《3·15》 ᠎ᠤ ᠦᠳᠡᠰᠢᠯᠡᠭᠡ᠎ᠨᠢ ᠳᠥᠷᠪᠡᠨ ᠬᠦᠷᠢᠶᠡᠨ᠎ᠳᠦ ᠠᠨᠭᠬᠠᠷᠤᠯ ᠲᠦᠪᠯᠡᠷᠡᠭᠦᠯᠪᠡ
2026-03-16 17:50:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠵᠢᠨ 2026 ᠣᠨ ᠤ᠋  《3·15》 ᠎ᠤ ᠦᠳᠡᠰᠢᠯᠡᠭᠡ᠎ᠶᠢ 3 ᠰᠠᠷ᠎ᠠ᠎ᠶᠢᠨ 15 ᠎ᠤ ᠡᠳᠦᠷ᠎ᠦᠨ 20 ᠴᠠᠭ᠎ᠲᠤ ᠲᠥᠪ ᠲᠧᠯᠸᠢᠰ᠎ᠦᠨ ᠡᠳ᠋᠎ᠦᠨ ᠵᠠᠰᠠᠭ ᠠᠵᠤ ᠠᠬᠤᠢ ᠰᠤᠪᠠᠭ᠎ᠢᠶᠠᠷ ᠰᠢᠭᠤᠳ ᠨᠡᠪᠲᠡᠷᠡᠭᠦᠯᠭᠡ ᠬᠢᠨ᠎ᠡ᠃ ᠲᠥᠪ ᠲᠧᠯᠸᠢᠰ᠎ᠦᠨ ᠡᠳ᠋᠎ᠦᠨ ᠵᠠᠰᠠᠭ ᠠᠵᠤ ᠠᠬᠤᠢ ᠰᠤᠪᠠᠭ᠂ ᠲᠥᠪ ᠲᠸᠯᠸᠢᠰ᠎ᠤᠨ ᠸᠢᠳᠢᠤ᠋᠂ ᠲᠥᠪ ᠲᠧᠯᠸᠢᠰ᠎ᠦᠨ ᠰᠦᠯᠵᠢᠶ᠎ᠡ ᠪᠣᠯᠣᠨ ᠠᠵᠤ ᠠᠬᠤᠢ᠎ᠶᠢᠨ ᠲᠠᠭᠤᠨ ᠷᠠᠳᠢᠤ᠋ ᠨᠡᠪᠲᠡᠷᠡᠭᠦᠯᠭᠡ ᠪᠡᠷ ᠵᠡᠷᠭᠡ ᠪᠡᠷ ᠨᠡᠪᠲᠡᠷᠡᠭᠦᠯᠬᠦ ᠪᠣᠯᠣᠨ᠎ᠠ᠃

ᠡᠨᠡ ᠵᠢᠯ᠎ᠦᠨ 《3·15》᠎ᠤ ᠦᠳᠡᠰᠢᠯᠡᠭᠡ ᠨᠢ 《ᠰᠠᠨᠠᠭ᠎ᠠ ᠠᠮᠤᠷ ᠬᠡᠷᠡᠭᠯᠡᠭᠡ ᠴᠢᠨᠠᠷ ᠰᠠᠢᠲᠠᠢ ᠠᠮᠢᠳᠤᠷᠠᠯ》 ᠭᠡᠬᠦ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠢᠳᠡᠭᠡᠨ᠎ᠦ ᠠᠮᠤᠷ ᠲᠦᠪᠰᠢᠨ᠂ ᠣᠯᠠᠨ ᠨᠡᠶ᠋ᠢᠲᠡ᠎ᠶᠢᠨ ᠠᠮᠤᠷ ᠲᠦᠪᠰᠢᠨ᠂ ᠮᠥᠩᠭᠥᠨ ᠭᠦᠢᠯᠭᠡᠭᠡᠨ᠎ᠦ ᠠᠮᠤᠷ ᠲᠦᠪᠰᠢᠨ᠂ ᠵᠠᠷ ᠮᠡᠳᠡᠭᠡᠨ᠎ᠦ ᠵᠠᠬ᠎ᠠ ᠳᠡᠯᠭᠡᠭᠦᠷ ᠵᠡᠷᠭᠡ ᠬᠦᠷᠢᠶᠡᠨ᠎ᠳᠡᠬᠢ ᠬᠡᠷᠡᠭᠯᠡᠭᠴᠢᠳ᠎ᠦᠨ ᠡᠷᠬᠡ ᠠᠰᠢᠭ᠋᠎ᠲᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠠᠩᠬᠠᠷᠤᠯ᠎ᠢᠶᠠᠨ ᠬᠠᠨᠳᠤᠭᠤᠯᠬᠤ ᠪᠣᠯᠣᠨ᠎ᠠ᠃

《3·15》᠎ᠤ ᠦᠳᠡᠰᠢᠯᠡᠭᠡ ᠨᠢ ᠬᠠᠮᠢᠶ᠎ᠠ ᠪᠦᠬᠦᠢ ᠠᠵᠢᠯ ᠲᠥᠷᠥᠯ᠎ᠳᠦ ᠣᠷᠣᠰᠢᠵᠤ ᠪᠠᠢᠭ᠎ᠠ ᠬᠡᠷᠡᠭᠯᠡᠭᠡᠨ᠎ᠦ ᠤᠨᠠᠭᠤᠯᠢ ᠪᠠ ᠬᠠᠤᠯᠢ᠎ᠠᠴᠠ ᠵᠥᠷᠢᠴᠡᠨ ᠡᠷᠬᠡ᠎ᠳᠦ ᠬᠠᠯᠳᠠᠭᠰᠠᠨ ᠦᠶ᠋ᠯᠡ ᠠᠵᠢᠯᠯᠠᠭ᠎ᠠ᠎ᠶᠢ ᠢᠯᠡᠴᠢᠯᠡᠬᠦ᠎ᠶᠢ ᠪᠠᠷᠢᠮᠲᠠᠯᠠᠭᠰᠠᠭᠠᠷ ᠢᠷᠡᠵᠡᠢ᠃ ᠲᠣᠰ ᠬᠤᠭᠤᠴᠠᠭᠠᠨ᠎ᠤ《3·15》᠎ᠤ ᠦᠳᠡᠰᠢᠯᠡᠭᠡ ᠎ᠶᠢ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ᠎ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠂ ᠬᠦᠳᠡᠭᠡ ᠠᠵᠦ᠍ ᠠᠬᠤᠢ ᠬᠦᠳᠡᠭᠡ ᠳᠤᠰᠭᠤᠨ᠎ᠤ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠂ ᠤᠯᠤᠰ᠎ᠤᠨ ᠡᠮ᠎ᠦᠨ ᠵᠦᠢᠯᠡᠰ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠳᠤᠮᠳᠠᠳᠤ ᠤᠯᠤᠰ᠎ᠤᠨ ᠬᠡᠷᠡᠭᠯᠡᠭᠴᠢᠳ᠎ᠦᠨ ᠨᠡᠢᠭᠡᠮᠯᠢᠭ ᠵᠡᠷᠭᠡ ᠰᠠᠯᠠᠭ᠎ᠠ ᠮᠥᠴᠢᠷ ᠪᠠᠢᠭᠤᠯᠤᠮᠵᠢ ᠪᠣᠯᠣᠨ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠬᠠᠮᠲᠤᠷᠠᠨ ᠡᠷᠭᠢᠯᠡᠨ᠎ᠡ᠃

(ᠢᠷᠡᠯᠲᠡ᠄  ᠲᠥᠪ ᠲᠧᠯᠸᠢᠰ᠎ᠦᠨ ᠡᠳ᠋᠎ᠦᠨ ᠵᠠᠰᠠᠭ ᠠᠵᠤ ᠠᠬᠤᠢ ᠰᠤᠪᠠᠭ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号