ᠥᠪᠥᠷ ᠮᠣᠩᠭᠣᠯ᠎ᠤᠨ 2026 ᠣᠨ᠎ᠤ ᠮᠤᠵᠢ᠎ᠶᠢᠨ ᠰᠢᠯᠭᠠᠯᠳᠠ ᠵᠢᠨ ᠪᠢᠴᠢᠭ᠎ᠦᠨ ᠰᠢᠯᠭᠠᠯᠲᠠ᠎ᠶᠢᠨ ᠰᠦᠢᠳᠬᠡᠯ ᠪᠤᠴᠠᠭᠠᠬᠤ ᠮᠡᠳᠡᠭᠳᠡᠯ
2026-03-16 15:20:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠣᠯᠠᠨ ᠲᠦᠮᠡᠨ᠎ᠦ ᠪᠠᠶ᠋ᠢᠭᠤᠯᠭ᠎ᠠ (ᠠᠯᠪᠠᠳᠠᠨ᠎ᠤ ᠬᠠᠤᠯᠢ ᠪᠡᠷ ᠯᠠᠪᠯᠠᠯᠳᠠ ᠪᠤᠯᠭᠠᠨ ᠬᠠᠮᠢᠶᠠᠷᠬᠤ ᠨᠢᠭᠡᠴᠢ) ᠵᠢᠨ 2026 ᠣᠨ᠎ᠤ ᠠᠯᠪᠠᠲᠠᠨ ᠡᠯᠰᠡᠬᠦ᠌ ᠰᠢᠯᠭᠠᠯᠲᠠ᠎ᠶᠢᠨ ᠪᠢᠴᠢᠭ᠎ᠦᠨ ᠰᠢᠯᠭᠠᠯᠲᠠ᠎ᠶᠢᠨ ᠰᠦᠢᠳᠬᠡᠯ᠎ᠢ ᠬᠠᠰᠤᠵᠤ ᠭᠡᠯᠳᠦᠷᠢᠭᠦᠯᠬᠦ᠌ ᠬᠠᠮᠢᠶ᠎ᠠ ᠪᠥᠬᠥᠶ ᠵᠦᠢᠯᠡᠰ᠎ᠦᠨ ᠲᠤᠬᠠᠢ ᠳᠣᠲᠣᠨᠣ ᠰᠠᠨᠠᠭᠤᠯᠤᠮᠵᠢ

ᠬᠠᠰᠤᠵᠤ ᠬᠡᠯᠲᠦᠷᠢᠭᠦᠯᠬᠦ᠌ ᠨᠥᠬᠥᠴᠡᠯ᠎ᠳᠦ ᠨᠡᠶ᠋ᠢᠴᠡᠭᠰᠡᠨ ᠰᠢᠯᠭᠠᠭᠤᠯᠤᠭᠰᠠᠳ᠂ 2026 ᠣᠨ᠎ᠤ 3 ᠰᠠᠷ᠎ᠠ᠎ᠶᠢᠨ 16᠎ᠤ ᠡᠳᠦᠷ᠎ᠦᠨ 9᠄ 00 ᠎ᠠᠴᠠ 3 ᠰᠠᠷ᠎ᠠ᠎ᠶᠢᠨ 20᠎ᠤ ᠡᠳᠦᠷ᠎ᠦᠨ 17᠄ 00 ᠪᠣᠯᠲᠠᠯ᠎ᠠ᠂ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ᠎ᠶᠢᠨ 《ᠬᠦᠰᠦᠨᠦᠭ ᠪᠠᠭᠤᠯᠭᠠᠬᠤ》 ᠲᠤᠰᠬᠠᠶ ᠪᠤᠯᠤᠩ᠎ᠳᠤ ᠭᠠᠷᠴᠤ᠌᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠣᠯᠠᠨ ᠲᠦᠮᠡᠨ᠎ᠦ ᠪᠠᠶ᠋ᠢᠭᠤᠯᠭ᠎ᠠ (ᠠᠯᠪᠠᠳᠠᠨ᠎ᠤ ᠬᠠᠤᠯᠢ ᠪᠡᠷ ᠯᠠᠪᠯᠠᠯᠳᠠ ᠪᠤᠯᠭᠠᠨ ᠬᠠᠮᠢᠶᠠᠷᠬᠤ ᠨᠢᠭᠡᠴᠢ) ᠵᠢᠨ 2026 ᠣᠨ᠎ᠤ ᠠᠯᠪᠠᠲᠠᠨ ᠡᠯᠰᠡᠬᠦ᠌ ᠰᠢᠯᠭᠠᠯᠲᠠ᠎ᠶᠢᠨ ᠨᠡᠷ᠎ᠡ ᠮᠡᠳᠡᠭᠦᠯᠬᠦ᠌ ᠰᠦᠢᠳᠬᠡᠯ᠎ᠢ ᠬᠠᠰᠤᠵᠤ ᠬᠡᠯᠲᠦᠷᠢᠭᠦᠯᠬᠦ᠌ ᠭᠤᠶᠤᠴᠢᠯᠠᠯ》᠎ᠢ ᠲᠣᠪᠴᠢᠳᠠᠵᠤ᠂ ᠬᠠᠮᠢᠶ᠎ᠠ ᠪᠥᠬᠥᠶ ᠭᠡᠷᠡᠴᠢ ᠮᠠᠲ᠋ᠧᠷᠢᠶᠠᠯ᠎ᠵᠢᠨᠨ ᠳᠠᠮᠵᠢᠭᠤᠯᠤᠭᠠᠷᠠᠢ᠂ ᠪᠢᠴᠢᠭ᠎ᠦᠨ ᠰᠢᠯᠭᠠᠯᠲᠠ᠎ᠳᠤ ᠣᠷᠣᠯᠴᠠᠭᠰᠠᠨ ᠥᠬᠡᠶ ᠬᠥᠮᠦᠰ᠎ᠤᠨ ᠰᠦᠢᠳᠬᠡᠯ᠎ᠢ ᠪᠤᠴᠠᠭᠠᠬᠤ ᠥᠬᠡᠶ᠃ ᠬᠤᠳᠠᠯ ᠬᠡᠯᠡᠵᠦ᠍ ᠬᠠᠭᠤᠷᠮᠠᠭᠯᠠᠨ ᠦᠢᠯᠡᠳᠦᠭᠰᠡᠨ ᠦᠢᠯᠡ ᠪᠠᠶ᠋ᠢᠳᠠᠯ ᠨᠢ ᠬᠦᠨᠳᠦ ᠨᠣᠴᠢᠲᠠᠶ ᠪᠤᠯ᠂ ᠡᠯᠰᠡᠨ ᠬᠡᠷᠡᠭᠯᠡᠬᠦ᠌ ᠬᠢᠷᠢ ᠬᠡᠮ᠎ᠢ ᠨᠢ ᠬᠠᠰᠤᠨ᠎ᠠ᠃ ᠬᠢᠨᠠᠨ ᠬᠠᠷᠭᠤᠭᠤᠯᠤᠭᠠᠳ ᠪᠠᠲᠤᠯᠠᠭᠰᠠᠨ ᠪᠤᠯ᠂ 《ᠲᠣᠪᠴᠢ ᠲᠦᠷᠢᠮ》᠎ᠦᠨ ᠲᠣᠭᠲᠠᠭᠠᠯ ᠶᠣᠰᠣᠭᠠᠷ ᠰᠦᠢᠳᠬᠡᠯ ᠲᠤᠰᠢᠶᠠᠭᠰᠠᠨ ᠤᠤᠯ ᠵᠠᠮ᠎ᠢᠶᠠᠷ ᠨᠢ ᠪᠤᠴᠠᠭᠠᠨ᠎ᠠ᠃


ᠢᠷᠡᠯᠲᠡ᠄ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ   ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号