ᠥᠪᠥᠷ ᠮᠣᠩᠭᠣᠯ ᠶᠡᠬᠡ ᠰᠠᠯᠬᠢᠨ᠎ᠤ ᠬᠥᠬᠡ ᠥᠩᠭᠡ᠎ᠶᠢᠨ ᠰᠡᠷᠡᠮᠵᠢ᠎ᠶᠢᠨ ᠳᠣᠬᠢᠶ᠎ᠠ ᠨᠡᠶ᠋ᠢᠲᠡᠯᠡᠪᠡ
2026-03-16 15:43:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠬᠣᠷᠢᠶ᠎ᠠ 2026 ᠣᠨ᠎ᠤ 3 ᠰᠠᠷ᠎ᠠ᠎ᠶᠢᠨ 16᠎ᠤ ᠡᠳᠦᠷ᠎ᠦᠨ 09 ᠴᠠᠭ 00 ᠮᠢᠨᠦ᠋ᠲ᠎ᠲᠦ᠍ ᠶᠡᠬᠡ ᠰᠠᠯᠬᠢᠨ᠎ᠤ ᠬᠥᠬᠡ ᠥᠩᠭᠡ᠎ᠶᠢᠨ ᠰᠡᠷᠡᠮᠵᠢ᠎ᠶᠢᠨ ᠳᠣᠬᠢᠶ᠎ᠠ ᠨᠡᠶ᠋ᠢᠲᠡᠯᠡᠪᠡ᠄

24 ᠴᠠᠭ᠎ᠤᠨ ᠳᠣᠲᠣᠷ᠎ᠠ ᠠᠯᠠᠱᠠ ᠠᠶ᠋ᠢᠮᠠᠭ᠎ᠤᠨ ᠶᠡᠬᠡᠩᠬᠢ ᠬᠡᠰᠡᠭ᠂ ᠪᠠᠶᠠᠨᠨᠠᠭᠤᠷ ᠬᠣᠲᠠ᠎ᠶᠢᠨ ᠶᠡᠬᠡᠩᠬᠢ ᠬᠡᠰᠡᠭ᠂ ᠦᠬᠠᠶ ᠬᠣᠲᠠ᠎ᠶᠢᠨ ᠬᠣᠶ᠋ᠢᠲᠤ᠌ ᠪᠡᠶ᠎ᠠ᠂ ᠣᠷᠳᠣᠰ ᠬᠣᠲᠠ᠎ᠶᠢᠨ ᠪᠠᠷᠠᠭᠤᠨ ᠬᠣᠶ᠋ᠢᠳᠦ ᠪᠡᠶ᠎ᠠ᠂ ᠪᠤᠭᠤᠲᠤ᠌ ᠬᠣᠲᠠ᠎ᠶᠢᠨ ᠳᠤᠮᠳᠠ ᠪᠡᠶ᠎ᠠ ᠪᠣᠯᠤᠨ ᠬᠣᠶ᠋ᠢᠲᠤ᠌ ᠪᠡᠶ᠎ᠠ᠂ ᠬᠥᠬᠡᠬᠣᠲᠠ᠎ᠶᠢᠨ ᠬᠣᠶ᠋ᠢᠲᠤ᠌ ᠪᠡᠶ᠎ᠠ᠂ ᠤᠯᠠᠭᠠᠨᠴᠠᠪ ᠬᠣᠲᠠ᠎ᠶᠢᠨ ᠶᠡᠬᠡᠩᠬᠢ ᠬᠡᠰᠡᠭ᠂ ᠰᠢᠯᠢ᠎ᠶᠢᠨ ᠭᠤᠤᠯ ᠠᠶ᠋ᠢᠮᠠᠭ᠎ᠤᠨ ᠶᠡᠬᠡᠩᠬᠢ ᠬᠡᠰᠡᠭ᠂ ᠤᠯᠠᠭᠠᠨᠬᠠᠳᠠ ᠬᠣᠲᠠ᠎ᠶᠢᠨ ᠪᠠᠷᠠᠭᠤᠨ ᠪᠡᠶ᠎ᠠ᠂ ᠬᠥᠯᠥᠨ ᠪᠣᠶ᠋ᠢᠷ ᠬᠣᠲᠠ᠎ᠶᠢᠨ ᠪᠠᠷᠠᠭᠤᠨ ᠪᠡᠶ᠎ᠠ  ᠶᠡᠬᠡ ᠰᠠᠯᠬᠢᠨ ᠎ᠤ ᠨᠥᠯᠥᠭᠡ ᠎ᠶᠢ ᠭᠥᠷᠳᠡᠵᠦ᠍᠂ ᠳᠤᠮᠳᠠᠴᠢ ᠰᠠᠯᠬᠢᠨ᠎ᠤ ᠬᠦᠴᠦ 6 ᠲᠠᠰ᠎ᠠᠴᠠ ᠳᠡᠭᠡᠭᠰᠢ᠎ᠳᠦ ᠬᠦᠷᠴᠦ᠍᠂ ᠬᠡᠰᠡᠭ ᠭᠠᠵᠠᠷ᠎ᠤᠨ ᠰᠠᠯᠬᠢᠨ᠎ᠤ ᠭᠦᠴᠦ 7 — 8 ᠲᠠᠰ᠎ᠲᠤ᠌ ᠬᠦᠷᠴᠦ᠍᠂ ᠪᠠᠷᠠᠭᠤᠨ ᠪᠡᠶ᠎ᠠ ᠡᠴᠡ ᠬᠣᠶ᠋ᠢᠰᠢᠭᠢ ᠬᠡᠰᠡᠭ ᠭᠠᠵᠠᠷ᠎ᠲᠤ᠌ ᠡᠯᠡᠰᠦᠨ ᠰᠢᠭᠤᠷᠭ᠎ᠠ ᠳᠡᠭᠳᠡᠬᠦ᠌ ᠪᠣᠯᠤᠨ᠎ᠠ᠃


QQ截图20260316095647.png


ᠬᠠᠮᠢᠶ᠎ᠠ ᠪᠦᠬᠦᠢ ᠪᠠᠶ᠋ᠢᠭᠤᠯᠭ᠎ᠠ ᠪᠠ ᠠᠵᠢᠯᠲᠠᠨ ᠰᠡᠷᠭᠡᠢᠯᠡᠬᠦ᠌ ᠪᠡᠯᠡᠳᠬᠡᠯ ᠵᠢᠡᠨ ᠰᠠᠢᠳᠤᠷ ᠬᠢᠭᠡᠷᠡᠶ᠃ 

ᠰᠡᠷᠭᠡᠶ᠋ᠢᠯᠡᠯᠲᠡ᠎ᠶᠢᠨ ᠵᠦᠭᠯᠡᠭᠦᠷ᠄

1. ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ ᠶᠡᠬᠡ ᠰᠠᠯᠬᠢ᠎ᠶᠢ ᠰᠡᠷᠭᠡᠶ᠋ᠢᠯᠡᠬᠦ᠌ ᠠᠵᠢᠯ᠎ᠢ ᠰᠠᠶ᠋ᠢᠲᠤᠷ ᠬᠢᠭᠡᠷᠡᠢ;

2. ᠡᠭᠦᠳᠡ ᠴᠣᠩᠬᠣ᠎ᠪᠠᠨ ᠰᠠᠶ᠋ᠢᠲᠤᠷ ᠬᠠᠭᠠᠵᠤ᠂ ᠬᠦᠷᠢᠶ᠎ᠡ ᠬᠠᠪᠲᠠᠰᠤ᠂ ᠫᠧᠩ ᠰᠠᠷᠠᠪᠴᠢ᠂ ᠵᠠᠷ ᠮᠡᠳᠡᠭᠡ᠎ᠶᠢᠨ ᠫᠠᠶ᠋ᠢᠰᠠ ᠵᠡᠷᠭᠡ ᠰᠠᠯᠬᠢᠨ᠎ᠳᠤ ᠠᠮᠠᠷᠬᠠᠨ ᠦᠯᠢᠶᠡᠭᠳᠡᠬᠦ᠌ ᠪᠠᠷᠢᠯᠭ᠎ᠠ ᠵᠢᠨ ᠪᠤᠳᠠᠰ᠎ᠢ ᠪᠡᠬᠢᠯᠡᠬᠡᠷᠡᠶ;

3. ᠶᠠᠪᠠᠭᠠᠨ ᠬᠥᠮᠦᠨ ᠴᠢᠳᠠᠬᠤ ᠵᠢᠨ ᠳᠤᠳᠤᠷ᠎ᠠ ᠳᠤᠭᠤᠶ ᠲᠡᠷᠭᠡ ᠤᠨᠤᠬᠤ ᠦᠭᠡᠢ ᠪᠠᠢᠵᠦ᠂ ᠰᠠᠯᠬᠢᠯᠠᠬᠤ ᠦᠶ᠎ᠡ᠎ᠳᠦ ᠵᠠᠷ ᠮᠡᠳᠡᠭᠡᠨ᠎ᠦ ᠫᠠᠶ᠋ᠢᠰᠠ᠂ ᠲᠦᠷ ᠴᠠᠭ᠎ᠤᠨ ᠪᠠᠷᠢᠯᠭ᠎ᠠ ᠵᠡᠷᠭᠡ ᠵᠢᠨ ᠳᠤᠤᠷ᠎ᠠ ᠳᠠᠯᠳᠠᠯᠠᠵᠤ ᠪᠤᠯᠬᠤ ᠦᠭᠡᠢ;

4. ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠣᠶ ᠰᠢᠭᠤᠶ᠂ ᠨᠤᠲᠤᠭ ᠪᠡᠯᠴᠢᠭᠡᠷ ᠵᠡᠷᠭᠡ᠎ᠶᠢᠨ ᠭᠠᠯ᠎ᠢ ᠰᠡᠷᠭᠡᠶ᠋ᠢᠯᠡᠬᠦ᠌᠎ᠶᠢ ᠠᠩᠬᠠᠷᠤᠭᠠᠷᠠᠢ᠃

ᠢᠷᠡᠯᠳᠠ᠄ ᠦᠪᠦᠷ ᠮᠤᠡᠭᠭᠤᠯ᠎ᠤᠨ ᠴᠠᠭ ᠠᠭᠤᠷ ᠳᠠᠪᠴᠠᠡᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号