ᠥᠪᠦᠷ ᠮᠤᠩᠭᠤᠯ᠎ᠤᠨ 3 ᠪᠦᠲᠦᠭᠡᠯ ᠰᠤᠷᠭᠠᠨ ᠬᠦᠮᠦᠵᠢᠯ᠎ᠤᠨ ᠶᠠᠮᠤᠨ᠎ᠤ ᠤᠬᠠᠭᠤᠯᠭ᠎ᠠ ᠬᠦᠮᠦᠵᠢᠯ᠎ᠤᠨ ᠠᠵᠢᠯᠯᠠᠭ᠎ᠠ ᠵᠢᠨ ᠰᠢᠯᠢᠳᠡᠭ ᠪᠦᠲᠦᠭᠡᠯ ᠎ᠳᠦ ᠰᠤᠩᠭᠤᠬᠳᠠᠵᠠᠢ
2026-03-17 16:44:58
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ 2025 ᠣᠨ᠎ᠤ ᠶᠡᠬᠡ ᠳᠡᠭᠡᠳᠦ ᠰᠤᠷᠭᠠᠭᠤᠯᠢ᠎ᠶᠢᠨ 《ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠬᠦᠨᠳᠦᠳᠬᠡᠯ ᠳᠡᠪᠰᠢᠭᠦᠯᠦᠶ᠎ᠡ》 ᠭᠡᠬᠦ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢᠨ ᠦᠷ᠎ᠡ ᠳ᠋ᠦᠩ᠎ᠢ ᠨᠡᠢᠲᠡᠯᠡᠵᠦ᠂ ᠦᠪᠦᠷ ᠮᠤᠩᠭᠤᠯ᠎ᠤᠨ 3 ᠶᠡᠬᠡ ᠳᠡᠭᠡᠳᠦ ᠰᠤᠷᠭᠠᠭᠤᠯᠢ ᠡᠴᠡ ᠰᠣᠩᠭᠣᠨ ᠳᠡᠪᠰᠢᠭᠦᠯᠦᠭᠰᠡᠨ 3  ᠪᠦᠲᠦᠭᠡᠯ  ᠰᠤᠩᠭᠤᠭᠳᠠᠵᠠᠢ᠃

ᠡᠬᠦᠨ ᠳ᠋ᠤ᠂ ᠦᠪᠦᠷ ᠮᠤᠩᠭᠤᠯ᠎ᠤᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ ᠵᠢᠨ 《ᠤᠶᠤᠨᠳᠤ ᠳᠠᠯ᠎ᠠ ᠨᠤᠳᠤᠭ — ᠦᠪᠦᠷ ᠮᠤᠩᠭᠤᠯ᠎ᠤᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ ᠵᠢᠨ ᠰᠢᠨ᠎ᠡ ᠬᠡᠯᠪᠡᠷᠢ ᠵᠢᠨ ᠮᠤᠩᠭᠤᠯ ᠬᠡᠷ᠎ᠤᠨ  ᠰᠠᠭᠤᠷᠢᠰᠢᠯ᠎ᠤᠨ ᠤᠷᠴᠢᠨ᠎ᠨᠦᠬᠦᠴᠡᠯ᠎ᠢ ᠪᠤᠢ ᠪᠤᠯᠭᠠᠬᠤ ᠦᠢᠯᠡᠳᠦᠯᠬᠡ》᠂ ᠦᠪᠦᠷ ᠮᠤᠩᠭᠤᠯ᠎ᠤᠨ ᠦᠨᠳᠦᠰᠦᠳᠡᠨ᠎ᠤ ᠶᠡᠬᠡ ᠰᠤᠷᠭᠠᠭᠤᠯᠢ ᠵᠢᠨ 《ᠳᠤᠬᠢᠶᠠᠨ᠎ᠤ ᠭᠠᠯ᠎ᠤᠨ ᠡᠬᠡᠰᠢᠭ᠄  ᠲᠠᠢᠨ᠎ᠤ ᠢᠯᠠᠯᠳᠠ ᠵᠢᠨ ᠲᠠᠭᠤᠤ  ᠪᠡᠷ ᠰᠦᠭ ᠰᠦᠨᠡᠰᠤ ᠵᠢ ᠱᠤᠭᠤᠨᠠᠮ》᠂ ᠬᠦᠯᠦᠨ ᠪᠤᠢᠷ ᠳᠡᠬᠡᠳᠤ ᠰᠤᠷᠭᠠᠭᠤᠯᠢ ᠵᠢᠨ 《ᠤᠯᠭᠤᠶᠠ ᠵᠢᠨ ᠡᠧᠡᠩᠬᠢ ᠦᠨᠳᠦᠰᠦᠳᠡᠨ᠎ᠤ ᠴᠠ ᠪᠤᠭᠤ ᠵᠢᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠳᠤᠬᠠᠢ ᠪᠠᠷᠢᠮᠳᠠᠳᠤ ᠹᠢᠯᠢᠮ 〈ᠬᠠᠮᠤᠭ᠎ᠤᠨ ᠰᠡᠬᠦᠯᠴᠢ ᠵᠢᠨ ᠴᠠ ᠪᠤᠭᠤ ᠰᠤᠷᠭᠠᠭᠴᠢ〉》 ᠬᠡᠬᠦ ᠭᠤᠷᠪᠠᠨ ᠪᠦᠳᠦᠬᠡᠯ ᠰᠤᠩᠭᠤᠭᠳᠠᠵᠠᠢ᠃

ᠣᠢᠷ᠎ᠠ᠎ᠶᠢᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ᠎ᠤᠨ  ᠰᠣᠶᠣᠯ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ ᠎ᠤ᠋ᠨ ᠰᠤᠷᠭᠠᠨ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠣᠯ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠤᠷᠤᠭ᠍ᠴᠢᠳ᠎ᠢ ᠬᠥᠲᠥᠯᠥᠨ ᠵᠢᠯᠤᠭᠣᠳᠴᠤ ᠳᠤᠮᠳᠠᠳᠤ᠎ᠶᠢᠨ ᠰᠣᠶᠣᠯ᠎ᠤᠨ ᠡᠬᠢ ᠡᠬᠦᠰᠦᠯ᠂ ᠬᠥᠭᠵᠢᠯᠲᠡ᠎ᠶᠢᠨ ᠰᠤᠳᠠᠰᠤ᠂ ᠦᠷᠳᠡᠭ᠎ᠦᠨ ᠣᠢᠯᠠᠭᠠᠭᠳᠠᠬᠤᠨ ᠬᠢᠭᠡᠳ ᠳᠡᠯᠡᠬᠡᠢ᠎ᠶᠢᠨ ᠨᠥᠯᠥᠭᠡ᠎ᠶᠢ ᠭᠦᠨᠵᠡᠭᠡᠢ ᠣᠢᠯᠠᠭᠠᠭᠤᠯᠵᠤ᠂ ᠳᠤᠮᠳᠠᠳᠤ᠎ᠶᠢᠨ ᠰᠣᠶᠣᠯ᠎ᠤᠨ ᠳᠤᠬᠠᠢ ᠳᠠᠨᠢᠯᠳᠠ ᠵᠢ ᠲᠠᠰᠤᠷᠠᠯᠳᠠ ᠦᠭᠡᠢ ᠨᠡᠮᠡᠭᠳᠡᠭᠦᠯᠵᠦ᠂ ᠰᠣᠶᠣᠯ᠎ᠤᠨ ᠢᠲᠡᠭᠡᠯ᠎ᠦᠨ ᠦᠵᠡᠯ ᠰᠠᠨᠠᠭᠠᠨ᠎ᠤ ᠰᠠᠭᠤᠷᠢ᠎ᠶᠢ ᠪᠠᠲᠤ ᠴᠣᠭᠴᠠᠯᠠᠵᠤ ᠪᠠᠢᠨ᠎ᠠ᠃

ᠰᠣᠩᠭᠣᠭᠳᠠᠭᠰᠠᠨ ᠰᠢᠯᠢᠳᠡᠭ ᠪᠦᠲᠦᠭᠡᠯ᠎ᠢ ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠲᠧᠯᠸᠢᠰ ᠬᠣᠷᠢᠶ᠎ᠠ᠂ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠠᠵᠢᠯ᠎ᠤᠨ ᠰᠦᠯᠵᠢᠶ᠎ᠡ ᠵᠢᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠰᠢᠨ᠎ᠡ ᠵᠠᠭᠤᠴᠢᠯᠠᠭᠤᠷ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠰᠦᠯᠵᠢᠶᠡᠨ᠎ᠦ ᠦᠵᠡᠯ ᠰᠠᠨᠠᠭ᠎ᠠ ᠤᠯᠤᠰ ᠲᠥᠷᠥ᠎ᠶᠢᠨ ᠠᠵᠢᠯ᠎ᠤᠨ ᠲᠥᠪ ᠵᠡᠷᠭᠡ ᠲᠠᠪᠴᠠᠩ᠎ᠳᠤ ᠳᠡᠯᠭᠡᠨ ᠨᠡᠪᠲᠡᠷᠡᠭᠦᠯᠬᠦ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号