ᠬᠡᠯᠪᠡᠷᠢᠴᠢ ᠦᠵᠡᠯ᠎ᠢ ᠤᠯᠠᠮ ᠴᠢᠨᠠᠭᠰᠢᠳᠠ
ᠴᠡᠭᠴᠡᠯᠡᠨ ᠵᠠᠰᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ
ᠪᠤᠰᠤ ᠳᠠᠷᠤᠭᠠᠰᠤ᠎ᠶᠢ ᠬᠥᠩᠭᠡᠷᠡᠭᠦᠯᠬᠦ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠰᠤᠷᠭᠠᠨ ᠬᠥᠮᠦᠵᠢᠯ᠎ᠦᠨ ᠲᠢᠩᠬᠢᠮ ᠣᠢᠷ᠎ᠠ᠎ᠳᠤ 《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠳᠠᠪᠬᠤᠷᠭ᠎ᠠ᠎ᠶᠢᠨ ᠨᠡᠢᠭᠡᠮ᠎ᠦᠨ ᠬᠡᠷᠡᠭ ᠶᠠᠪᠤᠳᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠴᠠᠭᠠᠨ ᠳᠠᠩᠰᠠ 《(ᠳᠣᠷᠣᠭ᠍ᠰᠢ 《ᠴᠠᠭᠠᠨ
ᠳᠠᠩᠰᠠ》 ᠭᠡᠵᠦ ᠲᠣᠪᠴᠢᠯᠠᠨ᠎ᠠ) ᠵᠢ ᠵᠢᠩᠬᠢᠨᠢ᠎ᠪᠡᠷ ᠨᠡᠢᠲᠡᠯᠡᠵᠦ᠂
ᠣᠷᠣᠬᠤ ᠵᠥᠪᠰᠢᠶᠡᠷᠡᠯ᠎ᠢ ᠴᠢᠩᠳᠠᠯᠠᠬᠤ᠂ ᠶᠠᠪᠤᠴᠠ᠎ᠶᠢ ᠵᠢᠷᠤᠮᠵᠢᠭᠤᠯᠬᠤ᠂ ᠬᠢᠨᠠᠯᠲᠠ ᠲᠠᠯᠪᠢᠬᠤ᠎ᠶᠢ ᠴᠢᠩᠭᠠᠳᠬᠠᠬᠤ
ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠰᠤᠷᠭᠠᠭᠤᠯᠢ᠎ᠶᠢᠨ ᠬᠦᠷᠢᠶᠡᠨ᠎ᠦ ᠠᠵᠢᠯᠯᠠᠭ᠎ᠠ᠎ᠳᠤ ᠰᠢᠨ᠎ᠡ
ᠲᠣᠭᠲᠠᠭᠠᠯ ᠭᠠᠷᠭᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠡᠮᠬᠢ ᠳᠢᠭ᠌ᠯᠢᠮ᠎ᠢ
ᠦᠨᠡᠨ ᠬᠦ᠌ ᠪᠠᠲᠤᠯᠠᠪᠠ᠃
《ᠴᠠᠭᠠᠨ ᠳᠠᠩᠰᠠ》 ᠵᠢᠨ ᠳᠦᠷᠢᠮ᠎ᠢ ᠦᠨᠳᠦᠰᠦᠯᠡᠨ᠂
ᠥᠪᠡᠷᠲᠡᠭᠡᠨ ᠵᠠᠰᠠᠬᠤ ᠣᠷᠣᠨ᠎ᠠᠴᠠ ᠳᠤᠮᠳᠠᠳᠤ ᠪᠠᠭ᠎ᠠ ᠰᠤᠷᠭᠠᠭᠤᠯᠢ ᠪᠠ ᠪᠠᠭ᠍ᠰᠢ᠎ᠳᠤ ᠬᠣᠯᠪᠣᠭᠳᠠᠬᠤ ᠨᠡᠢᠭᠡᠮ᠎ᠦᠨ
ᠬᠡᠷᠡᠭ ᠶᠠᠪᠤᠳᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠵᠦᠢᠯᠡᠰ᠎ᠢ ᠪᠥᠬᠥ ᠲᠠᠯ᠎ᠠ᠎ᠪᠠᠷ ᠡᠮᠬᠢᠯᠡᠵᠦ᠂
ᠨᠠᠷᠢᠨ ᠳᠠᠩᠰᠠᠨ᠎ᠳᠤ ᠣᠷᠣᠭᠤᠯᠤᠭᠰᠠᠨ ᠦᠭᠡᠢ ᠵᠦᠢᠯᠡᠰ᠎ᠢ ᠵᠠᠷᠴᠢᠮ ᠳᠡᠭᠡᠷ᠎ᠡ᠎ᠪᠡᠨ ᠰᠤᠷᠭᠠᠭᠤᠯᠢ᠎ᠶᠢᠨ ᠬᠦᠷᠢᠶᠡᠨ᠎ᠳᠦ
ᠣᠷᠣᠭᠤᠯᠵᠤ ᠪᠣᠯᠬᠤ ᠦᠭᠡᠢ᠃ ᠨᠠᠷᠢᠨ ᠳᠠᠩᠰᠠᠨ᠎ᠳᠤ᠂ ᠠᠳᠠᠯᠢ ᠨᠢᠭᠡᠨ ᠵᠦᠢᠯᠡᠰ᠎ᠢ ᠨᠢᠭᠡ ᠵᠢᠯ᠎ᠦᠨ ᠳᠣᠲᠣᠷ᠎ᠠ
ᠠᠳᠠᠯᠢ ᠨᠢᠭᠡ ᠰᠤᠷᠭᠠᠭᠤᠯᠢ ᠳᠦ ᠨᠢᠭᠡ ᠯᠡ ᠤᠳᠠᠭ᠎ᠠ ᠦᠷᠨᠢᠭᠦᠯᠭᠦ᠎ᠶᠢ ᠵᠥᠪᠰᠢᠶᠡᠷᠡᠵᠦ᠂ ᠰᠤᠷᠭᠠᠭᠤᠯᠢ᠎ᠳᠤ
ᠳᠠᠬᠢᠨ ᠳᠠᠪᠲᠠᠨ ᠣᠷᠣᠬᠤ᠎ᠶᠢ ᠴᠢᠩᠭ᠎ᠠ ᠴᠠᠭᠠᠵᠠᠯᠠᠬᠤ ᠬᠡᠷᠡᠭᠳᠡᠢ; ᠰᠤᠷᠭᠠᠭᠤᠯᠢ ᠨᠢᠭᠡᠪᠦᠷᠢ ᠶᠢᠨ ᠰᠤᠷᠤᠯᠭ᠎ᠠ᠎ᠶᠢᠨ ᠬᠤᠭᠤᠴᠠᠭ᠎ᠠ
ᠪᠦᠷᠢ ᠳ᠋ᠡᠬᠢ ᠰᠤᠷᠭᠠᠭᠤᠯᠢ᠎ᠶᠢᠨ ᠬᠦᠷᠢᠶᠡᠨ᠎ᠳᠦ ᠣᠷᠣᠬᠤ ᠡᠯ᠎ᠡ ᠲᠥᠷᠥᠯ᠎ᠦᠨ ᠠᠵᠢᠯᠯᠠᠭ᠎ᠠ᠎ᠶᠢᠨ ᠶᠡᠷᠦᠩᠬᠡᠢ ᠬᠡᠮᠵᠢᠶ᠎ᠡ
6 ᠤᠳᠠᠭ᠎ᠠ᠎ᠠᠴᠠ ᠬᠡᠲᠦᠷᠡᠵᠦ ᠪᠣᠯᠬᠤ ᠦᠭᠡᠢ᠂ ᠬᠡᠪ᠎ᠦᠨ ᠵᠢᠭᠠᠨ ᠰᠤᠷᠭᠠᠯᠲᠠ᠎ᠶᠢ ᠬᠠᠷᠰᠢᠯᠠᠬᠤ ᠶᠠᠪᠤᠳᠠᠯ᠎ᠢ ᠡᠬᠢ
ᠡᠭᠦᠰᠦᠯ᠎ᠡᠴᠡ ᠨᠢ ᠪᠠᠭᠠᠰᠬᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃
ᠠᠵᠢᠯᠯᠠᠭ᠎ᠠ ᠣᠨᠳᠣᠣᠰᠢᠵᠦ ᠪᠠᠭ᠍ᠰᠢ ᠶᠢᠨ
ᠳᠠᠷᠤᠭᠠᠰᠤ ᠪᠤᠯᠬᠤ ᠡᠴᠡ ᠵᠠᠢᠯᠠᠰᠬᠢᠬᠦ᠎ᠶᠢᠨ ᠲᠥᠯᠥᠭᠡ᠂ 《ᠴᠠᠭᠠᠨ ᠳᠠᠩᠰᠠ》 ᠳ᠋ᠤ ᠰᠠᠢᠨ ᠳᠤᠷ᠎ᠠ ᠡᠴᠡ ᠪᠡᠨ ᠣᠷᠣᠯᠴᠠᠬᠤ
ᠵᠠᠷᠴᠢᠮ᠎ᠢ ᠴᠢᠬᠤᠯᠠᠴᠢᠯᠠᠵᠤ᠂ ᠠᠯᠪᠠᠳᠠᠯᠭ᠎ᠠ᠎ᠪᠡᠷ ᠱᠠᠭᠠᠷᠳᠠᠬᠤ᠂ ᠨᠡᠷᠡᠰ᠎ᠦᠨ ᠵᠢᠭ᠍ᠰᠠᠭᠠᠯᠲᠠ᠎ᠶᠢ ᠰᠢᠯᠭᠠᠨ
ᠬᠢᠨᠠᠬᠤ ᠪᠤᠶᠤ ᠱᠠᠲᠤ ᠱᠠᠲᠤ᠎ᠪᠠᠷ ᠰᠢᠯᠢᠨ ᠰᠣᠩᠭᠣᠬᠤ᠎ᠶᠢ ᠴᠠᠭᠠᠵᠠᠯᠠᠬᠤ᠎ᠶᠢᠨ ᠬᠠᠮᠲᠤ ᠠᠵᠢᠯᠯᠠᠭ᠎ᠠ᠎ᠶᠢᠨ ᠶᠠᠪᠤᠴᠠ
ᠵᠢ ᠳᠥᠭᠥᠮᠴᠢᠯᠡᠵᠦ᠂ ᠬᠡᠲᠦᠷᠬᠡᠢ ᠣᠷᠣᠮ ᠦᠯᠡᠳᠡᠭᠡᠬᠦ᠎ᠶᠢ ᠬᠣᠷᠢᠭ᠍ᠯᠠᠵᠤ᠂ ᠬᠠᠮᠢᠶ᠎ᠠ ᠪᠦᠬᠦᠢ ᠠᠵᠢᠯᠯᠠᠭ᠎ᠠ᠎ᠶᠢ ᠰᠢᠯᠢᠳᠡᠭ
ᠪᠠ ᠲᠡᠷᠢᠭᠦᠨ᠎ᠦ ᠬᠢ᠎ᠶᠢ ᠰᠢᠯᠭᠠᠷᠠᠭᠤᠯᠬᠤ᠂ ᠰᠢᠯᠭᠠᠨ ᠬᠢᠨᠠᠵᠤ ᠦᠨᠡᠯᠡᠬᠦ ᠯᠦ᠍ᠭᠡ ᠬᠣᠯᠪᠣᠭᠳᠠᠭᠤᠯᠬᠤ᠎ᠶᠢ ᠴᠢᠩᠭ᠎ᠠ
ᠴᠠᠭᠠᠵᠠᠯᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠄ 《ᠳᠠᠷᠤᠭᠠᠰᠤ᠎ᠶᠢ ᠬᠥᠩᠭᠡᠷᠡᠭᠦᠯᠬᠦ᠎ᠶᠢᠨ ᠵᠠᠩᠭᠢᠯᠠᠭ᠎ᠠ ᠨᠢ ᠪᠠᠭ᠍ᠰᠢ᠎ᠶᠢ ᠵᠢᠭᠠᠨ ᠰᠤᠷᠭᠠᠯᠲᠠ᠎ᠶᠢᠨ ᠲᠤᠬᠠᠢᠯᠠᠭᠰᠠᠨ
ᠠᠵᠢᠯ ᠳ᠋ᠤᠨᠢ ᠪᠤᠴᠠᠭᠠᠵᠤ᠂ ᠬᠡᠯᠪᠡᠷᠢᠴᠢ ᠦᠵᠡᠯ᠎ᠦᠨ ᠣᠶᠤᠨ ᠴᠢᠳᠠᠯ᠎ᠢ ᠬᠤᠷᠤᠬᠳᠠᠭᠤᠯᠬᠤ᠎ᠠᠴᠠ ᠵᠠᠢᠯᠠᠰᠬᠢᠬᠦ᠎ᠳᠦ
ᠪᠠᠢᠨ᠎ᠠ》 ᠭᠡᠪᠡ᠃
ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢ
ᠦᠨᠡᠨ ᠬᠦ᠌ ᠪᠠᠲᠤᠯᠠᠬᠤ᠎ᠶᠢᠨ ᠲᠥᠯᠥᠭᠡ᠂ ᠥᠪᠥᠷ ᠮᠣᠩᠭᠣᠯ ᠡᠯ᠎ᠡ ᠭᠠᠵᠠᠷ᠎ᠤᠨ ᠬᠢᠨᠢ ᠨᠡᠢᠭᠡᠮ᠎ᠦᠨ ᠬᠡᠷᠡᠭ ᠶᠠᠪᠤᠳᠠᠯ᠎ᠢ
ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠎ᠶᠢ ᠵᠥᠪᠰᠢᠶᠡᠷᠡᠬᠦ ᠪᠠ ᠮᠡᠳᠡᠭᠦᠯᠦᠨ ᠬᠢᠨᠠᠭᠤᠯᠬᠤ ᠳᠦᠷᠢᠮ᠎ᠢ
ᠴᠢᠩᠭ᠎ᠠ ᠬᠡᠷᠡᠭᠵᠢᠭᠦᠯᠵᠦ᠂ ᠪᠣᠶ ᠪᠦᠬᠦᠢ ᠬᠡᠷᠡᠭ ᠶᠠᠪᠤᠳᠠᠯ᠎ᠢ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ
ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ᠎ᠤ ᠳᠠᠷᠠᠭ᠎ᠠ ᠰᠠᠶᠢ ᠬᠡᠷᠡᠭᠵᠢᠭᠦᠯᠵᠦ
ᠪᠣᠯᠣᠨ᠎ᠠ ᠭᠡᠵᠦ ᠱᠠᠭᠠᠷᠳᠠᠪᠠ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ