ᠬᠥᠬᠡᠬᠣᠲᠠ᠎ᠶᠢᠨ ᠬᠠᠪᠤᠷ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠰᠢᠷᠢᠰ ᠠᠵᠢᠯᠯᠠᠭ᠎ᠠ 3 ᠰᠠᠷ᠎ᠠ᠎ᠶᠢᠨ 20᠎ᠤ ᠡᠳᠦᠷ ᠡᠬᠢᠯᠡᠨ᠎ᠠ
2026-03-16 15:11:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠶᠢᠨ ᠮᠡᠳᠡᠭᠡ ᠵᠢ ᠦᠨᠳᠦᠰᠦᠯᠡᠪᠡᠯ᠂ 3 ᠰᠠᠷ᠎ᠠ᠎ᠶᠢᠨ 20᠎ᠤ ᠡᠳᠦᠷ᠎ᠡᠴᠡ 5 ᠰᠠᠷ᠎ᠠ᠎ᠶᠢᠨ 21᠎ᠦ ᠡᠳᠦᠷ ᠪᠣᠯᠲᠠᠯ᠎ᠠ᠂ ᠬᠥᠬᠡᠬᠣᠲᠠ 《ᠬᠠᠪᠤᠷ ᠴᠡᠴᠡᠭ ᠳᠡᠯᠭᠡᠷᠡᠮᠤᠢ》 2026 ᠤᠨ᠎ᠤ ᠬᠠᠪᠤᠷ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠰᠢᠷᠢᠰ ᠠᠵᠢᠯᠯᠠᠭ᠎ᠠ ᠥᠷᠨᠢᠭᠦᠯᠬᠦ᠌᠎ᠪᠡᠷ ᠪᠠᠶ᠋ᠢᠨ᠎ᠠ᠃

ᠬᠥᠬᠡᠬᠣᠲᠠ᠎ᠶᠢᠨ 2026 ᠣᠨ᠎ᠤ ᠬᠠᠪᠤᠷ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠰᠢᠷᠢᠰ ᠠᠵᠢᠯᠯᠠᠭ᠎ᠠ᠎ᠨᠢ 《ᠬᠠᠩᠰᠢ》᠂ 《ᠲᠠᠪᠤᠨ ᠰᠠᠷ᠎ᠠ᠎ᠶᠢᠨ ᠨᠢᠭᠡᠨ》 ᠵᠡᠷᠭᠡ ᠬᠡᠷᠡᠭᠯᠡᠭᠡᠨ᠎ᠦ ᠬᠥᠭᠵᠢᠶᠡᠨᠲᠦ᠍ ᠤᠯᠠᠷᠢᠯ᠎ᠢ ᠬᠠᠮᠤᠷᠴᠤ᠌᠂ 《ᠴᠠᠭᠠᠰᠤᠨ ᠰᠢᠪᠠᠭᠤ᠎ᠶᠢᠨ ᠤᠷᠠᠯᠢᠭ᠎ᠤᠨ ᠤᠯᠠᠷᠢᠯ》᠂ 《ᠴᠡᠴᠡᠭᠳᠦ ᠬᠤᠳᠠ ᠵᠢᠨ ᠴᠡᠴᠡᠭ ᠰᠣᠨᠢᠷᠬᠠᠬᠤ ᠤᠯᠠᠷᠢᠯ》᠂ 《ᠰᠣᠶᠣᠯ᠎ᠤᠨ ᠦᠵᠡᠰᠬᠦᠯᠡᠩ᠎ᠢ ᠳᠠᠭᠠᠵᠤ ᠵᠢᠭᠤᠯᠴᠢᠯᠠᠬᠤ》 ᠭᠤᠷᠪᠠᠨ ᠶᠡᠬᠡ ᠭᠤᠤᠯ ᠰᠡᠳᠦᠪᠲᠦ᠍ ᠠᠵᠢᠯᠯᠠᠭ᠎ᠠ᠎ᠪᠠᠷ ᠳᠠᠮᠵᠢᠭᠤᠯᠤᠨ᠂ 《ᠭᠠᠷᠠᠭ ᠪᠣᠯᠭᠠᠨ ᠠᠵᠢᠯᠯᠠᠭ᠎ᠠ᠎ᠲᠡᠶ᠂ ᠰᠠᠷ᠎ᠠ ᠪᠣᠯᠭᠠᠨ ᠥᠷᠨᠢᠯᠲᠡ᠎ᠲᠡᠶ》 ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠠᠶ᠋ᠢᠵᠠᠮ᠎ᠢ ᠪᠣᠶ ᠪᠣᠯᠭᠠᠨ᠎ᠠ᠃

3 ᠰᠠᠷ᠎ᠠ᠎ᠶᠢᠨ 20᠎ᠤ ᠡᠳᠦᠷ᠎ᠡᠴᠡ 22᠎ᠤᠨ ᠡᠳᠦᠷ ᠪᠣᠯᠲᠠᠯ᠎ᠠ᠂ 2026 ᠬᠥᠬᠡᠬᠣᠲᠠ᠎ᠶᠢᠨ ᠬᠠᠲᠤᠨ ᠭᠤᠤᠯ᠎ᠭᠡᠰᠭᠦ ᠠᠷᠠᠳ᠎ᠤᠨ ᠵᠠᠩ ᠦᠢᠯᠡ ᠰᠣᠶᠣᠯ᠎ᠤᠨ ᠭᠠᠷᠠᠭ᠎ᠢ ᠤᠷᠢᠳᠠᠪᠠᠷ ᠡᠬᠢᠯᠡᠭᠦᠯᠦᠨ᠎ᠡ᠃ ᠠᠵᠢᠯᠯᠠᠭ᠎ᠠ᠎ᠨᠢ ᠲᠣᠭᠲᠠᠬᠤ ᠰᠢᠶᠠᠨ᠎ᠢᠶᠠᠷ ᠭᠤᠤᠯ ᠲᠠᠯᠠᠪᠠᠶ ᠪᠣᠯᠭᠠᠵᠤ᠂ ᠴᠢᠩ ᠱᠦᠶ ᠾᠧ ᠰᠢᠶᠠᠨ᠎ᠤ ᠦᠭᠡᠷ ᠲᠤᠬᠤᠢ᠂ ᠲᠦᠮᠡᠳ ᠵᠡᠭᠦᠨ ᠬᠣᠰᠢᠭᠤᠨ᠎ᠤ ᠬᠠᠷᠠᠠᠤᠰᠤ ᠨᠠᠭᠤᠷ ᠵᠢᠡᠷ ᠬᠤᠪᠢᠶᠠᠷᠢ ᠲᠠᠯᠠᠪᠠᠶ ᠪᠣᠯᠭᠠᠵᠤ᠂ 《ᠨᠢᠭᠡ ᠭᠤᠤᠯ ᠬᠣᠶᠠᠷ ᠳᠡᠳ᠋》 ᠣᠷᠣᠨ ᠵᠠᠶ᠎ᠶᠢᠨ ᠪᠠᠶ᠋ᠢᠷᠢᠰᠢᠯ᠎ᠢ ᠪᠠᠶ᠋ᠢᠭᠤᠯᠦᠨ᠎ᠠ᠃ ᠭᠣᠣᠯ ᠲᠠᠯᠠᠪᠠᠢ᠎ᠳᠦ ᠡᠬᠢᠯᠡᠯᠲᠡ᠎ᠶᠢᠨ ᠶᠣᠰᠣᠯᠠᠯ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠠᠰᠤ ᠴᠢᠨᠠᠬᠤ ᠤᠷᠤᠯᠳᠤᠭᠠᠨ᠂ ᠬᠡᠩᠭᠡᠷᠭᠡᠨ ᠠᠪᠤᠷᠭᠤ ᠵᠢᠨ ᠳᠡᠮᠡᠴᠡᠭᠡᠨ᠂ ᠤᠯᠠᠭᠠᠨᠮᠥ᠋ᠴᠢᠷ᠎ᠦᠨ ᠲᠤᠰᠬᠠᠢ ᠲᠠᠯᠠᠪᠠᠢ ᠲᠤᠬᠯᠠᠯᠳᠠ ᠵᠡᠷᠭᠡ ᠶᠢᠰᠦᠨ ᠶᠡᠬᠡ ᠠᠵᠢᠯᠯᠠᠭ᠎ᠠ ᠥᠷᠨᠢᠭᠦᠯᠤᠨ᠎ᠠ; ᠬᠤᠪᠢᠶᠠᠷᠢ ᠲᠠᠯᠠᠪᠠᠶ᠎ᠳᠦ ᠶᠡᠭᠡ ᠬᠠᠪᠴᠢᠯ᠎ᠵᠢᠠᠷ ᠶᠠᠪᠠᠭᠠᠨ ᠠᠶᠠᠯᠠᠬᠤ᠂ ᠪᠤᠶᠠᠨ ᠳᠠᠭᠠᠳᠬᠠᠵᠤ ᠭᠤᠤᠯ᠎ᠳᠦ ᠪᠤᠴᠠᠭᠠᠬᠤ ᠵᠡᠷᠭᠡ ᠠᠵᠢᠯᠯᠠᠭ᠎ᠠ ᠵᠢ ᠵᠡᠷᠬᠡᠪᠡᠷ ᠥᠷᠨᠢᠭᠦᠯᠵᠦ᠍᠂ ᠤᠯᠠᠮᠵᠢᠯᠠᠯᠲᠤ᠌ ᠴᠠᠭ ᠤᠯᠠᠷᠢᠯ᠎ᠤᠨ ᠰᠣᠶᠣᠯ᠎ᠢ ᠪᠡᠶᠡᠴᠢᠯᠡᠨ ᠣᠶ᠋ᠢᠯᠠᠭᠠᠬᠤ ᠵᠢᠴᠢ ᠬᠡᠷᠡᠭᠯᠡᠵᠦ᠍ ᠪᠣᠯᠬᠤᠢᠴᠠ ᠵᠢᠭᠤᠯᠴᠢᠯᠠᠯ᠎ᠤᠨ ᠦᠢᠯᠡᠳᠬᠦᠨ ᠪᠣᠯᠭᠠᠨ ᠬᠤᠪᠢᠷᠠᠭᠤᠯᠦᠨ᠎ᠡ᠃

3 ᠰᠠᠷ᠎ᠠ᠎ᠶᠢᠨ 20᠎ᠤ ᠡᠳᠦᠷ᠎ᠡᠴᠡ 4 ᠰᠠᠷ᠎ᠠ᠎ᠶᠢᠨ 6᠎ᠤ ᠡᠳᠦᠷ ᠪᠣᠯᠲᠠᠯ᠎ᠠ᠂ ᠴᠠᠭᠠᠰᠤᠨ ᠰᠢᠪᠠᠭᠤ᠎ᠶᠢᠨ ᠤᠷᠠᠯᠢᠭ᠎ᠤᠨ ᠤᠯᠠᠷᠢᠯ ᠨᠢ ᠭᠠᠷᠠᠭ᠎ᠤᠨ ᠰᠡᠭᠦᠯᠴᠢ ᠪᠣᠯᠭᠠᠨ ᠴᠡᠯᠡᠭᠡᠷ ᠲᠠᠯ᠎ᠠ᠂ ᠶᠡᠬᠡ ᠲᠦᠷᠭᠡᠨ ᠭᠤᠤᠯ᠎ᠤᠨ ᠴᠡᠷᠢᠭ᠎ᠦᠨ ᠶᠠᠪᠤᠳᠠᠯ᠎ᠤᠨ ᠰᠣᠶᠣᠯ᠎ᠤᠨ ᠬᠦᠷᠢᠶᠡᠯᠡᠩ᠂ ᠢᠯᠢ ᠣᠶᠤᠨᠴᠢ ᠡᠷᠡᠭᠦᠯ ᠮᠡᠨᠳᠦ᠎ᠶᠢᠨ ᠬᠥᠨᠳᠡᠶ᠂ ᠬᠠᠷᠠᠴᠢᠨ ᠴᠡᠴᠡᠷᠯᠢᠭ᠎ᠲᠦ᠍ ᠡᠭᠡᠯᠵᠢᠯᠡᠨ ᠶᠠᠪᠤᠭᠳᠠᠨ᠎ᠠ᠃ 4 ᠰᠠᠷ᠎ᠠ᠎ᠶᠢᠨ 7᠎ᠤ ᠡᠳᠦᠷ᠎ᠡᠴᠡ 5 ᠰᠠᠷ᠎ᠠ᠎ᠶᠢᠨ 15᠎ᠤ ᠡᠳᠦᠷ ᠪᠣᠯᠲᠠᠯ᠎ᠠ᠂ ᠴᠡᠴᠡᠭᠳᠦ ᠬᠣᠲᠠ᠎ᠶᠢᠨ ᠴᠡᠴᠡᠭ ᠰᠣᠨᠢᠷᠬᠠᠬᠤ ᠤᠯᠠᠷᠢᠯ᠎ᠨᠢ ᠲᠤᠭᠤᠷ᠎ᠤᠨ ᠴᠡᠴᠡᠭ᠂ ᠭᠣᠣᠯᠲᠤ᠌ ᠪᠣᠷᠣ᠂ ᠬᠦᠢᠯᠡᠰᠦᠨ ᠴᠡᠴᠡᠭ ᠵᠡᠷᠭᠡ ᠴᠡᠴᠡᠭ ᠳᠡᠯᠭᠡᠷᠡᠬᠦ᠌ ᠬᠤᠭᠤᠴᠠᠭ᠎ᠠ ᠵᠢ ᠬᠠᠮᠤᠷᠤᠨ᠎ᠠ᠃ 4 ᠰᠠᠷ᠎ᠠ᠎ᠶᠢᠨ 25᠎ᠤ ᠡᠳᠦᠷ ᠬᠥᠬᠡᠬᠣᠲᠠ᠎ᠶᠢᠨ ᠱᠤᠭᠤᠮᠠᠯ ᠤᠷᠠᠯᠢᠭ᠎ᠤᠨ ᠣᠷᠳᠣᠨ᠎ᠤ ᠠᠭᠤᠳᠠᠮ ᠲᠠᠯᠠᠪᠠᠶ᠎ᠳᠤ ᠬᠠᠪᠤᠷ᠎ᠤᠨ ᠡᠳᠦᠷ᠎ᠦᠨ ᠨᠠᠶ᠋ᠢᠷ ᠬᠢᠵᠦ᠍᠂ ᠬᠠᠪᠤᠷ᠎ᠤᠨ ᠡᠳᠦᠷ᠎ᠦᠨ ᠳᠤᠭᠤᠶ ᠤᠨᠤᠬᠤ ᠵᠡᠷᠭᠡ ᠠᠵᠢᠯᠯᠠᠭ᠎ᠠ ᠵᠢ ᠦᠷᠨᠢᠭᠦᠯᠦᠨ᠎ᠡ᠃ 5 ᠰᠠᠷ᠎ᠠ᠎ᠶᠢᠨ 17᠎ᠤ ᠡᠳᠦᠷ᠎ᠡᠴᠡ 23᠎ᠤ ᠡᠳᠦᠷ ᠪᠣᠯᠲᠠᠯ᠎ᠠ᠂ 《5·18》 ᠣᠯᠠᠨ ᠤᠯᠤᠰ᠎ᠤᠨ ᠮᠦᠽᠧᠶ᠎ᠶᠢᠨ ᠡᠳᠦᠷ᠎ᠦᠨ ᠳᠤᠮᠳᠠᠳᠤ ᠤᠯᠤᠰ᠎ᠤᠨ ᠭᠤᠤᠯ ᠬᠤᠷᠠᠯ᠎ᠤᠨ ᠲᠠᠯᠠᠪᠠᠶ ᠬᠥᠬᠡᠬᠣᠲᠠ᠎ᠳᠤ ᠪᠤᠯᠬᠤ ᠲᠣᠬᠢᠶᠠᠯ᠎ᠢ ᠠᠮᠵᠢᠨ᠂ ᠤᠤᠭᠠᠯ ᠦᠵᠡᠰᠭᠦᠯᠡᠡᠭ 《ᠵᠢᠨ ᠢᠦᠶ ᠬᠤᠸᠠ ᠭᠤᠸᠠᠡᠭ·ᠪᠠᠶᠠᠯᠢᠭ ᠰᠠᠢᠬᠠᠨ ᠳᠤᠮᠳᠠᠳᠤ》 ᠵᠢᠴᠢ ᠬᠥᠬᠡᠬᠣᠲᠠ ᠮᠦᠽᠧᠶ᠎ᠶᠢᠨ ᠲᠡᠦᠬᠡ ᠰᠣᠶᠣᠯ᠎ᠤᠨ ᠬᠠᠳᠠᠭᠠᠯᠠᠯᠳᠠ᠎ᠶᠢ ᠳᠡᠯᠭᠡᠨ ᠦᠵᠡᠭᠦᠯᠵᠦ᠍᠂ ᠲᠡᠦᠬᠡ᠎ᠶᠢᠨ ᠳᠤᠷᠠᠰᠬᠠᠯᠲᠤ᠌ ᠵᠦᠢᠯᠡᠰ᠎ᠦᠨ ᠬᠦᠦᠷᠨᠢᠯ᠎ᠢᠶᠡᠷ ᠬᠣᠲᠠ᠎ᠶᠢᠨ ᠰᠣᠶᠣᠯ᠎ᠤᠨ ᠭᠦᠨᠴᠠ᠎ᠶᠢ ᠳᠡᠭᠡᠭᠰᠢᠯᠡᠭᠦᠯᠦᠨ᠎ᠡ᠃

ᠡᠭᠦᠨ᠎ᠤ ᠲᠠᠭᠠᠤ᠂ ᠬᠥᠬᠡᠬᠣᠲᠠ ᠬᠠᠪᠤᠷ᠎ᠤᠨ ᠤᠯᠠᠷᠢᠯ᠎ᠤᠨ ᠭᠣᠣᠯ ᠰᠡᠳᠦᠪᠲᠦ᠍ ᠵᠢᠭᠤᠯᠴᠢᠯᠠᠯ᠎ᠤᠨ ᠤᠯᠠᠨ ᠵᠠᠮ ᠱᠤᠭᠤᠮ᠎ᠢ ᠨᠡᠶ᠋ᠢᠲᠡᠯᠡᠵᠦ᠍᠂ 《ᠬᠠᠳᠤᠨ ᠭᠣᠣᠯ᠎ᠤᠨ ᠨᠤᠲᠤᠭ᠎ᠤᠨ ᠨᠠᠮᠪᠠ·ᠮᠠᠰᠢᠨ ᠵᠢᠯᠤᠭᠤᠳᠤᠨ ᠰᠡᠯᠡᠭᠦᠴᠡᠨ ᠵᠢᠭᠤᠯᠴᠢᠯᠠᠬᠤ ᠠᠶᠠᠯᠠᠯ》 ᠨᠢ ᠭᠡᠷ ᠪᠦᠯᠢ᠎ᠵᠢᠨ ᠠᠶᠠᠯᠠᠯ ᠎ᠳᠦ ᠵᠤᠷᠢᠭᠤᠯᠪᠠ; 《ᠬᠠᠲᠤᠨ ᠭᠤᠤᠯ᠎ᠤᠨ ᠰᠣᠷᠭᠣᠭ ᠦᠵᠡᠮᠵᠢ·ᠭᠤᠤᠯ ᠳᠠᠭᠠᠤ᠎ᠶᠢᠨ ᠪᠥᠷᠢᠨ ᠦᠵᠡᠮᠵᠢ᠎ᠶᠢᠨ ᠵᠢᠭᠤᠯᠴᠢᠯᠠᠯ》 ᠨᠢ ᠲᠣᠭᠲᠠᠬᠤ ᠰᠢᠶᠠᠨ᠎ᠠᠴᠠ ᠴᠢᠩ ᠱᠦᠶ ᠾᠧ ᠰᠢᠶᠠᠨ ᠬᠥᠷᠬᠥ᠌ ᠭᠤᠤᠯ ᠵᠢᠭᠤᠯᠴᠢᠯᠠᠯ᠎ᠤᠨ ᠵᠠᠩᠭᠢᠯᠠᠭ᠎ᠠ᠎ᠶᠢᠨ ᠴᠡᠭ᠎ᠢ ᠬᠠᠮᠤᠷᠪᠠ; 《ᠬᠥᠬᠡᠬᠣᠲᠠ᠎ᠶᠢᠨ ᠬᠠᠪᠤᠷ᠎ᠤᠨ ᠠᠶᠠᠯᠠᠯ· ᠰᠣᠶᠣᠯ ᠮᠦᠽᠧᠢ᠎ᠵᠢᠨ ᠠᠶᠠᠯᠠᠯ》 ᠨᠢ ᠵᠠᠩᠵᠤᠨ᠎ᠤ ᠶᠠᠮᠤᠨ᠂ ᠤᠰᠤᠲᠤ᠌ ᠲᠣᠰᠬᠣᠨ ᠵᠡᠷᠭᠡ ᠰᠣᠶᠣᠯ᠎ᠤᠨ ᠣᠷᠣᠨ ᠵᠠᠢ᠎ᠶᠢ ᠬᠣᠯᠪᠣᠭᠰᠠᠨ ᠪᠠᠶ᠋ᠢᠨ᠎ᠠ; 《ᠬᠠᠪᠤᠷ᠎ᠤᠨ ᠡᠳᠦᠷ᠎ᠤᠨ ᠰᠤᠳᠤᠯᠤᠨ ᠰᠤᠷᠤᠯᠴᠠᠬᠤ·ᠰᠡᠯᠡᠭᠦᠴᠡᠨ ᠭᠡᠭᠡᠷᠡᠯᠡᠭᠦ ᠠᠶᠠᠯᠠᠯ》 ᠨᠢ ᠴᠡᠯᠡᠭᠡᠷ ᠲᠠᠯ᠎ᠠ᠎ᠶᠢᠨ ᠮᠤᠷᠢᠨ ᠮᠡᠷᠭᠡᠵᠢᠯ᠂ ᠢᠯᠢ ᠡᠷᠡᠭᠦᠯ ᠮᠡᠨᠳᠦ᠎ᠶᠢᠨ ᠬᠥᠨᠳᠡᠶ᠎ᠶᠢᠨ ᠰᠦ᠋ ᠰᠠᠭᠠᠯᠢ᠎ᠶᠢᠨ ᠦᠢᠯᠡᠰ᠎ᠦᠨ ᠨᠢᠭᠤᠴᠠ᠎ᠶᠢ ᠬᠠᠶ᠋ᠢᠬᠤ᠂ ᠶᠡᠬᠡ ᠲᠦᠷᠭᠡᠨ ᠭᠤᠤᠯ᠎ᠤᠨ ᠴᠡᠷᠢᠭ᠎ᠦᠨ ᠶᠠᠪᠤᠳᠠᠯ᠎ᠤᠨ ᠰᠣᠶᠣᠯ ᠴᠡᠩᠭᠡᠯ᠎ᠦᠨ ᠬᠦᠷᠢᠶᠡᠯᠡᠩ᠎ᠦᠨ ᠰᠠᠨᠰᠠᠷ᠎ᠤᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠡᠷᠭᠡ ᠡᠵᠡᠩᠨᠡᠯᠲᠡ᠎ᠶᠢᠨ ᠬᠡᠯᠪᠡᠷᠢ ᠪᠠᠶ᠋ᠢᠳᠠᠯ᠎ᠢ ᠡᠮᠬᠢᠯᠡᠨ ᠨᠡᠶ᠋ᠢᠯᠡᠭᠦᠯᠬᠦ ᠪᠤᠯᠤᠨ᠎ᠠ᠃

ᠢᠷᠡᠯᠳᠠ᠄ ᠰᠢᠨᠬᠤᠸᠠ ᠰᠦᠯᠵᠢᠶ᠎ᠠ ᠵᠢᠨ ᠦᠪᠦᠷ ᠮᠤᠡᠭᠭᠤᠯ ᠰᠤᠪᠠᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号