3 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠡᠷᠬᠢᠯᠡᠭ᠌ᠴᠢ ᠸᠠᠩ ᠸᠧᠶ ᠵᠥᠩ ᠬᠥᠬᠡᠡᠡᠣᠲᠠ᠎ᠳᠤ ᠭᠦᠨᠵᠡᠭᠡᠢᠷᠡᠨ ᠪᠠᠢᠴᠠᠭᠠᠨ ᠰᠤᠳᠤᠯᠵᠦ᠂ ᠶᠡᠷᠦᠩᠬᠡᠶ ᠱᠦᠵᠢ ᠰᠢ ᠵᠢᠨ ᠫᠢᠩ ᠦᠨ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠴᠢᠬᠤᠯᠠ ᠶᠠᠷᠢᠶ᠎ᠠ ᠪᠣᠯᠤᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》ᠠᠵᠢᠯ ᠤᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠨᠠᠢᠳᠠᠪᠤᠷᠢᠵᠢᠭᠤᠯᠤᠨ᠂ ᠠᠵᠠ ᠲᠣᠬᠢᠶᠠᠯ᠎ᠢ ᠠᠮᠵᠢᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠸᠠᠩ ᠸᠧᠶ ᠵᠥᠩ ᠡᠩ ᠲᠡᠷᠢᠭᠦᠨ᠎ᠳᠦ ᠰᠠᠶ ᠺᠧ ᠱᠢᠩ ᠦᠷᠡᠵᠢᠭᠦᠯᠦᠨ ᠪᠣᠢᠵᠢᠭᠤᠯᠬᠤ ᠠᠮᠢᠳᠤ ᠪᠣᠳᠠᠰ᠎ᠤᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠬᠦᠷᠴᠦ᠍᠂ ᠲᠤᠷᠱᠢᠯᠲᠠ᠎ᠶ᠋ᠢᠨ ᠲᠠᠰᠤᠭ᠂ ᠦᠶ᠋ᠯᠡᠳᠪᠦᠷᠢ ᠵᠢᠨ ᠲᠠᠰᠤᠭ᠎ᠲᠤ ᠣᠷᠣᠵᠤ᠂ ᠰᠠᠢᠨ ᠡᠭᠦᠯᠳᠡᠷ ᠢ ᠦᠷᠡᠵᠢᠭᠦᠯᠦᠨ ᠪᠣᠢᠵᠢᠭᠤᠯᠬᠤ᠂ ᠣᠶᠤᠨᠴᠢ ᠮᠠᠯᠵᠢᠯ᠎ᠤᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ ᠵᠡᠷᠭᠡ ᠪᠠᠢᠳᠠᠯ᠎ᠢ ᠨᠠᠷᠢᠨ ᠣᠢᠯᠠᠭᠠᠪᠠ᠃ ᠲᠡᠷᠡ᠂ ᠦᠷ᠎ᠡ ᠶ᠋ᠢ ᠮᠠᠯ ᠠᠵᠤ ᠠᠬᠤᠶ ᠲᠠᠷᠢᠶᠠᠯᠠᠩ ᠤᠨ 《ᠴᠠᠬᠢᠮ ᠢᠯᠳᠠᠰᠤ》 ᠪᠡᠷ ᠦᠵᠡᠵᠦ᠍᠂ ᠠᠵᠤ ᠠᠬᠤᠢᠯᠠᠯ ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠨ᠂ ᠰᠠᠢᠨ ᠰᠠᠢᠬᠠᠨ ᠱᠢᠨ᠎ᠡ᠎ᠶ᠋ᠢ ᠡᠭᠦᠳᠬᠦ᠌ ᠠᠮᠢ ᠠᠬᠤᠶ᠎ᠶ᠋ᠢ ᠪᠣᠶ ᠪᠣᠯᠭᠠᠵᠤ᠂ ᠠᠵᠤ ᠠᠬᠤᠢᠯᠠᠯ᠎ᠤᠨ 《ᠪᠣᠭᠣᠮᠢ》 ᠪᠤᠯᠵᠤ ᠪᠠᠢᠭ᠎ᠠ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠵᠣᠷᠢᠭ᠍ᠵᠢᠭᠤᠯᠤᠨ ᠳᠡᠮᠵᠢᠵᠦ᠍᠂ ᠦᠷ᠎ᠡ᠎ᠶ᠋ᠢᠨ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ ᠪᠡᠨ ᠳᠠᠭᠠᠭᠠᠵᠤ ᠬᠦᠴᠦᠷᠬᠡᠭ᠌ᠵᠢᠬᠦ᠌᠂ ᠦᠷ᠎ᠡ᠎ᠶ᠋ᠢᠨ ᠢᠷᠡᠯᠲᠡ᠎ᠶ᠋ᠢ ᠪᠡᠶ᠎ᠡ᠎ᠪᠡᠨ ᠳᠠᠭᠠᠭᠠᠵᠤ ᠡᠵᠡᠮᠳᠡᠬᠦ ᠶ᠋ᠢ ᠪᠡᠶᠡᠯᠡᠭᠦᠯᠬᠦ᠌᠎ᠳᠦ ᠢᠯᠡᠭᠦᠬᠡᠨ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠪᠡ᠃ ᠤᠯᠤᠰ᠎ᠤᠨ ᠰᠦ᠎ᠵᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠲᠦ᠂ ᠸᠠᠩ ᠸᠧᠢ ᠵᠦᠩ ᠲᠠᠪᠴᠠᠩ᠎ᠤᠨ ᠪᠠᠢᠭᠤᠯᠤᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ᠂ ᠦᠷ᠎ᠡ ᠪᠦᠲᠦᠭᠡᠯ᠎ᠢ ᠣᠨᠳᠣᠣᠱᠢᠭᠤᠯᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠢ ᠰᠣᠨᠣᠰᠴᠤ᠌᠂ ᠤᠯᠤᠰ᠎ᠤᠨ ᠲᠡᠰ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠰᠦ᠎ᠵᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠬᠤ ᠪᠣᠭᠣᠮᠢ ᠪᠤᠯᠵᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭ᠌ᠯᠡᠯᠲᠡ᠎ᠶ᠋ᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠨᠥᠯᠥᠭᠡᠯᠡᠬᠦ᠌ ᠬᠦᠴᠦᠨ᠎ᠲᠡᠶ ᠰᠦ᠎ᠵᠢᠨ ᠦᠢᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ ᠱᠠ ᠯᠢᠶᠠᠩ ᠪᠠᠷᠠᠭᠠᠨ᠎ᠤ ᠭᠦᠢᠯᠭᠡᠭᠡᠨ᠎ᠦ ᠬᠦᠷᠢᠶᠡᠯᠡᠩ᠎ᠳᠦ ᠬᠦᠷᠴᠦ᠂ ᠲᠠᠯᠠᠪᠠᠢ ᠦᠷᠳᠡᠬᠡ᠎ᠶᠢᠨ ᠡᠵᠡᠩᠨᠡᠯᠲᠡ᠂ ᠬᠥᠮᠥᠷᠭᠡ ᠪᠠᠷᠠᠭᠠᠨ᠎ᠤ ᠭᠦᠢᠯᠭᠡᠭᠡ ᠵᠡᠷᠭᠡ ᠪᠠᠢᠳᠠᠯ᠎ᠢ ᠨᠠᠷᠢᠨ ᠪᠠᠢᠴᠠᠭᠠᠨ ᠦᠵᠡᠵᠦ᠂ ᠨᠡᠭᠡᠭᠡᠯᠲᠡᠲᠤ ᠵᠠᠮ᠎ᠤᠨ ᠪᠦᠲᠦᠭᠡᠨ ᠪᠠᠢᠭᠤᠯᠤᠯᠲᠠ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠵᠢᠨ ᠡᠵᠡᠩᠨᠡᠯᠲᠡ᠂ ᠭᠠᠳᠠᠭᠠᠳᠤ ᠠᠷᠠᠯᠵᠢᠶᠠᠨ᠎ᠤ ᠦᠢᠯᠡᠴᠢᠯᠡᠭᠡ ᠪᠠᠲᠤᠯᠠᠭ᠎ᠠ ᠵᠡᠷᠭᠡ ᠠᠵᠢᠯ ᠢ ᠨᠠᠷᠢᠨ ᠣᠢᠯᠠᠭᠠᠪᠠ᠃ ᠸᠠᠩ ᠸᠧᠢ ᠵᠦᠩ᠂ ᠬᠥᠬᠡᠬᠣᠲᠠ ᠮᠠᠰᠢ ᠰᠠᠢᠨ ᠣᠷᠣᠨ ᠪᠠᠢᠷᠢ ᠵᠠᠮ ᠬᠠᠷᠢᠯᠴᠠᠭᠠᠨ᠎ᠤ ᠨᠥᠬᠥᠴᠡᠯ᠎ᠲᠠᠢ ᠪᠠᠢᠵᠤ᠂ ᠳᠡᠯᠡᠬᠡᠢᠵᠢᠯᠲᠡ᠎ᠶᠢᠨ ᠬᠠᠷᠠᠭᠠᠰᠤ ᠪᠡᠷ ᠨᠡᠭᠡᠭᠡᠯᠲᠡ ᠬᠢᠵᠦ ᠬᠠᠮᠲᠤᠷᠠᠯᠴᠠᠬᠤ ᠣᠷᠣᠨ ᠵᠠᠢ᠎ᠶᠢ ᠥᠷᠭᠡᠳᠬᠡᠵᠦ᠂ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠡᠳ᠋ ᠪᠠᠷᠠᠭ᠎ᠠ᠎ᠶᠢ ᠲᠥᠪᠯᠡᠷᠡᠭᠦᠯᠦᠨ ᠲᠠᠷᠬᠠᠭᠠᠬᠤ ᠭᠠᠵᠠᠷ᠎ᠢ ᠰᠡᠳᠬᠢᠯ ᠲᠠᠯᠪᠢᠨ ᠰᠦᠪᠡᠭᠴᠢᠯᠡᠨ ᠪᠠᠢᠭᠤᠯᠵᠤ᠂ ᠤᠳᠤ ᠦᠶ᠎ᠡ᠎ᠶᠢᠨ ᠪᠠᠷᠠᠭᠠᠨ᠎ᠤ ᠭᠦᠢᠯᠭᠡᠭᠡᠨ᠎ᠦ ᠰᠢᠰᠲ᠋ᠸᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠶᠤᠨᠴᠢᠯᠠᠭᠰᠠᠨ᠂ ᠪᠣᠬᠢᠷᠲᠤᠯ ᠦᠭᠡᠢ᠂ ᠡᠷᠴᠢᠮᠵᠢᠭᠦᠯᠦᠭᠰᠡᠨ ᠲᠦᠪᠰᠢᠨ᠎ᠢ ᠳᠡᠭᠡᠭᠰᠢᠯᠡᠭᠦᠯᠵᠦ᠂ ᠶᠡᠬᠡ ᠵᠠᠮ ᠱᠤᠭᠤᠮ᠎ᠢᠶᠠᠷ ᠶᠡᠬᠡ ᠡᠳ᠋ ᠪᠠᠷᠠᠭᠠᠨ ᠤ ᠭᠦᠢᠯᠭᠡᠭᠡ᠎ᠶᠢ ᠪᠠᠲᠤᠯᠠᠵᠤ᠂ ᠶᠡᠬᠡ ᠡᠳ᠋ ᠪᠠᠷᠠᠭᠠᠨ᠎ᠤ ᠭᠦᠢᠯᠭᠡᠭᠡ᠎ᠪᠡᠷ ᠶᠡᠬᠡ ᠨᠡᠭᠡᠭᠡᠯᠲᠡ᠎ᠶᠢ ᠠᠬᠢᠭᠤᠯᠵᠤ᠂ ᠶᠡᠬᠡ ᠨᠡᠭᠡᠭᠡᠯᠲᠡ᠎ᠪᠡᠷ ᠶᠡᠬᠡ ᠬᠥᠭᠵᠢᠯᠲᠡ᠎ᠶᠢ ᠳᠠᠢᠴᠢᠯᠠᠬᠤ ᠬᠡᠷᠡᠭᠲᠡᠢ ᠭᠡᠵᠦ ᠬᠡᠯᠡᠪᠡ᠃ ᠬᠥᠬᠡᠡᠡᠣᠲᠠ᠎ᠶᠢᠨ ᠶᠡᠷᠦᠩᠬᠡᠢᠯᠡᠭᠰᠡᠨ ᠭᠠᠢᠯᠢ ᠵᠢ ᠪᠠᠲᠤᠯᠠᠬᠤ ᠣᠷᠣᠨ᠎ᠳᠤ᠂ ᠸᠠᠩ ᠸᠧᠢ ᠵᠦᠩ ᠪᠣᠭᠣᠮᠲᠠ᠎ᠶᠢ ᠪᠢᠲᠡᠭᠦᠮᠵᠢᠯᠡᠨ ᠠᠵᠢᠯᠯᠠᠭᠤᠯᠬᠤ᠂ ᠭᠠᠢᠯᠢ᠎ᠶᠢ ᠪᠠᠲᠤᠯᠠᠨ ᠡᠳ᠋ᠰᠢᠭᠦᠯᠬᠦ᠂ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠵᠡᠷᠭᠡ ᠠᠵᠢᠯ ᠤᠨ ᠠᠬᠢᠴᠠ᠎ᠶᠢᠨ ᠪᠠᠢᠳᠠᠯ᠎ᠢ ᠭᠦᠨᠵᠡᠭᠡᠢ ᠣᠢᠯᠠᠭᠠᠪᠠ᠃ ᠲᠡᠷᠡ᠂ ᠶᠡᠷᠦᠩᠬᠡᠢᠯᠡᠭᠰᠡᠨ ᠭᠠᠢᠯᠢ ᠵᠢ ᠪᠠᠲᠤᠯᠠᠬᠤ ᠣᠷᠣᠨ ᠪᠣᠯ ᠥᠪᠥᠷ ᠮᠣᠩᠭᠣᠯ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤᠪᠴᠢ ᠮᠥᠨ᠂ ᠴᠢᠳᠠᠮᠵᠢ᠎ᠶᠢᠨ ᠪᠠᠢᠷᠢ ᠲᠣᠭᠲᠠᠭᠠᠯᠲᠠ᠎ᠳᠤ ᠰᠠᠭᠤᠷᠢᠯᠠᠵᠤ᠂ ᠭᠠᠢᠯᠢ ᠵᠢ ᠪᠠᠲᠤᠯᠠᠬᠤ ᠡᠵᠡᠩᠨᠡᠯᠲᠡ᠎ᠶᠢᠨ ᠬᠡᠯᠪᠡᠷᠢ ᠵᠢ ᠬᠦᠴᠦᠷᠬᠡᠭᠵᠢᠭᠦᠯᠵᠦ᠂ ᠬᠢᠨᠠᠯᠲᠠ ᠬᠠᠮᠢᠶᠠᠷᠤᠯᠲᠠ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠵᠤ᠂ ᠨᠡᠭᠡᠭᠡᠯᠲᠡ᠎ᠶᠢᠨ ᠴᠢᠳᠠᠪᠦᠷᠢ ᠲᠠᠰ᠎ᠢ ᠳᠡᠭᠡᠭᠰᠢᠯᠡᠭᠦᠯᠵᠦ᠂ ᠭᠠᠳᠠᠭᠠᠳᠤ ᠨᠡᠭᠡᠭᠡᠯᠲᠡ᠎ᠶᠢᠨ ᠰᠢᠨ᠎ᠡ ᠥᠨᠳᠥᠷᠯᠢᠭ᠎ᠢ ᠢᠳᠡᠪᠬᠢᠲᠡᠢ ᠴᠣᠭᠴᠠᠯᠠᠬᠤ ᠬᠡᠷᠡᠭᠲᠡᠢ ᠭᠡᠪᠡ᠃ ᠸᠠᠩ ᠸᠧᠢ ᠵᠥᠩ ᠪᠠᠰᠠ ᠥᠪᠥᠷ ᠮᠣᠩᠭᠣᠯ᠎ᠤᠨ ᠴᠢᠶᠠᠨ ᠺᠦᠨ ᠠᠯᠲᠠ ᠮᠥᠩᠭᠥ ᠵᠢ ᠨᠠᠷᠢᠯᠢᠭ᠋ ᠪᠣᠯᠪᠠᠰᠤᠷᠠᠭᠤᠯᠬᠤ ᠦᠢᠯᠡᠳᠪᠦᠷᠢ᠎ᠳᠦ ᠬᠦᠷᠴᠦ᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠠᠵᠤ ᠠᠬᠤᠢᠯᠠᠯ᠎ᠢ ᠶᠡᠷᠦᠩᠬᠡᠢᠯᠡᠭᠰᠡᠨ ᠭᠠᠢᠯᠢ ᠵᠢ ᠪᠠᠲᠤᠯᠠᠬᠤ ᠣᠷᠣᠨ᠎ᠤ ᠲᠥᠷᠥ᠎ᠶᠢᠨ ᠪᠣᠳᠣᠯᠭ᠎ᠠ᠎ᠶᠢᠨ ᠳᠠᠪᠠᠭᠤᠯᠢᠭ᠋᠎ᠲᠠᠭᠠᠨ ᠲᠦᠰᠢᠭᠯᠡᠵᠤ᠂ ᠮᠡᠷᠭᠡᠵᠢᠯ᠎ᠦᠨ ᠲᠠᠰ ᠳᠡᠪᠰᠢᠬᠦ ᠪᠠ ᠨᠠᠷᠢᠯᠢᠭ᠋ ᠪᠣᠯᠪᠠᠰᠤᠷᠠᠭᠤᠯᠬᠤ ᠶᠢ ᠠᠬᠢᠭᠤᠯᠵᠤ᠂ ᠠᠵᠤ ᠠᠬᠤᠢᠯᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭ᠍ᠵᠢᠭᠤᠯᠪᠠ᠃
ᠢᠦᠢ ᠬᠤᠢ ᠸᠸᠨ ᠣᠷᠣᠯᠴᠠᠵᠠᠢ᠃