ᠦᠪᠦᠷ ᠮᠤᠨᠭᠭᠤᠯ᠎ᠤᠨ ᠲᠠᠮᠢᠷᠴᠢᠳ ᠪᠥᠬᠥ᠌ ᠤᠯᠤᠰ᠎ᠤᠨ ᠲᠠᠩ ᠴᠠᠨᠠᠳᠤ ᠴᠠᠨᠠᠯᠠᠯᠲᠠ᠎ᠶ᠋ᠢᠨ ᠤᠷᠤᠯᠳᠤᠭᠠᠨ᠎ᠳᠤ 1 ᠠᠯᠲᠠᠨ ᠮᠧᠳᠠᠯ 1 ᠬᠦᠷᠡᠯ ᠮᠧᠳᠠᠯ ᠭᠠᠷᠳᠠᠵᠠᠢ
2026-03-16 15:12:02
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 3 ᠰᠠᠷ᠎ᠠ᠎ᠶ᠋ᠢᠨ 3 ᠎ᠤ᠋ ᠡᠳᠦᠷ᠎ᠡᠴᠡ 4 ᠤ᠋ ᠡᠳᠦᠷ ᠪᠣᠯᠲᠠᠯ᠎ᠠ᠂ 2025 - 2026 ᠣᠨ᠎ᠤ ᠤᠷᠤᠯᠳᠤᠭᠠᠨ᠎ᠤ ᠤᠯᠠᠷᠢᠯ᠎ᠤᠨ ᠪᠥᠬᠥ᠌ ᠤᠯᠤᠰ᠎ᠤᠨ ᠲᠠᠩ ᠴᠠᠨᠠᠳᠤ ᠴᠠᠨᠠᠯᠠᠯᠲᠠ᠎ᠶ᠋ᠢᠨ ᠵᠡᠷᠭᠡᠴᠡᠭᠡ ᠲᠥᠷᠥᠯ ᠵᠦᠶ᠋ᠯ᠎ᠦᠨ ᠮᠠᠩᠯᠠᠶ ᠱᠢᠯᠭᠠᠷᠠᠭᠤᠯᠬᠤ ᠤᠷᠤᠯᠳᠤᠭᠠᠨ ᠾᠸᠪᠸᠢ ᠮᠤᠵᠢ᠎ᠶ᠋ᠢᠨ ᠴᠢᠭᠤᠯᠤᠯᠲᠤ ᠬᠠᠭᠠᠯᠭ᠎ᠠ ᠎ᠳᠤ ᠠᠮᠵᠢᠯᠲᠠ᠎ᠲᠠᠶ ᠶᠠᠪᠤᠭ᠍ᠳᠠᠪᠠ᠃ ᠲᠣᠰ ᠤᠳᠠᠭᠠᠨ᠎ᠤ ᠤᠷᠤᠯᠳᠤᠭᠠᠨ ᠪᠣᠯ ᠤᠯᠤᠰ᠎ᠤᠨ ᠳᠣᠲᠣᠭᠠᠳᠤ᠎ᠶ᠋ᠢᠨ ᠲᠠᠩ ᠴᠠᠨᠠᠳᠤ ᠴᠠᠨᠠᠯᠠᠯᠲᠠ᠎ᠶ᠋ᠢᠨ ᠵᠡᠷᠭᠡᠴᠡᠭᠡ ᠤᠷᠤᠯᠳᠤᠭᠠᠨ᠎ᠤ ᠲᠥᠷᠥᠯ ᠵᠦᠶ᠋ᠯ᠎ᠦᠨ ᠥᠨᠳᠥᠷ ᠬᠢᠷᠢ ᠲᠦᠪᠱᠢᠨ ᠪᠥᠬᠥᠶ ᠤᠷᠤᠯᠳᠤᠭᠠᠨ ᠪᠣᠯᠤᠨ᠎ᠠ᠂ ᠪᠥᠬᠥ᠌ ᠤᠯᠤᠰ᠎ᠤᠨ ᠡᠯ᠎ᠡ ᠮᠤᠵᠢ ᠣᠷᠣᠨ ᠬᠣᠲᠠ᠎ᠶ᠋ᠢᠨ 13 ᠲᠥᠯᠥᠭᠡᠯᠡᠭ᠌ᠴᠢᠳ᠎ᠦᠨ ᠠᠩᠭᠢ᠂ 42 ᠭᠠᠷᠤᠶ ᠲᠠᠮᠢᠷᠴᠢᠨ ᠤᠷᠤᠯᠴᠠᠪᠠ᠃

ᠦᠪᠦᠷ ᠮᠤᠨᠭᠭᠤᠯ ᠲᠣᠰ ᠤᠳᠠᠭᠠᠨ᠎ᠤ ᠤᠷᠤᠯᠳᠤᠭᠠᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ 14 ᠲᠠᠮᠢᠷᠴᠢᠨ᠎ᠢ ᠰᠣᠩᠭᠣᠨ ᠲᠣᠮᠢᠯᠠᠵᠤ ᠪᠥᠬᠥ᠌ ᠲᠥᠷᠥᠯ ᠵᠦᠶ᠋ᠯ᠎ᠦᠨ ᠤᠷᠤᠯᠳᠤᠭᠠᠨ᠎ᠳᠤ ᠣᠷᠣᠯᠴᠠᠭᠤᠯᠪᠠ᠃ ᠤᠷᠤᠯᠳᠤᠭᠠᠨ᠎ᠤ ᠲᠠᠯᠠᠪᠤᠷ᠎ᠲᠤ ᠲᠠᠮᠢᠷᠴᠢᠳ ᠡᠷᠡᠯᠬᠡᠭ᠌ᠯᠡᠨ ᠲᠡᠮᠡᠴᠡᠵᠦ᠍᠂ ᠯᠠᠪᠳᠠᠭᠤᠨ ᠪᠠᠲᠤᠲᠠᠶ ᠤᠷᠤᠯᠳᠤᠭᠠᠨ᠎ᠤ ᠬᠢᠷᠢ ᠲᠦᠪᠱᠢᠨ ᠪᠠ ᠪᠡᠶ᠎ᠡ᠎ᠶ᠋ᠢᠨ ᠲᠠᠮᠢᠷ᠎ᠤᠨ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠦ᠍᠂ ᠡᠴᠦᠰ᠎ᠲᠡᠬᠡᠨ 1 ᠠᠯᠲᠠᠨ ᠮᠧᠳᠠᠯ᠂ 1 ᠬᠦᠷᠡᠯ ᠮᠧᠳᠠᠯ ᠣᠯᠤᠭ᠍ᠰᠠᠨ ᠱᠢᠯᠢᠳᠡᠭ ᠬᠢᠷᠢ ᠪᠦᠲᠦᠮᠵᠢ᠎ᠶ᠋ᠢ ᠣᠯᠵᠠᠶ᠃ ᠡᠭᠦᠨ᠎ᠳᠦ᠂ ᠺᠦᠩ ᠪᠢᠨ ᠪᠢᠨ ᠠᠯᠲᠠᠨ ᠮᠧᠳᠠᠯ᠎ᠭᠠᠷᠳᠡᠵᠦ᠂ ᠪᠠᠨ ᠰᠢᠤᠸᠠᠢ ᠹᠦ ᠬᠦᠷᠡᠯ ᠮᠧᠳᠠᠯ᠎ᠭᠠᠷᠳᠠᠪᠠ᠃

ᠲᠣᠰ ᠤᠳᠠᠭᠠᠨ᠎ᠤ ᠤᠷᠤᠯᠳᠤᠭᠠᠨ᠎ᠳᠤ ᠣᠷᠣᠯᠴᠠᠭ᠍ᠰᠠᠨ ᠬᠢᠷᠢ ᠪᠦᠲᠦᠮᠵᠢ᠎ᠨᠢ ᠦᠪᠦᠷ ᠮᠤᠨᠭᠭᠤᠯ᠎ᠤᠨ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠦᠨ ᠪᠣᠯᠪᠠᠰᠤᠷᠠᠯ᠎ᠤᠨ ᠦᠷ᠎ᠡ ᠪᠦᠲᠦᠭᠡᠯ ᠪᠠ ᠤᠷᠤᠯᠳᠤᠭᠠᠨ᠎ᠤ ᠪᠣᠳᠠᠲᠤ ᠬᠦᠴᠦᠨ᠎ᠢ ᠭᠦᠶ᠋ᠴᠡᠳ ᠢᠯᠡᠷᠡᠭᠦᠯᠵᠦ᠍᠂ ᠥᠷᠭᠡᠨ ᠣᠯᠠᠨ ᠮᠥᠰᠥ᠍ ᠴᠠᠰᠤᠨ᠎ᠤ ᠲᠠᠮᠢᠷᠴᠢᠳ᠎ᠤᠨ ᠱᠢᠷᠭᠠᠭᠤ ᠬᠠᠲᠠᠭᠤᠵᠢᠯᠲᠠᠶ ᠪᠣᠯᠪᠠᠰᠤᠷᠠᠵᠤ᠂ ᠡᠷᠡᠯᠬᠡᠭ᠌ᠯᠡᠨ ᠲᠡᠮᠡᠴᠡᠬᠦ᠌᠎ᠶ᠋ᠢ ᠤᠯᠠᠮ ᠨᠢᠭᠡ ᠠᠯᠬᠤᠮ ᠵᠣᠷᠢᠭ᠍ᠵᠢᠭᠤᠯᠵᠤ᠂ ᠪᠦᠬᠦ ᠤᠷᠤᠨ᠎ᠤ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号