ᠡᠨᠡᠬᠦ ᠠᠭᠠᠷ ᠤ᠋ᠨ ᠠᠶᠠᠯᠠᠯ ᠤ᠋ᠨ ᠬᠢᠯᠢ ᠵᠢᠨ ᠪᠤᠭᠤᠮᠳᠠ ᠠᠰᠢᠬᠯᠠᠯᠲᠠ ᠳ᠋ᠤ ᠤᠷᠤᠬᠤ ᠨᠥᠬᠥᠴᠡᠯ᠎ᠢ ᠪᠦᠷᠢᠯᠳᠦᠭᠦᠯᠪᠡ
2026-03-16 17:46:33
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 10 ᠎ᠤ ᠦᠳᠡ᠎ᠶᠢᠨ ᠡᠮᠦᠨ᠎ᠡ᠂ ᠬᠥᠬᠡᠬᠣᠲᠠ᠎ᠶᠢᠨ ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠠᠭᠠᠷ᠎ᠤᠨ ᠠᠶᠠᠯᠠᠯ᠎ᠤᠨ ᠬᠢᠯᠢ᠎ᠶᠢᠨ ᠪᠣᠭᠣᠮᠲᠠ ᠥᠪᠡᠷᠲᠡᠭᠡᠨ ᠵᠠᠰᠠᠬᠤ ᠣᠷᠣᠨ᠎ᠤ ᠰᠢᠯᠭᠠᠨ ᠠᠪᠬᠤ ᠳᠤᠭᠤᠢᠯᠠᠩ᠎ᠤᠨ ᠲᠤᠬᠠᠢ᠎ᠶᠢᠨ ᠲᠠᠯᠠᠪᠠᠶ᠎ᠶᠢᠨ ᠰᠢᠯᠭᠠᠨ ᠠᠪᠬᠤ ᠵᠢ ᠤᠷᠤᠭᠰᠢᠲᠠᠢ ᠦᠩᠭᠡᠷᠡᠭᠦᠯᠪᠡ᠃ ᠡᠨᠡ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 4F ᠲᠠᠰ᠎ᠤᠨ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠠᠭᠠᠷ᠎ᠤᠨ ᠠᠶᠠᠯᠠᠯ᠎ᠤᠨ ᠬᠢᠯᠢ᠎ᠶᠢᠨ ᠪᠣᠭᠣᠮᠲᠠ ᠵᠢᠩᠬᠢᠨᠢ᠎ᠪᠡᠷ ᠲᠠᠯᠠᠪᠠᠢ ᠰᠢᠯᠵᠢᠨ ᠠᠰᠢᠭ᠍ᠯᠠᠯᠲᠠ᠎ᠳᠤ ᠣᠷᠣᠬᠤ ᠨᠥᠬᠥᠴᠡᠯ᠎ᠢ ᠪᠦᠷᠢᠯᠳᠦᠭᠦᠯᠦᠭᠰᠡᠨ᠎ᠢ ᠬᠠᠷᠠᠭᠤᠯᠵᠤ ᠪᠣᠶ᠃ ᠨᠢᠰᠬᠡᠯ᠎ᠦᠨ ᠪᠠᠭᠤᠳᠠᠯ ᠵᠢᠩᠬᠢᠨᠢ ᠎ᠪᠡᠷ ᠠᠶᠠᠯᠠᠯ ᠨᠡᠪᠲᠡᠷᠡᠵᠦ᠂ ᠳᠡᠯᠡᠬᠡᠢᠵᠢᠭᠰᠡᠨ ᠡᠵᠡᠩᠨᠡᠯᠲᠡ ᠵᠦᠭ ᠤᠷᠤᠬᠰᠢᠯᠠᠬᠤ ᠵᠠᠩᠭᠢᠯᠠᠭ᠎ᠠ᠎ᠶᠢᠨ ᠨᠢᠬᠡ ᠠᠯᠬᠤᠮ᠎ᠢ ᠠᠯᠬᠤᠪᠠ᠃

ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠪᠠᠢᠷᠢ ᠳᠤᠬᠲᠠᠭᠠᠯᠲᠠ ᠪᠤᠯ ᠤᠯᠤᠰ᠎ᠤᠨ ᠳᠣᠲᠣᠭᠠᠳᠤ᠎ᠶᠢᠨ ᠴᠢᠬᠤᠯᠠ ᠭᠣᠣᠯ ᠱᠤᠭᠤᠮ᠎ᠤᠨ ᠨᠢᠰᠬᠡᠯ᠎ᠦᠨ ᠪᠠᠭᠤᠳᠠᠯ᠂ ᠣᠷᠣᠨ ᠪᠦᠰᠡ᠎ᠶᠢᠨ ᠴᠢᠨᠠᠷᠲᠠᠢ ᠬᠦᠢᠰᠤ ᠨᠢᠰᠬᠡᠯ᠎ᠦᠨ ᠪᠠᠭᠤᠳᠠᠯ᠂ ᠨᠢᠭᠡᠳᠦᠭᠡᠷ ᠲᠥᠷᠥᠯ᠎ᠦᠨ ᠠᠭᠠᠷ᠎ᠤᠨ ᠠᠶᠠᠯᠠᠯ ᠤ᠋ᠨ ᠬᠢᠯᠢ ᠵᠢᠨ ᠪᠣᠭᠣᠮᠲᠠ᠎ᠶᠢᠨ ᠨᠢᠰᠬᠡᠯ᠎ᠦᠨ ᠪᠠᠭᠤᠳᠠᠯ ᠪᠠᠢᠵᠤ᠂ ᠡᠭᠦᠨ᠎ᠤ ᠬᠠᠮᠲᠤ ᠨᠡᠢᠰᠯᠡᠯ᠎ᠦᠨ ᠨᠢᠰᠬᠡᠯ᠎ᠦᠨ ᠪᠠᠭᠤᠳᠠᠯ᠎ᠤᠨ ᠭᠣᠣᠯ ᠪᠡᠯᠡᠳᠬᠡᠯ ᠨᠢᠰᠬᠡᠯ᠎ᠦᠨ ᠪᠠᠭᠤᠳᠠᠯ ᠪᠣᠯᠤᠭᠰᠠᠨ᠎ᠤ ᠬᠤᠪᠢ᠎ᠳᠤ᠂ ᠮᠥᠨ ᠴᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠠᠰᠢᠭ᠍ᠯᠠᠯᠲᠠ᠎ᠳᠤ ᠣᠷᠣᠭᠤᠯᠬᠤ ᠠᠩᠬᠠᠳᠠᠭ᠍ᠴᠢ ᠠᠭᠠᠷ᠎ᠤᠨ ᠠᠶᠠᠯᠠᠯ᠎ᠤᠨ ᠬᠢᠯᠢ᠎ᠶᠢᠨ ᠪᠣᠭᠣᠮᠲᠠ ᠪᠠᠢᠵᠥ᠂ ᠪᠦᠬᠦ ᠣᠷᠣᠨ᠎ᠤ ᠠᠭᠠᠷ᠎ᠤᠨ ᠠᠶᠠᠯᠠᠯ ᠤ᠋ᠨ ᠵᠠᠮ ᠬᠠᠷᠢᠯᠴᠠᠭᠠᠨ᠎ᠤ ᠲᠣᠣᠷ ᠪᠣᠯᠣᠨ ᠭᠠᠳᠠᠭᠠᠳᠤ ᠨᠡᠭᠡᠭᠡᠯᠲᠡ ᠵᠢᠨ ᠪᠠᠢᠷᠢᠰᠢᠭᠤᠯᠤᠯᠳᠠ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃

ᠠᠭᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ᠎ᠶᠢᠨ ᠲᠥᠷᠥᠯ ᠵᠦᠢᠯ ᠨᠢ ᠰᠢᠨ᠎ᠡ ᠨᠢᠰᠬᠡᠯ᠎ᠦᠨ ᠪᠠᠭᠤᠳᠠᠯ᠎ᠤᠨ ᠭᠣᠣᠯ ᠢᠵᠢ ᠪᠦᠷᠢᠳᠦᠭᠦᠯᠦᠭᠰᠡᠨ ᠢᠨᠵᠧᠨᠧᠷᠢᠩ ᠪᠣᠯᠤᠭᠰᠠᠨ᠎ᠤ ᠬᠤᠪᠢ᠎ᠳᠤ᠂ 2023 ᠣᠨ᠎ᠳᠤ ᠡᠬᠢᠯᠡᠨ ᠪᠦᠲᠦᠭᠡᠨ ᠪᠠᠢᠭᠤᠯᠵᠤ᠂ 2025 ᠣᠨ᠎ᠤ 10 ᠰᠠᠷ᠎ᠠ᠎ᠳᠤ ᠪᠠᠷᠢᠯᠭ᠎ᠠ ᠳᠠᠭᠤᠰᠴᠤ ᠬᠣᠲᠠ᠎ᠶᠢᠨ ᠲᠠᠰ᠎ᠤᠨ ᠤᠷᠢᠳᠴᠢᠯᠠᠨ ᠰᠢᠯᠭᠠᠨ ᠠᠪᠬᠤ ᠵᠢᠴᠢ ᠪᠥᠬᠥ ᠲᠠᠯ᠎ᠠ᠎ᠪᠠᠷ ᠴᠡᠭᠴᠡᠯᠡᠨ ᠰᠠᠢᠵᠢᠷᠠᠭᠤᠯᠬᠤ ᠠᠵᠢᠯ᠎ᠢ ᠪᠡᠶᠡᠯᠡᠭᠦᠯᠦᠭᠰᠡᠨ᠎ᠦ ᠳᠠᠷᠠᠭ᠎ᠠ᠂ 3 ᠰᠠᠷ᠎ᠠ᠎ᠶᠢᠨ 10 ᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠠᠮᠲᠤᠷᠠᠭᠰᠠᠨ ᠲᠤᠬᠠᠢ᠎ᠶᠢᠨ ᠲᠠᠯᠠᠪᠠᠶ᠎ᠶᠢᠨ ᠰᠢᠯᠭᠠᠨ ᠠᠪᠬᠤ᠎ᠶᠢ ᠦᠩᠭᠡᠷᠡᠭᠦᠯᠪᠡ᠃

ᠢᠷᠡᠯᠲᠡ᠄ ᠬᠦᠬᠡᠬᠤᠲᠠ᠎ᠶᠢᠨ ᠬᠠᠮ ᠵᠠᠭᠤᠴᠢᠯᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号