ᠦᠪᠦᠷ ᠮᠤᠡᠭᠭᠤᠯ 2980 ᠭᠤᠤᠯ ᠮᠥᠷᠡᠨ ᠨᠠᠭᠤᠷ ᠴᠥᠭᠥᠷᠥᠮ ᠳ᠋ᠤ 《ᠡᠷᠡᠭᠦᠯ ᠮᠡᠨᠳᠦ᠍》 ᠢ᠋ᠢᠨ ᠦᠨᠡᠯᠡᠯᠲᠡ ᠬᠢᠪᠠ
2026-03-16 09:52:01
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠮᠠᠨ ᠤ᠋ ᠤᠷᠤᠨ ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠢᠶᠠᠷᠤᠯᠲᠠ ᠬᠠᠮᠠᠭᠠᠯᠠᠯᠲᠠ ᠢ᠋ᠢᠨ ᠰᠠᠭᠤᠷᠢ ᠢ᠋ᠢ ᠪᠥᠬᠥ᠌ ᠲᠠᠯ᠎ᠠ ᠪᠡᠷ  ᠪᠡᠬᠢᠵᠢᠭᠦᠯᠵᠤ᠂ ᠪᠥᠬᠥ᠌ ᠣᠷᠣᠨ ᠤ᠋  ᠭᠤᠤᠯ  ᠮᠥᠷᠡᠨ ᠨᠠᠭᠤᠷ ᠴᠥᠭᠥᠷᠥᠮ ᠤ᠋ᠨ ᠡᠷᠭᠢ ᠢ᠋ᠢᠨ ᠱᠤᠭᠤᠮ ᠢ᠋ ᠬᠠᠮᠠᠭᠠᠯᠠᠬᠤ ᠪᠠ ᠠᠱᠢᠭ᠍ᠯᠠᠬᠤ ᠲᠥᠯᠥᠪᠵᠢᠭᠦᠯᠭᠡ ᠢ᠋ᠢ ᠨᠠᠢᠷᠠᠭᠤᠯᠤᠨ ᠵᠣᠬᠢᠶᠠᠬᠤ ᠠᠵᠢᠯ ᠢ᠋ ᠡᠮᠬᠢ ᠵᠢᠷᠤᠮ ᠲᠠᠢ ᠠᠬᠢᠭᠤᠯᠤᠨ᠂ 2980 ᠭᠤᠤᠯ ᠮᠥᠷᠡᠨ ᠨᠠᠭᠤᠷ  ᠴᠥᠭᠥᠷᠥᠮ ᠤ᠋ᠨ ᠡᠷᠡᠭᠦᠯ  ᠮᠡᠨᠳᠦ᠍ ᠢ᠋ᠢ  ᠦᠨᠡᠯᠡᠵᠤ ᠂ ᠬᠠᠮᠢᠶᠠᠷᠴᠤ᠌ ᠬᠠᠮᠠᠭᠠᠯᠠᠬᠤ᠎ᠳᠤ ᠱᠢᠨᠵᠢᠯᠡᠬᠦ᠌  ᠤᠬᠠᠭᠠᠨᠴᠢ  ᠦᠨᠳᠦᠰᠦᠯᠡᠯ  ᠬᠠᠩᠭᠠᠪᠠ᠃

ᠮᠠᠨ ᠤ᠋ ᠤᠷᠤᠨ ᠭᠤᠤᠯ ᠮᠥᠷᠡᠨ ᠨᠠᠭᠤᠷ ᠴᠥᠭᠥᠷᠥᠮ ᠢ᠋ ᠬᠠᠮᠠᠭᠠᠯᠠᠬᠤ ᠪᠠ ᠬᠠᠮᠢᠶᠠᠷᠬᠤ ᠲᠦᠷᠢᠮ ᠵᠡᠷᠭᠡ   ᠠᠯᠢ  ᠣᠯᠠᠨ   ᠬᠠᠤᠯᠢ ᠲᠦᠷᠢᠮ ᠢ᠋ ᠨᠡᠢᠲᠡᠯᠡᠨ᠂《ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ + ᠪᠠᠢᠴᠠᠭᠠᠬᠤ ᠳᠠᠷᠤᠭ᠎ᠠ》 ᠢ᠋ᠢᠨ ᠬᠣᠯᠪᠣᠭᠠᠯᠠᠨ ᠬᠥᠳᠡᠯᠦᠯᠴᠡᠵᠦ᠍ ᠬᠠᠮᠵᠢᠯᠴᠠᠬᠤ ᠲᠣᠭ᠍ᠲᠠᠴᠠ ᠢ᠋ᠢ ᠪᠠᠢᠭᠤᠯᠵᠤ᠂ ᠬᠢᠯᠢ ᠠᠯᠤᠰᠯᠠᠭ᠍ᠰᠠᠨ ᠭᠤᠤᠯ ᠮᠥᠷᠡᠨ ᠨᠠᠭᠤᠷ ᠴᠥᠭᠥᠷᠥᠮ ᠢ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠵᠦ᠍ ᠬᠣᠯᠪᠣᠭᠠᠯᠠᠨ ᠵᠠᠰᠠᠬᠤ ᠢ᠋ᠢ ᠠᠬᠢᠭᠤᠯᠤᠨ᠂ ᠭᠤᠤᠯ ᠮᠥᠷᠡᠨ ᠨᠠᠭᠤᠷ  ᠴᠥᠭᠥᠷᠥᠮ ᠤ᠋ᠨ ᠵᠠᠰᠠᠯᠲᠠ ᠢ᠋ᠢ ᠬᠠᠤᠯᠢᠵᠢᠭᠤᠯᠵᠤ ᠵᠢᠷᠤᠮᠵᠢᠭᠤᠯᠬᠤ ᠲᠦᠪᠱᠢᠨ ᠢ᠋ ᠪᠥᠬᠥ᠌ ᠲᠠᠯ᠎ᠠ ᠪᠡᠷ ᠳᠡᠭᠡᠭ᠌ᠰᠢᠯᠡᠭᠦᠯᠪᠡ᠃ ᠠᠩᠬᠠᠳᠤᠭᠠᠷ ᠤᠳᠠᠭ᠎ᠠ ᠵᠢᠨ ᠪᠦᠬᠦ᠌ ᠤᠯᠤᠰ ᠤ᠋ᠨ ᠤᠰᠤᠨ ᠠᠱᠢᠭ᠍ᠯᠠᠯᠲᠠ ᠢ᠋ᠢᠨ ᠨᠡᠢᠳᠡᠮ ᠪᠠᠢᠴᠠᠭᠠᠯᠲᠠ ᠢ᠋ᠢᠨ ᠨᠡᠷᠡᠰ ᠤ᠋ᠨ ᠵᠢᠭ᠍ᠰᠠᠭᠠᠯᠲᠠ ᠳ᠋ᠤ ᠤᠷᠤᠭᠰᠠᠨ 3080 ᠭᠣᠣᠯ ᠮᠥᠷᠡᠨ᠂ 367 ᠨᠠᠭᠤᠷ ᠴᠥᠭᠥᠷᠥᠮ ᠪᠣᠯᠤᠨ ᠤᠰᠤᠨ ᠠᠱᠢᠭ᠍ᠯᠠᠯᠲᠠ ᠢ᠋ᠢᠨ ᠨᠡᠢᠳᠡᠮ ᠪᠠᠢᠴᠠᠭᠠᠯᠲᠠ ᠢ᠋ᠢᠨ ᠨᠡᠷᠡᠰ ᠤ᠋ᠨ ᠵᠢᠭ᠍ᠰᠠᠭᠠᠯᠲᠠ ᠡᠴᠡ ᠭᠠᠳᠠᠨᠠᠬᠢ 906 ᠭᠣᠣᠯ ᠮᠥᠷᠡᠨ᠂ 134 ᠨᠠᠭᠤᠷ  ᠴᠥᠭᠥᠷᠥᠮ ᠤ᠋ᠨ ᠬᠠᠮᠢᠶᠠᠷᠤᠯᠲᠠ ᠢ᠋ᠢᠨ ᠬᠡᠪᠴᠢᠶ᠎ᠡ  ᠢ᠋ᠢ  ᠬᠤᠪᠢᠶᠠᠷᠢᠯᠠᠨ ᠲᠣᠭ᠍ᠲᠠᠭᠠᠬᠤ ᠠᠵᠢᠯ ᠢ᠋ ᠪᠦᠬᠦ᠌  ᠲᠠᠯ᠎ᠠ  ᠪᠡᠷ  ᠪᠡᠶᠡᠯᠡᠭᠦᠯᠪᠠ᠃

ᠮᠠᠨ ᠤ᠋ ᠤᠷᠤᠨ ᠪᠠᠰᠠ ᠨᠢᠭᠡ ᠪᠦᠯᠦᠭ ᠭᠣᠣᠯᠳᠠᠯᠭ᠎ᠠ ᠲᠠᠶ ᠭᠣᠣᠯ ᠮᠥᠷᠡᠨ ᠨᠠᠭᠤᠷ ᠴᠥᠭᠥᠷᠥᠮ ᠤ᠋ᠨ ᠬᠠᠮᠠᠭᠠᠯᠠᠯᠲᠠ ᠵᠠᠰᠠᠯᠲᠠ ᠢ᠋ᠢᠨ ᠠᠰᠠᠭᠤᠳᠠᠯ ᠢ᠋ ᠬᠦᠴᠦᠲᠡᠢ ᠰᠢᠢᠳᠪᠦᠷᠢᠯᠡᠵᠤ᠂ ᠴᠤᠤᠯ ᠭᠤᠤᠯ ᠤ᠋ᠨ ᠤᠰᠤ ᠢ᠋ᠢ  ᠯᠢᠶᠣᠤᠾᠧ ᠭᠤᠤᠯ᠎ᠳᠤ ᠲᠠᠲᠠᠬᠤ᠂ ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠪᠠᠴᠢᠮ ᠪᠠᠢᠳᠠᠯ ᠢ᠋ ᠠᠷᠭᠠᠴᠠᠭᠠᠵᠤ ᠤᠰᠤ ᠨᠥᠬᠥᠪᠥᠷᠢᠯᠡᠬᠦ᠌ ᠢᠨᠵᠧᠨᠧᠷᠢᠩ ᠵᠡᠷᠭᠡ ᠴᠢᠬᠤᠯᠠ ᠶᠡᠬᠡ ᠢᠨᠵᠧᠨᠧᠷᠢᠩ ᠳ᠋ᠤ 46 ᠨᠡᠷᠡᠰ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠲᠣᠬᠢᠷᠠᠭᠤᠯᠵᠤ᠂ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠲᠦᠷᠢᠮ ᠤ᠋ᠨ ᠬᠠᠮᠤᠷᠬᠤ ᠬᠡᠪᠴᠢᠶ᠎ᠡ ᠢ᠋ᠢ ᠤᠯᠠᠮ ᠥᠷᠭᠡᠳᠭᠡᠪᠠ᠃ ᠦᠨᠳᠦᠰᠦᠨ ᠱᠠᠲᠤᠨ ᠤ᠋ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠲᠣᠭᠣᠷᠢᠨ ᠪᠠᠢᠴᠠᠭᠠᠬᠤ ᠠᠵᠢᠯ ᠢ᠋ ᠱᠢᠯᠢᠳᠡᠭ᠌ᠵᠢᠭᠦᠯᠦᠨ ᠲᠣᠬᠢᠷᠠᠭᠤᠯᠵᠤ᠂ ᠵᠦᠷᠢᠶᠡᠴᠢᠯᠡᠭ᠌ᠰᠡᠨ ᠭᠤᠤᠯ ᠮᠥᠷᠡᠨ ᠨᠠᠭᠤᠷ ᠴᠥᠭᠥᠷᠥᠮ ᠤ᠋ᠨ ᠲᠣᠭᠣᠷᠢᠨ ᠪᠠᠢᠴᠠᠭᠠᠯᠲᠠ ᠢ᠋ᠢ ᠰᠦᠪᠡᠭ᠌ᠴᠢᠯᠡᠨ ᠥᠷᠨᠢᠭᠦᠯᠵᠦ᠍᠂ ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠢᠶᠠᠷᠤᠯᠲᠠ ᠬᠠᠮᠠᠭᠠᠯᠠᠯᠲᠠ ᠢ᠋ᠢᠨ ᠶᠠᠰᠤ  ᠴᠢᠨᠠᠷ  ᠦᠷ᠎ᠡ  ᠪᠦᠲᠦᠮᠵᠢ ᠢ᠋ᠢ  ᠤᠯᠠᠮ  ᠳᠡᠭᠡᠭ᠌ᠰᠢᠯᠡᠭᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号