2025 ᠤᠨ ᠳ᠋ᠤ ᠦᠪᠦᠷ ᠮᠤᠩᠭᠤᠯ 3767.57 ᠲᠦᠮᠡᠨ ᠰᠠᠭᠤᠷᠢ ᠠᠯᠪᠠᠨ ᠵᠢᠷᠤᠮ ᠤ᠋ᠨ ᠮᠤᠳᠤ ᠲᠠᠷᠢᠪᠠ
2026-03-16 17:17:13
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠦᠪᠦᠷ ᠮᠣᠩᠭᠣᠯ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠣᠢᠯᠠᠭᠠᠭ᠍ᠰᠠᠨ ᠵᠢᠡᠷ᠂ 2025 ᠣᠨ ᠳ᠋ᠤ ᠥᠪᠥᠷ ᠮᠣᠩᠭᠣᠯ ᠨᠡᠢᠲᠡ 3767.57 ᠲᠦᠮᠡᠨ ᠰᠠᠭᠤᠷᠢ ᠠᠯᠪᠠᠨ ᠵᠢᠷᠤᠮ ᠤ᠋ᠨ ᠮᠣᠳᠣ ᠳᠠᠷᠢᠵᠦ᠍᠂ ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠳ᠋ᠤ ᠣᠷᠣᠯᠴᠠᠭ᠍ᠰᠠᠨ ᠬᠥᠮᠦᠨ ᠤ᠋ ᠲᠣᠭ᠎ᠠ 851.73 ᠲᠦᠮᠡᠨ ᠬᠥᠮᠦᠨ ᠤᠳᠠᠭ᠎ᠠ ᠳ᠋ᠤ ᠬᠦᠷᠴᠡᠶ᠃

ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠳᠤᠮᠳᠠ᠂ ᠡᠯ᠎ᠡ ᠭᠠᠵᠠᠷ ᠤ᠋ᠨ ᠬᠢᠨ ᠲᠡᠷᠢᠭᠦᠨ ᠤ᠋ ᠮᠡᠷᠭᠡᠵᠢᠯ ᠪᠠ ᠲᠥᠬᠥᠭᠡᠷᠦᠮᠵᠢ ᠶ᠋ᠢ ᠢᠳᠡᠪᠬᠢᠲᠡᠢ ᠠᠰᠢᠭᠯᠠᠵᠤ᠂ ᠮᠣᠳᠣ ᠲᠠᠷᠢᠬᠤ ᠦᠷ᠎ᠡ ᠪᠦᠲᠦᠮᠵᠢ ᠪᠠ ᠶᠠᠰᠤ ᠴᠢᠨᠠᠷ ᠢ᠋ ᠳᠡᠭᠡᠭ᠌ᠰᠢᠯᠡᠭᠦᠯᠪᠡ᠃ ᠪᠠᠶᠠᠨᠨᠠᠭᠤᠷ ᠬᠣᠲᠠ ᠮᠣᠳᠣ ᠳᠠᠷᠢᠬᠤ ᠲᠤᠬᠠᠶ ᠶ᠋ᠢᠨ ᠲᠠᠯᠠᠪᠠᠶ ᠳ᠋ᠤ ᠮᠠᠱᠢᠨ ᠬᠥᠮᠦᠨ ᠨᠦᠬᠡ ᠮᠠᠯᠲᠠᠬᠤ᠂ ᠬᠥᠮᠦᠨ ᠤ᠋ ᠬᠦᠴᠦ᠍᠎ᠪᠡᠷ ᠵᠠᠢᠯᠠᠬᠤ᠂ ᠳᠤᠰᠤᠯᠭᠠᠨ ᠤᠰᠤᠯᠠᠬᠤ ᠶ᠋ᠢᠨ ᠬᠠᠮᠲᠤ ᠤᠰᠤ ᠠᠷᠪᠢᠯᠠᠬᠤ ᠤᠰᠤᠯᠠᠯᠲᠠ ᠪᠠ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠤᠭ᠍ᠰᠠᠨ ᠲᠥᠬᠥᠭᠡᠷᠦᠮᠵᠢ ᠶ᠋ᠢ ᠲᠥᠬᠥᠷᠵᠢᠭᠦᠯᠵᠦ᠍᠂ ᠠᠯᠪᠠᠨ ᠵᠢᠷᠤᠮ ᠤ᠋ᠨ ᠮᠣᠳᠣ ᠳᠠᠷᠢᠬᠤ ᠦᠷ᠎ᠡ ᠪᠦᠲᠦᠮᠵᠢ ᠶ᠋ᠢ ᠪᠦᠲᠦᠮᠵᠢᠲᠡᠶ ᠳᠡᠭᠡᠭ᠌ᠰᠢᠯᠡᠭᠦᠯᠪᠡ᠃ ᠤᠷᠳᠤᠰ ᠬᠤᠳᠠ ᠶ᠋ᠢᠨ ᠤᠳᠤᠭ ᠤ᠋ᠨ ᠡᠮᠦᠨᠡᠲᠦ ᠬᠣᠱᠢᠭᠤ ᠬᠥᠪᠴᠢ ᠶ᠋ᠢᠨ ᠬᠣᠢᠲᠤ ᠵᠠᠬ᠎ᠠ ᠶ᠋ᠢᠨ ᠤᠢ ᠱᠢᠭᠤᠢ ᠶ᠋ᠢᠨ ᠪᠦᠰᠡ ᠶ᠋ᠢᠨ ᠲᠦᠷᠦᠯ ᠵᠦᠢᠯ ᠢ᠋ ᠢᠳᠡᠪᠬᠢᠲᠡᠢ ᠠᠬᠢᠭᠤᠯᠵᠤ᠂ ᠲᠤᠷᠤᠭ ᠪᠤᠳᠠ ᠮᠣᠳᠣ ᠶ᠋ᠢᠨ ᠣᠢᠵᠢᠭᠤᠯᠤᠯᠲᠠ ᠳ᠋ᠤ ᠡᠯᠡᠰᠦᠨ ᠪᠤᠷᠭᠠᠰᠤ᠂ ᠨᠠᠢᠯᠵᠠᠭᠤᠷ ᠬᠠᠷᠭᠠᠨ᠎ᠠ ᠵᠡᠷᠭᠡ ᠭᠠᠩ ᠳ᠋ᠤ ᠲᠡᠰᠪᠦᠷᠢᠲᠠᠢ ᠡᠯᠡᠰᠦᠨ ᠱᠢᠭᠤᠷᠭ᠎ᠠ ᠳ᠋ᠤ ᠳᠠᠭᠠᠭᠠᠴᠠᠲᠠᠢ ᠮᠣᠳᠣᠨ᠎ᠤ ᠲᠦᠷᠦᠯ ᠢ᠋ ᠰᠣᠩᠭᠣᠵᠤ᠂ ᠢᠨᠵᠸᠨ᠋ᠸᠷᠢᠩ ᠵᠢᠡᠷ ᠡᠯᠡᠰᠦ ᠶ᠋ᠢ ᠲᠣᠭ᠍ᠲᠠᠪᠤᠷᠢᠵᠢᠭᠤᠯᠬᠤ ᠳ᠋ᠤ ᠡᠯᠡᠰᠦᠨ ᠪᠤᠷᠭᠠᠰᠤ ᠶ᠋ᠢᠨ ᠬᠠᠯᠬᠠᠪᠴᠢ᠂ ᠡᠪᠡᠰᠦᠨ ᠳᠥᠷᠪᠡᠯᠵᠢ ᠵᠡᠷᠭᠡ ᠠᠷᠭ᠎ᠠ ᠬᠡᠮᠵᠢᠶ᠎ᠡ ᠶ᠋ᠢ ᠠᠪᠴᠤ᠌᠂ ᠨᠡᠭᠦᠳᠡᠯ ᠡᠯᠡᠰᠦᠨ ᠤ᠋ ᠢᠳᠡᠭ᠌ᠳᠡᠯ ᠢ᠋ ᠪᠦᠲᠦᠮᠵᠢᠲᠡᠢ ᠬᠣᠷᠢᠭ᠍ᠯᠠᠨ᠂ ᠲᠠᠷᠢᠮᠠᠯ ᠡᠪᠡᠰᠦ ᠶ᠋ᠢ ᠱᠢᠭ᠌ᠰᠢᠨ ᠰᠣᠩᠭᠣᠵᠤ ᠡᠪᠡᠰᠦᠨ ᠤ᠋ ᠦᠷ᠎ᠡ ᠶ᠋ᠢ ᠲᠤᠬᠢᠷᠠᠭᠤᠯᠬᠤ ᠶ᠋ᠢᠨ ᠬᠠᠮᠲᠤ ᠱᠢᠯᠢᠳᠡᠭ᠌ᠵᠢᠭᠦᠯᠦᠨ ᠲᠠᠷᠢᠬᠤ ᠲᠥᠰᠦᠯ ᠢ᠋ ᠬᠡᠷᠡᠭ᠌ᠵᠢᠭᠦᠯᠵᠦ᠍᠂ ᠤᠷᠭᠤᠮᠠᠯ ᠤ᠋ᠨ ᠬᠤᠴᠢᠯᠭ᠎ᠠ ᠶ᠋ᠢᠨ ᠦᠷᠭᠦᠯᠵᠢᠯᠡᠨ ᠤᠷᠭᠤᠬᠤ ᠶ᠋ᠢ ᠪᠠᠲᠤᠯᠠᠨ《ᠨᠡᠭᠦᠳᠡᠯ ᠡᠯᠡᠰᠦ ᠬᠠᠲᠤᠨ ᠭᠣᠣᠯ ᠳ᠋ᠤ ᠤᠷᠤᠬᠤ ᠶ᠋ᠢ ᠬᠤᠷᠢᠭᠯᠠᠬᠤ》 ᠠᠮᠢ ᠠᠬᠤᠢ ᠶ᠋ᠢᠨ ᠬᠠᠯᠬᠠᠪᠴᠢ ᠶ᠋ᠢ ᠪᠦᠬᠦ ᠬᠦᠴᠦᠨ ᠵᠢᠡᠷ ᠪᠠᠢᠭᠤᠯᠤᠭᠰᠠᠨ ᠪᠠᠢᠨ᠎ᠠ᠃

2025 ᠣᠨ ᠳ᠋ᠤ ᠥᠪᠥᠷ ᠮᠣᠩᠭᠣᠯ ᠪᠥᠬᠥ᠌ ᠵᠢᠯ᠎ᠳᠦ 《ᠪᠢ〈ᠤᠮᠠᠷᠠᠲᠤ ᠶ᠋ᠢᠨ ᠭᠤᠷᠪᠠᠨ ᠣᠷᠣᠨ〉 ᠳ᠋ᠤ ᠮᠣᠳᠣ ᠲᠠᠷᠢᠨ᠎ᠠ》 ᠭᠡᠬᠦ ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠶ᠋ᠢ ᠦᠷᠭᠦᠯᠵᠢᠯᠡᠨ ᠥᠷᠨᠢᠭᠦᠯᠪᠡ᠃ ᠪᠦᠬᠦ᠌ ᠣᠷᠣᠨ᠎ᠤ ᠡᠯ᠎ᠡ ᠭᠠᠵᠠᠷ ᠤ᠋ᠨ ᠬᠢᠨ ᠠᠯᠪᠠᠨ ᠵᠢᠷᠤᠮ ᠤ᠋ᠨ ᠮᠣᠳᠣ ᠲᠠᠷᠢᠵᠤ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠯᠪᠡᠷᠢ ᠶ᠋ᠢ ᠢᠳᠡᠪᠬᠢᠲᠡᠢ ᠪᠠᠶᠠᠯᠢᠭ᠍ᠵᠢᠭᠤᠯᠤᠨ᠂ 《ᠠᠯᠪᠠᠨ ᠵᠢᠷᠤᠮ ᠤ᠋ᠨ ᠮᠣᠳᠣ ᠲᠠᠷᠢᠬᠤ +》 ᠱᠢᠨ᠎ᠡ ᠠᠷᠭ᠎ᠠ ᠵᠠᠮ ᠢ᠋ ᠢᠳᠡᠪᠬᠢᠲᠡᠢ ᠰᠦᠪᠡᠭ᠌ᠴᠢᠯᠡᠵᠦ᠍᠂ ᠤᠯᠠᠮᠵᠢᠯᠠᠯᠲᠤ ᠠᠷᠭ᠎ᠠ ᠪᠡᠷ ᠣᠢᠵᠢᠭᠤᠯᠵᠤ ᠨᠣᠭᠣᠭᠠᠷᠠᠭᠤᠯᠬᠤ᠂ ᠰᠠᠢ᠌ᠨ ᠳᠤᠷ᠎ᠠ ᠶ᠋ᠢᠨ ᠦᠢᠯᠡᠴᠢᠯᠡᠭᠡ ᠡᠴᠡ ᠭᠠᠳᠠᠨ᠎ᠠ ᠪᠠᠰᠠ ᠪᠠᠢᠭᠠᠯᠢ ᠶ᠋ᠢᠨ ᠬᠠᠮᠠᠭᠠᠯᠠᠯᠲᠠ᠂ ᠡᠳ᠋ ᠪᠣᠳᠠᠰ ᠬᠠᠨᠳᠢᠪᠯᠠᠬᠤ᠂ ᠪᠣᠢᠵᠢᠭᠤᠯᠤᠨ ᠬᠠᠮᠢᠶᠠᠷᠴᠤ᠌ ᠬᠠᠮᠠᠭᠠᠯᠠᠬᠤ ᠵᠡᠷᠭᠡ ᠤᠯᠠᠨ ᠵᠦᠢᠯ ᠤ᠋ᠨ ᠬᠡᠯᠪᠡᠷᠢ ᠶ᠋ᠢᠨ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠶ᠋ᠢ ᠥᠷᠨᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号