— ᠲᠥᠪ᠎ᠦᠨ ᠪᠠ ᠲᠥᠷᠥ᠎ᠶ᠋ᠢᠨ ᠪᠠᠢᠭᠤᠯᠭ᠎ᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠪᠠ
ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ 《ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ ᠲᠦᠮᠡᠨ᠎ᠳᠦ ᠪᠤᠶᠠᠨ ᠦᠢᠯᠡᠳᠴᠦ᠍᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠲᠠᠰᠤᠷᠠᠯᠳᠠ ᠦᠭᠡᠢ ᠭᠦᠨᠵᠡᠭᠡᠢᠷᠡᠭᠦᠯᠪᠡ᠃
ᠨᠢᠭᠡᠳᠦᠯᠲᠡᠶ ᠲᠥᠯᠥᠪᠵᠢᠭᠦᠯᠦᠨ ᠪᠠᠢᠷᠢᠯᠠᠭᠤᠯᠵᠤ ᠱᠢᠰᠲ᠋ᠧᠮ ᠲᠠᠢ ᠠᠬᠢᠭᠤᠯᠤᠨ᠎ᠠ
ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ 《ᠭᠤᠷᠪᠠᠨ ᠬᠤᠷᠠᠯ ᠨᠢᠭᠡ ᠬᠢᠴᠢᠶᠡᠯ》 ᠤ᠋ᠨ ᠲᠤᠬᠠᠶ᠎ᠶ᠋ᠢᠨ ᠲᠠᠯᠠᠪᠠᠶ᠎ᠳᠤ᠂ ᠨᠠᠮ᠎ᠤᠨ ᠭᠡᠱᠢᠭᠦᠨ ᠺᠠᠳ᠋ᠷᠴᠤᠳ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠵᠤ᠂ ᠬᠡᠷᠡᠭ᠌ᠯᠡᠭᠡ᠎ᠶ᠋ᠢ ᠬᠥᠭ᠌ᠵᠢᠭᠡᠬᠦ᠌᠂ ᠨᠡᠭᠡᠭᠡᠯᠲᠡ᠎ᠶ᠋ᠢ ᠥᠷᠭᠡᠳᠭᠡᠬᠦ᠌ ᠵᠡᠷᠭᠡ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠪᠣᠳᠣᠯ ᠲᠥᠷᠥᠭ᠌ᠳᠡᠯ᠎ᠢᠶᠡᠨ ᠰᠣᠯᠢᠯᠴᠠᠪᠠ᠃
ᠡᠨᠡ ᠪᠣᠯ ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠤᠯᠭᠠᠨ ᠦᠢᠯᠡᠳᠦᠯᠬᠡᠵᠢᠬᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠠᠢᠭ᠎ᠠ᠎ᠶ᠋ᠢᠨ ᠠᠮᠢᠳᠤᠯᠢᠭ ᠦᠵᠡᠭ᠌ᠳᠡᠯ ᠮᠥᠨ᠃ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠭ᠌ᠰᠡᠨ᠎ᠡᠴᠡ ᠨᠠᠭᠠᠰᠢ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠠᠵᠢᠯ᠎ᠤᠨ ᠲᠤᠰᠭᠠᠶ ᠠᠩᠭᠢ ᠪᠠᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠢᠯᠣᠭᠣᠳᠭᠤ᠎ᠪᠠᠨ ᠴᠢᠩᠭᠠᠳᠭᠠᠵᠤ᠂ ᠠᠵᠢᠯ᠎ᠤᠨ ᠪᠣᠳᠠᠳᠤ ᠪᠠᠢᠳᠠᠯ᠎ᠲᠠᠶ᠎ᠪᠠᠨ ᠤᠶᠠᠯᠳᠤᠭᠤᠯᠤᠨ 5 ᠲᠠᠯ᠎ᠠ᠎ᠶ᠋ᠢᠨ 12 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠰᠡᠷᠡᠮᠵᠢᠯᠡᠭᠦᠯᠬᠦ᠌ ᠬᠥᠮᠦᠵᠢᠯ᠎ᠲᠡᠶ ᠤᠶᠠᠯᠳᠤᠭᠤᠯᠤᠨ ᠳᠠᠢᠴᠢᠯᠠᠯᠲᠠ ᠪᠠᠢᠷᠢᠯᠠᠭᠤᠯᠤᠯᠲᠠ ᠬᠢᠬᠦ᠌᠎ᠶ᠋ᠢᠨ ᠬᠠᠮᠲᠤ 《ᠬᠤᠤᠰ ᠰᠠᠷ᠎ᠠ᠎ᠶ᠋ᠢᠨ ᠨᠠᠷᠢᠨ ᠲᠠᠩᠰᠠ》 ᠶ᠋ᠢᠨ ᠬᠡᠯᠪᠡᠷᠢ᠎ᠪᠡᠷ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠱᠠᠯᠠᠪᠳᠠᠭᠤᠯᠤᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠪᠠ᠃
ᠳᠣᠲᠣᠭᠠᠳᠤ᠎ᠶ᠋ᠢ ᠬᠠᠮᠠᠭᠠᠯᠠᠬᠤ ᠶᠠᠮᠤᠨ ᠨᠠᠮ᠎ᠤᠨ ᠬᠣᠷᠢᠶ᠎ᠠ (ᠥᠷᠭᠡᠳᠭᠡᠭ᠌ᠰᠡᠨ) ᠵᠢᠨ ᠬᠤᠷᠠᠯ ᠬᠤᠷᠠᠯᠳᠤᠭᠤᠯᠵᠤ ᠰᠤᠷᠤᠯᠴᠠᠯᠭ᠎ᠠ ᠬᠥᠮᠦᠵᠢᠯ᠎ᠳᠦ ᠳᠠᠢᠴᠢᠯᠠᠯᠲᠠ ᠪᠠᠢᠷᠢᠯᠠᠭᠤᠯᠤᠯᠲᠠ ᠬᠢᠵᠦ᠍᠂ ᠬᠡᠷᠡᠭ᠌ᠵᠢᠭᠦᠯᠬᠦ᠌ ᠲᠥᠰᠦᠯ᠂ ᠠᠵᠢᠯ᠎ᠤᠨ ᠰᠠᠨᠠᠭᠤᠯᠤᠮᠵᠢ᠎ᠶ᠋ᠢ ᠵᠠᠯᠭᠠᠭ᠎ᠠ᠎ᠪᠠᠷ ᠳᠠᠷᠤᠮᠠᠯᠯᠠᠨ ᠲᠠᠷᠬᠠᠭᠠᠵᠤ᠂ ᠬᠣᠯᠪᠣᠭ᠍ᠳᠠᠯ ᠪᠥᠬᠥᠶ ᠠᠵᠢᠯ᠎ᠢ ᠪᠥᠬᠥ᠌ ᠲᠠᠯ᠎ᠠ᠎ᠪᠠᠷ ᠥᠷᠨᠢᠭᠦᠯᠬᠦ᠌᠎ᠶ᠋ᠢᠨ ᠬᠠᠮᠲᠤ ᠭᠦᠨᠵᠡᠭᠡᠢᠷᠡᠭᠦᠯᠦᠨ ᠠᠬᠢᠭᠤᠯᠪᠠ; ᠬᠠᠤᠯᠢ ᠬᠡᠷᠡᠭ᠌ᠵᠢᠭᠦᠯᠵᠦ᠍ ᠬᠡᠷᠡᠭ ᠱᠢᠢᠳᠪᠦᠷᠢᠯᠡᠬᠦ᠌ ᠵᠡᠷᠭᠡ ᠬᠦᠷᠢᠶᠡᠨ᠎ᠳᠡᠬᠢ ᠡᠮᠬᠢᠯᠡᠨ ᠲᠢᠭ᠌ᠯᠡᠵᠦ᠍ ᠦᠨᠡᠯᠡᠬᠦ ᠲᠦᠷᠢᠮ᠎ᠦᠨ ᠲᠣᠭ᠍ᠲᠠᠴᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠵᠥᠷᠢᠶ᠎ᠠ᠎ᠶ᠋ᠢ ᠰᠡᠷᠭᠡᠢᠯᠡᠨ ᠵᠠᠰᠠᠬᠤ ᠠᠵᠢᠯ᠎ᠤᠨ ᠲᠣᠭ᠍ᠲᠠᠴᠠ ᠪᠠ ᠪᠠᠢᠩᠭᠤᠵᠢᠭᠰᠠᠨ ᠬᠥᠮᠦᠵᠢᠯ᠎ᠦᠨ ᠲᠣᠭ᠍ᠲᠠᠴᠠ᠎ᠶ᠋ᠢ ᠪᠦᠷᠢᠨᠱᠢᠬᠦᠯᠤᠨ᠂ ᠲᠦᠷᠢᠮ᠎ᠢᠶᠡᠷ ᠡᠷᠬᠡ᠎ᠶ᠋ᠢ ᠵᠠᠰᠠᠬᠤ᠂ ᠲᠦᠷᠢᠮ ᠲᠣᠭ᠍ᠲᠠᠭᠠᠯ ᠶᠣᠰᠣᠭᠠᠷ ᠡᠷᠬᠡ᠎ᠶ᠋ᠢ ᠬᠡᠷᠡᠭ᠌ᠯᠡᠬᠦ᠌᠎ᠶ᠋ᠢ ᠪᠡᠶᠡᠯᠡᠭᠦᠯᠪᠠ᠃
ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠰᠤᠷᠤᠯᠴᠠᠯᠭ᠎ᠠ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠵᠤ᠂ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠠᠵᠢᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ ᠶ᠋ᠢ ᠨᠢᠭᠡ ᠴᠤᠭ᠍ᠴᠠᠵᠢᠭᠤᠯᠤᠨ ᠠᠬᠢᠭᠤᠯᠪᠠ᠃ ᠭᠣᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠵᠢ ᠱᠠᠭᠠᠷᠳᠠᠪᠠ᠃
ᠳᠡᠭᠡᠷ᠎ᠡ᠎ᠡᠴᠡ ᠳᠣᠷᠣᠭ᠍ᠰᠢ ᠦᠨᠡᠨ᠎ᠢ ᠪᠠᠷᠢᠮᠳᠠᠯᠠᠨ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠪᠠ
ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠬᠢᠨ ᠪᠠᠢᠭᠤᠯᠭ᠎ᠠ᠎ᠪᠠᠷ ᠱᠢᠰᠲ᠋ᠧᠮ᠎ᠢ ᠳᠠᠭᠠᠭᠤᠯᠵᠤ᠂ ᠳᠡᠭᠡᠷ᠎ᠡ ᠱᠠᠳᠤ ᠨᠢ ᠳᠣᠣᠷ᠎ᠠ ᠱᠠᠳᠤ᠎ᠪᠠᠨ ᠳᠠᠭᠠᠭᠤᠯᠵᠤ᠂ ᠳᠡᠭᠡᠷ᠎ᠡ ᠳᠣᠣᠷ᠎ᠠ ᠱᠠᠳᠤ ᠪᠡᠷ ᠵᠢᠡᠨ ᠬᠣᠯᠪᠣᠭᠠᠯᠠᠨ ᠬᠥᠳᠡᠯᠦᠯᠴᠡᠵᠦ᠍᠂ ᠪᠣᠳᠠᠲᠠᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ ᠤ᠋ᠨ ᠲᠥᠪ ᠬᠣᠷᠢᠶ᠎ᠠ ᠵᠢᠨ ᠳᠤᠷᠠᠳᠤᠭ᠍ᠰᠠᠨ ᠲᠤᠪᠤᠢ᠌ᠮ᠎ᠠ ᠠᠰᠠᠭᠤᠳᠠᠯ᠎ᠲᠠᠶ ᠤᠶᠠᠯᠳᠤᠭᠤᠯᠤᠨ᠂ ᠪᠠᠢᠴᠠᠭᠠᠬᠤ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠪᠠᠷᠢᠮᠵᠢᠶᠠᠯᠠᠨ ᠬᠠᠷᠭᠤᠭᠤᠯᠵᠤ᠂ ᠨᠠᠷᠢᠯᠢᠭ ᠣᠨᠣᠴᠠᠲᠠᠢ᠎ᠪᠠᠷ ᠲᠦᠯᠦᠪᠯᠡᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠲᠤᠬᠠᠢ 7 ᠲᠠᠯ᠎ᠠ᠎ᠶ᠋ᠢᠨ ᠬᠡᠯᠪᠡᠷᠢᠯ ᠠᠰᠠᠭᠤᠳᠠᠯ ᠢ᠋ ᠨᠠᠷᠢᠯᠢᠬ ᠳᠤᠷᠠᠳᠴᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠲᠤᠬᠠᠢ ᠵᠥᠷᠢᠶ᠎ᠠ ᠬᠡᠯᠪᠡᠷᠢᠯ᠎ᠢ ᠪᠦᠲᠦᠮᠵᠢᠲᠡᠢᠰᠡᠷᠭᠡᠢᠯᠡᠨ ᠵᠠᠯᠠᠷᠠᠭᠤᠯᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠬᠡᠷᠡᠭ ᠨᠢᠭᠡ ᠪᠦᠷᠢ᠎ᠶ᠋ᠢ ᠴᠢᠨᠠᠷ ᠰᠠᠢᠲᠠᠢ ᠪᠥᠭᠡᠳ ᠥᠨᠳᠥᠷ ᠪᠦᠲᠦᠮᠵᠢᠲᠡᠢ᠎ᠪᠡᠷ ᠰᠠᠢᠲᠤᠷ ᠱᠢᠢᠳᠪᠦᠷᠢᠯᠡᠬᠦ᠌᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠶᠠᠰᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ ᠦᠷ᠎ᠡ ᠪᠦᠲᠦᠮᠵᠢ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠳᠡᠭᠡᠷ᠎ᠡ ᠢᠯᠡᠷᠡᠭᠦᠯᠪᠡ᠃
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠲᠤᠰᠭᠠᠶ ᠰᠡᠳᠦᠪᠲᠦ ᠬᠤᠷᠠᠯ ᠬᠤᠷᠠᠯᠳᠤᠭᠤᠯᠵᠤ᠂ ᠨᠠᠮ᠎ᠤᠨ ᠤᠳᠤᠷᠢᠳᠭᠤ ᠳᠤᠭᠤᠢᠯᠠᠩ ᠲᠦᠷᠦᠭᠦᠯᠡᠨ ᠨᠠᠷᠢᠨ ᠬᠢᠨᠠᠮᠠᠭᠠᠶ ᠪᠠᠢᠷᠢᠯᠠᠭᠤᠯᠵᠤ᠂ ᠰᠤᠷᠤᠯᠴᠠᠯᠭ᠎ᠠ ᠬᠥᠮᠦᠵᠢᠯ᠎ᠦᠨ ᠭᠤᠤᠯᠳᠠᠯᠭ᠎ᠠ᠎ᠲᠠᠶ ᠠᠵᠢᠯ᠎ᠤᠨ ᠲᠣᠬᠢᠷᠠᠭᠤᠯᠤᠯᠲᠠ᠎ᠶ᠋ᠢ ᠬᠡᠷᠡᠭ᠌ᠵᠢᠭᠦᠯᠵᠦ᠍᠂ ᠰᠤᠷᠤᠯᠴᠠᠯᠭ᠎ᠠ ᠬᠥᠮᠦᠵᠢᠯ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠥᠭᠦᠯᠡᠯᠲᠡ ᠪᠣᠯᠤᠨ ᠱᠢᠨ᠎ᠡ ᠴᠠᠭ ᠦᠶ᠎ᠡ᠎ᠶ᠋ᠢᠨ ᠨᠠᠮ᠎ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠍᠎ᠶ᠋ᠢᠨ ᠠᠵᠢᠯ᠎ᠤᠨ ᠴᠢᠭ᠌ᠯᠡᠯᠲᠡ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠭᠦᠨᠵᠡᠭᠡᠶ ᠰᠤᠷᠤᠯᠴᠠᠬᠤ᠂ ᠣᠨᠣᠪᠴᠢᠲᠠᠶ ᠪᠠᠢᠴᠠᠭᠠᠬᠤ᠂ ᠪᠣᠳᠠᠲᠠᠶ ᠴᠡᠭᠴᠡᠯᠡᠨ ᠰᠠᠢᠵᠢᠷᠠᠭᠤᠯᠬᠤ᠎ᠶ᠋ᠢ ᠴᠢᠷᠮᠠᠢᠨ ᠪᠡᠶᠡᠯᠡᠭᠦᠯᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠣᠯᠠᠨ ᠲᠦᠮᠡᠨ᠎ᠦ ᠮᠡᠳᠡᠷᠡᠵᠦ᠍ ᠪᠣᠯᠬᠤ ᠬᠦᠷᠳᠡᠵᠤ ᠪᠤᠯᠬᠤ ᠦᠶ᠋ᠯᠡᠴᠢᠯᠡᠭᠡ ᠪᠠᠲᠤᠯᠠᠭ᠎ᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃
《ᠤᠭ ᠰᠠᠨᠠᠭ᠎ᠠ᠎ᠪᠠᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡᠲᠤᠮᠳᠠ ᠠᠭᠤᠰᠬᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠬᠡᠷᠡᠭ᠌ᠲᠡᠢ》᠂ 《ᠦᠨᠡᠨ ᠪᠣᠳᠠᠲᠠᠢ ᠤᠯᠵᠤ ᠦᠵᠡᠭᠳᠡᠬᠦ ᠵᠢᠳᠬᠦᠯ ᠭᠠᠷᠭᠠᠬᠤ ᠮᠥᠷᠲᠡᠭᠡᠨ ᠪᠠᠰᠠ ᠰᠡᠳᠭᠢᠯ ᠱᠢᠭᠤᠳᠤᠨ 〈ᠬᠡᠷᠡᠭ᠎ᠡᠴᠡ ᠵᠠᠢᠯᠠᠬᠤ ᠦᠭᠡᠢ ᠪᠠᠢᠬᠤ〉 ᠦᠵᠡᠭᠳᠡᠬᠦ ᠦᠬᠡᠢ ᠵᠢᠳᠬᠦᠯ ᠭᠠᠷᠭᠠᠬᠤ ᠬᠡᠷᠡᠭ᠌ᠲᠡᠢ》 ᠁ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ ᠰᠤᠷᠤᠯᠴᠠᠯᠭ᠎ᠠ ᠬᠥᠮᠦᠵᠢᠯ᠎ᠦᠨ ᠭᠣᠣᠯ ᠰᠡᠳᠦᠪ᠎ᠦᠨ ᠲᠣᠭᠣᠷᠢᠨ᠎ᠳᠤ ᠰᠤᠷᠤᠯᠴᠠᠵᠥ᠍ ᠰᠤᠳᠤᠯᠤᠨ ᠶᠠᠷᠢᠯᠴᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠨ ᠲᠤᠮᠳᠠ ᠬᠠᠯᠠᠭᠤᠨ ᠲᠤᠰᠭᠠᠯ ᠭᠠᠷᠭᠠᠵᠠᠢ᠃
ᠰᠣᠶᠣᠯ ᠪᠠ ᠵᠢᠭᠤᠯᠴᠢᠯᠠᠯ᠎ᠤᠨ ᠶᠠᠮᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠶ᠋ᠯᠡᠳᠦᠯ᠎ᠢ ᠴᠢᠩᠭᠠᠳᠭᠠᠵᠤ᠂ ᠶᠠᠮᠤᠨ᠎ᠤ ᠤᠳᠤᠷᠢᠳᠤᠯᠭ᠎ᠠ ᠲᠦᠷᠦᠭᠦᠯᠡᠨ ᠬᠠᠷᠢᠭᠤᠴᠠᠬᠤ ᠠᠵᠢᠯ᠎ᠤᠨ ᠲᠤᠰᠭᠠᠶ ᠠᠩᠭᠢ᠎ᠶ᠋ᠢ ᠪᠠᠢᠭᠤᠯᠵᠤ᠂ ᠶᠠᠮᠤᠨ᠎ᠤ ᠱᠢᠰᠲ᠋ᠧᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠪᠥᠬᠥ᠌ ᠶᠠᠪᠤᠴᠠ᠂ ᠡᠯ᠎ᠡ ᠭᠣᠭ᠍ᠴᠣᠭ᠎ᠠ᠎ᠶ᠋ᠢ ᠱᠠᠯᠠᠪᠳᠠᠭᠤᠯᠤᠨ ᠵᠢᠯᠣᠭᠣᠳᠭᠤ᠎ᠶ᠋ᠢ ᠴᠢᠩᠭᠠᠳᠭᠠᠪᠠ᠃
ᠲᠥᠪ᠎ᠦᠨ ᠨᠡᠢᠭᠡᠮ᠎ᠦᠨ ᠠᠵᠢᠯ᠎ᠤᠨ ᠬᠡᠯᠲᠡᠰ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠴᠠᠭ ᠲᠤᠬᠠᠶ᠎ᠳᠤᠨᠢ᠎ᠲᠠᠭᠠᠨ ᠰᠤᠷᠤᠯᠴᠠᠵᠤ᠂ ᠦᠵᠡᠯ ᠰᠠᠨᠠᠭᠠᠨ᠎ᠤ ᠠᠰᠠᠭᠤᠳᠠᠯ᠎ᠢ ᠱᠢᠶ᠋ᠳᠪᠦᠷᠢᠯᠡᠬᠦ᠌ ᠪᠠ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠢ ᠭᠤᠤᠯ ᠠᠵᠢᠯ᠎ᠢ ᠠᠬᠢᠭᠤᠯᠬᠤ᠎ᠯᠤᠭ᠎ᠠ ᠤᠶᠠᠯᠳᠤᠭᠤᠯᠵᠤ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶ᠋ᠢ ᠥᠷᠭᠡᠳᠭᠡᠨ ᠭᠦᠨᠵᠡᠭᠡᠢᠷᠡᠭᠦᠯᠵᠦ᠍᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠣᠯᠤᠨ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶ᠋ᠢᠨ ᠪᠠᠢᠭᠤᠯᠤᠯᠲᠠ᠎ᠶ᠋ᠢ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠣᠯᠠᠨ ᠲᠦᠮᠡᠨ᠎ᠳᠦ ᠦᠶ᠋ᠯᠡᠴᠢᠯᠡᠬᠦ᠌ ᠠᠵᠢᠯ᠎ᠢ ᠨᠠᠷᠢᠯᠢᠭ ᠪᠣᠳᠠᠲᠠᠶ ᠨᠢᠭ᠍ᠲᠠᠷᠠᠭᠤᠯᠵᠤ᠂ ᠨᠡᠢᠭᠡᠮ᠎ᠦᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠭ᠍ᠰᠠᠨ ᠪᠣᠳᠠᠲᠤ ᠠᠮᠵᠢᠯᠲᠠ᠎ᠪᠠᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠱᠢᠯᠭᠠᠨ ᠪᠠᠢᠴᠠᠭᠠᠪᠠ᠃
ᠭᠦᠨᠵᠡᠭᠡᠢ ᠰᠤᠷᠴᠤ᠌ ᠨᠠᠷᠢᠨ ᠤᠬᠠᠵᠤ ᠮᠡᠳᠡᠬᠦᠢ ᠬᠢᠬᠦᠢ᠎ᠪᠠᠨ ᠨᠢᠭᠡᠳᠭᠡᠪᠡ
《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ᠂ ᠵᠠᠯᠠᠭᠤᠴᠤᠳ᠎ᠤᠨ ᠣᠨᠣᠯ᠎ᠤᠨ ᠰᠤᠷᠤᠯᠴᠠᠯᠭ᠎ᠠ ᠁ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠣᠯᠠᠨ ᠶᠠᠩᠵᠤ᠎ᠶ᠋ᠢᠨ ᠠᠴᠢᠶᠠᠯᠠᠪᠤᠷᠢ᠎ᠶ᠋ᠢᠨ ᠬᠥᠮᠦᠵᠢᠯ᠎ᠢᠶᠡᠷ ᠳᠠᠮᠵᠢᠨ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠠᠵᠢᠯ᠎ᠤᠨ ᠳᠤᠮᠳᠠ ᠪᠠᠨ ᠣᠷᠣᠭᠤᠯᠵᠤ᠂ ᠭᠤᠤᠯᠳᠠᠯᠭ᠎ᠠ᠎ᠲᠠᠶ ᠭᠠᠵᠠᠷ ᠣᠷᠣᠨ ᠠᠵᠤ ᠠᠬᠤᠢᠯᠠᠯ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠪᠣᠳᠠᠲᠤ ᠪᠠᠢᠳᠠᠯ᠎ᠢ ᠲᠣᠳᠣᠷᠬᠠᠶ ᠤᠢᠯᠠᠭᠠᠨ᠂ ᠠᠰᠠᠭᠤᠳᠠᠯ᠎ᠢ ᠣᠨᠣᠪᠴᠢᠲᠠᠶ ᠡᠷᠢᠵᠦ᠍᠂ ᠪᠣᠳᠠᠲᠠᠶ ᠠᠷᠭ᠎ᠠ ᠪᠣᠳᠣᠯᠭ᠎ᠠ᠎ᠶ᠋ᠢ ᠳᠤᠷᠠᠳᠤᠨ᠂ ᠦᠷ᠎ᠡ ᠪᠦᠲᠦᠭᠡᠯ᠎ᠢ ᠤᠨᠳᠤᠤᠰᠢᠭᠤᠯᠪᠠ᠃ ᠨᠠᠮ᠎ᠤᠨ ᠭᠡᠱᠢᠭᠦᠨ ᠺᠠᠳ᠋ᠷᠴᠤᠳ᠂ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠰᠠᠢᠲᠤᠷ ᠬᠡᠷᠡᠭ᠌ᠵᠢᠭᠦᠯᠦᠭ᠌ᠴᠢ᠂ ᠪᠣᠳᠠᠲᠠᠶ ᠠᠵᠢᠯᠯᠠᠭ᠍ᠴᠢ ᠪᠣᠯᠵᠣ᠂ ᠰᠤᠷᠤᠯᠴᠠᠯᠭ᠎ᠠ ᠬᠥᠮᠦᠵᠢᠯ᠎ᠢ ᠭᠤᠤᠯ ᠠᠵᠢᠯ᠎ᠲᠠᠶ ᠤᠶᠠᠯᠳᠤᠭᠤᠯᠤᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠪᠡᠷ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠪᠦᠲᠦᠮᠵᠢ᠎ᠶ᠋ᠢ ᠨᠡᠮᠡᠭ᠌ᠳᠡᠭᠦᠯᠬᠦ᠌ ᠬᠡᠷᠡᠭ᠌ᠲᠡᠶ ᠭᠡᠵᠤ ᠰᠠᠨᠠᠯ ᠨᠢᠭᠡᠲᠡᠢ ᠢᠯᠡᠳᠭᠡᠪᠡ᠃
ᠬᠠᠤᠯᠢ ᠴᠠᠭᠠᠵᠠ᠎ᠶ᠋ᠢᠨ ᠶᠠᠮᠤᠨ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠥᠷᠨᠢᠭᠦᠯᠦᠨ᠂ ᠨᠣᠮ ᠤᠩᠱᠢᠬᠤ ᠠᠩᠭᠢ ᠡᠷᠭᠢᠯᠡᠵᠦ᠍᠂ ᠦᠵᠡᠯ ᠰᠠᠨᠠᠭᠠᠨ᠎ᠤ ᠲᠠᠯ᠎ᠠ᠎ᠪᠠᠷ ᠤᠭ ᠦᠨᠳᠦᠰᠦ᠎ᠶ᠋ᠢ ᠪᠡᠬᠢᠵᠢᠭᠦᠯᠵᠦ᠂ ᠨᠠᠮᠴᠢ ᠴᠢᠨᠠᠷ᠎ᠤᠨ ᠤᠬᠠᠮᠰᠠᠷ᠎ᠢᠶᠠᠨ ᠳᠡᠭᠡᠭ᠌ᠰᠢᠯᠡᠭᠦᠯᠦᠨ᠂ ᠰᠤᠷᠤᠯᠴᠠᠯᠭ᠎ᠠ ᠬᠥᠮᠦᠵᠢᠯ᠎ᠢᠶᠡᠷ ᠠᠵᠠ ᠲᠣᠬᠢᠶᠠᠯ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠬᠠᠤᠯᠢ ᠴᠠᠭᠠᠵᠠᠵᠠᠰᠠᠭ ᠵᠠᠬᠢᠷᠭᠠᠨ᠎ᠤ ᠠᠵᠢᠯ᠎ᠤᠨ ᠪᠥᠬᠥ᠌ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠤᠨ᠂ ᠤᠯᠤᠰ ᠲᠥᠷᠥ᠎ᠶ᠋ᠢᠨ ᠪᠠᠢᠭᠤᠯᠤᠯᠲᠠ᠂ ᠲᠤᠰᠭᠠᠶ ᠮᠡᠷᠭᠡᠵᠢᠯ᠎ᠦᠨ ᠴᠢᠳᠠᠪᠤᠷᠢ᠎ᠶ᠋ᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠬᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠵᠡᠷᠭᠡ ᠡᠯ᠎ᠡ ᠵᠦᠶ᠋ᠯ᠎ᠦᠨ ᠠᠵᠢᠯ᠎ᠢ ᠤᠬᠠᠮᠰᠠᠷ᠎ᠡᠴᠡ᠎ᠪᠠᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠲᠠᠯᠪᠢᠵᠤ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃
ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ ᠤᠨᠤᠯ ᠰᠤᠷᠤᠯᠴᠠᠬᠤ ᠨᠣᠮ ᠤᠩᠱᠢᠬᠤ ᠠᠩᠭᠢ ᠡᠷᠬᠢᠯᠡᠵᠤ᠂ ᠪᠦᠬᠦ᠌ ᠬᠣᠷᠢᠶ᠎ᠠ᠎ᠶᠢᠨ ᠨᠠᠮ᠎ᠤᠨ ᠭᠡᠱᠢᠭᠦᠨ ᠺᠠᠳ᠋ᠷ ᠴᠠᠭ᠍ᠳᠠᠭ᠎ᠠ᠎ᠶ᠋ᠢᠨ ᠦᠵᠡᠯ ᠰᠠᠨᠠᠭ᠎ᠠ᠎ᠶ᠋ᠢ ᠶᠡᠬᠡᠪᠡᠷ ᠵᠡᠪᠰᠡᠭ᠌ᠯᠡᠬᠦ᠌᠂ ᠨᠠᠮᠴᠢ ᠴᠢᠨᠠᠷ᠎ᠢ ᠶᠡᠬᠡᠪᠡᠷ ᠲᠡᠪᠳᠠᠨ ᠪᠣᠯᠪᠠᠰᠤᠷᠠᠭᠤᠯᠬᠤ᠎ᠶ᠋ᠢ ᠵᠢᠱ᠌ᠢᠢ᠎ᠡ ᠦᠵᠡᠭᠦᠯᠦᠨ ᠲᠠᠢ᠌ᠴᠢᠯᠠᠵᠤ᠂ ᠠᠷᠠᠳ᠎ᠤᠨ ᠱᠢᠭᠦᠬᠦ᠌ ᠬᠣᠷᠢᠶ᠎ᠠ᠎ᠶᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢᠨ ᠪᠣᠳᠠᠲᠤ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠱᠠᠭᠠᠷᠳᠠᠯᠭ᠎ᠠ᠎ᠶ᠋ᠢ ᠠᠵᠢᠯ᠎ᠤᠨ ᠡᠯ᠎ᠡ ᠭᠣᠭ᠍ᠴᠣᠭ᠎ᠠ᠂ ᠡᠯ᠎ᠡ ᠲᠠᠯ᠎ᠠ᠎ᠳᠤ ᠨᠠᠢᠳᠠᠪᠤᠷᠢᠵᠢᠭᠤᠯᠵᠤ᠂ ᠦᠨᠡᠨ ᠪᠤᠳᠠᠳᠠᠢ ᠠᠰᠠᠭᠤᠳᠠᠯ᠎ᠢ ᠱᠢᠢᠳᠪᠦᠷᠢᠯᠡᠵᠦ᠍᠂ ᠠᠰᠠᠭᠤᠳᠠᠯ᠎ᠢ ᠦᠨᠡᠨᠬᠦ ᠱᠢᠢᠳᠪᠦᠷᠢᠯᠡᠬᠦ᠌᠎ᠶ᠋ᠢ ᠪᠡᠶᠡᠯᠡᠭᠦᠯᠪᠡ᠃
ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠵᠢ ᠪᠤᠢ ᠪᠤᠯᠭᠠᠨ ᠦᠶ᠋ᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠎ᠪᠡᠷ ᠠᠵᠠ ᠲᠣᠬᠢᠶᠠᠯ ᠪᠣᠯᠭᠠᠵᠤ᠂ ᠦᠶ᠋ᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ᠎ᠶ᠋ᠢ ᠴᠢᠷᠮᠠᠢᠨ ᠡᠭᠦᠳᠴᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠲᠠᠰᠤᠷᠠᠯᠲᠠ ᠥᠬᠡᠶ ᠢᠳᠡᠪᠬᠢ ᠬᠦᠴᠦᠨ ᠨᠡᠮᠡᠷᠢᠯᠡᠨ᠎ᠡ ᠭᠡᠵᠤ ᠢᠯᠡᠳᠭᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 15 ᠤ᠋ ᠴᠠᠬᠢᠯᠭᠠᠨ ᠮᠡᠳᠡᠭᠡ)