ᠰᠤᠷᠪᠤᠯᠵᠢᠯᠠᠭ᠍ᠴᠢ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ 2025 ᠣᠨ᠎ᠤ ᠡᠴᠦᠰ
ᠪᠣᠯᠲᠠᠯ᠎ᠠ᠂ ᠪᠥᠬᠥ ᠣᠷᠣᠨ᠎ᠤ ᠤᠯᠤᠰ᠎ᠤᠨ ᠥᠮᠴᠢᠯᠡᠯ᠎ᠦᠨ ᠬᠥᠷᠥᠩᠭᠡ ᠵᠢᠨ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ
ᠮᠥᠩᠭᠥ᠎ᠶᠢᠨ ᠲᠤᠰᠬᠠᠢ ᠡᠷᠦᠬᠡ ( ᠪᠡᠯᠡ ᠮᠥᠩᠭᠥ ) ᠵᠢᠨ ᠬᠡᠪᠴᠢᠶ᠎ᠡ 3.43 ᠳ᠋ᠦᠩᠰᠢᠭᠤᠷ ᠲᠥᠭᠥᠷᠢᠭ᠎ᠢ ᠳᠠᠪᠠᠵᠤ᠂
2025 ᠣᠨ᠎ᠳᠤ ᠰᠢᠨ᠎ᠡ᠎ᠪᠡᠷ ᠨᠡᠮᠡᠭᠳᠡᠭᠰᠡᠨ (ᠰᠲ᠋ᠣᠺ᠎ᠤᠨ ᠡᠷᠬᠡ) ᠠᠰᠢᠭ᠋ ᠬᠤᠪᠢᠶᠠᠷᠢᠯᠠᠯᠲᠠ᠎ᠶᠢᠨ ᠠᠰᠢᠭ᠋
ᠣᠷᠣᠯᠭ᠎ᠠ 1.05 ᠳ᠋ᠦᠩᠰᠢᠭᠤᠷ ᠲᠥᠭᠥᠷᠢᠭ᠎ᠢ ᠳᠠᠪᠠᠵᠤ᠂
2 ᠵᠢᠯ ᠳᠠᠷᠠᠭᠠᠯᠠᠨ ᠰᠢᠨ᠎ᠡ᠎ᠪᠡᠷ ᠨᠡᠮᠡᠭᠳᠡᠭᠰᠡᠨ ᠠᠰᠢᠭ᠋ ᠬᠤᠪᠢᠶᠠᠷᠢᠯᠠᠯᠲᠠ᠎ᠶᠢᠨ ᠠᠰᠢᠭ᠋ ᠣᠷᠣᠯᠭ᠎ᠠ ᠳ᠋ᠦᠩᠰᠢᠭᠤᠷ
ᠲᠥᠭᠥᠷᠢᠭ᠎ᠢ ᠳᠠᠪᠠᠵᠤ᠂ ᠪᠡᠯᠡ ᠮᠥᠩᠭᠥ᠎ᠶᠢᠨ ᠦᠯᠡᠳᠡᠪᠦᠷᠢ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ
46.80% ᠨᠡᠮᠡᠭᠳᠡᠵᠦ᠂ ᠡᠯ᠎ᠡ ᠵᠦᠢᠯ᠎ᠦᠨ ᠲᠣᠭ᠎ᠠ ᠪᠠᠷᠢᠮᠲᠠ ᠰᠢᠨ᠎ᠡ ᠲᠡᠮᠳᠡᠭᠯᠡᠯ᠎ᠢ ᠡᠭᠦᠳᠴᠡᠢ᠃
2019 ᠣᠨ᠎ᠳᠤ ᠥᠪᠥᠷ ᠮᠣᠩᠭᠣᠯ ᠤᠯᠤᠰ᠎ᠤᠨ
ᠥᠮᠴᠢᠯᠡᠯ᠎ᠤᠨ ᠬᠥᠷᠥᠩᠭᠡ᠎ᠶᠢ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠳᠦ ᠬᠤᠪᠢᠶᠠᠷᠢᠯᠠᠨ ᠰᠢᠯᠵᠢᠭᠦᠯᠬᠦ
ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠦᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ
ᠲᠢᠩᠬᠢᠮ ᠤᠯᠤᠰ᠎ᠤᠨ ᠥᠮᠴᠢᠯᠡᠯ᠎ᠤᠨ ᠬᠥᠷᠥᠩᠭᠡ᠎ᠶᠢ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠳᠦ ᠬᠤᠪᠢᠶᠠᠷᠢᠯᠠᠨ
ᠰᠢᠯᠵᠢᠭᠦᠯᠬᠦ᠎ᠶᠢ ᠳᠠᠭᠠᠭᠠᠨ ᠠᠪᠬᠤ ᠭᠣᠣᠯ ᠴᠣᠭᠴᠠ᠎ᠳᠤ ᠲᠤᠢᠯ᠎ᠤᠨ ᠣᠨᠣᠪᠴᠢᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ
ᠨᠢᠭᠡᠳᠦᠯᠲᠡᠢ ᠲᠥᠯᠥᠪᠵᠢᠭᠦᠯᠦᠨ ᠵᠢᠯᠤᠭᠣᠳᠴᠤ᠂ ᠠᠵᠢᠯ᠎ᠢ ᠠᠬᠢᠭᠤᠯᠤᠨ ᠰᠢᠨ᠎ᠡ ᠰᠢᠪᠲᠤᠯᠤᠯᠲᠠ᠎ᠲᠠᠢ ᠪᠣᠯᠭᠠᠪᠠ᠃
2025 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢ ᠬᠤᠪᠢᠶᠠᠷᠢᠯᠠᠨ
ᠰᠢᠯᠵᠢᠭᠦᠯᠬᠦ ᠠᠵᠢᠯ᠎ᠤᠨ ᠪᠡᠯᠡ ᠮᠥᠩᠭᠥ᠎ᠶᠢᠨ ᠬᠡᠪᠴᠢᠶ᠎ᠡ᠂ ᠠᠮᠤᠷ ᠲᠦᠪᠰᠢᠨ᠎ᠦ ᠪᠠᠲᠤᠯᠠᠭ᠎ᠠ᠂ ᠬᠢᠨᠠᠯᠲᠠ ᠦᠢᠯᠡᠴᠢᠯᠡᠭᠡ
ᠪᠥᠬᠥ ᠲᠠᠯ᠎ᠠ᠎ᠪᠠᠷ ᠳᠡᠭᠡᠭᠰᠢᠯᠡᠬᠦ᠎ᠶᠢ ᠪᠡᠶᠡᠯᠡᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ
ᠬᠥᠭᠵᠢᠯᠲᠡ᠎ᠶᠢᠨ ᠴᠡᠪᠡᠷ ᠠᠰᠢᠭ᠋᠎ᠢ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠣᠳᠠᠲᠤ ᠦᠷ᠎ᠡ ᠪᠦᠲᠦᠭᠡᠯ
ᠪᠣᠯᠭᠠᠨ ᠬᠤᠪᠢᠷᠠᠭᠤᠯᠪᠠ᠃
ᠰᠠᠭᠤᠷᠢ ᠮᠥᠩᠭᠥ᠎ᠶᠢᠨ ᠠᠮᠤᠷ ᠲᠦᠪᠰᠢᠨ
ᠵᠢᠷᠤᠮᠵᠢᠯ᠎ᠲᠠᠢ ᠠᠵᠢᠯᠯᠠᠭ᠎ᠠ᠎ᠨᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠥᠪᠥᠷ ᠮᠣᠩᠭᠣᠯ ᠰᠠᠭᠤᠷᠢ ᠮᠥᠩᠭᠥ᠎ᠶᠢᠨ
ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢᠨ ᠰᠢᠨ᠎ᠡ᠎ᠶᠢ ᠡᠭᠦᠳᠴᠦ᠂ ᠲᠡᠦᠬᠡᠨ᠎ᠡᠴᠡ ᠦᠯᠡᠳᠡᠭᠳᠡᠵᠦ ᠢᠷᠡᠭᠰᠡᠨ
ᠠᠰᠠᠭᠤᠳᠠᠯ᠎ᠢ ᠬᠦᠴᠦᠯᠡᠨ ᠰᠢᠢᠳᠪᠦᠷᠢᠯᠡᠪᠡ᠃ ᠣᠨᠴᠠ ᠵᠠᠷᠢᠮ ᠠᠵᠤ ᠠᠬᠤᠢᠯᠠᠯ᠎ᠤᠨ ᠲᠡᠦᠬᠡᠨ᠎ᠡᠴᠡ ᠥᠷᠢᠲᠦᠵᠦ ᠪᠠᠢᠭᠰᠠᠨ
ᠪᠠᠢᠳᠠᠯ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠪᠥᠬᠥ ᠶᠠᠪᠤᠴᠠ᠎ᠳᠤ
ᠮᠥᠷᠳᠡᠬᠦ ᠪᠠ ᠲᠤᠢᠯ᠎ᠤᠨ ᠣᠨᠣᠪᠴᠢᠲᠠᠶ ᠵᠢᠯᠤᠭᠣᠳᠬᠤ ᠠᠵᠢᠯ᠎ᠢ ᠥᠷᠨᠢᠭᠦᠯᠵᠦ᠂ 2025 ᠣᠨ᠎ᠳᠤ ᠬᠠᠮᠵᠢᠯᠴᠠᠨ ᠭᠥᠯᠢᠶᠡᠨ
ᠠᠪᠤᠭᠰᠠᠨ ᠭᠣᠣᠯ ᠴᠣᠭᠴᠠ᠎ᠠᠴᠠ 2 ᠠᠵᠤ ᠠᠬᠤᠢᠯᠠᠯ᠎ᠤᠨ ᠠᠰᠢᠭ᠋ ᠬᠤᠪᠢᠶᠠᠭᠰᠠᠨ ᠠᠰᠢᠭ᠋ ᠣᠯᠵᠠᠪᠤᠷᠢ᠎ᠶᠢ ᠨᠡᠶ᠋ᠢᠲᠡ
262 ᠲᠦᠮᠡ ᠭᠠᠷᠤᠢ ᠲᠥᠭᠥᠷᠢᠭ ᠨᠡᠬᠡᠮᠵᠢᠯᠡᠨ ᠠᠪᠴᠢᠷᠠᠵᠤ᠂ ᠤᠯᠤᠰ᠎ᠤᠨ ᠥᠮᠴᠢᠯᠡᠯ᠎ᠤᠨ ᠬᠥᠷᠥᠩᠭᠡ᠎ᠶᠢ ᠨᠡᠢᠭᠡᠮ᠎ᠦᠨ
ᠪᠠᠲᠤᠯᠠᠭ᠎ᠠ᠎ᠶᠢᠨ ᠰᠠᠭᠤᠷᠢ ᠮᠥᠩᠭᠥ᠎ᠳᠦ ᠬᠤᠪᠢᠶᠠᠷᠢᠯᠠᠨ ᠰᠢᠯᠵᠢᠭᠦᠯᠬᠦ ᠡᠷᠬᠡ ᠠᠰᠢᠭ᠋᠎ᠤᠨ ᠪᠦᠷᠢᠨ ᠪᠦᠲᠦᠨ ᠪᠠᠢᠬᠤ᠎ᠶᠢ
ᠦᠨᠡᠨ ᠬᠦ᠌ ᠪᠠᠲᠤᠯᠠᠪᠠ᠃
ᠡᠭᠦᠨ᠎ᠦ ᠬᠠᠮᠲᠤ᠂ ᠥᠪᠡᠷᠲᠡᠭᠡᠨ ᠵᠠᠰᠠᠬᠤ
ᠣᠷᠣᠨ᠎ᠤ ᠡᠳ᠋᠎ᠦᠨ ᠵᠠᠰᠠᠭ᠎ᠤᠨ ᠲᠢᠩᠬᠢᠮ ᠳᠠᠭᠠᠭᠠᠨ ᠠᠪᠤᠭᠰᠠᠨ ᠭᠣᠣᠯ ᠴᠣᠭᠴᠠ᠎ᠶᠢᠨ ᠬᠠᠤᠯᠢ ᠲᠣᠭᠲᠠᠭᠠᠯ ᠶᠣᠰᠣᠭᠠᠷ
ᠮᠡᠳᠡᠭᠡ ᠵᠠᠩᠭᠢ ᠨᠡᠢᠲᠡᠯᠡᠬᠦ ᠡᠭᠦᠷᠭᠡ᠎ᠪᠡᠨ ᠭᠦᠢᠴᠡᠳᠬᠡᠬᠦ᠎ᠶᠢ ᠵᠢᠯᠤᠭᠣᠳᠴᠤ᠂ ᠬᠤᠪᠢᠶᠠᠷᠢᠯᠠᠨ ᠰᠢᠯᠵᠢᠭᠦᠯᠦᠭᠰᠡᠨ
ᠤᠯᠤᠰ᠎ᠤᠨ ᠥᠮᠴᠢᠯᠡᠯ᠎ᠤᠨ ᠬᠥᠷᠥᠩᠭᠡ᠎ᠶᠢᠨ ᠠᠵᠤ ᠠᠬᠤᠢᠯᠠᠯ᠎ᠤᠨ ᠰᠲ᠋ᠣᠺ᠎ᠤᠨ ᠡᠷᠬᠡ ᠡᠵᠡᠮᠰᠢᠵᠦ ᠪᠠᠢᠭ᠎ᠠ᠂ ᠬᠤᠪᠢᠷᠠᠵᠤ
ᠪᠠᠢᠭ᠎ᠠ ᠵᠢᠴᠢ ᠠᠰᠢᠭ᠋ ᠭᠥᠷᠳᠡᠵᠦ ᠪᠠᠢᠭ᠎ᠠ ᠪᠠᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢᠭᠡᠮ ᠨᠡᠶ᠋ᠢᠲᠡ᠎ᠳᠦ
ᠨᠡᠢᠲᠡᠯᠡᠵᠦ᠂ ᠨᠡᠶ᠋ᠢᠲᠡ ᠣᠯᠠᠨ᠎ᠤ ᠪᠠᠢᠳᠠᠯ᠎ᠢ ᠮᠡᠳᠡᠬᠦ ᠡᠷᠬᠡ᠎ᠶᠢ ᠦᠨᠡᠨᠬᠦ ᠪᠠᠲᠤᠯᠠᠪᠠ᠃