ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠢᠳᠡᠭᠡᠨ᠎ᠦ
ᠠᠮᠤᠷ ᠲᠦᠪᠰᠢᠨ᠎ᠦ ᠠᠵᠢᠯ᠎ᠤᠨ ᠠᠯᠪᠠᠨ ᠭᠡᠷ᠂ ᠰᠤᠷᠭᠠᠨ ᠬᠥᠮᠦᠵᠢᠯ᠎ᠦᠨ ᠶᠠᠮᠤᠨ᠂ ᠵᠠᠬ᠎ᠠ ᠳᠡᠯᠭᠡᠭᠦᠷ᠎ᠦᠨ ᠬᠢᠨᠠᠯᠲᠠ
ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠬᠠᠮᠲᠤᠷᠠᠨ《ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠎ᠦᠨ
ᠢᠳᠡᠭᠡᠨ᠎ᠦ ᠠᠮᠤᠷ ᠲᠦᠪᠰᠢᠨ᠎ᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠳᠤ ᠬᠢᠨᠠᠯᠲᠠ
ᠲᠠᠯᠪᠢᠵᠤ ᠪᠠᠢᠴᠠᠭᠠᠬᠤ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭᠠᠵᠤ᠂ 《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》 ᠵᠢ ᠲᠤᠰᠬᠠᠢ
ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢᠶᠡᠨ ᠪᠡᠬᠢᠵᠢᠭᠦᠯᠦᠨ᠂ ᠰᠤᠷᠭᠠᠭᠤᠯᠢ᠎ᠶᠢᠨ ᠬᠦᠷᠢᠶᠡᠨ᠎ᠦ ᠢᠳᠡᠭᠡᠨ᠎ᠦ
ᠠᠮᠤᠷ ᠲᠦᠪᠰᠢᠨ᠎ᠦ ᠪᠠᠲᠤᠯᠠᠭ᠎ᠠ᠎ᠶᠢᠨ ᠬᠢᠷᠢ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠵᠦ᠂ ᠠᠰᠠᠭᠤᠳᠠᠯ ᠳᠠᠬᠢᠨ
ᠡᠭᠦᠰᠬᠦ᠎ᠶᠢ ᠡᠷᠡᠰ ᠰᠡᠷᠭᠡᠢᠯᠡᠵᠦ ᠪᠠᠢᠨ᠎ᠠ᠃
ᠲᠣᠰ ᠤᠳᠠᠭᠠᠨ᠎ᠤ ᠬᠢᠨᠠᠯᠲᠠ ᠲᠠᠯᠪᠢᠵᠤ ᠪᠠᠢᠴᠠᠭᠠᠬᠤ ᠬᠦᠷᠢᠶ᠎ᠡ ᠬᠡᠪᠴᠢᠶ᠎ᠡ
ᠨᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ ᠬᠣᠭᠣᠯᠠᠨ ᠭᠡᠷ᠂ ᠳᠠᠭᠠᠭᠠᠴᠢᠯᠠᠨ ᠡᠵᠡᠩᠨᠡᠵᠦ
ᠪᠠᠢᠭ᠎ᠠ ᠠᠵᠤ ᠠᠬᠤᠢᠯᠠᠯ ᠵᠢᠴᠢ ᠰᠤᠷᠭᠠᠭᠤᠯᠢ᠎ᠶᠢᠨ ᠭᠠᠳᠠᠨᠠᠬᠢ ᠬᠣᠭᠣᠯᠠ ᠬᠠᠩᠭᠠᠬᠤ ᠨᠢᠭᠡᠴᠢ᠎ᠶᠢ ᠬᠠᠮᠤᠷᠤᠭᠰᠠᠨ
ᠪᠥᠭᠡᠳ ᠬᠠᠮᠢᠶ᠎ᠠ ᠪᠦᠬᠦᠢ ᠢᠳᠡᠭᠡᠨ᠎ᠦ ᠮᠠᠲᠧᠷᠢᠶᠠᠯ ᠬᠠᠩᠭᠠᠬᠤ ᠬᠤᠳᠠᠯᠳᠤᠭᠠᠴᠢᠨ᠎ᠳᠤ ᠪᠠᠢᠴᠠᠭᠠᠯᠲᠠ ᠬᠢᠬᠦ᠎ᠶᠢ
ᠲᠣᠳᠣᠷᠬᠠᠢᠯᠠᠵᠤ᠂ ᠰᠤᠷᠭᠠᠭᠤᠯᠢ᠎ᠶᠢᠨ ᠵᠠᠬᠢᠷᠤᠯ (ᠴᠡᠴᠡᠷᠯᠢᠭ᠎ᠦᠨ ᠳᠠᠷᠤᠭ᠎ᠠ) ᠤᠨ ᠬᠠᠷᠢᠭᠤᠴᠠᠯᠭ᠎ᠠ᠎ᠶᠢᠨ ᠳᠦᠷᠢᠮ᠎ᠢ
ᠨᠠᠢᠳᠠᠪᠤᠷᠢᠵᠢᠭᠤᠯᠤᠭᠰᠠᠨ᠂ ᠬᠠᠮᠲᠤ ᠬᠣᠭᠣᠯᠠᠯᠠᠬᠤ ᠳᠦᠷᠢᠮ ᠵᠢᠴᠢ ᠢᠳᠡᠭᠡᠨ᠎ᠦ ᠠᠮᠤᠷ ᠲᠦᠪᠰᠢᠨ᠎ᠦ ᠬᠠᠨᠤᠮᠵᠢ᠎ᠶᠢᠨ
ᠬᠡᠮᠵᠢᠶ᠎ᠡ᠎ᠶᠢ ᠰᠢᠯᠭᠠᠨ ᠲᠣᠭᠲᠠᠭᠠᠬᠤ ᠲᠣᠭᠲᠠᠴᠠ᠎ᠶᠢ ᠨᠠᠢᠳᠠᠪᠤᠷᠢᠵᠢᠭᠤᠯᠤᠭᠰᠠᠨ᠂ ᠢᠳᠡᠭᠡᠨ᠎ᠦ ᠠᠮᠤᠷ ᠲᠦᠪᠰᠢᠨ᠎ᠦ
ᠶᠡᠷᠦᠩᠬᠡᠢ ᠬᠢᠨᠠᠭ᠍ᠴᠢ ᠪᠠ ᠠᠮᠤᠷ ᠲᠦᠪᠰᠢᠨ᠎ᠦ ᠠᠵᠢᠯᠲᠠᠨ ᠲᠣᠬᠢᠷᠠᠭᠤᠯᠤᠭᠰᠠᠨ ᠵᠢᠴᠢ ᠢᠳᠡᠭᠡᠨ᠎ᠦ ᠲᠦᠭᠦᠬᠡᠢ
ᠮᠠᠲᠧᠷᠢᠶᠠᠯ ᠪᠠ ᠬᠤᠭᠤᠯᠠ ᠬᠢᠬᠦ ᠶᠠᠪᠤᠴᠠ᠂ ᠢᠳᠡᠭᠡᠨ ᠤᠮᠳᠠᠭᠠᠨ᠎ᠤ ᠪᠠᠭᠠᠵᠢ ᠬᠡᠷᠡᠭᠰᠡᠯ᠎ᠢ ᠤᠬᠢᠶᠠᠵᠤ ᠠᠷᠢᠭᠤᠳᠬᠠᠬᠤ᠂
ᠲᠠᠯᠠᠪᠤᠷ ᠭᠠᠵᠠᠷ᠎ᠤᠨ ᠡᠷᠡᠭᠦᠯ ᠬᠠᠮᠠᠭᠠᠯᠠᠯ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠳᠤᠮᠳᠠᠳᠤ ᠪᠠᠭ᠎ᠠ
ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ ᠢᠳᠡᠭᠡᠨ᠎ᠦ ᠠᠮᠤᠷ ᠲᠦᠪᠰᠢᠨ᠎ᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ
ᠨᠠᠢᠳᠠᠪᠤᠷᠢᠵᠢᠭᠤᠯᠤᠭᠰᠠᠨ ᠪᠠᠢᠳᠠᠯ᠎ᠢ ᠪᠥᠬᠥ ᠲᠠᠯ᠎ᠠ᠎ᠪᠠᠷ ᠪᠠᠢᠴᠠᠭᠠᠵᠤ᠂ ᠲᠦᠭᠰᠢᠭᠦᠷᠢ᠎ᠶᠢ ᠭᠦᠨᠵᠡᠭᠡᠢ ᠵᠢᠭ᠍ᠰᠠᠭᠠᠨ
ᠪᠠᠢᠴᠠᠭᠠᠵᠤ᠂ ᠳᠠᠯᠳᠠ ᠬᠡᠮ᠎ᠢ ᠴᠠᠭ ᠲᠤᠬᠠᠢ ᠳ᠋ᠤᠨᠢ ᠠᠷᠢᠯᠭᠠᠨ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ
ᠠᠵᠢᠯᠯᠠᠭ᠎ᠠ᠎ᠶᠢ ᠵᠠᠯᠬᠠᠭᠠᠨ ᠰᠢᠢᠳᠬᠡᠬᠦ ᠡᠷᠴᠢᠮ᠎ᠢᠶᠡᠨ ᠴᠢᠨᠭᠭᠠᠷᠠᠭᠤᠯᠤᠨ᠎ᠠ᠃
(ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡᠨ᠎ᠦ ᠰᠢᠯᠵᠢᠶ᠎ᠠ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号