ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠪᠡᠷ ᠠᠳᠠᠯ ᠠᠬᠤᠢ ᠪᠠ ᠳᠤᠯᠠᠭᠠᠯᠠᠭ᠎ᠠ᠎ᠶᠢᠨ ᠰᠦᠢᠳᠬᠡᠯ ᠲᠤᠰᠢᠶᠠᠵᠦ ᠪᠣᠯᠣᠨ᠎ᠠ
2026-03-16 17:51:33
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠵᠢᠨ ᠪᠡᠯᠡ ᠮᠥᠩᠭᠥ᠎ᠶᠢᠨ ᠲᠥᠪ᠎ᠡᠴᠡ 13᠎ᠤ ᠡᠳᠦᠷ ᠮᠡᠳᠡᠭᠳᠡᠯ ᠨᠡᠢᠲᠡᠯᠡᠵᠦ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠭᠠᠷᠭᠠᠨ ᠠᠪᠬᠤ ᠲᠥᠷᠥ᠎ᠶᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠪᠡ ᠭᠡᠵᠡᠢ᠃

ᠭᠡᠷ᠎ᠤᠨ ᠲᠦᠷᠢᠶᠡᠰᠦᠨ ᠮᠦᠨᠭᠭᠦ ᠭᠠᠷᠭᠠᠨ ᠠᠪᠬᠤ ᠬᠡᠮᠵᠢᠶ᠎ᠡ᠎ᠶᠢ ᠳᠡᠭᠡᠭᠰᠢᠯᠡᠭᠦᠯᠦᠨ᠎ᠡ᠃

ᠠᠵᠢᠯᠲᠠᠨ ᠠᠵᠢᠯᠴᠢᠨ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠪᠡᠨ ᠦᠷᠭᠦᠯᠵᠢᠯᠡᠨ ᠭᠦᠢᠴᠡᠳ ᠲᠣᠭ᠎ᠠ᠎ᠪᠠᠷ ᠲᠤᠰᠢᠶᠠᠨ ᠬᠠᠳᠠᠭᠠᠯᠠᠭᠠᠳ ᠪᠦᠬᠦᠯᠢ 3 ᠰᠠᠷ᠎ᠠ ᠪᠣᠯᠪᠠᠯ᠂ ᠲᠣᠰ ᠬᠥᠮᠥᠨ ᠵᠢᠴᠢ ᠬᠠᠨᠢ ᠨᠥᠬᠥᠷ ᠨᠢ ᠬᠥᠬᠡᠬᠣᠲᠠ᠎ᠶᠢᠨ ᠵᠠᠰᠠᠭ ᠵᠠᠬᠢᠷᠭᠠᠨ᠎ᠤ ᠣᠷᠣᠨ᠎ᠳᠤ ᠥᠪᠡᠷ᠎ᠢᠶᠡᠨ ᠰᠠᠭᠤᠬᠤ ᠣᠷᠣᠨ ᠰᠠᠭᠤᠴᠠ ᠦᠭᠡᠢ ᠮᠥᠷᠲᠡᠭᠡᠨ ᠭᠡᠷ ᠲᠦᠷᠢᠶᠡᠰᠦᠯᠡᠵᠦ ᠥᠪᠡᠰᠦᠪᠡᠨ ᠰᠠᠭᠤᠵᠦ ᠪᠠᠢᠪᠠᠯ᠂ ᠭᠡᠷ᠎ᠤᠨ ᠲᠦᠷᠢᠶᠡᠰᠦᠨ ᠮᠦᠨᠭᠭᠦ ᠭᠠᠷᠭᠠᠨ ᠠᠪᠬᠤ ᠬᠡᠮᠵᠢᠶ᠎ᠡ᠎ᠶᠢ ᠬᠥᠮᠥᠨ ᠨᠢᠭᠡᠪᠦᠷᠢ ᠵᠢᠯ᠎ᠳᠦ 14000 ᠲᠥᠭᠥᠷᠢᠭ᠎ᠦᠨ ᠰᠠᠭᠤᠷᠢᠨ ᠳᠡᠭᠡᠷ᠎ᠡ 30%᠎ᠪᠠᠷ ᠳᠡᠭᠡᠭᠰᠢᠯᠡᠭᠦᠯᠵᠦ᠂ ᠬᠥᠮᠥᠨ ᠨᠢᠭᠡᠪᠦᠷᠢ ᠵᠢᠯ᠎ᠳᠦ 18200 ᠲᠥᠭᠥᠷᠢᠭ ᠪᠣᠯᠭᠠᠨ ᠳᠡᠭᠡᠭᠰᠢᠯᠡᠭᠦᠯᠦᠨ᠎ᠡ᠃ ᠣᠯᠠᠨ ᠦᠷ᠎ᠡ ᠬᠡᠦᠬᠡᠳ᠎ᠲᠠᠢ ᠭᠡᠷ ᠪᠦᠯᠢ ( ᠬᠣᠶᠠᠷ ᠵᠢᠴᠢ ᠲᠡᠭᠦᠨ᠎ᠡᠴᠡ ᠳᠡᠭᠡᠭᠰᠢᠬᠢ ᠦᠷ᠎ᠡ ᠬᠡᠦᠬᠡᠳ᠎ᠲᠠᠢ )᠎ᠶᠢᠨ ᠨᠥᠬᠥᠴᠡᠯ᠎ᠳᠦ ᠨᠡᠢᠴᠡᠭᠰᠡᠨ ᠪᠠᠢᠪᠠᠯ᠂ ᠭᠡᠷ᠎ᠤᠨ ᠲᠦᠷᠢᠶᠡᠰᠦᠨ ᠮᠦᠨᠭᠭᠦ ᠭᠠᠷᠭᠠᠨ ᠠᠪᠬᠤ ᠬᠡᠮᠵᠢᠶ᠎ᠡ᠎ᠶᠢ 50%᠎ᠪᠠᠷ ᠳᠡᠭᠡᠭᠰᠢᠯᠡᠭᠦᠯᠵᠦ᠂ ᠬᠥᠮᠥᠨ ᠨᠢᠭᠡᠪᠦᠷᠢ ᠵᠢᠯ᠎ᠳᠦ 21000 ᠲᠥᠭᠥᠷᠢᠭ ᠪᠤᠯᠭᠠᠨ ᠳᠡᠭᠡᠭᠰᠢᠯᠡᠭᠦᠯᠦᠨ᠎ᠡ᠃

ᠭᠠᠷᠭᠠᠨ ᠠᠪᠴᠤ ᠳᠤᠯᠠᠭᠠᠯᠠᠭ᠎ᠠ᠎ᠶᠢᠨ ᠰᠦᠢᠳᠬᠡᠯ ᠲᠤᠰᠢᠶᠠᠬᠤ᠎ᠳᠤ ᠬᠡᠷᠡᠭᠯᠡᠬᠦ᠎ᠶᠢ ᠳᠡᠮᠵᠢᠨ᠎ᠡ᠃

ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠵᠢᠴᠢ ᠬᠠᠨᠢ ᠨᠥᠬᠥᠷ ᠨᠢ ᠬᠥᠬᠡᠬᠣᠲᠠ᠎ᠶᠢᠨ ᠵᠠᠰᠠᠭ ᠵᠠᠬᠢᠷᠭᠠᠨ᠎ᠤ ᠣᠷᠣᠨ᠎ᠤ ᠳᠣᠲᠣᠷ᠎ᠠ ᠥᠪᠡᠰᠦᠪᠡᠨ ᠰᠠᠭᠤᠬᠤ ᠣᠷᠣᠨ ᠰᠠᠭᠤᠴᠠ᠎ᠲᠠᠢ ᠪᠣᠯ᠂ ᠬᠠᠮᠤᠭ ᠠᠷᠪᠢᠨ ᠳ᠋ᠠᠭᠠᠨ ᠬᠣᠶᠠᠷ ᠣᠷᠣᠨ ᠰᠠᠭᠤᠴᠠ᠎ᠶᠢᠨ ᠳᠤᠯᠠᠭᠠᠯᠠᠭ᠎ᠠ᠎ᠶᠢᠨ ᠰᠦᠢᠳᠬᠡᠯ᠎ᠢ ᠭᠠᠷᠭᠠᠨ ᠠᠪᠬᠤ᠎ᠪᠠᠷ ᠭᠤᠶᠤᠴᠢᠯᠠᠵᠤ ᠪᠣᠯᠣᠨ᠎ᠠ᠂ ᠬᠠᠨᠢ ᠨᠦᠬᠦᠷ ᠬᠣᠶᠠᠷ ᠲᠠᠯ᠎ᠠ᠎ᠶᠢᠨ ᠵᠢᠯ ᠪᠦᠷᠢ᠎ᠶᠢᠨ ᠨᠡᠶ᠋ᠢᠲᠡ ᠭᠠᠷᠭᠠᠨ ᠠᠪᠬᠤ ᠬᠡᠮᠵᠢᠶ᠎ᠡ᠎ᠶᠢ ᠨᠢᠭᠡᠨᠲᠡ ᠲᠤᠰᠢᠶᠠᠭᠰᠠᠨ ᠨᠢᠭᠡ ᠵᠢᠯ᠎ᠤᠨ ᠳᠤᠯᠠᠭᠠᠯᠠᠭ᠎ᠠ᠎ᠶᠢᠨ ᠰᠦᠢᠳᠬᠡᠯ᠎ᠡᠴᠡ ᠳᠠᠪᠠᠭᠤᠯᠵᠤ ᠪᠣᠯᠬᠤ ᠦᠭᠡᠢ᠂ 2025 — 2026 ᠣᠨ᠎ᠤ ᠳᠤᠯᠠᠭᠠᠯᠠᠭ᠎ᠠ᠎ᠶᠢᠨ ᠰᠦᠢᠳᠭᠡᠯ ᠲᠤᠰᠢᠶᠠᠬᠤ᠎ᠠᠴᠠ ᠡᠬᠢᠯᠡᠨ ᠬᠡᠷᠡᠭᠵᠢᠭᠦᠯᠦᠨ᠎ᠡ᠃

ᠭᠠᠷᠭᠠᠨ ᠠᠪᠴᠤ ᠠᠳᠠᠯ ᠠᠬᠤᠢ᠎ᠶᠢᠨ ᠦᠢᠯᠡᠴᠢᠯᠡᠭᠡᠨ᠎ᠦ ᠰᠦᠢᠳᠬᠡᠯ ᠲᠤᠰᠢᠶᠠᠬᠤ᠎ᠳᠤ ᠬᠡᠷᠡᠭᠯᠡᠬᠦ᠎ᠶᠢ ᠳᠡᠮᠵᠢᠨ᠎ᠡ᠃

ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠲᠣᠰ ᠬᠥᠮᠥᠨ ᠵᠢᠴᠢ ᠬᠠᠨᠢ ᠨᠥᠬᠥᠷ ᠨᠢ ᠬᠥᠬᠡᠬᠣᠲᠠ᠎ᠶᠢᠨ ᠵᠠᠰᠠᠭ ᠵᠠᠬᠢᠷᠭᠠᠨ᠎ᠤ ᠣᠷᠣᠨ᠎ᠤ ᠳᠣᠲᠣᠷ᠎ᠠ ᠥᠪᠡᠷ᠎ᠢᠶᠡᠨ ᠰᠠᠭᠤᠬᠤ ᠣᠷᠣᠨ ᠰᠠᠭᠤᠴᠠ᠎ᠲᠠᠢ ᠪᠣᠯ᠂ ᠬᠣᠶᠠᠷ ᠣᠷᠣᠨ ᠰᠠᠭᠤᠴᠠ᠎ᠶᠢᠨ ᠠᠳᠠᠯ ᠠᠬᠤᠢ᠎ᠶᠢᠨ ᠦᠢᠯᠡᠴᠢᠯᠡᠭᠡᠨ᠎ᠦ ᠰᠦᠢᠳᠬᠡᠯ᠎ᠢ ᠭᠠᠷᠭᠠᠨ ᠠᠪᠬᠤ᠎ᠪᠠᠷ ᠭᠤᠶᠤᠴᠢᠯᠠᠵᠤ ᠪᠣᠯᠣᠨ᠎ᠠ᠂ ᠬᠠᠨᠢ ᠨᠦᠬᠦᠷ ᠬᠣᠶᠠᠷ ᠲᠠᠯ᠎ᠠ᠎ᠶᠢᠨ ᠵᠢᠯ ᠪᠦᠷᠢ᠎ᠶᠢᠨ ᠨᠡᠶ᠋ᠢᠲᠡ ᠭᠠᠷᠭᠠᠨ ᠠᠪᠬᠤ ᠵᠣᠭᠣᠰ᠎ᠤᠨ ᠲᠣᠭ᠎ᠠ᠎ᠶᠢ ᠲᠣᠰ ᠵᠢᠯ᠎ᠤᠨ ᠨᠢᠭᠡᠨᠲᠡ ᠲᠤᠰᠢᠶᠠᠭᠰᠠᠨ ᠠᠳᠠᠯ ᠠᠬᠤᠢ᠎ᠶᠢᠨ ᠦᠢᠯᠡᠴᠢᠯᠡᠭᠡᠨ᠎ᠦ ᠰᠦᠢᠳᠬᠡᠯ᠎ᠡᠴᠡ ᠬᠡᠲᠦᠷᠡᠭᠦᠯᠵᠦ ᠪᠣᠯᠬᠤ ᠦᠭᠡᠢ᠂ 2026 ᠣᠨ᠎ᠠᠴᠠ ᠡᠬᠢᠯᠡᠨ ᠬᠡᠷᠡᠭᠵᠢᠭᠦᠯᠦᠨ᠎ᠡ᠃

ᠡᠭᠦᠨ ᠡᠴᠡ ᠭᠠᠳᠠᠨ᠎ᠠ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠪᠡᠨ ᠭᠠᠷᠭᠠᠨ ᠠᠪᠴᠤ ᠣᠷᠣᠨ ᠰᠠᠭᠤᠴᠠ᠎ᠶᠢ ᠲᠤᠰᠬᠠᠢᠯᠠᠨ ᠰᠡᠯᠪᠢᠨ ᠵᠠᠰᠠᠬᠤ ᠪᠡᠯᠡ ᠮᠥᠩᠭᠥ ᠦᠭᠬᠦ ᠪᠠ ᠭᠡᠷ᠎ᠡ᠎ᠶᠢᠨ ᠭᠠᠢᠯᠢ ᠲᠤᠰᠢᠶᠠᠬᠤ᠎ᠳᠤ ᠬᠡᠷᠡᠭᠯᠡᠬᠦ᠎ᠶᠢ ᠳᠡᠮᠵᠢᠨ᠎ᠡ ᠭᠡᠵᠡᠢ᠃

ᠳᠡᠭᠡᠷᠡᠬᠢ ᠲᠥᠷᠥ᠎ᠶᠢᠨ ᠪᠣᠳᠣᠯᠭ᠎ᠠ᠎ᠶᠢ 2026 ᠣᠨ᠎ᠤ 3 ᠰᠠᠷ᠎ᠠ᠎ᠶᠢᠨ 16᠎ᠤ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃

 ᠢᠷᠡᠯᠳᠠ᠄  ᠦᠪᠦᠷ ᠮᠤᠨᠭᠭᠤᠯ᠎ᠤᠨ ᠰᠤᠨᠢᠨ ᠮᠡᠳᠡᠭᠡ ᠵᠢᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号