ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠵᠢᠷᠭᠤᠳᠤᠭᠠᠷ ᠬᠤᠷᠠᠯ ᠢ 3 ᠰᠠᠷ᠎ᠠ᠎ᠶ᠋ᠢᠨ 25 ᠡᠴᠡ 26 ᠤ᠋ ᠡᠳᠦᠷ ᠪᠣᠯᠲᠠᠯ᠎ᠠ ᠬᠤᠷᠠᠯᠳᠤᠭᠤᠯᠬᠤ᠎ᠪᠠᠷ ᠲᠣᠭ᠍ᠲᠠᠵᠠᠢ
3 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 84 ᠳ᠋ᠤᠭᠡᠷ ᠤᠳᠠᠭ᠎ᠠ ᠶ᠋ᠢᠨ ᠡᠷᠬᠢᠯᠡᠭ᠌ᠴᠢᠳ᠎ᠦᠨ ᠬᠤᠷᠠᠯ ᠬᠢᠪᠠ᠃ ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠵᠢᠷᠭᠤᠳᠤᠭᠠᠷ ᠬᠤᠷᠠᠯ᠎ᠢ 3 ᠰᠠᠷ᠎ᠠ᠎ᠶ᠋ᠢᠨ 25 ᠡᠴᠡ 26 ᠤ᠋ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭ᠍ᠲᠠᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠎ᠦᠨ ᠨᠠᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠣᠷᠢᠶ᠎ᠠ ᠵᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠪᠡ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠵᠢᠷᠭᠤᠳᠤᠭᠠᠷ ᠬᠤᠷᠠᠯ ᠤᠨ ᠵᠥᠪᠯᠡᠬᠦ᠌ ᠵᠦᠶ᠋ᠯᠡᠰ᠎ᠦᠨ ᠲᠥᠰᠦᠯ᠎ᠢ ᠬᠢᠨᠠᠨ ᠵᠥᠪᠯᠡᠪᠡ᠃ ᠡᠷᠬᠢᠯᠡᠭ᠌ᠴᠢᠳ ᠤ᠋ᠨ ᠬᠤᠷᠠᠯ ᠤᠨ ᠰᠠᠨᠠᠭᠤᠯᠭ᠎ᠠ᠎ᠶ᠋ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠵᠢᠷᠭᠤᠳᠤᠭᠠᠷ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠠᠤᠯᠢ》 ᠶ᠋ᠢ ᠬᠡᠷᠡᠭ᠌ᠵᠢᠭᠦᠯᠬᠦ᠌ ᠠᠷᠭ᠎ᠠ᠎ᠶ᠋ᠢᠨ ᠲᠥᠰᠦᠯ᠎ᠳᠦ ᠵᠠᠰᠠᠪᠤᠷᠢ ᠣᠷᠣᠭᠤᠯᠤᠬᠰᠠᠨ ᠨᠤᠤᠷᠠᠭ᠂《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠱᠢᠭᠤᠶ᠎ᠶ᠋ᠢᠨ ᠬᠠᠤᠯᠢ》᠎ᠶ᠋ᠢ ᠬᠡᠷᠡᠭ᠌ᠵᠢᠭᠦᠯᠬᠦ᠌ ᠠᠷᠭ᠎ᠠ᠎ᠳᠤ ᠵᠠᠰᠠᠪᠤᠷᠢ ᠣᠷᠣᠭᠤᠯᠤᠬᠰᠠᠨ ᠲᠥᠰᠦᠯ ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠂ ᠠᠵᠤ ᠠᠬᠤᠢᠯᠠᠯ᠎ᠤᠨ ᠠᠷᠠᠳᠴᠢᠯᠠᠭ᠍ᠰᠠᠨ ᠬᠠᠮᠢᠶᠠᠷᠤᠯᠲᠠ᠎ᠶ᠋ᠢᠨ ᠳᠦᠷᠢᠮ᠎ᠦᠨ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠣᠣᠷᠠᠭ ᠢ᠋ ᠬᠢᠨᠠᠨ ᠵᠥᠪᠯᠡᠨ᠎ᠡ᠂ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠠᠭᠤᠷ ᠠᠮᠢᠰᠭᠤᠯ᠎ᠤᠨ ᠶᠠᠰᠤ ᠴᠢᠨᠠᠷ᠎ᠤᠨ ᠦᠨᠡᠯᠡᠯᠲᠡ᠎ᠶ᠋ᠢ ᠠᠬᠢᠭᠤᠯᠬᠤ ᠲᠦᠷᠢᠮ᠎ᠦᠨ ᠲᠥᠰᠦᠯ᠂ ᠨᠤᠲᠤᠭ ᠪᠡᠯᠴᠢᠭᠡᠷ ᠤ᠋ᠨ ᠬᠠᠮᠠᠭᠠᠯᠠᠯᠳᠠ ᠪᠠ ᠬᠠᠮᠢᠶᠠᠷᠤᠯᠳᠠ ᠵᠢᠨ ᠳᠦᠷᠢᠮ᠎ᠦᠨ ᠲᠥᠰᠦᠯ᠂ ᠴᠡᠷᠢᠭ ᠲᠸ᠋ ᠡᠯᠰᠡᠬᠦ᠌ ᠠᠵᠢᠯ᠎ᠤᠨ ᠳᠦᠷᠢᠮ᠎ᠳᠦ ᠵᠠᠰᠠᠪᠤᠷᠢ ᠣᠷᠣᠭᠤᠯᠤᠬᠰᠠᠨ ᠲᠥᠰᠦᠯ ᠢ᠋ ᠬᠢᠨᠠᠨ ᠵᠥᠪᠯᠡᠨ᠎ᠡ᠂ ᠪᠤᠭᠤᠲᠤ ᠬᠣᠲᠠ᠎ᠶ᠋ᠢᠨ ᠬᠣᠲᠠ᠎ᠶ᠋ᠢᠨ ᠶᠠᠪᠤᠳᠠᠯ᠎ᠤᠨ ᠲᠥᠬᠥᠭᠡᠷᠦᠮᠵᠢ᠎ᠶ᠋ᠢᠨ ᠬᠠᠮᠢᠶᠠᠷᠤᠯᠲᠠ᠎ᠶ᠋ᠢᠨ ᠲᠦᠷᠢᠮ᠂ ᠪᠤᠭᠤᠲᠤ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ《ᠪᠤᠭᠤᠲᠤ ᠬᠣᠲᠠ᠎ᠶ᠋ᠢᠨ ᠬᠣᠲᠠ᠎ᠶ᠋ᠢᠨ ᠦᠵᠡᠮᠵᠢ ᠪᠠ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠬᠠᠮᠢᠶᠠᠷᠤᠯᠲᠠ᠎ᠶ᠋ᠢᠨ ᠲᠦᠷᠢᠮ》 ᠢ᠋ ᠬᠦᠴᠦᠨ ᠥᠬᠡᠶ ᠪᠣᠯᠭᠠᠬᠤ ᠲᠤᠬᠠᠶ ᠲᠣᠭ᠍ᠲᠠᠭᠠᠯ᠂ ᠲᠦᠩᠯᠢᠶᠣᠤ ᠬᠤᠲᠠ᠎ᠶ᠋ᠢᠨ ᠬᠤᠲᠠ᠎ᠶ᠋ᠢᠨ ᠵᠠᠮ ᠳᠠᠭᠠᠤ ᠮᠣᠳᠣ ᠵᠢᠨ ᠬᠠᠮᠢᠶᠠᠷᠤᠯᠲᠠ᠎ᠶ᠋ᠢᠨ ᠳᠦᠷᠢᠮ᠂ ᠮᠣᠷᠢᠨᠳᠠᠪᠠᠭ᠎ᠠ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠬᠠᠤᠯᠢ ᠲᠣᠭ᠍ᠲᠠᠭᠠᠬᠤ ᠳᠦᠷᠢᠮ᠂ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠬᠠᠤᠯᠢ ᠲᠣᠭ᠍ᠲᠠᠭᠠᠬᠤ ᠳᠦᠷᠢᠮ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠬᠠᠤᠯᠢ ᠲᠣᠭ᠍ᠲᠠᠭᠠᠬᠤ ᠳᠦᠷᠢᠮ ᠢ᠋ ᠬᠢᠨᠠᠨ ᠪᠠᠢᠴᠠᠭᠠᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠬᠣᠷᠢᠨ ᠵᠢᠷᠭᠤᠳᠤᠭᠠᠷ ᠬᠤᠷᠠᠯ᠎ᠳ᠋ᠤ ᠪᠠᠰᠠ ᠲᠤᠤᠷᠠᠬᠢ ᠵᠤᠢᠯᠡᠰ ᠢ᠋ ᠲᠤᠬᠢᠷᠠᠭᠤᠯᠪᠠ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠤ ᠪᠥᠬᠥ᠌ ᠣᠷᠣᠨ᠎ᠤ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ ᠤᠨ ᠲᠤᠬᠠᠶ ᠮᠡᠳᠡᠭᠦᠯᠦᠯᠲᠡ᠂ 《ᠨᠢ᠋ᠮᠠᠳᠤᠭᠠᠷ ᠲᠠᠪᠤᠨ ᠵᠢᠯ》 ᠤ᠋ᠨ ᠬᠠᠤᠯᠢ ᠲᠦᠭᠡᠮᠡᠯᠵᠢᠭᠦᠯᠬᠦ᠌ ᠱᠢᠶ᠋ᠳᠪᠦᠷᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ᠂ 2025 ᠣᠨ ᠤ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ᠎ᠦᠨ 2025 ᠣᠨ᠎ᠤ ᠪᠦᠷᠢᠳᠭᠡᠨ ᠳᠡᠩᠰᠡᠯᠡᠵᠦ᠍ ᠬᠢᠨᠠᠨ ᠪᠠᠢᠴᠠᠭᠠᠭ᠍ᠰᠠᠨ ᠠᠵᠢᠯ᠎ᠤᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠦᠨ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠧᠩ ᠬᠣᠩ ᠹᠠᠨ᠂ ᠳ᠋ᠢᠩ ᠱᠢᠤ ᠹᠸᠩ᠂ ᠯᠢ ᠢᠦᠶ ᠭᠠᠩ᠂ ᠠᠶ ᠯᠢ ᠬᠤᠸᠠ᠂ ᠯᠢ ᠪᠢᠩ ᠷᠦᠩ᠂ ᠡᠸ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠶ᠃