ᠣᠷᠳᠣᠰ ᠬᠣᠲᠠ ᠳᠦᠷᠦᠬᠦᠭᠡᠨ ᠤᠤᠯ ᠤ᠋ᠨ ᠦᠨᠳᠦᠰᠦᠲᠡᠨ ᠤ᠋ ᠬᠡᠯᠡ ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ ᠵᠢᠨ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠵᠢᠭᠠᠵᠤ ᠪᠠᠢᠭ᠎ᠠ ᠪᠠᠭ᠍ᠰᠢ ᠨᠠᠷ ᠲᠤ᠌ ᠵᠤᠷᠢᠭᠤᠯᠵᠤ ᠪᠤᠯᠪᠠᠰᠤᠷᠠᠯ ᠡᠷᠬᠢᠯᠡᠵᠠᠢ᠂ ᠪᠣᠯᠪᠠᠰᠤᠷᠠᠯ ᠳ᠋ᠤ ᠣᠷᠣᠯᠴᠠᠭᠰᠠᠨ ᠳ᠋ᠦᠩᠱᠧᠩ ᠲᠣᠭᠣᠷᠢᠭ᠋ ᠤ᠋ᠨ ᠴᠥᠩ ᠸᠸᠨ ᠲᠤᠷᠰᠢᠯᠲᠠ ᠵᠢᠨ ᠰᠤᠷᠭᠠᠭᠤᠯᠢ ᠵᠢᠨ ᠪᠠᠭ᠍ᠰᠢ ᠬᠠᠰ᠄ 《ᠳᠤᠰ ᠤᠳᠠᠭᠠᠨ ᠤ᠋ ᠪᠤᠯᠪᠠᠰᠤᠷᠠᠯ ᠳ᠋ᠤ ᠤᠷᠤᠯᠴᠠᠭᠠᠳ ᠤᠯᠤᠯᠳᠠ ᠲᠦᠷᠦᠭᠳᠡᠯ ᠮᠠᠰᠢ ᠶᠡᠬᠡ ᠡ᠂ ᠬᠢᠴᠢᠶᠡᠯᠯᠡᠭᠴᠢ ᠪᠠᠭᠰᠢ ᠪᠠᠰᠠ ᠳᠤᠰᠬᠠᠢ ᠮᠡᠷᠭᠡᠵᠢᠯ ᠤ᠋ᠨ ᠨᠠᠷ᠎ᠡ ᠳᠤᠮᠢᠶ᠎ᠠ ᠶ᠋ᠢ ᠳᠦᠷᠢᠮᠵᠢᠭᠦᠨ ᠠᠪᠢᠶᠠᠯᠠᠬᠤ ᠪᠠ ᠨᠠᠷᠢᠯᠢᠭ ᠤᠨᠤᠴᠠᠳᠠᠢ ᠢᠯᠡᠳᠬᠡᠬᠦ ᠵᠡᠷᠭᠡ ᠬᠦᠴᠢᠷᠳᠡᠯᠢ ᠭᠤᠤᠯᠳᠠᠭᠤᠯᠤᠨ ᠶᠠᠷᠢᠭᠰᠠᠨ ᠡᠴᠡ ᠪᠢ ᠦᠪᠡᠷ ᠤ᠋ᠨ ᠪᠡᠶ᠎ᠡ ᠳᠡᠭᠡᠷ᠎ᠡ ᠪᠡᠨ ᠤᠷᠤᠰᠢᠵᠤ ᠪᠠᠢᠭ᠎ᠠ ᠳᠤᠳᠠᠭᠳᠠᠯ ᠳᠠᠢ ᠳᠠᠯ᠎ᠠ ᠪᠡᠨ ᠤᠢᠯᠠᠭᠠᠯᠠ》 ᠭᠡᠵᠦ ᠣᠯᠣᠯᠲᠠ ᠳᠦᠭᠦᠷᠡᠩ ᠶᠠᠷᠢᠵᠦ ᠪᠠᠢᠯ᠎ᠠ᠃
ᠤᠯᠠᠨ ᠵᠢᠯ ᠤ᠋ᠨ ᠳᠤᠷᠰᠢ᠂ ᠣᠷᠳᠣᠰ ᠬᠤᠳᠠ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷᠢ ᠪᠠᠲᠤ ᠴᠤᠭᠴᠠᠯᠠᠬᠤ ᠭᠤᠤᠯ ᠰᠢᠵᠢᠮ ᠳ᠋ᠤ ᠠᠩᠬᠠᠷᠤᠯ ᠶ᠋ᠢᠡᠨ ᠲᠥᠪᠯᠡᠷᠡᠭᠦᠯᠵᠦ᠂ ᠤᠤᠯ ᠤ᠋ᠨ ᠦᠨᠳᠦᠰᠦᠲᠡᠨ ᠤ᠋ ᠬᠡᠯᠡ ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ ᠵᠢᠨ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠳᠡᠯᠭᠡᠷᠡᠭᠦᠯᠬᠦ ᠱᠠᠭᠠᠷᠳᠠᠯᠭ᠎ᠠ ᠯᠤᠭ᠎ᠠ ᠨᠢᠭ᠍ᠲᠠ ᠤᠶᠠᠯᠳᠤᠭᠤᠯᠤᠨ᠂ ᠨᠠᠷᠢᠨ ᠨᠢᠮᠪᠠᠢ ᠲᠥᠯᠥᠪᠵᠢᠭᠦᠯᠵᠦ᠂ ᠲᠦᠷᠦ ᠵᠢᠨ ᠪᠣᠳᠣᠯᠭ᠎ᠠ ᠵᠢ ᠤᠨᠢᠨ ᠳᠡᠭᠡᠷ᠎ᠡ ᠨᠢ ᠬᠡᠷᠡᠭᠵᠢᠭᠦᠯᠦᠨ᠂ ᠪᠠᠭ᠍ᠰᠢ ᠨᠠᠷ ᠤ᠋ᠨ ᠲᠤᠰᠬᠠᠢ ᠪᠣᠯᠪᠠᠰᠤᠷᠠᠯ ᠢ᠋ ᠪᠠᠢᠩᠭᠤᠵᠢᠭᠤᠯᠤᠨ ᠥᠷᠨᠢᠭᠦᠯᠵᠦ᠂ ᠤᠤᠯ ᠤ᠋ᠨ ᠦᠨᠳᠦᠰᠦᠲᠡᠨ ᠤ᠋ ᠬᠡᠯᠡ ᠪᠡᠷ ᠬᠢᠴᠢᠶᠡᠯᠯᠡᠵᠦ ᠪᠠᠢᠭᠰᠠᠨ ᠪᠠᠭ᠍ᠰᠢ ᠨᠠᠷᠤᠨ ᠤᠯᠤᠰᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠳᠠ ᠶ᠋ᠢᠨ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠦᠨ᠂ ᠲᠤᠬᠠᠢ ᠵᠢᠨ ᠭᠠᠵᠠᠷ ᠤ᠋ᠨ ᠰᠤᠷᠭᠠᠨ ᠬᠥᠮᠦᠵᠢᠯ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠳ᠋ᠤ ᠪᠠᠭ᠍ᠰᠢ ᠵᠢᠨ ᠰᠠᠭᠤᠷᠢ ᠵᠢ ᠪᠠᠲᠤ ᠴᠣᠭᠴᠠᠯᠠᠵᠦ ᠪᠠᠢᠨ᠎ᠠ᠃
ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠤ᠋ᠨ ᠬᠡᠷᠡᠭᠯᠡᠯᠲᠡ ᠵᠢ ᠪᠦᠬᠦ ᠲᠠᠯ᠎ᠠ ᠪᠠᠷ ᠳᠡᠯᠭᠡᠷᠡᠭᠦᠯᠬᠦ ᠪᠣᠯ ᠦᠨᠳᠦᠰᠦᠲᠡᠨ ᠤ᠋ ᠭᠠᠵᠠᠷ ᠣᠷᠣᠨ ᠤ᠋ ᠠᠵᠢᠯ ᠢ᠋ ᠰᠠᠢᠲᠤᠷ ᠬᠢᠬᠦ ᠵᠢᠨ ᠤᠷᠲᠤ ᠬᠤᠭᠤᠴᠠᠭᠠᠨ ᠤ᠋ ᠠᠷᠭ᠎ᠠ ᠪᠣᠳᠣᠯᠭ᠎ᠠ ᠪᠦᠭᠡᠳ ᠰᠠᠭᠤᠷᠢ ᠵᠢ ᠪᠡᠬᠢᠵᠢᠭᠦᠯᠬᠦ ᠠᠷᠭ᠎ᠠ ᠬᠡᠮᠵᠢᠶ᠎ᠡ ᠮᠥᠨ᠃ ᠣᠷᠳᠣᠰ ᠬᠤᠳᠠ ᠦᠨᠳᠦᠰᠦᠲᠡᠨ ᠤ᠋ ᠬᠡᠯᠡ ᠪᠡᠷ ᠬᠢᠴᠢᠶᠡᠯᠯᠡᠵᠦ ᠪᠠᠢᠭᠰᠠᠨ ᠪᠠᠭ᠍ᠰᠢ ᠨᠠᠷ ᠤ᠋ᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢ ᠭᠣᠣᠯᠳᠠᠯᠭ᠎ᠠ ᠲᠠᠢ ᠠᠵᠢᠯ ᠪᠣᠯᠭᠠᠵᠤ᠂ ᠬᠠᠮᠢᠶ᠎ᠠ ᠪᠦᠬᠦᠢ ᠠᠵᠢᠯ ᠤ᠋ᠨ ᠱᠠᠭᠠᠷᠳᠠᠯᠭ᠎ᠠ ᠵᠢ ᠴᠢᠩᠭ᠎ᠠ ᠨᠠᠢᠳᠠᠪᠤᠷᠢᠵᠢᠭᠤᠯᠤᠨ᠂ ᠪᠦᠬᠦ ᠬᠤᠳᠠ ᠵᠢᠨ ᠤᠤᠯ ᠤ᠋ᠨ ᠦᠨᠳᠦᠰᠦᠲᠡᠨ ᠤ᠋ ᠬᠡᠯᠡ ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ ᠵᠢᠨ ᠵᠢᠭᠠᠨ ᠰᠤᠷᠭᠠᠯᠲᠠ ᠵᠢᠨ ᠪᠣᠳᠠᠲᠤ ᠪᠠᠢᠳᠠᠯ ᠯᠤᠭ᠎ᠠ ᠤᠶᠠᠯᠳᠤᠭᠤᠯᠵᠤ᠂ 《ᠤᠨᠢᠨ ᠳᠡᠭᠡᠷ᠎ᠡ ᠨᠢ ᠪᠣᠯᠪᠠᠰᠤᠷᠠᠭᠤᠯᠬᠤ᠂ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ᠂ ᠦᠢᠯᠡᠳᠦᠯᠭᠡ ᠪᠡᠷ ᠳᠡᠭᠡᠭᠰᠢᠯᠡᠬᠦᠯᠬᠦ》 ᠵᠡᠷᠭᠡ ᠪᠦᠬᠦ ᠲᠠᠯ᠎ᠠ ᠪᠠᠷ ᠳᠡᠭᠡᠭᠰᠢᠯᠡᠭᠦᠯᠬᠦ ᠰᠢᠰᠲ᠋ᠧᠮ ᠢ᠋ ᠪᠠᠢᠭᠤᠯᠤᠨ᠂ ᠪᠠᠭ᠍ᠰᠢ ᠵᠢᠨ 《ᠶᠠᠷᠢᠵᠦ ᠴᠢᠳᠠᠬᠤ》 ᠪᠠᠢᠭᠰᠠᠨ ᠡᠴᠠ ᠪᠠᠨ 《ᠵᠢᠭᠠᠬᠤᠳᠤ ᠴᠢᠳᠠᠮᠠᠭᠠᠢ》 ᠲᠡᠢᠰᠢ ᠬᠤᠪᠢᠷᠠᠬᠤ ᠵᠢ ᠠᠬᠢᠭᠤᠯᠵᠤ ᠪᠠᠢᠨ᠎ᠠ᠃
ᠣᠢᠯᠠᠭᠠᠭᠰᠠᠨ ᠶ᠋ᠢᠡᠷ᠂ ᠲᠣᠰ ᠤᠳᠠᠭᠠᠨ ᠤ᠋ ᠪᠣᠯᠪᠠᠰᠤᠷᠠᠯ ᠳ᠋ᠤ ᠪᠠᠭ᠍ᠰᠢ ᠵᠢᠨ ᠵᠢᠭᠠᠨ ᠰᠤᠷᠭᠠᠯᠲᠠ ᠵᠢᠨ ᠬᠦᠴᠢᠷᠳᠡᠯ ᠢ᠋ ᠨᠠᠷᠢᠯᠢᠭ᠋ ᠣᠨᠣᠴᠠᠲᠠᠢ ᠵᠣᠯᠭᠠᠭᠤᠯᠵᠤ᠂ 《ᠨᠢᠭᠡ ᠯᠡ ᠠᠳᠠᠯᠢ ᠪᠠᠷ ᠱᠠᠭᠠᠷᠳᠠᠬᠤ》 ᠵᠠᠭᠪᠤᠷ ᠢ᠋ ᠲᠠᠶᠠᠭᠳᠠᠨ᠂ ᠲᠤᠰᠬᠠᠢ ᠮᠡᠷᠭᠡᠵᠢᠯᠲᠡᠨ᠂ ᠵᠢᠭᠠᠨ ᠰᠤᠷᠭᠠᠯᠲᠠ ᠵᠢᠨ ᠨᠠᠷᠠᠲᠤ ᠪᠠᠭ᠍ᠰᠢ ᠵᠢᠴᠢ ᠵᠢᠭᠠᠨ ᠰᠤᠳᠤᠯᠤᠭ᠍ᠴᠢ ᠵᠢ ᠤᠷᠢᠭᠠᠳ᠂ ᠲᠤᠰᠬᠠᠢ ᠵᠢᠯᠤᠭᠣᠳᠬᠤ ᠪᠦᠯᠬᠦᠮ ᠵᠣᠬᠢᠶᠠᠨ ᠪᠠᠢᠭᠤᠯᠵᠤ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠳᠦᠷᠢᠮᠵᠢᠭᠦᠨ ᠠᠪᠢᠶᠠᠯᠠᠬᠤ᠂ ᠲᠤᠰᠬᠠᠢ ᠮᠡᠷᠭᠡᠵᠢᠯ ᠤ᠋ᠨ ᠨᠡᠷ᠎ᠡ ᠲᠣᠮᠢᠶ᠎ᠠ ᠵᠢ ᠨᠠᠷᠢᠯᠢᠭ᠋ ᠣᠨᠣᠴᠠᠲᠠᠢ ᠢᠯᠡᠳᠬᠡᠬᠦ᠂ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠤ᠋ᠨ ᠲᠠᠢᠯᠤᠮᠵᠢ ᠬᠢᠬᠦ᠂ ᠵᠢᠭᠠᠨ ᠰᠤᠷᠭᠠᠯᠲᠠ ᠵᠢᠨ ᠵᠢᠷᠤᠭ ᠲᠥᠯᠥᠪᠯᠡᠭᠡ ᠵᠢ ᠰᠢᠯᠢᠳᠡᠭᠵᠢᠭᠦᠯᠬᠦ ᠵᠡᠷᠭᠡ ᠭᠣᠣᠯᠳᠠᠯᠭ᠎ᠠ ᠵᠢᠨ ᠲᠣᠭᠣᠷᠢᠨ ᠳ᠋ᠤ ᠰᠢᠰᠲᠧᠮ ᠲᠠᠢ ᠵᠢᠭᠠᠨ ᠰᠤᠷᠭᠠᠵᠠᠢ᠃ ᠪᠣᠯᠪᠠᠰᠤᠷᠠᠯ ᠳᠡᠭᠡᠷ᠎ᠡ 《ᠣᠨᠣᠯ ᠤ᠋ᠨ ᠲᠠᠢᠯᠤᠮᠵᠢ ᠬᠢᠬᠦ + ᠬᠡᠷᠡᠭ ᠤ᠋ᠨ ᠵᠢᠱ᠌ᠢᠶ᠎ᠡ ᠵᠢ ᠵᠠᠳᠠᠯᠬᠤ + ᠦᠢᠯᠡᠳᠦᠯᠭᠡ ᠪᠡᠷ ᠪᠣᠯᠪᠠᠰᠤᠷᠠᠭᠤᠯᠬᠤ》 ᠵᠡᠷᠭᠡ ᠠᠷᠭ᠎ᠠ ᠮᠠᠶᠢᠭ᠋ ᠢ᠋ ᠬᠡᠷᠡᠭᠯᠡᠨ᠂ ᠪᠠᠭ᠍ᠰᠢ ᠨᠠᠷ ᠤ᠋ᠨ ᠵᠢᠭᠠᠨ ᠰᠤᠷᠭᠠᠯᠲᠠ ᠵᠢᠨ ᠳᠤᠮᠳᠠ ᠣᠷᠣᠰᠢᠵᠤ ᠪᠠᠢᠭ᠎ᠠ ᠠᠪᠢᠶᠠᠯᠠᠬᠤ ᠨᠢ ᠪᠠᠷᠢᠮᠵᠢᠶ᠎ᠠ ᠪᠤᠰᠤ᠂ ᠲᠤᠰᠬᠠᠢ ᠮᠡᠷᠭᠡᠵᠢᠯ ᠤ᠋ᠨ ᠨᠠᠷ᠎ᠡ ᠳᠤᠮᠢᠶ᠎ᠠ ᠶ᠋ᠢ ᠬᠡᠷᠡᠭᠯᠡᠬᠦ ᠨᠢ ᠵᠢᠷᠤᠮᠵᠢᠭᠤᠨ ᠪᠤᠰᠤ ᠵᠡᠷᠭᠡ ᠠᠰᠠᠭᠤᠳᠠᠯ ᠢ᠋ ᠭᠣᠣᠯᠳᠠᠯᠭ᠎ᠠ ᠲᠠᠢ ᠰᠢᠢᠳᠪᠦᠷᠢᠯᠡᠵᠦ᠂ ᠨᠢᠭᠡ ᠨᠢᠭᠡ ᠪᠡᠷ ᠵᠢᠯᠤᠭᠣᠳᠬᠤ᠂ ᠳᠤᠭᠤᠢᠯᠠᠩ ᠬᠤᠪᠢᠶᠠᠨ ᠰᠤᠳᠤᠯᠤᠨ ᠶᠠᠷᠢᠯᠴᠠᠬᠤ᠂ ᠳᠠᠭᠤᠷᠢᠶᠠᠨ ᠬᠢᠴᠢᠶᠡᠯᠯᠡᠬᠦ ᠵᠡᠷᠭᠡ ᠬᠡᠯᠪᠡᠷᠢ ᠪᠡᠷ ᠳᠠᠮᠵᠢᠭᠤᠯᠤᠨ᠂ ᠪᠣᠯᠪᠠᠰᠤᠷᠠᠯ ᠳ᠋ᠤ ᠣᠷᠣᠯᠴᠠᠭᠰᠠᠨ ᠪᠠᠭ᠍ᠰᠢ ᠵᠢ ᠳᠡᠪᠲᠠᠯᠳᠠ ᠶ᠋ᠢᠨ ᠮᠠᠶᠢᠭ᠋ ᠤ᠋ᠨ ᠰᠤᠷᠤᠯᠴᠠᠯᠭ᠎ᠠ ᠳᠤᠮᠳᠠ ᠳᠤᠲᠠᠭᠳᠠᠯ ᠶ᠋ᠢᠡᠨ ᠪᠠᠢᠴᠠᠭᠠᠨ ᠨᠥᠬᠥᠪᠦᠷᠢᠯᠡᠵᠦ᠂ ᠵᠢᠭᠠᠨ ᠰᠤᠷᠭᠠᠯᠳᠠ ᠶ᠋ᠢᠨ ᠴᠢᠳᠠᠪᠤᠷᠢ ᠪᠡᠨ ᠳᠡᠭᠡᠭᠰᠢᠯᠡᠭᠦᠯᠬᠦ ᠳ᠋ᠤ ᠬᠦᠴᠦᠨ ᠨᠡᠮᠡᠷᠢᠯᠡᠵᠡᠢ᠃
ᠪᠣᠯᠪᠠᠰᠤᠷᠠᠯ ᠤ᠋ᠨ ᠪᠣᠳᠠᠲᠤ ᠦᠷ᠎ᠡ ᠪᠦᠲᠦᠮᠵᠢ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠣᠷᠳᠣᠰ ᠬᠣᠲᠠ ᠪᠥᠬᠥ ᠭᠤᠭᠴᠤᠭᠠᠨᠤ ᠪᠣᠯᠪᠠᠰᠤᠷᠠᠯ ᠤ᠋ᠨ ᠪᠠᠲᠤᠯᠠᠭ᠎ᠠ ᠵᠢᠨ ᠲᠣᠭᠲᠠᠴᠠ ᠵᠢ ᠪᠠᠢᠭᠤᠯᠵᠤ᠂ ᠵᠢᠷᠤᠮᠵᠢᠭ᠍ᠰᠠᠨ ᠬᠠᠮᠢᠶᠠᠷᠤᠯᠲᠠ ᠵᠢ ᠬᠡᠷᠡᠭᠵᠢᠭᠦᠯᠦᠨ᠂ 《ᠨᠠᠷᠠᠲᠤ ᠪᠠᠭ᠍ᠰᠢ ᠬᠦᠳᠦᠯᠦᠨ ᠳᠠᠭᠠᠭᠤᠯᠬᠤ + ᠪᠦᠯᠬᠦᠮ ᠨᠡᠶ᠋ᠢᠲᠡ ᠪᠡᠷ ᠶ᠋ᠢᠡᠨ ᠰᠤᠳᠤᠯᠤᠨ ᠶᠠᠷᠢᠯᠴᠠᠬᠤ》 ᠵᠡᠷᠭᠡ ᠰᠣᠯᠢᠯᠴᠠᠭᠠᠨ ᠤ᠋ ᠲᠠᠪᠴᠠᠩ ᠢ᠋ ᠪᠠᠢᠭᠤᠯᠵᠤ᠂ ᠪᠣᠯᠪᠠᠰᠤᠷᠠᠯ ᠳ᠋ᠤ ᠣᠷᠣᠯᠴᠠᠭᠰᠠᠨ ᠪᠠᠭ᠍ᠰᠢ ᠵᠢᠨ ᠵᠢᠭᠠᠨ ᠰᠤᠷᠭᠠᠯᠲᠠ ᠵᠢᠨ ᠲᠤᠷᠰᠢᠯᠭ᠎ᠠ ᠪᠠᠨ ᠬᠤᠪᠢᠶᠠᠯᠴᠠᠬᠤ ᠵᠢ ᠵᠣᠷᠢᠭ᠍ᠵᠢᠭᠤᠯᠤᠨ᠂ ᠬᠦᠴᠢᠷ ᠠᠰᠠᠭᠤᠳᠠᠯ ᠢ᠋ ᠰᠤᠳᠤᠯᠤᠨ ᠶᠠᠷᠢᠯᠴᠠᠵᠤ᠂ ᠪᠣᠯᠪᠠᠰᠤᠷᠠᠯ ᠤ᠋ᠨ ᠳᠤᠮᠳᠠ ᠰᠣᠷᠣᠭᠰᠠᠨ ᠶ᠋ᠢᠡᠨ ᠵᠢᠭᠠᠨ ᠰᠤᠷᠭᠠᠯᠲᠠ ᠵᠢᠨ ᠴᠢᠳᠠᠪᠤᠷᠢ ᠪᠣᠯᠭᠠᠨ ᠬᠤᠪᠢᠷᠠᠭᠤᠯᠬᠤ ᠵᠢ ᠠᠬᠢᠭᠤᠯᠪᠠ᠃ ᠡᠭᠦᠨ ᠤ᠋ ᠬᠠᠮᠳᠤ᠂ ᠲᠣᠰ ᠬᠣᠲᠠ 《ᠨᠢᠭᠡ ᠳ᠋ᠤ ᠨᠢᠭᠡ》 ᠵᠢᠨ ᠬᠤᠯᠪᠤᠭ᠎ᠠ ᠪᠠᠢᠭᠤᠯᠤᠨ᠂ ᠬᠠᠮᠲᠤ ᠪᠠᠷ ᠴᠤᠭᠴᠠᠯᠠᠬᠤ ᠵᠢ ᠭᠦᠨᠵᠡᠭᠡᠢᠷᠡᠭᠦᠯᠵᠦ᠂ ᠪᠠᠭ᠍ᠰᠢ ᠵᠢᠨ ᠲᠤᠰᠢᠶᠠᠯ ᠡᠭᠦᠷᠭᠡᠯᠡᠭᠦᠯᠬᠦ᠂ ᠠᠵᠢᠯ ᠤ᠋ᠨ ᠪᠠᠢᠷᠢᠨ ᠳᠡᠭᠡᠷ᠎ᠡ ᠪᠡᠨ ᠳᠠᠭᠠᠭᠤᠯᠤᠨ ᠪᠣᠯᠪᠠᠰᠤᠷᠠᠭᠤᠯᠬᠤ ᠬᠣᠣᠰ ᠴᠢᠭᠯᠡᠯ ᠶ᠋ᠢᠡᠷ ᠬᠦᠴᠦᠯᠡᠬᠦ ᠵᠢ ᠠᠬᠢᠭᠤᠯᠤᠨ᠂ ᠰᠤᠷᠭᠠᠭᠤᠯᠢ ᠳ᠋ᠤ ᠰᠠᠭᠤᠭ᠎ᠠ ᠵᠢᠭᠠᠨ ᠰᠤᠷᠭᠠᠯᠲᠠ ᠶ᠋ᠢᠨ ᠵᠢᠯᠣᠭᠣᠳᠤᠯᠭ᠎ᠠ ᠵᠢ ᠪᠠᠢᠩᠭᠤᠵᠢᠭᠤᠯᠤᠨ ᠥᠷᠨᠢᠭᠦᠯᠵᠦ᠂ 《ᠪᠣᠯᠪᠠᠰᠤᠷᠠᠭᠤᠯᠬᠤ — ᠦᠢᠯᠡᠳᠦᠯᠭᠡᠵᠢᠭᠦᠯᠬᠦ — ᠳᠡᠭᠡᠭᠰᠢᠯᠡᠭᠦᠯᠬᠦ 》 ᠪᠢᠲᠡᠭᠦᠦ ᠴᠠᠭᠠᠷᠢᠭᠤᠨ ᠲᠣᠭᠲᠠᠴᠠ ᠵᠢ ᠪᠠᠢᠭᠤᠯᠤᠨ᠂ ᠪᠣᠯᠪᠠᠰᠤᠷᠠᠯ ᠤ᠋ᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠪᠡ᠃
《ᠥᠩᠭᠡᠷᠡᠭᠰᠡᠨ ᠳ᠋ᠤ ᠬᠢᠴᠢᠶᠡᠯ ᠣᠷᠣᠵᠤ ᠪᠠᠢᠬᠤᠳᠦ ᠲᠤᠰᠬᠠᠢ ᠮᠡᠷᠭᠡᠵᠢᠯ ᠤ᠋ᠨ ᠨᠡᠷ᠎ᠡ ᠲᠣᠮᠢᠶ᠎ᠠ ᠵᠢ ᠣᠨᠣᠪᠴᠢ ᠦᠭᠡᠢ ᠢᠯᠡᠳᠬᠡᠵᠦ᠂ ᠵᠢᠭᠠᠨ ᠰᠤᠷᠭᠠᠯᠲᠠ ᠵᠢᠨ ᠦᠷ᠎ᠡ ᠪᠦᠲᠦᠮᠵᠢ ᠵᠢ ᠨᠥᠯᠥᠭᠡᠯᠡᠬᠦ ᠡᠴᠡ ᠰᠠᠨᠠᠭᠠᠰᠢᠷᠠᠵᠤ ᠪᠠᠢᠭᠰᠠᠨ᠂ ᠬᠠᠷᠢᠨ ᠪᠣᠯᠪᠠᠰᠤᠷᠠᠯ ᠶ᠋ᠢᠡᠷ ᠳᠡᠮᠵᠢᠨ᠂ ᠪᠢ ᠳᠦᠷᠢᠮᠵᠢᠭᠦᠨ ᠠᠪᠢᠶᠠᠯᠠᠬᠤ ᠠᠷᠭ᠎ᠠ ᠮᠡᠷᠭᠡᠵᠢᠯ ᠢ᠋ ᠡᠵᠡᠮᠰᠢᠭᠰᠡᠨ ᠶ᠋ᠢᠡᠷ ᠪᠠᠷᠠᠬᠤ ᠦᠭᠡᠢ᠂ ᠨᠠᠩ ᠴᠤ᠌ ᠬᠢᠲᠠᠳ ᠬᠡᠯᠡᠨ ᠤ᠋ ᠵᠢᠭᠠᠨ ᠰᠤᠷᠭᠠᠯᠲᠠ ᠬᠢᠭᠡᠳ ᠬᠢᠴᠢᠶᠡᠯ ᠳᠦᠷᠦᠯ ᠤ᠋ᠨ ᠣᠨᠴᠠᠯᠢᠭ᠋ ᠢ᠋ ᠭᠦᠨᠵᠡᠭᠡᠢ ᠠᠭᠤᠰᠤᠯᠴᠠᠭᠤᠯᠬᠤ ᠵᠢ ᠰᠣᠷᠣᠯ᠎ᠠ》 ᠭᠡᠬᠦ ᠬᠠᠰ ᠪᠠᠭᠰᠢ ᠶ᠋ᠢᠨ ᠰᠡᠳᠬᠢᠯ ᠤ᠋ᠨ ᠲᠠᠭᠤᠨ ᠨᠢ ᠪᠣᠯᠪᠠᠰᠤᠷᠠᠯ ᠳ᠋ᠤ ᠣᠷᠣᠯᠴᠠᠭᠰᠠᠨ ᠮᠠᠰᠢ ᠣᠯᠠᠨ ᠪᠠᠭ᠍ᠰᠢ ᠨᠠᠷ ᠤ᠋ᠨ ᠣᠯᠣᠯᠲᠠ ᠵᠢ ᠶᠠᠷᠢᠵᠠᠢ᠃
ᠣᠢᠯᠠᠭᠠᠭᠰᠠᠨ ᠶ᠋ᠢᠡᠷ᠂ ᠣᠢᠷ᠎ᠠ ᠵᠢᠨ ᠵᠢᠯ ᠤ᠋ᠳ ᠲᠤ᠌ ᠣᠷᠳᠣᠰ ᠬᠣᠲᠠ ᠡᠯ᠎ᠡ ᠲᠥᠷᠥᠯ ᠤ᠋ᠨ ᠲᠤᠰᠬᠠᠢ ᠪᠣᠯᠪᠠᠰᠤᠷᠠᠯ ᠢ᠋ ᠨᠡᠶ᠋ᠢᠲᠡ 100 ᠭᠠᠷᠤᠢ ᠤᠳᠠᠭ᠎ᠠ ᠥᠷᠨᠢᠭᠦᠯᠵᠦ᠂ ᠤᠤᠯ ᠤ᠋ᠨ ᠦᠨᠳᠦᠰᠦᠲᠡᠨ ᠤ᠋ ᠬᠡᠯᠡ ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ ᠵᠢᠨ ᠡᠯ᠎ᠡ ᠬᠢᠴᠢᠶᠡᠯ ᠲᠥᠷᠥᠯ ᠤ᠋ᠨ ᠪᠠᠭ᠍ᠰᠢ ᠵᠢ ᠬᠠᠮᠤᠷᠤᠨ᠂ ᠪᠠᠭ᠍ᠰᠢ ᠨᠠᠷ ᠤ᠋ᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ ᠵᠢᠨ ᠴᠢᠳᠠᠪᠤᠷᠢ ᠪᠠ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠬᠡᠷᠡᠭᠯᠡᠬᠦ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠢᠨ᠎ᠠ᠃