ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠄ ᠠᠷᠢᠬᠢᠨ᠎ᠤ ᠵᠦᠶ᠋ᠯ᠎ᠦᠨ ᠦᠶ᠋ᠯᠡᠳᠬᠦᠨ᠎ᠦ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠲᠠᠪᠤᠨ ᠶᠡᠬᠡ ᠦᠶ᠋ᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ᠎ᠠ
2026-03-17 10:03:39
ᠵᠣᠬᠢᠶᠠᠭ᠍ᠴᠢ᠄
​ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠵᠣᠣ ᠢ ᠨᠢᠩ ᠸᠠᠩ ᠰᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 15 ᠎ᠤ᠋ ᠡᠳᠦᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠣᠢᠷ᠎ᠠ᠎ᠳᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠡᠯ᠎ᠡ ᠭᠠᠵᠠᠷ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠠᠷᠢᠬᠢᠨ᠎ᠤ ᠵᠦᠶ᠋ᠯ᠎ᠦᠨ ᠦᠶ᠋ᠯᠡᠳᠬᠦᠨ᠎ᠦ ᠲᠣᠪᠣᠢᠮ᠎ᠠ ᠠᠰᠠᠭᠤᠳᠠᠯ᠎ᠢ ᠶᠡᠷᠦᠩᠬᠡᠢᠯᠡᠨ ᠵᠠᠰᠠᠬᠤ ᠠᠵᠢᠯ᠎ᠢ ᠪᠠᠢᠷᠢᠯᠠᠭᠤᠯᠵᠤ᠂ ᠠᠷᠢᠬᠢᠨ᠎ᠤ ᠵᠦᠶ᠋ᠯ᠎ᠦᠨ ᠦᠶ᠋ᠯᠡᠳᠬᠦᠨ᠎ᠦ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠠᠷᠠᠳ ᠣᠯᠠᠨ᠎ᠤ ᠢᠳᠡᠭᠡᠨ ᠤᠮᠳᠠᠭᠠᠨ᠎ᠤ ᠠᠮᠤᠷ ᠲᠦᠪᠱᠢᠨ ᠪᠠ ᠬᠡᠷᠡᠭ᠌ᠯᠡᠭᠡᠨ᠎ᠦ ᠡᠷᠬᠡ ᠠᠱᠢᠭ᠎ᠢ ᠦᠨᠡᠨ ᠬᠦ᠌ ᠪᠠᠲᠤᠯᠠᠵᠤ ᠪᠤᠢ᠃

ᠲᠣᠰ ᠤᠳᠠᠭ᠎ᠠ᠎ᠶᠢᠨ ᠶᠡᠷᠦᠩᠬᠡᠢᠯᠡᠭ᠌ᠰᠡᠨ ᠵᠠᠰᠠᠯᠲᠠ᠎ᠳᠤ᠂ ᠲᠠᠪᠤᠨ ᠲᠠᠯ᠎ᠠ᠎ᠶ᠋ᠢᠨ ᠲᠣᠪᠣᠢᠮ᠎ᠠ ᠠᠰᠠᠭᠤᠳᠠᠯ᠎ᠳᠤ ᠭᠤᠤᠯᠳᠠᠯᠭ᠎ᠠ᠎ᠲᠠᠶ ᠠᠩᠬᠠᠷᠤᠯ᠎ᠢᠶᠠᠨ ᠲᠥᠪᠯᠡᠷᠡᠭᠦᠯᠦᠨ᠎ᠡ᠄ ᠨᠢᠭᠡ᠎ᠳᠦ᠂ ᠮᠧᠲ᠋ᠢᠯ ᠠᠯᠺᠣᠣᠯ᠂ ᠠᠵᠤ ᠦᠶ᠋ᠯᠡᠳᠪᠦᠷᠢ᠎ᠶ᠋ᠢᠨ ᠰᠫᠢᠷᠲ ᠵᠡᠷᠭᠡ᠎ᠶ᠋ᠢ ᠬᠡᠷᠡᠭ᠌ᠯᠡᠨ ᠴᠢᠨᠡᠷ ᠮᠠᠭᠤ ᠠᠷᠢᠬᠢ ᠦᠶ᠋ᠯᠡᠳᠪᠦᠷᠢᠯᠡᠵᠦ᠍᠂ ᠳᠠᠯᠲᠠ ᠨᠢᠭᠤᠴᠠᠭᠠᠢ ᠦᠶ᠋ᠯᠡᠳᠭᠡᠯ᠎ᠦᠨ ᠭᠠᠵᠠᠷ᠎ᠲᠤ ᠴᠢᠨᠠᠷ ᠮᠠᠭᠤ ᠠᠷᠢᠬᠢ ᠦᠶ᠋ᠯᠡᠳᠪᠦᠷᠢᠯᠡᠨ ᠪᠣᠷᠣᠯᠠᠭᠤᠯᠵᠤ᠂ ᠪᠣᠭᠣᠳᠠᠯ ᠪᠠᠭ᠍ᠯᠠᠭ᠎ᠠ᠎ᠶ᠋ᠢᠨ ᠮᠠᠲ᠋ᠧᠷᠢᠶᠠᠯ᠎ᠢ ᠬᠤᠳᠠᠯᠳᠤᠵᠤ ᠬᠠᠭᠤᠷᠮᠠᠭ᠍ᠯᠠᠨ ᠦᠶ᠋ᠯᠡᠳᠬᠦ᠌᠎ᠳᠦ ᠣᠷᠣᠯᠴᠠᠭ᠍ᠰᠠᠨ᠂ ᠠᠯᠺᠣᠣᠯ᠎ᠤᠨ ᠰᠠᠭᠤᠷᠢ ᠱᠢᠩᠭᠡᠨ ᠪᠡᠶᠡᠲᠦ ᠲᠦᠯᠡᠰᠢ᠎ᠶ᠋ᠢᠨ ᠬᠠᠮᠢᠶᠠᠷᠤᠯᠲᠠ ᠵᠣᠬᠢᠰ ᠥᠬᠡᠶ᠎ᠡᠴᠡ ᠪᠣᠯᠵᠣ ᠪᠤᠷᠤᠭᠤ ᠤᠤᠭᠤᠵᠤ ᠬᠤᠤᠷᠳᠠᠭ᠍ᠳᠠᠬᠤ᠎ᠳᠤ ᠬᠦᠷᠦᠭᠦᠯᠦᠭᠰᠡᠨ ᠵᠡᠷᠭᠡ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ; ᠬᠣᠶᠠᠷ᠎ᠲᠤ᠂ ᠢᠳᠡᠭᠡᠨ᠎ᠦ ᠰᠫᠢᠷᠲ᠎ᠢᠶᠡᠷ ᠨᠠᠢᠷᠠᠭᠤᠯᠤᠭ᠍ᠰᠠᠨ᠎ᠤ ᠳᠠᠷᠠᠭ᠎ᠠ ᠬᠠᠲᠠᠭᠤ ᠲᠦᠯᠦᠪᠲᠦ ᠬᠠᠷ᠎ᠠ ᠠᠷᠢᠬᠢ ᠵᠢᠴᠢ ᠴᠤᠯᠭᠤᠢ ᠠᠷᠢᠬᠢ᠂ ᠦᠵᠦᠮ᠎ᠦᠨ ᠠᠷᠢᠬᠢ᠂ ᠵᠢᠮᠢᠰ᠎ᠦᠨ ᠠᠷᠢᠬᠢ᠂ ᠳᠠᠷᠠᠰᠤ ᠵᠡᠷᠭᠡ ᠦᠢᠯᠡᠳᠭᠦᠨ᠎ᠢ ᠬᠠᠭᠤᠷᠮᠠᠭ᠍ᠯᠠᠨ ᠣᠷᠣᠯᠠᠭᠤᠯᠵᠤ᠂ ᠦᠵᠦᠮ᠎ᠦᠨ ᠱᠢᠭᠦᠰᠦ᠎ᠪᠡᠷ ᠠᠯᠺᠣᠣᠯ ᠥᠬᠡᠶ ᠦᠵᠦᠮ᠎ᠦᠨ ᠠᠷᠢᠬᠢ᠎ᠶ᠋ᠢ ᠬᠠᠭᠤᠷᠮᠠᠭ᠍ᠯᠠᠨ ᠣᠷᠣᠯᠠᠭᠤᠯᠵᠤ᠂ ᠲᠥᠮᠥᠰᠥ᠎ᠶ᠋ᠢᠨ ᠲᠥᠷᠥᠯ᠂ ᠪᠠᠯ ᠪᠤᠷᠠᠮ ᠵᠡᠷᠭᠡ ᠢᠳᠡᠭᠡᠨ᠎ᠦ ᠰᠫᠢᠷᠲ᠎ᠢᠶᠡᠷ ᠠᠮᠤ ᠪᠤᠳᠠᠭᠠᠨ᠎ᠤ ᠢᠳᠡᠭᠡᠨ᠎ᠦ ᠰᠫᠢᠷᠲ᠎ᠢ ᠬᠠᠭᠤᠷᠮᠠᠭ᠍ᠯᠠᠨ ᠣᠷᠣᠯᠠᠭᠤᠯᠬᠤ ᠵᠡᠷᠭᠡ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ; ᠭᠤᠷᠪᠠ᠎ᠳᠤ᠂ ᠬᠠᠷ᠎ᠠ ᠠᠷᠢᠬᠢ᠂ ᠦᠵᠦᠮ᠎ᠦᠨ ᠠᠷᠢᠬᠢ ᠵᠡᠷᠭᠡ᠎ᠳᠤ ᠢᠳᠡᠭᠡᠨ᠎ᠦ ᠨᠡᠮᠡᠯᠲᠡ ᠡᠳ᠋᠎ᠢ ᠬᠡᠪᠴᠢᠶ᠎ᠡ᠎ᠡᠴᠡ ᠬᠡᠲᠦᠷᠡᠭᠦᠯᠦᠨ ᠬᠡᠷᠡᠭᠯᠡᠭᠰᠡᠨ᠂ ᠪᠡᠶ᠎ᠡ ᠰᠤᠪᠢᠯᠠᠬᠤ ᠠᠷᠢᠬᠢ ᠵᠡᠷᠭᠡ ᠨᠠᠢᠷᠠᠭᠤᠯᠤᠭᠰᠠᠨ ᠠᠷᠢᠬᠢᠨ᠎ᠳᠤ᠎ᠢᠳᠡᠭᠡᠨ᠎ᠦ ᠨᠡᠮᠡᠯᠲᠡ ᠡᠳ᠋᠎ᠢ ᠬᠡᠪᠴᠢᠶ᠎ᠡ᠎ᠡᠴᠡ ᠬᠡᠲᠦᠷᠡᠭᠦᠯᠦᠨ ᠬᠡᠷᠡᠭ᠌ᠯᠡᠭ᠌ᠰᠡᠨ᠂ ᠨᠠᠢᠷᠠᠭᠤᠯᠤᠭ᠍ᠰᠠᠨ ᠠᠷᠢᠬᠢ᠂ ᠪᠤᠰᠤᠳ ᠨᠡᠷᠡᠮᠡᠯ ᠠᠷᠢᠬᠢ᠂ ᠫᠢᠸᠤ᠋ ᠵᠡᠷᠭᠡ᠎ᠳᠤ ᠢᠳᠡᠭᠡᠨ᠎ᠦ ᠪᠤᠰᠤ ᠪᠣᠳᠠᠰ᠎ᠢ ᠬᠠᠤᠯᠢ ᠪᠤᠰᠤ᠎ᠪᠠᠷ ᠨᠡᠮᠡᠭ᠌ᠰᠡᠨ ᠵᠡᠷᠭᠡ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠢᠯᠡ ᠠᠵᠢᠯᠯᠠᠭ᠎ᠠ; ᠲᠦᠷᠪᠡ᠎ᠳᠦ᠂ ᠳᠠᠩᠰᠠᠯᠠᠭᠤᠯᠤᠭ᠍ᠰᠠᠨ ᠲᠠᠸᠠᠷ᠎ᠤᠨ ᠲᠡᠮᠳᠡᠭ᠌᠂ ᠭᠠᠵᠠᠷ ᠵᠦᠢ᠎ᠶ᠋ᠢᠨ ᠢᠯᠡᠳᠭᠡᠮᠵᠢ ᠲᠡᠮᠳᠡᠭ᠎ᠦᠨ ᠡᠷᠬᠡ᠎ᠳᠦ ᠬᠠᠯᠳᠠᠵᠤ᠂ ᠪᠤᠰᠤᠳ ᠬᠥᠮᠦᠨ᠎ᠳᠤ ᠵᠣᠬᠢᠬᠤ ᠨᠥᠯᠥᠭᠡ᠎ᠲᠡᠶ ᠲᠠᠸᠠᠷ᠎ᠤᠨ ᠨᠡᠷᠡᠢᠳᠦᠯ᠂ ᠪᠣᠭᠣᠳᠠᠯ ᠪᠠᠭ᠍ᠯᠠᠭ᠎ᠠ᠂ ᠴᠢᠮᠡᠭ᠌ᠯᠡᠯ ᠵᠡᠷᠭᠡ ᠠᠳᠠᠯᠢ ᠪᠤᠶᠤ ᠲᠥᠰᠦᠭᠡᠲᠡᠢ ᠢᠯᠡᠳᠭᠡᠮᠵᠢ ᠲᠡᠮᠳᠡᠭ᠎ᠢ ᠳᠤᠷ᠎ᠠ᠎ᠪᠠᠷ᠎ᠢᠶᠠᠨ ᠬᠡᠷᠡᠭ᠌ᠯᠡᠭ᠌ᠰᠡᠨ᠂ ᠶᠠᠰᠤ ᠴᠢᠨᠠᠷ᠎ᠤᠨ ᠢᠯᠡᠳᠭᠡᠮᠵᠢ ᠲᠡᠮᠳᠡᠭ᠂ ᠦᠢᠯᠡᠳᠬᠦᠨ᠎ᠦ ᠦᠢᠯᠡᠳᠪᠦᠷᠢᠯᠡᠭ᠌ᠰᠡᠨ ᠭᠠᠵᠠᠷ᠂ ᠪᠤᠰᠤᠳ᠎ᠤᠨ ᠦᠢᠯᠡᠳᠪᠦᠷᠢ᠎ᠶ᠋ᠢᠨ ᠨᠡᠷᠡᠢᠳᠦᠯ ᠦᠢᠯᠡᠳᠪᠦᠷᠢ᠎ᠶ᠋ᠢᠨ ᠬᠠᠶᠢᠭ᠎ᠢ ᠬᠠᠭᠤᠷᠮᠠᠭ᠍ᠯᠠᠨ ᠵᠣᠬᠢᠶᠠᠭ᠍ᠰᠠᠨ ᠪᠤᠶᠤ ᠬᠠᠭᠤᠷᠮᠠᠭ᠍ᠯᠠᠨ ᠬᠡᠷᠡᠭ᠌ᠯᠡᠭ᠌ᠰᠡᠨ ᠵᠡᠷᠭᠡ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠢᠯᠡ ᠠᠵᠢᠯᠯᠠᠭ᠎ᠠ; ᠲᠠᠪᠤ᠎ᠳᠤ᠂ ᠦᠶ᠋ᠯᠡᠳᠬᠦᠨ᠎ᠦ ᠲᠡᠮᠲᠡᠭ ᠱᠣᠱᠢᠭ᠎ᠠ᠎ᠳᠤ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠢᠯᠡᠬᠦ᠌᠂ ᠡᠮᠨᠡᠨ ᠵᠠᠰᠠᠬᠤ ᠴᠢᠳᠠᠮᠵᠢ᠎ᠶ᠋ᠢ ᠬᠤᠳᠠᠯ ᠬᠠᠭᠤᠷᠮᠠᠭ᠎ᠢᠶᠠᠷ ᠵᠠᠷᠯᠠᠵᠤ᠂ 《ᠣᠨᠴᠠ ᠬᠠᠩᠭᠠᠬᠤ》᠂ 《ᠲᠤᠰᠭᠠᠶ ᠬᠠᠩᠭᠠᠬᠤ》᠂ 《ᠳᠣᠲᠣᠭᠠᠳᠤ᠎ᠳᠤ ᠬᠠᠩᠭᠠᠬᠤ》 ᠭᠡᠬᠦ᠌ ᠨᠠᠮ ᠵᠠᠰᠠᠭ᠎ᠤᠨ ᠪᠠᠢᠭᠤᠯᠭ᠎ᠠ ᠪᠠ ᠴᠡᠷᠢᠭ ᠠᠩᠭᠢ᠎ᠶ᠋ᠢᠨ ᠨᠡᠷ᠎ᠡ᠎ᠪᠡᠷ ᠬᠤᠳᠠᠯ ᠬᠠᠭᠤᠷᠮᠠᠭ ᠤᠬᠠᠭᠤᠯᠭ᠎ᠠ ᠬᠢᠵᠦ᠍᠂ ᠦᠶ᠋ᠯᠡᠳᠬᠦᠨ᠎ᠳᠦ ᠬᠤᠳᠠᠯ ᠬᠠᠭᠤᠷᠮᠠᠭ ᠵᠠᠷ ᠪᠤᠶᠤ ᠬᠤᠳᠠᠯ ᠬᠠᠭᠤᠷᠮᠠᠭ ᠬᠤᠳᠠᠯᠳᠤᠭᠠᠨ᠎ᠤ ᠤᠬᠠᠭᠤᠯᠭ᠎ᠠ ᠬᠢᠭ᠌ᠰᠡᠨ ᠵᠡᠷᠭᠡ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ ᠵᠡᠷᠭᠡ ᠪᠠᠭᠲᠠᠨ᠎ᠠ᠃

ᠣᠢᠯᠠᠭᠠᠭ᠍ᠰᠠᠨ᠎ᠢᠶᠠᠷ᠂ ᠡᠯ᠎ᠡ ᠭᠠᠵᠠᠷ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠦᠶ᠋ᠯᠡᠳᠪᠦᠷᠢᠯᠡᠵᠦ᠍ ᠪᠣᠯᠪᠠᠰᠤᠷᠠᠭᠤᠯᠬᠤ᠂ ᠢᠳᠡᠭᠡᠨ᠎ᠦ ᠵᠦᠶ᠋ᠯ᠎ᠦᠨ ᠪᠣᠷᠣᠯᠠᠭᠤᠯᠭ᠎ᠠ᠂ ᠢᠳᠡᠭᠡᠨ ᠤᠮᠳᠠᠭᠠᠨ᠎ᠤ ᠦᠶ᠋ᠯᠡᠴᠢᠯᠡᠭᠡ᠂ ᠤᠬᠠᠭᠤᠯᠭ᠎ᠠ ᠪᠣᠷᠣᠯᠠᠭᠤᠯᠭ᠎ᠠ ᠵᠡᠷᠭᠡ ᠪᠥᠬᠥ᠌ ᠶᠠᠪᠤᠴᠠ ᠡᠯ᠎ᠡ ᠭᠣᠭ᠍ᠴᠣᠭ᠎ᠠ᠎ᠶ᠋ᠢᠨ ᠬᠢᠨᠠᠯᠲᠠ ᠬᠠᠮᠢᠶᠠᠷᠤᠯᠲᠠ ᠬᠠᠤᠯᠢ ᠬᠡᠷᠡᠭ᠌ᠵᠢᠭᠦᠯᠦᠯᠲᠡ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠵᠠᠰᠠᠭ ᠵᠠᠬᠢᠷᠭᠠᠨ᠎ᠤ ᠵᠥᠪᠱᠢᠶᠡᠷᠡᠯ᠂ ᠬᠢᠨᠠᠯᠲᠠ ᠪᠠᠢᠴᠠᠭᠠᠯᠲᠠ᠂ ᠰᠤᠭᠤᠴᠢᠨ ᠪᠠᠢᠴᠠᠭᠠᠵᠤ ᠬᠢᠨᠠᠨ ᠬᠡᠮᠵᠢᠬᠦ᠌᠂ ᠬᠠᠤᠯᠢ ᠬᠡᠷᠡᠭ᠌ᠵᠢᠭᠦᠯᠵᠦ᠍ ᠪᠠᠢᠴᠠᠭᠠᠬᠤ ᠵᠡᠷᠭᠡ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠨᠢᠭᠡ ᠪᠦᠯᠦᠭ ᠭᠤᠤᠯᠳᠠᠯᠭ᠎ᠠ᠎ᠲᠠᠶ ᠬᠡᠷᠡᠭ᠎ᠢ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠨᠢᠭᠡ ᠪᠦᠯᠦᠭ ᠳᠠᠯᠳᠠ ᠨᠢᠭᠤᠴᠠᠭᠠᠢ ᠦᠶ᠋ᠯᠡᠳᠭᠡᠯ᠎ᠦᠨ ᠭᠠᠵᠠᠷ᠎ᠢ ᠴᠡᠪᠡᠷᠯᠡᠵᠦ᠍᠂ ᠨᠢᠭᠡ ᠪᠦᠯᠦᠭ ᠬᠠᠤᠯᠢ᠎ᠡᠴᠡ ᠵᠥᠷᠢᠴᠡᠭ᠌ᠰᠡᠨ ᠶᠠᠯᠠᠲᠤ ᠡᠲᠡᠭᠡᠳ᠎ᠢ ᠵᠠᠯᠬᠠᠭᠠᠨ ᠱᠢᠢᠳᠭᠡᠵᠦ᠍᠂ ᠨᠢᠭᠡ ᠪᠦᠯᠦᠭ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠢᠯᠡᠴᠢᠯᠡᠨ᠎ᠡ᠃ ᠡᠭᠦᠨ᠎ᠦ ᠬᠠᠮᠲᠤ᠂ ᠪᠠᠷᠢᠮᠵᠢᠶ᠎ᠠ᠎ᠪᠠᠷ ᠬᠥᠲᠥᠯᠥᠨ ᠳᠠᠭᠠᠭᠤᠯᠬᠤ ᠪᠠ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠭᠠᠵᠤ᠂ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠦᠶ᠋ᠯᠡᠳᠬᠦᠨ᠎ᠦ ᠶᠠᠰᠤ ᠴᠢᠨᠠᠷ᠎ᠢ᠎ᠨᠢ ᠳᠡᠭᠡᠭ᠌ᠰᠢᠯᠡᠭᠦᠯᠵᠦ᠍᠂ ᠠᠷᠢᠬᠢᠨ᠎ᠤ ᠲᠥᠷᠥᠯ᠎ᠦᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠨᠡᠢᠭᠡᠮ᠎ᠦᠨ ᠡᠯ᠎ᠡ ᠡᠲᠡᠭᠡᠳ᠂ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠬᠢᠨ᠎ᠦ ᠨᠡᠢᠭᠡᠮ᠎ᠦᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ᠎ᠦ ᠬᠢᠨᠠᠯᠲᠠ ᠲᠠᠯᠪᠢᠬᠤ᠎ᠪᠠᠨ ᠴᠢᠩᠭᠠᠳᠭᠠᠬᠤ᠎ᠶ᠋ᠢ ᠵᠣᠷᠢᠭ᠍ᠵᠢᠭᠤᠯᠵᠤ᠂ ᠥᠷᠭᠡᠨ ᠣᠯᠠᠨ ᠬᠡᠷᠡᠭ᠌ᠯᠡᠭ᠌ᠴᠢᠳ ᠪᠥᠬᠥ᠌ ᠤᠯᠤᠰ᠎ᠤᠨ 12315 ᠲᠠᠪᠴᠠᠩ ᠪᠠ 12315 ᠬᠠᠯᠠᠮᠱᠢᠯ ᠤᠲᠠᠰᠤ᠎ᠪᠠᠷ ᠳᠠᠮᠵᠢᠭᠤᠯᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠦ ᠢᠯᠡᠷᠡᠭᠦᠯᠦᠭ᠌ᠰᠡᠨ ᠠᠷᠢᠬᠢᠨ᠎ᠤ ᠵᠦᠶ᠋ᠯ᠎ᠦᠨ ᠦᠶ᠋ᠯᠡᠳᠬᠦᠨ᠎ᠦ ᠠᠰᠠᠭᠤᠳᠠᠯ᠎ᠤᠨ ᠰᠦᠪᠡᠭ᠌ᠴᠢ᠎ᠶ᠋ᠢ ᠲᠤᠰᠭᠠᠵᠤ ᠪᠣᠯᠤᠨ᠎ᠠ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 15 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号