3 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ ᠶ᠋ᠢᠨ ᠬᠣᠷᠢᠶ᠎ᠠ ᠶ᠋ᠢᠨ ᠪᠠᠢᠭᠤᠯᠭ᠎ᠠ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠤᠯᠤᠰ ᠤᠨ ᠬᠣᠶᠠᠷ ᠬᠤᠷᠠᠯ ᠤᠨ ᠬᠣᠯᠪᠣᠭ᠍ᠳᠠᠯ ᠪᠥᠬᠥᠶ ᠪᠦᠯᠬᠦᠮ ᠳᠤᠭᠤᠢᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠧᠩ ᠬᠤᠩ ᠹᠠᠨ ᠬᠤᠷᠠᠯ ᠤ᠋ᠨ ᠵᠤᠷᠢᠭ ᠰᠠᠨᠠᠭ᠎ᠠ ᠵᠢ ᠤᠯᠠᠮᠵᠢᠯᠠᠪᠠ᠃
ᠬᠤᠷᠠᠯ᠎ᠠᠴᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ ᠵᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠳᠦ ᠬᠦᠴᠦᠨ ᠴᠢᠳᠠᠯ ᠨᠡᠮᠡᠷᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃