ᠎ᠡ ᠳ᠋ᠦ᠂ ᠬᠡᠦᠬᠡᠳ᠎ᠦᠨ ᠨᠢᠳᠦᠨ ᠡᠴᠡ ᠠᠮᠢᠳᠤᠷᠠᠯ᠎ᠳᠤ ᠬᠠᠨᠳᠤᠭᠤᠯᠤᠭ᠍ᠰᠠᠨ ᠬᠠᠢᠷ᠎ᠠ ᠰᠡᠳᠭᠢᠯᠭᠡ ᠪᠠ ᠥᠷᠢᠰᠥᠯᠳᠦᠭᠡᠨ᠎ᠳᠦ ᠬᠠᠨᠳᠤᠭᠤᠯᠤᠭ᠍ᠰᠠᠨ ᠰᠥᠰᠥ᠍ ᠵᠣᠷᠢᠭ ᠬᠠᠷᠠᠬᠳᠠᠨ᠎ᠠ᠃

ᠣᠢᠯᠠᠭᠠᠭ᠍ᠳᠠᠬᠤᠨ᠎ᠠᠴᠠ ᠠᠵᠢᠯᠯᠠᠭ᠎ᠠ ᠬᠦᠷᠲᠡᠯ᠎ᠡ᠂ 《ᠬᠡᠯᠡᠵᠦ᠍ ᠰᠤᠷᠭᠠᠬᠤ ᠬᠢᠴᠢᠶᠡᠯ》 ᠡᠴᠡ 《ᠬᠥᠯᠥᠰᠥ᠍ ᠭᠠᠷᠭᠠᠬᠤ ᠬᠢᠴᠢᠶᠡᠯ》 ᠬᠦᠷᠲᠡᠯ᠎ᠡ᠂ 《ᠡᠷᠡᠭᠦᠯ ᠮᠡᠨᠳᠦ ᠵᠢ ᠲᠡᠷᠢᠭᠦᠨ ᠳ᠋ᠦ ᠲᠠᠯᠪᠢᠬᠤ》 ᠵᠢ ᠨᠠᠢᠳᠠᠪᠤᠷᠢᠵᠢᠭᠤᠯᠬᠤ ᠨᠢ ᠤᠯᠠᠨ ᠲᠠᠯ᠎ᠠ ᠵᠢᠨ ᠴᠢᠷᠮᠠᠢᠯᠭ᠎ᠠ ᠳ᠋ᠦ ᠲᠦᠰᠢᠭᠯᠡᠨ᠎ᠡ᠃ ᠲᠠᠯᠠᠪᠤᠷ ᠬᠦᠷᠦᠯᠴᠡᠬᠦ᠌ ᠥᠬᠡᠶ᠂ ᠪᠠᠭ᠍ᠰᠢ ᠳᠤᠲᠠᠭ᠍ᠳᠠᠬᠤ᠂ ᠠᠮᠤᠷ ᠲᠦᠪᠱᠢᠨ᠎ᠦ ᠡᠷᠡᠭᠡᠯᠵᠡᠯ ᠨᠢ ᠮᠥᠨ ᠯᠡ  ᠪᠣᠳᠠᠲᠤ ᠬᠠᠷᠰᠢ ᠰᠠᠭᠠᠳ ᠪᠣᠯᠵᠣ ᠪᠠᠢᠨ᠎ᠠ᠃ ᠡᠨᠡ ᠨᠢ ᠡᠯ᠎ᠡ ᠭᠠᠵᠠᠷ ᠡᠯ᠎ᠡ ᠰᠤᠷᠭᠠᠭᠤᠯᠢ᠎ᠶ᠋ᠢ 《ᠶᠠᠰᠤ ᠴᠢᠨᠠᠷ᠎ᠤᠨ ᠦᠷᠡᠵᠢᠭᠦᠯᠬᠦ᠌ ᠦᠢᠯᠡᠳᠦᠯ》 ᠭᠠᠷᠭᠠᠬᠤ ᠵᠢ ᠱᠠᠭᠠᠷᠳᠠᠵᠤ ᠪᠠᠢᠨ᠎ᠠ᠃ ᠨᠢᠭᠡ ᠲᠠᠯ᠎ᠠ᠎ᠪᠠᠷ ᠰᠡᠳᠭᠢᠴᠡ᠎ᠪᠡᠨ ᠱᠢᠨᠡᠴᠢᠯᠡᠵᠦ᠍᠂ ᠣᠷᠣᠨ ᠵᠠᠢ᠎ᠪᠠᠨ ᠥᠷᠭᠡᠳᠭᠡᠵᠦ᠍᠂ AI ᠴᠢᠳᠠᠮᠵᠢᠳᠤ ᠵᠢᠭᠠᠨ ᠰᠤᠷᠭᠠᠯᠲᠠ᠎ᠶ᠋ᠢ ᠣᠷᠣᠭᠤᠯᠤᠨ ᠠᠪᠴᠢᠷᠠᠵᠤ᠂ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭ᠍ᠴᠠ》 ᠵᠢᠨ ᠬᠠᠮᠵᠢᠯᠴᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠪᠠᠯ ᠵᠤᠬᠢᠨ᠎ᠠ᠃ ᠨᠥᠭᠥᠭᠡ ᠲᠠᠯ᠎ᠠ᠎ᠪᠠᠷ᠂ ᠰᠤᠷᠭᠠᠨ ᠬᠥᠮᠦᠵᠢᠯ᠎ᠦᠨ ᠦᠨᠡᠯᠡᠯᠲᠡ᠎ᠶ᠋ᠢᠨ ᠱᠢᠰᠲ᠋ᠧᠮ᠎ᠢ ᠥᠭᠡᠷᠡᠴᠢᠯᠡᠵᠦ᠍᠂ 《ᠡᠷᠡᠭᠦᠯ ᠮᠡᠨᠳᠦ᠍᠎ᠶ᠋ᠢ ᠲᠡᠷᠢᠭᠦᠨ ᠳ᠋ᠦ ᠲᠠᠯᠪᠢᠬᠤ》 ᠤᠢᠯᠠᠭᠠᠬᠳᠠᠬᠤᠨ᠎ᠢ ᠨᠡᠢᠭᠡᠮ ᠳᠠᠶᠠᠭᠠᠷ᠎ᠲᠤ ᠲᠦᠭᠡᠮᠡᠯᠵᠢᠭᠦᠯᠪᠡᠯ ᠵᠤᠬᠢᠨ᠎ᠠ᠃

《ᠪᠡᠶ᠎ᠡ ᠡᠴᠡ ᠨᠢ ᠬᠥᠯᠥᠰᠥ᠎ᠭᠠᠷᠴᠦ᠂ ᠨᠢᠳᠦᠨ᠎ᠡᠴᠡ ᠨᠢ ᠴᠤᠬ ᠪᠠᠳᠠᠷᠠᠬᠤ》 ᠪᠣᠯ ᠵᠠᠯᠠᠭᠤ ᠨᠠᠰᠤᠨ᠎ᠤ ᠪᠠᠢᠪᠠᠰᠤ ᠵᠣᠬᠢᠬᠤ ᠶᠠᠩᠵᠤ᠂ ᠮᠥᠨ ᠴᠦ᠍ ᠰᠤᠷᠭᠠᠨ ᠬᠥᠮᠦᠵᠢᠯ᠎ᠳᠦ ᠪᠠᠢᠪᠠᠰᠤ ᠵᠣᠬᠢᠬᠤ ᠵᠦᠢᠯ ᠪᠣᠯᠤᠨ᠎ᠠ᠃ 《ᠡᠷᠡᠭᠦᠯ ᠮᠡᠨᠳᠦ ᠵᠢ ᠲᠡᠷᠢᠭᠦᠨ ᠳ᠋ᠦ ᠲᠠᠯᠪᠢᠬᠤ》 ᠤᠢᠯᠠᠭᠠᠬᠳᠠᠬᠤᠨ ᠬᠣᠶᠠᠷ ᠬᠤᠷᠠᠯ᠎ᠤᠨ ᠬᠠᠯᠠᠮᠱᠢᠯ ᠠᠰᠠᠭᠤᠳᠠᠯ ᠪᠠᠢᠭ᠍ᠰᠠᠨ᠎ᠠᠴᠠ᠎ᠪᠠᠨ ᠰᠤᠷᠭᠠᠭᠤᠯᠢ᠎ᠶ᠋ᠢᠨ ᠬᠦᠷᠢᠶᠡᠨ᠎ᠦ ᠬᠡᠪ᠎ᠦᠨ ᠪᠠᠢᠳᠠᠯ ᠪᠤᠯᠵᠤ ᠬᠤᠪᠢᠷᠠᠬᠤ ᠦᠶ᠎ᠡ᠎ᠳᠦ᠂ ᠦᠢ ᠤᠯᠠᠨ ᠰᠤᠷᠤᠬ᠍ᠴᠢ ᠨᠡᠷᠡᠨ᠎ᠤ  ᠭᠡᠷᠡᠯ ᠲᠤᠤᠷ᠎ᠠ ᠦᠰᠦᠨ ᠪᠤᠢᠵᠢᠵᠤ᠂ ᠰᠠᠯᠬᠢ ᠪᠣᠷᠣᠭᠠᠨ᠎ᠤ ᠳᠤᠮᠳᠠ ᠰᠦᠷᠳᠡᠯ ᠦᠭᠡᠢ ᠤᠷᠤᠭ᠍ᠰᠢᠯᠠᠵᠤ᠂ ᠡᠷᠡᠭᠦᠯ ᠴᠢᠭᠢᠷᠠᠭ ᠪᠡᠶ᠎ᠡ ᠮᠠᠬᠠᠪᠣᠳ ᠪᠣᠯᠤᠨ ᠢᠳᠡᠪᠬᠢ ᠦᠭᠡᠳᠡᠷᠭᠡᠭ ᠰᠡᠳᠬᠢᠯ ᠵᠢᠡᠷ ᠢᠷᠡᠭᠡᠳᠦᠢ ᠳ᠋ᠦ ᠬᠠᠨᠳᠤᠬᠤ ᠰᠠᠢᠨ ᠰᠠᠢᠬᠠᠨ ᠲᠦᠷᠰᠦ ᠪᠠᠢᠳᠠᠯ ᠪᠢᠳᠡᠨ᠎ᠤ ᠡᠮᠦᠨ᠎ᠡ ᠲᠡᠯᠭᠡᠭᠳᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号