3 ᠰᠠᠷ᠎ᠠ᠎ᠶ᠋ᠢᠨ 16 ᠤ᠋ ᠡᠳᠦᠷ᠂ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠬᠤ ᠠᠵᠢᠯ᠎ᠤᠨ ᠲᠠᠢ᠌ᠴᠢᠯᠠᠯᠳᠠ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶ᠋ᠢᠨ ᠭᠡᠱᠢᠭᠦᠨ᠂ ᠲᠣᠭᠣᠷᠢᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ ᠯᠢᠦ ᠱᠤᠸᠠᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶ᠋ᠢᠨ ᠭᠡᠱᠢᠭᠦᠨ᠂ ᠲᠣᠭᠣᠷᠢᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠳᠡᠳ᠋ ᠳᠠᠷᠤᠭ᠎ᠠ ᠯᠢ ᠳ᠋ᠦᠩ ᠱᠢᠤᠢ ᠲᠣᠭᠣᠷᠢᠨ ᠪᠠᠢᠴᠠᠭᠠᠬᠤ ᠳᠤᠭᠤᠢᠯᠠᠩ᠎ᠤᠨ ᠳᠠᠷᠤᠭ᠎ᠠ᠎ᠳᠤ ᠡᠷᠬᠡ ᠣᠯᠭᠣᠵᠤ ᠲᠤᠱᠢᠶᠠᠯ᠎ᠳᠤ ᠲᠣᠮᠢᠯᠠᠬᠤ ᠪᠠ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ᠎ᠤᠨ ᠲᠣᠭ᠍ᠲᠠᠭᠠᠯ᠎ᠢ ᠨᠡᠢᠲᠡᠯᠡᠪᠡ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ ᠦᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠬᠣᠷᠢᠳᠤᠭᠠᠷ ᠬᠤᠭᠤᠴᠠᠭᠠᠨ ᠤ ᠲᠥᠪ ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠵᠢᠨ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠣᠭᠣᠷᠢᠨ ᠪᠠᠢᠴᠠᠭᠠᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠲᠣᠭᠣᠷᠢᠨ ᠪᠠᠢᠴᠠᠭᠠᠬᠤ ᠠᠵᠢᠯ ᠦᠢᠯᠡᠰ᠎ᠦᠨ ᠨᠢᠭᠡᠴᠢ ᠪᠣᠯᠤᠨ ᠵᠢᠩᠬᠢᠨᠢ ᠠᠨᠭᠭᠢ᠎ᠶ᠋ᠢᠨ ᠶᠡᠬᠡ ᠳᠡᠭᠡᠳᠦ ᠰᠤᠷᠭᠠᠭᠤᠯᠢ᠎ᠶ᠋ᠢᠨ ᠬᠢᠨᠠᠯᠲᠠ ᠲᠠᠯᠪᠢᠬᠤ ᠭᠣᠣᠯᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠡᠭᠦᠷᠭᠡ ᠴᠢᠳᠠᠪᠬᠢ ᠬᠠᠷᠢᠭᠤᠴᠠᠯᠭ᠎ᠠ᠎ᠶ᠋ᠢᠨ ᠲᠣᠭᠣᠷᠢᠨ᠎ᠳᠤ 《ᠨᠢᠭᠡᠳᠦᠭᠡᠷ ᠬᠠᠷᠢᠭᠤᠴᠠᠯᠭᠠᠲᠠᠨ》 ᠪᠣᠯᠤᠨ ᠤᠳᠤᠷᠢᠳᠭᠤ ᠪᠠᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ᠎ᠶ᠋ᠢ ᠣᠨᠣᠴᠠᠲᠠᠢ ᠪᠦᠲᠦᠮᠵᠢᠲᠡᠢ ᠥᠷᠨᠢᠭᠦᠯᠬᠦ᠌ ᠬᠡᠷᠡᠭ᠌ᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠲᠤᠬᠠᠢ᠎ᠶ᠋ᠢᠨ ᠲᠠᠯᠠᠪᠠᠢ᠎ᠳᠤ ᠲᠣᠭᠣᠷᠢᠨ ᠪᠠᠢᠴᠠᠭᠠᠬᠤ ᠪᠣᠯᠤᠨ ᠰᠤᠷᠤᠯᠴᠠᠯᠭ᠎ᠠ ᠬᠥᠮᠦᠵᠢᠯ᠎ᠢ ᠤᠶᠠᠯᠳᠤᠭᠤᠯᠵᠤ᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠬᠤ᠂ 《ᠳᠦᠷᠢᠮᠵᠢᠭᠦᠯᠬᠦ ᠵᠢᠷᠤᠮᠵᠢᠭᠤᠯᠬᠤ ᠳᠡᠰ ᠳᠠᠷᠠᠭᠠᠵᠢᠭᠤᠯᠬᠤ》 ᠪᠦᠲᠦᠭᠡᠨ ᠪᠠᠢᠭᠤᠯᠤᠯᠲᠠ ᠵᠢᠨ ᠣᠨ ᠤ ᠠᠵᠢᠯᠯᠠᠭ᠎ᠠ ᠵᠢ ᠥᠷᠨᠢᠭᠦᠯᠬᠦ᠌ ᠲᠠᠶ ᠨᠢᠭᠡᠳᠦᠯᠲᠡᠢ ᠲᠥᠯᠥᠪᠵᠢᠭᠦᠯᠵᠦ᠍᠂ ᠤᠯᠤᠰ ᠲᠦᠷᠦ᠍ ᠶ᠋ᠢᠨ ᠲᠣᠭᠣᠷᠢᠨ ᠪᠠᠢᠴᠠᠭᠠᠯᠲᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠰᠠᠬᠢᠵᠤ᠂ ᠬᠢᠨᠠᠯᠲᠠ ᠲᠠᠯᠪᠢᠬᠤ ᠪᠠᠷᠢᠮᠵᠢᠶ᠎ᠠ ᠶ᠋ᠢ ᠡᠵᠡᠮᠳᠡᠵᠦ᠍᠂ ᠠᠳᠠᠯᠢ ᠰᠡᠳᠦᠪ ᠢ ᠬᠠᠮᠲᠤ᠎ᠪᠠᠷ ᠬᠠᠷᠢᠭᠤᠯᠬᠤ ᠶ᠋ᠢ ᠴᠢᠬᠤᠯᠠᠴᠢᠯᠠᠵᠤ᠂ ᠠᠷᠪᠠᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠬᠤ ᠡᠭᠦᠷᠭᠡ ᠶ᠋ᠢ ᠴᠢᠨᠠᠷ ᠰᠠᠢᠲᠠᠢ ᠰᠠᠢᠲᠤᠷ ᠪᠡᠶᠡᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号