ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠵᠠᠰᠠᠭ ᠎ᠤᠨ ᠣᠷᠳᠣᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶᠠᠨ ᠎ᠤ ᠵᠣᠷᠢᠭ ᠰᠠᠨᠠᠭ᠎ᠠ ᠪᠣᠯᠤᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠪᠠ
2026-03-17 09:40:12
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆


 ᠪᠤᠤ ᠭᠠᠩ ᠬᠤᠷᠠᠯ᠎ᠢ ᠡᠷᠬᠢᠯᠡᠵᠡᠢ


3 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ ᠵᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ  ᠰᠢ ᠵᠢᠨ ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶ᠎ᠠ ᠪᠣᠯᠤᠨ ᠪᠦᠬᠦ᠌ ᠤᠯᠤᠰ᠎ᠤᠨ ᠬᠣᠶᠠᠷ ᠬᠤᠷᠠᠯ ᠎ᠤᠨ ᠵᠣᠷᠢᠭ ᠰᠠᠨᠠᠭ᠎ᠠ ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ ᠎ᠢ ᠲᠤᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠶ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠣᠯᠪᠣᠭ᠍ᠳᠠᠯ ᠪᠦᠬᠦᠢ ᠪᠦᠯᠬᠦᠮ ᠳᠤᠭᠤᠢᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠢᠳᠡᠨ᠎ᠦ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠤ ᠠᠬᠤᠢ ᠨᠡᠢᠭᠡᠮ ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭᠠᠵᠠᠢ᠂ ᠨᠠᠷᠢᠨ ᠬᠢᠨᠠᠮᠠᠭᠠᠢ ᠰᠤᠷᠤᠯᠴᠠᠨ ᠤᠢᠯᠠᠭᠠᠵᠤ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠤᠯᠤᠰ ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠲᠠᠶ ᠤᠶᠠᠯᠳᠤᠭᠤᠯᠤᠨ ᠬᠠᠮᠲᠤ᠎ᠳᠤᠨᠢ ᠨᠠᠢᠳᠠᠪᠤᠷᠢᠵᠢᠭᠤᠯᠤᠨ ᠪᠣᠳᠠᠲᠠᠢᠵᠢᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠪᠡᠶᠡᠯᠡᠭᠦᠯᠬᠦ᠌ ᠬᠡᠷᠡᠭ᠌ᠲᠡᠢ᠃ ᠠᠮᠢ ᠠᠬᠤᠢ ᠣᠷᠴᠢᠨ ᠲᠣᠭᠣᠷᠢᠨ ᠎ᠤ ᠬᠠᠤᠯᠢ᠎ᠶ᠋ᠢᠨ ᠪᠢᠴᠢᠭ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠎ᠶ᠋ᠢ ᠠᠬᠢᠭᠤᠯᠬᠤ ᠬᠠᠤᠯᠢ᠂ ᠤᠯᠤᠰ ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠤᠬᠠᠭᠤᠯᠤᠨ ᠲᠠᠢᠯᠪᠤᠷᠢᠯᠠᠬᠤ ᠪᠠ ᠲᠤᠭᠤᠱᠢᠯᠠᠭᠤᠯᠤᠨ ᠬᠡᠷᠡᠭ᠌ᠵᠢᠭᠦᠯᠬᠦ ᠠᠵᠢᠯ᠎ᠢ ᠰᠠᠢᠲᠤᠷ ᠬᠢᠵᠦ᠍᠂ ᠵᠠᠰᠠᠭ᠎ᠤᠨ ᠣᠷᠳᠣᠨ ᠎ᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ᠎ᠶ᠋ᠢᠨ ᠲᠦᠪᠱᠢᠨ ᠎ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠢ᠃ ᠠᠵᠤ ᠠᠬᠤᠢ᠎ᠶ᠋ᠢᠨ ᠡᠷᠭᠢᠯᠲᠡ᠎ᠶ᠋ᠢᠨ ᠲᠤᠬᠢᠷᠠᠭᠤᠯᠤᠯᠲᠠ᠎ᠶ᠋ᠢ ᠴᠢᠩᠭᠠᠳᠭᠠᠵᠤ᠂ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠡᠯᠡᠰᠦ ᠭᠤᠪᠢ ᠴᠦᠯᠯᠡᠷᠬᠡᠭ ᠭᠠᠵᠠᠷ᠎ᠤᠨ ᠲᠤᠮᠤ ᠰᠠᠭᠤᠷᠢᠨ᠂ ᠎ᠳ᠋ᠠᠢᠲ᠋ᠠ ᠎ᠶ᠋ᠢᠨ ᠲᠥᠪ᠂ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ ᠵᠡᠷᠭᠡ ᠴᠢᠬᠤᠯᠠ ᠶᠡᠬᠡ ᠲᠦᠷᠦᠯ ᠵᠦᠢᠯ ᠎ᠦᠨ ᠡᠷᠲᠡᠬᠡᠨ ᠠᠵᠢᠯ᠎ᠢᠶᠠᠨ ᠡᠬᠢᠯᠡᠭᠦᠯᠬᠦ᠌᠎ᠶ᠋ᠢ ᠠᠬᠢᠭᠤᠯᠵᠤ᠂ ᠲᠦᠷᠦᠭᠦᠦ ᠤᠯᠠᠷᠢᠯ᠎ᠤᠨ ᠲᠠᠢᠴᠢᠯᠠᠬᠤ ᠦᠢᠯᠡᠳᠦᠯ ᠎ᠢ ᠰᠠᠢᠲᠤᠷ ᠪᠠᠳᠠᠷᠠᠭᠤᠯᠬᠤ ᠬᠡᠷᠡᠭ᠌ᠲᠡᠢ᠃ ᠲᠥᠪ᠎ᠦᠨ ᠡᠯ᠎ᠡ ᠲᠥᠷᠥᠯ᠎ᠦᠨ ᠬᠢᠨᠠᠯᠲᠠ ᠪᠠᠢᠴᠠᠭᠠᠯᠲᠠ᠎ᠶ᠋ᠢᠨ ᠬᠠᠷᠢᠭᠤ ᠲᠤᠰᠭᠠᠭ᠍ᠰᠠᠨ ᠠᠰᠠᠭᠤᠳᠠᠯ ᠎ᠢ ᠴᠡᠭ᠌ᠴᠡᠯᠡᠨ ᠰᠠᠢᠵᠢᠷᠠᠭᠤᠯᠬᠤ ᠎ᠶ᠋ᠢ ᠲᠡᠷᠡ ᠬᠡᠪ᠎ᠢᠶᠡᠷ᠎ᠨᠢ ᠰᠠᠢᠲᠤᠷ ᠠᠳᠭᠤᠵᠤ᠂ ᠠᠶᠤᠯᠭᠦᠶ ᠦᠶ᠋ᠯᠡᠳᠪᠦᠷᠢᠯᠡᠯ᠎ᠦᠨ ᠶᠡᠬᠡ ᠪᠠᠢᠴᠠᠭᠠᠯᠲᠠ ᠶᠡᠬᠡ ᠱᠠᠯᠠᠪᠳᠠᠭᠤᠯᠤᠨ ᠪᠠᠢᠴᠠᠭᠠᠯᠲᠠ᠎ᠶ᠋ᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠡᠷᠡᠰ ᠰᠠᠢᠲᠤᠷ ᠬᠢᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠬᠢᠨᠠᠨ ᠪᠤᠳᠤᠯᠲᠠ ᠵᠢᠨ ᠠᠵᠢᠯ᠎ᠤᠨ ᠲᠤᠬᠠᠶ ᠴᠢᠬᠤᠯᠠ ᠵᠢᠭᠠᠪᠤᠷᠢ ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ ᠎ᠦᠨ ᠪᠠ ᠥᠪᠡᠷᠲᠡᠭᠡᠨ ᠵᠠᠰᠠᠬᠤ ᠣᠷᠣᠨ ᠎ᠤ ᠬᠢᠨᠠᠨ ᠪᠤᠳᠤᠯᠲᠠ᠎ᠳᠤ ᠢᠯᠡᠷᠡᠭᠦᠯᠦᠭ᠌ᠰᠡᠨ ᠠᠰᠠᠭᠤᠳᠠᠯ ᠎ᠢ ᠴᠡᠭ᠌ᠴᠡᠯᠡᠨ ᠰᠠᠢᠵᠢᠷᠠᠭᠤᠯᠬᠤ ᠠᠵᠢᠯ ᠎ᠢ ᠦᠷᠭᠦᠯᠵᠢᠯᠡᠨ ᠥᠷᠨᠢᠭᠦᠯᠵᠦ᠍᠂ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠨᠠᠢᠳᠠᠪᠤᠷᠢᠵᠢᠭᠤᠯᠬᠤ᠂ ᠲᠥᠷᠥ᠎ᠶ᠋ᠢᠨ ᠪᠣᠳᠣᠯᠭ᠎ᠠ ᠵᠢᠨ ᠪᠠᠯᠠ ᠮᠥᠩᠭᠥ᠎ᠶ᠋ᠢ ᠪᠤᠲᠠᠲᠠᠢᠵᠢᠭᠤᠯᠬᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠂ ᠡᠷᠬᠡ᠎ᠶ᠋ᠢᠨ ᠠᠵᠢᠯᠯᠠᠭᠠᠨ ᠎ᠢ ᠵᠢᠷᠤᠮᠵᠢᠭᠤᠯᠬᠤ ᠵᠡᠷᠭᠡ ᠬᠦᠷᠢᠶᠡᠨ᠎ᠳᠡᠬᠢ ᠬᠢᠨᠠᠨ ᠪᠤᠳᠤᠯᠲᠠ᠎ᠶ᠋ᠢᠨ ᠬᠢᠨᠠᠯᠲᠠ᠎ᠶ᠋ᠢ ᠴᠢᠩᠭᠠᠳᠭᠠᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠬᠦᠴᠦᠲᠡᠶ ᠬᠠᠮᠠᠭᠠᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠡᠴᠡ 《〈ᠠᠷᠪᠠᠨ ᠲᠠᠪᠤᠳᠤᠭᠠᠷ ᠲᠠᠪᠤᠨ ᠵᠢᠯ〉ᠤ᠋ᠨ ᠬᠤᠭᠤᠴᠠᠭᠠᠨ᠎ᠳᠤ ᠪᠤᠭᠤᠲᠤ᠎ᠶ᠋ᠢᠨ ᠬᠠᠭᠤᠴᠢᠨ ᠠᠵᠤ ᠦᠢᠯᠡᠳᠪᠦᠷᠢ᠎ᠶ᠋ᠢᠨ ᠰᠠᠭᠤᠷᠢᠨ᠎ᠤ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠵᠤ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠳᠡᠮᠵᠢᠬᠦ᠌ ᠠᠷᠭ᠎ᠠ ᠬᠡᠮᠵᠢᠢ᠎ᠡ 》 ᠂  《〈 ᠠᠷᠪᠠᠨ ᠲᠠᠪᠤᠳᠤᠭᠠᠷ ᠲᠠᠪᠤᠨ ᠵᠢᠯ 〉 ᠤ᠋ᠨ ᠬᠤᠭᠤᠴᠠᠭᠠᠨ᠎ᠳᠤ ᠦᠬᠠᠢ᠎ᠶ᠋ᠢᠨ ᠡᠬᠢ ᠪᠠᠶᠠᠯᠢᠭ ᠱᠢᠪᠬᠠᠷᠤᠭ᠍ᠰᠠᠨ ᠬᠤᠳᠠ᠎ᠶ᠋ᠢᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠵᠤ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠳᠡᠮᠵᠢᠬᠦ᠌ ᠠᠷᠭ᠎ᠠ ᠬᠡᠮᠵᠢᠢ᠎ᠡ》 ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠵᠣᠬᠢᠶᠠᠮᠠᠯ ᠤᠶᠤᠨ ᠴᠢᠳᠠᠪᠤᠷᠢ +〉 ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ (2026 — 2028 ᠣᠨ)》 ᠢ᠋ ᠬᠢᠨᠠᠨ ᠵᠥᠪᠯᠡᠵᠦ᠍ ᠪᠠᠲᠤᠯᠠᠨ᠂  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠢ ᠨᠡᠢᠳᠭᠡᠨ ᠱᠢᠯᠢᠳᠡᠭ᠌ᠵᠢᠭᠦᠯᠬᠦ᠌ ᠲᠥᠰᠦᠯ》 ᠢ᠋ ᠰᠤᠳᠤᠯᠪᠠ᠃

ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠲᠦᠷᠦᠭᠦᠯᠡᠨ ᠪᠤᠢ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠠᠢ᠎ᠡᠴᠡ ᠡᠭᠦᠰᠴᠤ᠂ ᠵᠢᠮ᠎ᠡ ᠶᠣᠰᠣ᠎ᠪᠠᠷ ᠠᠵᠢᠯᠯᠠᠬᠤ᠎ᠶ᠋ᠢ ᠪᠠᠷᠢᠮᠲᠠᠯᠠᠨ᠂ ᠠᠷᠠᠳ ᠲᠦᠮᠡᠨ᠎ᠤ᠋ ᠲᠦᠯᠦᠭᠡ ᠵᠠᠰᠠᠭ᠎ᠤᠨ ᠠᠵᠢᠯ ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ ᠪᠠᠷ ᠵᠠᠰᠠᠭ ᠎ᠤᠨ ᠠᠵᠢᠯ᠎ᠤᠨ ᠪᠦᠲᠦᠮᠵᠢ ᠭᠠᠷᠭᠠᠬᠤ ᠪᠡᠷ ᠴᠢᠷᠮᠠᠢᠬᠤ ᠭᠡᠷᠡᠭᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号