ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ ᠶᠢᠨ ᠬᠦᠷᠢᠶᠡᠯᠡᠩ᠎ᠡᠴᠡ ᠣᠢᠯᠠᠭᠠᠭᠰᠠᠨ᠎ᠢᠶᠠᠷ᠂ 2026 ᠣᠨ᠎ᠤ ᠥᠪᠥᠷ ᠮᠣᠩᠭᠣᠯ ᠤᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ ᠦ ᠰᠢᠯᠭᠠᠯᠲᠠ᠎ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 3 ᠰᠠᠷ᠎ᠠ᠎ᠶᠢᠨ 12᠎ᠤ᠋ᠨ ᠡᠳᠦᠷ᠎ᠡᠴᠡ 3 ᠰᠠᠷ᠎ᠠ᠎ᠶᠢᠨ 26᠎ᠤ᠋ ᠡᠳᠦᠷ ᠪᠤᠯᠳᠠᠯ᠎ᠠ ᠶᠠᠪᠤᠭᠳᠠᠨ᠎ᠠ᠃ ᠥᠪᠥᠷ ᠮᠣᠩᠭᠣᠯ᠎ᠤᠨ 2026 ᠣᠨ᠎ᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠤ ᠰᠢᠯᠭᠠᠯᠲᠠ ᠦᠨᠳᠦᠷ ᠵᠡᠷᠬᠡ ᠵᠢᠨ ᠳᠤᠮᠳᠠᠳᠤ ᠰᠤᠷᠭᠠᠭᠤᠯᠢ᠎ᠳ᠋ᠤ ᠳᠠᠪᠰᠢᠬᠤ ᠰᠢᠯᠭᠠᠯᠲᠠ)᠂ ᠲᠠᠪᠤᠨ ᠵᠢᠯ᠎ᠦᠨ ᠳᠦᠷᠢᠮᠲᠦ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ (3+2 ) ᠵᠢᠨ ᠰᠣᠷᠣᠭ᠍ᠴᠢ ᠡᠯᠰᠡᠬᠦ᠎ᠳᠦ ᠣᠷᠣᠯᠴᠠᠬᠤ ᠰᠢᠯᠭᠠᠭᠤᠯᠤᠭ᠍ᠴᠢ ᠪᠠ ᠨᠠᠢ᠍ᠮᠠᠳᠤᠭᠠᠷ ᠣᠨ (ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠣᠶᠠᠳᠤᠭᠠᠷ ) ᠤ᠋ ᠰᠢᠯᠭᠠᠭᠤᠯᠤᠭ᠍ᠴᠢ ᠪᠦᠬᠦᠨ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷ ᠬᠦᠢᠴᠡᠳᠬᠡᠯ ᠬᠢᠨ᠎ᠡ᠃
ᠨᠡᠷ᠎ᠡ ᠮᠡᠳᠡᠭᠦᠯᠬᠦ ᠨᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠨᠡᠷ᠎ᠡ ᠮᠡᠳᠡᠭᠦᠯᠬᠦ ᠮᠡᠳᠡᠭᠡ ᠵᠠᠩᠭᠢ ᠶ᠋ᠢ ᠨᠤᠲᠠᠯᠠᠬᠤ ᠪᠠ ᠨᠡᠷ᠎ᠡ ᠮᠡᠳᠡᠭᠦᠯᠬᠦ ᠬᠢᠷᠢ ᠬᠡᠮ ᠢ᠋ ᠬᠢᠨᠠᠨ ᠪᠠᠢᠴᠠᠭᠠᠬᠤ ᠵᠡᠷᠭᠡ ᠭᠤᠷᠪᠠᠨ ᠠᠯᠬᠤᠮ ᠵᠢᠡᠷ ᠶᠠᠪᠤᠭᠳᠠᠨ᠎ᠠ᠃ ᠰᠢᠯᠭᠠᠭᠤᠯᠤᠭ᠍ᠴᠢ ᠲᠣᠭᠲᠠᠭᠰᠠᠨ ᠴᠠᠭ᠎ᠲᠤ 《ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ(https://www.nm.zsks.cn)᠎ᠳ᠋ᠤ ᠭᠠᠷᠴᠤ ᠨᠡᠷ᠎ᠡ ᠮᠡᠳᠡᠭᠦᠯᠬᠦ ᠰᠢᠰᠲᠧᠮᠵᠢᠡᠷ ᠨᠡᠷ᠎ᠡ ᠮᠡᠳᠡᠭᠦᠯᠵᠦ᠂ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠣᠨᠣᠪᠴᠢᠲᠠᠶ ᠲᠠᠭᠯᠠᠨ᠎ᠠ᠃ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠤᠷᠤᠭᠤ ᠦᠭᠡᠢ ᠪᠠᠢᠬᠤ ᠵᠢ ᠨᠤᠲᠠᠯᠠᠭᠰᠠᠨ᠎ᠤ ᠳᠠᠷᠠᠭ᠎ᠠ᠂ ᠥᠪᠡᠷ ᠵᠢᠡᠨ 《ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ》᠎ᠪᠠᠨ ᠳᠠᠷᠤᠮᠠᠯᠯᠠᠨ᠎ᠠ᠃ ᠰᠢᠯᠭᠠᠭᠤᠯᠤᠭ᠍ᠴᠢ᠎ᠶᠢᠨ ᠪᠠᠢᠭ᠎ᠠ ᠰᠤᠷᠭᠠᠭᠤᠯᠢ (ᠰᠤᠷᠭᠠᠭᠤᠯᠢ᠎ᠳᠤ ᠪᠠᠢᠭ᠎ᠠ ᠰᠣᠷᠣᠭ᠍ᠴᠢ) ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ(ᠨᠡᠢᠭᠡᠮ᠎ᠦᠨ ᠰᠢᠯᠭᠠᠭᠤᠯᠤᠭ᠍ᠴᠢ) ᠨᠡᠷ᠎ᠡ ᠮᠡᠳᠡᠭᠦᠯᠦᠭᠰᠡᠨ ᠰᠢᠯᠭᠠᠭᠤᠯᠤᠭ᠍ᠴᠢ ᠶᠢ ᠬᠢᠨᠠᠮᠠᠭᠠᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ 《ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ》 ᠵᠢᠨ ᠬᠠᠷᠠᠭᠠᠯᠵᠠᠭᠰᠠᠨ ᠪᠤᠯᠤᠩ ᠳᠤ 《ᠪᠠᠢᠳᠠᠯ ᠨᠢ ᠦᠨᠡᠨ ᠪᠤᠳᠠᠳᠠᠢ ᠪᠠᠢᠵᠤ᠂ ᠨᠡᠷ᠎ᠡ ᠮᠡᠳᠡᠭᠦᠯᠬᠦ᠎ᠶᠢ ᠵᠥᠪᠰᠢᠶᠡᠷᠡᠨ᠎ᠡ》 ᠭᠡᠰᠡᠨ ᠴᠣᠬᠣᠯᠠᠪᠤᠷᠢ ᠪᠢᠴᠢᠵᠦ ᠦᠭᠬᠦ᠎ᠶᠢᠨ ᠬᠠᠮᠲᠤ ᠠᠯᠪᠠᠨ ᠲᠠᠮᠠᠭ᠎ᠠ ᠳᠠᠷᠤᠨ᠎ᠠ᠃ ᠰᠤᠷᠭᠠᠭᠤᠯᠢ᠎ᠳᠤ ᠪᠠᠢᠭ᠎ᠠ ᠰᠣᠷᠣᠭ᠍ᠴᠢᠳ ᠬᠣᠶᠠᠳᠤᠭᠠᠷ ᠦᠶ᠎ᠡ᠎ᠶᠢᠨ ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ ᠪᠠ 《ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ》ᠵᠢ ᠠᠩᠭᠢ᠎ᠪᠠᠷ ᠨᠢᠭᠡᠴᠢ ᠪᠣᠯᠭᠠᠨ ᠪᠠᠢᠭ᠎ᠠ ᠰᠤᠷᠭᠠᠭᠤᠯᠢ ᠳᠤ ᠲᠤᠰᠢᠶᠠᠵᠤ᠂ ᠰᠤᠷᠭᠠᠭᠤᠯᠢ ᠠ᠋ᠴᠠ ᠨᠢᠭᠡᠳᠦᠯᠲᠡᠢ᠎ᠪᠡᠷ ᠬᠣᠰᠢᠭᠤ ᠰᠢᠶᠠᠨ (ᠬᠣᠲᠠ᠂ ᠲᠣᠭᠣᠷᠢᠭ᠋) ᠤ᠋ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠳᠤ ᠲᠤᠰᠢᠶᠠᠵᠤ ᠰᠢᠯᠭᠠᠭᠤᠯᠤᠭ᠍ᠴᠢ᠎ᠶᠢᠨ ᠮᠡᠳᠡᠭᠡ ᠵᠠᠩᠭᠢ᠎ᠶᠢ ᠨᠤᠲᠠᠯᠠᠭᠤᠯᠤᠨ᠎ᠠ; ᠨᠡᠢᠭᠡᠮ᠎ᠦᠨ ᠰᠢᠯᠭᠠᠭᠤᠯᠤᠭ᠍ᠴᠢ ᠲᠣᠰ ᠬᠥᠮᠥᠨ᠎ᠦ ᠬᠣᠶᠠᠳᠤᠭᠠᠷ ᠦᠶ᠎ᠡ᠎ᠶᠢᠨ ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ ᠪᠠ 《ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ》 ᠪᠡᠨ ᠠᠪᠴᠤ᠂ ᠬᠣᠰᠢᠭᠤ ᠰᠢᠶᠠᠨ (ᠬᠣᠲᠠ᠂ ᠲᠣᠭᠣᠷᠢᠭ᠋) ᠤ᠋ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠳᠤ ᠬᠦᠷᠴᠦ ᠲᠤᠬᠠᠢ᠎ᠶᠢᠨ ᠲᠠᠯᠠᠪᠤᠷ᠎ᠲᠤ᠌ ᠮᠡᠳᠡᠭᠡ ᠵᠠᠩᠭᠢ᠎ᠪᠠᠨ ᠨᠤᠳᠠᠯᠠᠭᠤᠯᠤᠨᠠ᠃ ᠰᠤᠷᠭᠠᠭᠤᠯᠢ᠎ᠳᠤ ᠪᠠᠢᠭ᠎ᠠ ᠰᠣᠷᠣᠭ᠍ᠴᠢ ᠪᠠ ᠨᠡᠢᠭᠡᠮ᠎ᠦᠨ ᠰᠢᠯᠭᠠᠭᠤᠯᠤᠭ᠍ᠴᠢ ᠴᠥᠮ ᠲᠤᠬᠠᠢ ᠶᠢᠨ ᠲᠠᠯᠠᠪᠤᠷ᠎ᠲᠤ ᠰᠢᠯᠭᠠᠭᠤᠯᠤᠭ᠍ᠴᠢ᠎ᠶᠢᠨ ᠬᠡᠷᠡᠯ ᠵᠢᠷᠤᠭ ᠵᠢᠡᠨ ᠴᠤᠭᠯᠠᠭᠤᠯᠤᠨ᠎ᠠ᠃ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ ᠨᠢ ᠬᠠᠷᠢᠶ᠎ᠠ ᠬᠣᠰᠢᠭᠤ ᠰᠢᠶᠠᠨ᠎ᠤ ᠰᠢᠯᠭᠠᠭᠤᠯᠤᠭ᠍ᠴᠢ᠎ᠶᠢᠨ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠪᠠᠭᠤᠯᠭᠠᠨ ᠠᠪᠴᠤ᠂ ᠰᠢᠯᠭᠠᠵᠤ ᠰᠣᠷᠣᠭ᠍ᠴᠢ ᠡᠯᠰᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠰᠢᠯᠭᠠᠭᠤᠯᠤᠭ᠍ᠴᠢ᠎ᠶᠢᠨ ᠨᠡᠷ᠎ᠡ ᠮᠡᠳᠡᠭᠦᠯᠬᠦ ᠬᠢᠷᠢ ᠬᠡᠮ᠎ᠢ ᠨᠠᠷᠢᠨ ᠬᠢᠨᠠᠮᠠᠭᠠᠢ ᠬᠢᠨᠠᠨ ᠬᠠᠷᠭᠤᠭᠤᠯᠤᠨ᠎ᠠ᠃
ᠰᠢᠯᠭᠠᠯᠳᠠ ᠵᠢᠨ ᠬᠢᠴᠢᠶᠡᠯ ᠲᠦᠷᠦᠯ᠎ᠢ ᠰᠤᠩᠭᠤᠬᠤ ᠳᠠᠯ᠎ᠠ ᠪᠡᠷ᠂ ᠨᠠᠢ᠍ᠮᠠᠳᠤᠭᠠᠷ ᠣᠨ ᠤ᠋ ᠰᠢᠯᠭᠠᠭᠤᠯᠤᠭ᠍ᠴᠢ ᠰᠢᠯᠭᠠᠯᠲᠠ᠎ᠶᠢᠨ ᠬᠢᠴᠢᠶᠡᠯ ᠲᠥᠷᠥᠯ᠎ᠢ ᠰᠣᠩᠭᠣᠬᠤ ᠴᠢᠬᠤᠯᠠ ᠦᠭᠡᠢ᠂ ᠰᠢᠯᠭᠠᠬᠤ ᠭᠠᠵᠠᠷ ᠵᠦᠢ᠂ ᠠᠮᠢᠳᠤ ᠪᠣᠳᠠᠰ᠎ᠤᠨ ᠤᠬᠠᠭᠠᠨ ᠭᠡᠬᠦ 2 ᠬᠢᠴᠢᠶᠡᠯ ᠲᠥᠷᠥᠯ᠎ᠢ ᠰᠢᠰᠲᠧᠮᠠᠶᠠᠨᠳᠠᠭᠠᠨ ᠰᠤᠩᠭᠤᠴᠢᠬᠠᠨᠠ᠃ ᠶᠢᠰᠦᠳᠦᠬᠡᠷ ᠤᠨ ᠤ᠋ ᠰᠢᠯᠭᠠᠭᠤᠯᠤᠭ᠍ᠴᠢ ᠬᠡᠯᠡ ᠪᠢᠴᠢᠭ ᠂ ᠲᠣᠭᠠᠨ᠎ᠤ ᠤᠬᠠᠭᠠᠨ᠂ ᠭᠠᠳᠠᠭᠠᠳᠤ ᠬᠡᠯᠡ᠂ ᠶᠣᠰᠣ᠌ ᠰᠤᠷᠳᠠᠬᠤᠨ ᠬᠢᠭᠡᠳ ᠬᠠᠤᠯᠢ᠎ᠪᠠᠷ ᠵᠠᠰᠠᠬᠤᠢ᠂ ᠲᠡᠦᠬᠡ᠂ ᠹᠢᠽᠢᠺ ᠂ ᠬᠢᠮᠢ ᠵᠡᠷᠭᠡ 7 ᠬᠢᠴᠢᠶᠡᠯ ᠲᠥᠷᠥᠯ᠎ᠢ ᠰᠢᠰᠲᠧᠮ ᠠᠶᠠᠨ᠎ᠳᠠᠭᠠᠨ ᠰᠤᠩᠭᠤᠴᠢᠬᠠᠨᠠ᠃ ᠶᠢᠰᠦᠳᠦᠭᠡᠷ ᠣᠨ᠎ᠤ ᠰᠢᠯᠭᠠᠭᠤᠯᠤᠭ᠍ᠴᠢ ᠭᠠᠵᠠᠷ ᠵᠦᠢ᠂ ᠠᠮᠢᠳᠤ ᠪᠣᠳᠠᠰ᠎ᠤᠨ ᠤᠬᠠᠭᠠᠨ ( ᠪᠡᠶ᠎ᠡ᠎ᠶᠢᠨ ᠲᠠᠮᠢᠷ ᠬᠢᠭᠡᠳ ᠡᠷᠡᠭᠦᠯ ᠮᠡᠨᠳᠦ᠎ᠶᠢᠨ ᠮᠡᠳᠡᠯᠭᠡ ᠪᠠᠭᠲᠠᠨ᠎ᠠ) ᠵᠡᠷᠭᠡ 3 ᠬᠢᠴᠢᠶᠡᠯ ᠲᠥᠷᠥᠯ᠎ᠢ ᠨᠥᠬᠥᠵᠦ ᠰᠢᠯᠭᠠᠬᠤ ᠴᠢᠬᠤᠯᠠᠲᠠᠢ ᠪᠤᠯ ᠬᠠᠷᠠᠭᠠᠯᠵᠠᠭᠰᠠᠨ ᠰᠣᠩᠭᠣᠯᠲᠠ᠎ᠶᠢ ᠰᠣᠩᠭᠣᠨ᠎ᠠ᠃ ᠶᠢᠰᠦᠳᠦᠭᠡᠷ ᠣᠨ ᠤ᠋ ᠠᠢᠮᠠᠭ ᠬᠣᠲᠠ᠎ᠶᠢᠨ ᠵᠣᠬᠢᠶᠠᠨ ᠪᠠᠢᠭᠤᠯᠤᠭᠰᠠᠨ ᠴᠥᠭᠡᠨ ᠲᠣᠭᠠᠲᠤ ᠦᠨᠳᠦᠰᠦᠲᠡᠨ᠎ᠦ ᠬᠡᠯᠡ ᠪᠢᠴᠢᠭ᠎ᠦᠨ ᠬᠢᠴᠢᠶᠡᠯ ᠲᠥᠷᠥᠯ ᠦᠨ ᠰᠢᠯᠭᠠᠯᠲᠠ᠎ᠳᠤ ᠰᠣᠩᠭᠣᠨ ᠰᠢᠯᠭᠠᠭᠤᠯᠬᠤ ᠰᠢᠯᠭᠠᠭᠤᠯᠤᠭ᠍ᠴᠢ ᠬᠠᠷᠠᠭᠠᠯᠵᠠᠭᠰᠠᠨ ᠰᠣᠩᠭᠣᠯᠲᠠ ᠶᠢᠨ ᠵᠦᠢᠯ᠎ᠢ ᠰᠣᠩᠭᠣᠬᠤ ᠬᠡᠷᠡᠭᠲᠡᠢ᠃